1 ᠰᠠᠷ᠎ᠠ᠎ᠶ᠋ᠢᠨ 1᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠰᠸᠢᠰ᠎ᠦᠨ ᠱᠢᠨ᠎ᠡ᠎ᠪᠡᠷ ᠲᠤᠱᠢᠶᠠᠯ᠎ᠳᠤ ᠭᠠᠷᠤᠭ᠍ᠰᠠᠨ ᠬᠣᠯᠪᠣᠭᠠᠨ᠎ᠤ ᠲᠡᠷᠢᠭᠦᠯᠡᠭ᠌ᠴᠢ ᠫᠠᠷᠮᠡᠯᠢᠨᠳᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠰᠸᠢᠰ᠎ᠦᠨ ᠬᠣᠯᠪᠣᠭᠠᠨ᠎ᠤ ᠲᠡᠷᠢᠭᠦᠯᠡᠭ᠌ᠴᠢ᠎ᠶ᠋ᠢᠨ ᠲᠤᠱᠢᠶᠠᠯ᠎ᠳᠤ ᠭᠠᠷᠤᠭ᠍ᠰᠠᠨ᠎ᠳᠤ ᠪᠠᠶᠠᠷ ᠬᠦᠷᠭᠡᠪᠡ᠃
ᠰᠢ᠎ᠵᠢᠨ᠎ᠫᠢᠩ᠂ 2017 ᠣᠨ᠎ᠳᠤ ᠪᠢ ᠰᠸᠢᠰ᠎ᠲᠦ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌ ᠬᠤᠭᠤᠴᠠᠭᠠᠨ᠎ᠳᠤ᠂ ᠬᠣᠶᠠᠷ ᠤᠯᠤᠰ᠎ᠢᠶᠠᠷ᠎ᠢᠶᠠᠨ ᠴᠢᠯᠥᠭᠡᠲᠦ ᠠᠷᠠᠯᠵᠢᠶᠠᠨ᠎ᠤ ᠵᠦᠪᠳᠡᠯᠴᠡᠭᠡᠷ᠎ᠢ ᠲᠡᠰ ᠳᠡᠪᠱᠢᠭᠦᠯᠬᠦ᠌ ᠬᠠᠮᠲᠤᠷᠠᠭ᠍ᠰᠠᠨ ᠰᠤᠳᠤᠯᠭᠠᠨ᠎ᠢ ᠡᠬᠢᠯᠡᠭᠦᠯᠬᠦ᠌᠎ᠪᠡᠷ ᠨᠡᠢᠲᠡᠯᠡᠪᠡ᠃
ᠫᠠᠷᠮᠡᠯᠢᠨ ᠲᠡᠷᠢᠭᠦᠯᠡᠭ᠌ᠴᠢ᠎ᠶ᠋ᠢᠨ ᠠᠬᠢᠭᠤᠯᠤᠯ ᠳᠣᠣᠷ᠎ᠠ ᠵᠦᠪᠳᠡᠯᠴᠡᠭᠡᠷ᠎ᠢ ᠳᠡᠰ ᠳᠡᠪᠱᠢᠭᠦᠯᠬᠦ᠌ ᠬᠡᠯᠡᠯᠴᠡᠭᠡ ᠢᠳᠡᠪᠬᠢᠲᠡᠢ ᠠᠬᠢᠴᠠ᠎ᠲᠠᠶ ᠪᠣᠯᠪᠠ᠃ ᠣᠳᠣᠬᠠᠨ᠎ᠳᠤ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ ᠥᠨᠳᠡᠢᠵᠦ᠍᠂ ᠬᠣᠶᠠᠷ ᠤᠯᠤᠰ᠎ᠢᠶᠠᠷ᠎ᠢᠶᠠᠨ ᠭᠠᠷ ᠬᠣᠯᠪᠣᠨ ᠴᠢᠯᠥᠭᠡᠲᠦ ᠠᠷᠠᠯᠵᠢᠶ᠎ᠠ᠎ᠶ᠋ᠢ ᠳᠡᠮᠵᠢᠬᠦ᠌ ᠪᠣᠯ ᠳᠤᠮᠳᠠᠳᠤ ᠰᠸᠢᠰ᠎ᠦᠨ ᠬᠠᠷᠢᠯᠴᠠᠭ᠎ᠠ᠎ᠶ᠋ᠢᠨ ᠥᠨᠳᠥᠷ ᠲᠦᠪᠱᠢᠨ ᠪᠦᠬᠦᠢ ᠬᠥᠭ᠌ᠵᠢᠯᠲᠡ᠎ᠶ᠋ᠢᠨ ᠦᠨᠡᠨ ᠪᠣᠳᠠᠲᠠᠢ ᠵᠢᠷᠤᠭ᠍ᠯᠠᠯ ᠪᠣᠯᠬᠤ ᠪᠥᠭᠡᠳ ᠳᠡᠯᠡᠬᠡᠢ᠎ᠶ᠋ᠢᠨ ᠬᠥᠭ᠌ᠵᠢᠯ ᠴᠡᠴᠡᠭ᠌ᠯᠡᠯ᠎ᠳᠦ ᠨᠡᠩ ᠤᠯᠠᠨ ᠲᠣᠭ᠍ᠲᠠᠭᠠᠯᠲᠤ ᠴᠢᠨᠠᠷ ᠪᠠ ᠲᠣᠭ᠍ᠲᠠᠭᠤᠨ ᠴᠢᠨᠠᠷ᠎ᠢ ᠨᠡᠮᠡᠷᠢᠯᠡᠨ᠎ᠠ᠃ 2026 ᠣᠨ ᠪᠣᠯ ᠳᠤᠮᠳᠠᠳᠤ ᠰᠸᠢᠰ᠎ᠦᠨ ᠱᠢᠨ᠎ᠡ᠎ᠶ᠋ᠢ ᠡᠭᠦᠳᠬᠦ᠌ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭ᠍ᠰᠠᠨ 10 ᠵᠢᠯ᠎ᠦᠨ ᠤᠢ ᠪᠣᠯᠤᠨ᠎ᠠ᠂ ᠪᠠᠰᠠ ᠴᠤ᠌ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠬᠣᠶᠠᠷ ᠤᠯᠤᠰ᠎ᠤᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭ᠎ᠠ ᠳ᠋ᠤ ᠥᠷᠭᠡᠨ ᠠᠭᠤᠳᠠᠮ ᠠᠵᠠ ᠲᠣᠬᠢᠶᠠᠯ ᠲᠤᠬᠢᠶᠠᠯᠳᠤᠵᠤ ᠪᠤᠢ᠃ ᠪᠢ ᠳᠤᠮᠳᠠᠳᠤ ᠰᠸᠢᠰ᠎ᠦᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭ᠌ᠴᠢ ᠫᠠᠷᠮᠡᠯᠢᠨ ᠲᠠᠢ ᠬᠠᠮᠲᠤ᠎ᠪᠠᠷ ᠴᠢᠷᠮᠠᠢᠵᠤ ᠪᠠᠢᠭᠠᠳ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠦᠷᠭᠦᠯᠵᠢᠯᠡᠨ ᠥᠷᠭᠡᠳᠭᠡᠵᠦ᠍᠂ ᠳᠤᠮᠳᠠᠳᠤ ᠰᠸᠢᠰ᠎ᠦᠨ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃