ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠪᠣᠯᠤᠨ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠡᠴᠡ ᠨᠠᠢᠷᠠᠭᠤᠯᠤᠨ ᠵᠣᠬᠢᠶᠠᠭ᠍ᠰᠠᠨ 《ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭᠠᠨ᠎ᠤ ᠱᠢᠷᠢᠰ ᠲᠠᠢᠯᠤᠮᠵᠢ》 ᠭᠡᠬᠦ᠌ ᠨᠣᠮ᠎ᠢ ᠨᠢᠭᠡᠨᠲᠡ ᠠᠷᠠᠳ᠎ᠤᠨ ᠬᠡᠪᠯᠡᠯ᠎ᠦᠨ ᠬᠣᠷᠢᠶ᠎ᠠ᠂ ᠳᠤᠮᠳᠠᠳᠤ ᠤᠯᠤᠰ᠎ᠤᠨ ᠣᠯᠠᠨ ᠤᠯᠤᠰ᠎ᠤᠨ ᠷᠠᠳᠢᠣ᠋ ᠨᠡᠪᠲᠡᠷᠡᠭᠦᠯᠭᠡ᠎ᠶ᠋ᠢᠨ ᠬᠡᠪᠯᠡᠯ᠎ᠦᠨ ᠬᠣᠷᠢᠶ᠎ᠠ ᠡᠴᠡ ᠬᠠᠮᠲᠤᠷᠠᠨ ᠬᠡᠪᠯᠡᠭᠦᠯᠵᠦ᠍᠂ ᠲᠣᠰ ᠡᠳᠦᠷ᠎ᠡᠴᠡ ᠡᠬᠢᠯᠡᠨ ᠪᠥᠬᠥ᠌ ᠤᠯᠤᠰ᠎ᠲᠤ ᠲᠠᠷᠬᠠᠭᠠᠪᠠ᠃
ᠲᠤᠰ ᠨᠣᠮ ᠪᠣᠯ 《ᠰᠢ᠎ᠵᠢᠨ᠎ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭᠠᠨ᠎ᠤ ᠱᠢᠷᠢᠰ ᠲᠠᠢᠯᠤᠮᠵᠢ》 ᠭᠡᠬᠦ᠌ ᠲᠧᠯᠸᠢᠰ᠎ᠦᠨ ᠲᠤᠰᠭᠠᠢ ᠰᠡᠳᠦᠪᠲᠦ ᠹᠢᠯᠢᠮ᠎ᠤᠨ ᠠᠳᠠᠯᠢ ᠨᠠᠷᠠ ᠲᠠᠢ ᠨᠣᠮ ᠪᠠᠢᠵᠤ᠂ ᠲᠤᠰᠭᠠᠢ ᠰᠡᠳᠦᠪᠲᠦ ᠹᠢᠯᠢᠮ᠎ᠦᠨ ᠲᠠᠢᠯᠪᠤᠷᠢ ᠦᠭᠡᠰ᠎ᠢᠶᠡᠷ ᠭᠣᠣᠯ ᠪᠤᠯᠭᠠᠨ ᠨᠠᠢᠷᠠᠭᠤᠯᠤᠬᠰᠡᠨ ᠶᠤᠮ᠃ ᠪᠦᠬᠦ᠌ ᠨᠣᠮ᠎ᠢ ᠦᠢᠯᠡᠳᠦᠯᠭᠡ᠎ᠶ᠋ᠢᠨ ᠬᠡᠷᠡᠭ᠎ᠦᠨ ᠵᠢᠱ᠌ᠢᠢ᠎ᠡ᠎ᠲᠡᠶ ᠤᠶᠠᠯᠳᠤᠭᠤᠯᠵᠤ᠂ ᠰᠢ᠎ᠵᠢᠨ᠎ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭᠠᠨ᠎ᠤ ᠭᠣᠣᠯ ᠠᠭᠤᠯᠭ᠎ᠠ᠂ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠨ ᠥᠭᠦᠯᠡᠪᠡ᠃