ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠠᠳ᠎ᠤᠨ ᠠᠮᠢᠳᠤᠷᠠᠯ᠎ᠤᠨ ᠰᠠᠭᠤᠷᠢ᠎ᠶᠢ ᠪᠡᠬᠢᠵᠢᠭᠦᠯᠵᠦ ᠂ ᠲᠦᠭ ᠲᠦᠮᠡᠨ ᠭᠡᠷ ᠪᠦᠯᠢ᠎ᠶᠢ ᠰᠠᠬᠢᠨ ᠬᠠᠮᠠᠭᠠᠯᠠᠰᠤᠭᠠᠢ ︱ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢᠬᠢ ᠠᠵᠢᠯ ᠣᠯᠭᠣᠯᠲᠠ᠎ᠶᠢᠨ ᠠᠵᠢᠯ᠎ᠤᠨ ᠲᠤᠬᠠᠢ ᠶᠡᠷᠦᠩᠬᠡᠢᠯᠡᠭᠰᠡᠨ ᠲᠣᠭᠠᠴᠢᠯᠲᠠ
ᠨᠡᠶ᠋ᠢᠲᠡᠯᠡᠭᠰᠡᠨ ᠴᠠᠭ᠄ 2025-11-29

      ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠂ ᠠᠷᠠᠳ ᠤᠯᠠᠨ᠎ᠤ ᠠᠮᠢ ᠪᠡᠶ᠎ᠡ᠎ᠶᠢᠨ ᠠᠰᠢᠭ᠋ ᠲᠤᠰᠠ᠎ᠳᠤ ᠬᠣᠯᠪᠣᠭᠳᠠᠵᠤ᠂ ᠠᠵᠤ ᠠᠬᠤᠢ ᠨᠡᠢᠭᠡᠮ᠎ᠦᠨ ᠡᠷᠡᠭᠦᠯ᠎ᠢᠶᠡᠷ ᠬᠥᠭᠵᠢᠬᠦ᠎ᠳᠦ ᠬᠣᠯᠪᠣᠭᠳᠠᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠰᠢᠨ ᠪᠠᠢᠬᠤ᠎ᠳᠤ ᠬᠣᠯᠪᠣᠭᠳᠠᠵᠤ ᠪᠠᠢᠳᠠᠭ᠃
      《 ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠪᠣᠯ ᠰᠢᠨ᠎ᠡ ᠴᠠᠭ ᠦᠶ᠎ᠡ᠎ᠶᠢᠨ ᠰᠢᠨ᠎ᠡ ᠠᠶᠠᠨ᠎ᠤ ᠠᠵᠢᠯ ᠣᠯᠭᠣᠯᠲᠠ᠎ᠶᠢᠨ ᠠᠵᠢᠯ᠎ᠤᠨ ᠰᠢᠨ᠎ᠡ ᠪᠠᠢᠷᠢ ᠲᠣᠭᠲᠠᠭᠠᠯᠲᠠ᠂ ᠰᠢᠨ᠎ᠡ ᠡᠭᠦᠷᠭᠡ ᠮᠥᠨ 》᠃ ᠶᠡᠷᠦᠩᠬᠡᠢ ᠱᠦᠵᠢ ᠰᠢ᠎ᠵᠢᠨ᠎ᠫᠢᠩ ᠠᠵᠢᠯ ᠣᠯᠭᠣᠯᠲᠠ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠂ 2024 ᠣᠨ᠎ᠤ 5 ᠰᠠᠷ᠎ᠠ᠎ᠶᠢᠨ 27᠎ᠤ ᠡᠳᠦᠷ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠠᠷᠪᠠᠨ ᠳᠥᠷᠪᠡᠳᠦᠭᠡᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ᠎ᠶᠢ ᠡᠷᠭᠢᠯᠡᠬᠦ᠎ᠳᠡᠭᠡᠨ ᠶᠠᠷᠢᠭ᠍ᠰᠠᠨ ᠴᠢᠬᠤᠯᠠ ᠶᠠᠷᠢᠶ᠎ᠠ᠎ᠳᠠᠭᠠᠨ ᠠᠵᠢᠯ ᠣᠯᠭᠣᠯᠲᠠ᠎ᠶᠢᠨ ᠴᠢᠬᠤᠯᠠ ᠪᠠᠢᠷᠢ ᠰᠠᠭᠤᠷᠢ ᠪᠠ ᠦᠢᠯᠡᠳᠦᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠎ᠳᠤ ᠴᠢᠬᠤᠯᠠ ᠪᠠᠢᠷᠢᠯᠠᠭᠤᠯᠤᠯᠲᠠ ᠬᠢᠵᠦ ᠂ ᠰᠢᠨ᠎ᠡ ᠪᠠᠢᠳᠠᠯ᠎ᠤᠨ ᠳᠣᠣᠷᠠᠬᠢ ᠠᠵᠢᠯ ᠣᠯᠭᠣᠯᠲᠠ᠎ᠶᠢᠨ ᠠᠵᠢᠯ᠎ᠢ ᠰᠠᠢᠲᠤᠷ ᠬᠢᠬᠦ᠎ᠳᠦ ᠦᠨᠳᠦᠰᠦᠨ ᠵᠢᠷᠤᠮᠯᠠᠯ ᠬᠠᠩᠭᠠᠭᠰᠠᠨ ᠪᠠᠢᠨ᠎ᠠ᠃
      ᠰᠢᠨ᠎ᠡ ᠦᠵᠡᠯ ᠰᠠᠨᠠᠭ᠎ᠠ ᠨᠢ ᠰᠢᠨ᠎ᠡ ᠠᠶᠠᠨ ᠵᠠᠮ᠎ᠢ ᠬᠥᠲᠥᠯᠥᠨ ᠳᠠᠭᠠᠭᠤᠯᠤᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠲᠣᠭᠣᠷᠢᠨ ᠪᠠ ᠬᠦᠨᠳᠦ ᠨᠦᠰᠡᠷ ᠠᠵᠢᠯ ᠣᠯᠭᠣᠯᠲᠠ᠎ᠶᠢᠨ ᠡᠭᠦᠷᠭᠡ᠎ᠶᠢᠨ ᠡᠮᠦᠨ᠎ᠡ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 《 ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ 》᠎ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠦᠨ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠲᠥᠷᠥ᠎ᠶᠢᠨ ᠪᠣᠳᠣᠯᠭ᠎ᠠ᠎ᠶᠢ ᠴᠢᠩᠭᠠᠷᠠᠭᠤᠯᠵᠤ᠂ ᠠᠷᠭ᠎ᠠ ᠪᠦᠬᠦᠨ᠎ᠢ ᠰᠦᠪᠡᠭᠴᠢᠯᠡᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠵᠤ᠂ ᠠᠵᠢᠯ ᠣᠯᠭᠣᠯᠲᠠ᠎ᠶᠢᠨ ᠠᠵᠢᠯ ᠢᠳᠡᠪᠬᠢᠲᠡᠢ ᠠᠬᠢᠴᠠ ᠲᠠᠢ ᠪᠣᠯᠬᠤ᠎ᠶᠢ ᠲᠦᠯᠬᠢᠨ ᠠᠬᠢᠭᠤᠯᠵᠠᠢ᠃
      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠵᠤ᠂ ᠠᠵᠢᠯ ᠣᠯᠭᠣᠯᠲᠠ᠎ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠠᠵᠢᠯ ᠣᠯᠭᠣᠯᠲᠠ᠎ᠶᠢᠨ ᠶᠠᠰᠤ ᠴᠢᠨᠠᠷ ᠲᠣᠭᠲᠠᠭᠤᠨ᠎ᠢᠶᠠᠷ ᠳᠡᠭᠡᠭᠰᠢᠯᠡᠪᠡ᠃ 8 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ ᠂ ᠬᠣᠲᠠ ᠪᠠᠯᠭᠠᠰᠤᠨ᠎ᠤ ᠰᠢᠨ᠎ᠡ᠎ᠪᠡᠷ ᠠᠵᠢᠯ ᠣᠯᠣᠭᠰᠠᠨ ᠬᠥᠮᠥᠨ ᠨᠡᠶ᠋ᠢᠲᠡ 5921 ᠲᠦᠮᠡ᠎ᠳᠦ ᠬᠦᠷᠴᠦ ᠂ ᠬᠠᠷᠠᠯᠲᠠ ᠡᠭᠦᠷᠭᠡ᠎ᠪᠡᠨ ᠳᠠᠪᠠᠭᠤᠯᠤᠨ ᠪᠡᠶᠡᠯᠡᠭᠦᠯᠵᠡᠢ ᠃ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ᠎ᠶᠢ ᠲᠣᠭᠲᠠᠪᠤᠷᠢᠵᠢᠭᠤᠯᠬᠤ᠎ᠳᠤ ᠬᠦᠴᠦᠲᠡᠢ ᠲᠦᠰᠢᠭ ᠲᠤᠯᠭᠠᠭᠤᠷᠢ ᠬᠠᠩᠭᠠᠭᠰᠠᠨ ᠪᠠᠢᠨ᠎ᠠ᠃
      ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠲᠥᠷᠥ᠎ᠶᠢᠨ ᠪᠣᠳᠣᠯᠭ᠎ᠠ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠲᠡᠭᠦᠯᠳᠡᠷᠵᠢᠭᠦᠯᠵᠦ ᠂ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢᠨ ᠪᠠᠭᠲᠠᠭᠠᠮᠵᠢ᠎ᠶᠢ ᠥᠷᠭᠡᠳᠬᠡᠵᠦ ᠶᠠᠰᠤ ᠴᠢᠨᠠᠷ᠎ᠢ ᠲᠡᠭᠡᠭᠰᠢᠯᠡᠬᠦᠯᠦᠨ᠎ᠡ
      ᠠᠭᠠᠷ ᠳᠣᠲᠣᠷ᠎ᠠ ᠠᠩᠬᠢᠯᠤᠮ᠎ᠠ ᠦᠨᠦᠷ ᠬᠠᠩᠬᠤᠯᠵᠤ ᠂ ᠦᠢᠯᠡᠳᠪᠦᠷᠢ᠎ᠶᠢᠨ ᠲᠠᠰᠤᠭ᠎ᠤᠨ ᠦᠢᠯᠡᠳᠪᠦᠷᠢᠯᠡᠯ ᠶᠠᠭ ᠢᠳᠡ ᠬᠥᠭ ᠲᠡᠢ ᠶᠠᠪᠤᠭᠳᠠᠵᠤ ᠪᠠᠢᠨ᠎ᠠ ᠂ ᠹᠦᠵᠢᠶᠠᠨ ᠮᠤᠵᠢ᠎ᠶᠢᠨ ᠵᠢᠨᠵᠢᠶᠠᠩ ᠬᠣᠲᠠ᠎ᠶᠢᠨ ᠴᠢᠶᠣᠤ ᠡᠵᠢ᠎ᠶᠢᠨ ᠢᠳᠡᠭᠡᠨ᠎ᠦ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠡᠨᠡ ᠵᠢᠯ᠎ᠦᠨ ᠵᠠᠬᠢᠶᠠᠯᠠᠭ᠎ᠠ᠎ᠶᠢᠨ ᠬᠠᠭᠤᠳᠠᠰᠤ ᠪᠣᠯᠣᠨ ᠠᠵᠢᠯᠴᠢᠨ ᠬᠡᠷᠡᠭᠯᠡᠬᠦ ᠬᠣᠣᠰ ᠨᠡᠮᠡᠭᠳᠡᠯ ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠬᠤ ᠪᠠ ᠠᠵᠢᠯ᠎ᠢ ᠦᠯᠡᠳᠡᠭᠡᠬᠦ ᠨᠥᠬᠥᠪᠦᠷᠢ ᠵᠡᠷᠭᠡ ᠠᠷᠭ᠎ᠠ ᠬᠡᠮᠵᠢᠶ᠎ᠡ ᠨᠢ ᠠᠵᠤ ᠠᠬᠤᠢᠯᠠᠯ᠎ᠤᠨ ᠳᠠᠷᠤᠭᠠᠰᠤ᠎ᠶᠢ ᠬᠥᠩᠭᠡᠯᠡᠵᠦ ᠂ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢᠨ ᠲᠣᠭᠲᠠᠭᠤᠨ ᠪᠠᠢᠳᠠᠯ᠎ᠢ ᠠᠬᠢᠭᠤᠯᠤᠭᠰᠠᠨ ᠪᠠᠢᠨ᠎ᠠ ᠃ ᠴᠠᠭᠠᠨ ᠵᠠᠭᠠᠮᠠᠳᠠᠨ᠎ᠠᠴᠠ ᠵᠢᠯᠣᠭᠣᠴᠢ ᠦᠭᠡᠢ ᠨᠢᠰᠬᠡᠯ᠎ᠦᠨ 《 ᠨᠢᠰᠬᠡᠭᠴᠢ 》 ᠬᠦᠷᠲᠡᠯ᠎ᠡ᠂ 《 85 ᠬᠣᠵᠢᠳ 》 ᠵᠠᠯᠠᠭᠤ ᠵᠠᠩ ᠲᠦᠩ ᠬᠤᠪᠧᠢ ᠵᠢᠨ ᠬᠥᠳᠡᠭᠡ ᠲᠣᠰᠬᠣᠨ᠎ᠳᠤ ᠢᠷᠡᠵᠦ᠂ ᠰᠢᠨᠵᠢᠯᠡᠬᠦ ᠤᠬᠠᠭᠠᠨ ᠮᠡᠷᠭᠡᠵᠢᠯ᠎ᠢᠶᠡᠷ ᠲᠠᠷᠢᠶ᠎ᠠ ᠲᠠᠷᠢᠬᠤ ᠨᠢ ᠲᠡᠭᠦᠨ᠎ᠦ ᠠᠵᠢᠯ ᠮᠡᠷᠭᠡᠵᠢᠯ᠎ᠦᠨ ᠰᠢᠨ᠎ᠡ ᠬᠥᠭᠡᠭᠡᠴᠡᠯᠳᠦᠯ ᠪᠣᠯᠵᠠᠢ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ ᠂ ᠠᠵᠢᠯ᠎ᠤᠨ ᠪᠠᠢᠷᠢ᠎ᠶᠢᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠂ ᠠᠷᠭ᠎ᠠ ᠵᠠᠮ᠎ᠢ ᠨᠠᠩ ᠣᠯᠠᠨ ᠡᠰᠢᠵᠢᠭᠦᠯᠵᠦ ᠂ ᠬᠥᠳᠡᠯᠮᠦᠷᠢᠴᠢᠳ᠎ᠦᠨ ᠠᠵᠢᠯ ᠣᠯᠬᠤ ᠬᠡᠪᠴᠢᠶ᠎ᠡ᠎ᠶᠢ ᠲᠠᠰᠤᠷᠠᠯᠲᠠ ᠦᠭᠡᠢ ᠥᠷᠭᠡᠳᠬᠡᠪᠡ ᠃
ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠎ᠶᠢᠨ ᠦᠨᠳᠦᠰᠦᠨ ᠠᠷᠭ᠎ᠠ ᠵᠠᠮ ᠨᠢ ᠬᠥᠭᠵᠢᠯᠲᠡ᠎ᠳᠦ ᠪᠤᠢ᠃
      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠥᠪᠯᠡᠭᠡᠨ᠎ᠦ ᠬᠤᠭᠤᠴᠠᠭᠠᠨ᠎ᠳᠤ ᠮᠠᠨ᠎ᠤ ᠤᠯᠤᠰ᠎ᠤᠨ ᠠᠵᠤ ᠠᠬᠤᠢ᠎ᠶᠢᠨ ᠪᠣᠳᠠᠲᠤ ᠬᠦᠴᠦᠨ ᠮᠡᠳᠡᠭᠳᠡᠬᠦᠢᠴᠡ ᠴᠢᠩᠭᠠᠷᠠᠵᠤ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠵᠢᠱ᠌ᠢᠯᠲᠡ᠎ᠪᠡᠷ ᠡᠨᠡ ᠵᠢᠯ 140 ᠲᠦᠮᠡᠨ ᠳ᠋ᠦᠩᠰᠢᠭᠤᠷ ᠲᠥᠭᠥᠷᠢᠭ ᠣᠷᠴᠢᠮ᠎ᠳᠤ ᠬᠦᠷᠬᠦ ᠪᠣᠯᠣᠨ᠎ᠠ᠃ ᠠᠵᠤ ᠠᠬᠤᠢ᠎ᠶᠢᠨ ᠬᠥᠭᠵᠢᠯᠲᠡ᠎ᠶᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠎ᠳᠤ ᠰᠠᠭᠤᠷᠢ ᠲᠠᠯᠪᠢᠨ ᠥᠭᠴᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢᠨ ᠡᠬᠢ ᠰᠤᠷᠪᠤᠯᠵᠢ ᠲᠠᠰᠤᠷᠠᠯᠲᠠ ᠦᠭᠡᠢ ᠡᠯᠪᠡᠭ ᠳᠡᠯᠪᠡᠭ ᠪᠣᠯᠪᠠ᠃
      ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠡᠭᠦᠷᠭᠡ᠎ᠶᠢ ᠡᠷᠡᠯᠬᠡᠭᠯᠡᠨ ᠡᠭᠦᠷᠭᠡᠯᠡᠨ᠎ᠡ᠃ ᠲᠠᠪᠤᠨ ᠵᠢᠯ᠎ᠦᠨ ᠲᠤᠷᠰᠢ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠡᠷᠢᠭᠦᠨ ᠬᠠᠷᠠᠯᠲᠠ ᠪᠣᠯᠭᠠᠵᠤ ᠂ ᠴᠢᠨᠠᠷ ᠰᠠᠢᠲᠠᠢ ᠬᠥᠭᠵᠢᠯᠲᠡ᠎ᠶᠢᠨ ᠶᠠᠪᠤᠴᠠ᠎ᠶᠢ ᠠᠵᠢᠯ ᠣᠯᠭᠣᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠬᠦ ᠶᠠᠪᠤᠴᠠ ᠪᠣᠯᠭᠠᠵᠤ᠂ ᠠᠵᠤ ᠠᠬᠤᠢ᠎ᠶᠢᠨ ᠬᠥᠭᠵᠢᠯᠲᠡ᠎ᠶᠢᠨ ᠠᠵᠢᠯ ᠣᠯᠭᠣᠯᠲᠠ᠎ᠶᠢ ᠳᠠᠢᠴᠢᠯᠠᠬᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠪᠡ᠃
      ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠠᠵᠤ ᠠᠬᠤᠢ᠎ᠶᠢᠨ ᠬᠥᠭᠵᠢᠯᠲᠡ ᠪᠣᠯᠣᠨ ᠠᠵᠢᠯ ᠣᠯᠭᠣᠯᠲᠠ᠎ᠶᠢᠨ ᠨᠡᠮᠡᠭᠳᠡᠯ᠎ᠢ ᠵᠡᠷᠭᠡ᠎ᠪᠡᠷ ᠠᠬᠢᠭᠤᠯᠤᠨ᠎ᠠ︱
      ᠡᠯ᠎ᠡ ᠭᠠᠵᠠᠷ᠎ᠤᠨ ᠬᠢᠨ ᠤᠯᠠᠮᠵᠢᠯᠠᠯᠲᠤ ᠠᠵᠤ ᠦᠢᠯᠡᠰ᠎ᠦᠨ ᠲᠠᠰ ᠳᠡᠪᠰᠢᠬᠦ᠎ᠶᠢ ᠢᠳᠡᠪᠬᠢᠲᠡᠢ᠎ᠪᠡᠷ ᠲᠦᠯᠬᠢᠨ ᠠᠬᠢᠭᠤᠯᠵᠤ᠂ ᠰᠢᠨ᠎ᠡ᠎ᠪᠡᠷ ᠪᠣᠶ ᠪᠣᠯᠤᠭᠰᠠᠨ ᠠᠵᠤ ᠦᠢᠯᠡᠰ᠎ᠢ ᠬᠦᠴᠦᠯᠡᠨ ᠪᠤᠵᠠᠭᠠᠢᠷᠠᠭᠤᠯᠵᠤ᠂ ᠢᠷᠡᠭᠡᠳᠦᠢ᠎ᠶᠢᠨ ᠠᠵᠤ ᠦᠢᠯᠡᠰ᠎ᠢ ᠪᠠᠢᠷᠢᠯᠠᠭᠤᠯᠤᠨ ᠪᠦᠲᠦᠭᠡᠨ ᠪᠠᠢᠭᠤᠯᠵᠤ᠂ ᠠᠵᠤ ᠠᠬᠤᠢ᠎ᠶᠢᠨ ᠬᠥᠭᠵᠢᠯᠲᠡ᠎ᠶᠢᠨ ᠰᠢᠨ᠎ᠡ ᠬᠥᠳᠡᠯᠭᠡᠭᠴᠢ ᠡᠨᠧᠷᠭᠢ᠎ᠶᠢ ᠪᠣᠢᠵᠢᠭᠤᠯᠤᠨ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠵᠤ ᠦᠢᠯᠡᠰ᠂ ᠠᠵᠤ ᠦᠢᠯᠡᠰ᠎ᠢᠶᠡᠷ ᠠᠵᠢᠯ ᠣᠯᠭᠣᠯᠲᠠ᠎ᠶᠢ ᠳᠠᠢᠴᠢᠯᠠᠬᠤ ᠠᠮᠢᠳᠤᠯᠢᠭ᠋ ᠪᠠᠢᠷᠢᠰᠢᠯ᠎ᠢ ᠪᠣᠶ ᠪᠣᠯᠭᠠᠪᠠ᠃ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ ᠲᠦᠷᠦᠯ᠂ ᠬᠤᠳᠠ ᠬᠥᠳᠡᠭᠡ᠎ᠶᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢᠨ ᠲᠠᠯᠳᠠ ᠬᠦᠴᠦᠨ᠎ᠢ ᠠᠭᠤᠳᠠᠯᠤᠨ ᠪᠠᠭᠲᠠᠭᠠᠮᠵᠢ᠎ᠶᠢ ᠥᠷᠭᠡᠳᠬᠡᠬᠦ ᠲᠥᠰᠥᠯ᠎ᠢ ᠬᠦᠴᠦᠯᠡᠨ ᠬᠡᠷᠡᠭᠵᠢᠭᠦᠯᠵᠦ᠂ ᠠᠵᠢᠯ ᠣᠯᠭᠣᠯᠲᠠ᠎ᠶᠢᠨ ᠰᠢᠨ᠎ᠡ ᠣᠷᠣᠨ ᠵᠠᠢ᠎ᠶᠢ ᠨᠡᠭᠡᠭᠡᠨ᠎ᠡ᠃ ᠬᠠᠩᠵᠧᠦ ᠬᠤᠳᠠ 《 ᠡᠯᠧᠺᠲᠷᠣᠨ ᠬᠤᠳᠠᠯᠳᠤᠭ᠎ᠠ + ᠡᠭᠦᠯᠡᠨ ᠪᠣᠳᠣᠯᠲᠠ 》 ᠵᠡᠷᠭᠡ᠎ᠳᠦ ᠲᠦᠰᠢᠭᠯᠡᠨ᠂ ᠲᠣᠭᠠᠴᠢᠯᠠᠭᠰᠠᠨ ᠠᠵᠤ ᠠᠬᠤᠢ᠎ᠶᠢ ᠶᠡᠬᠡ᠎ᠪᠡᠷ ᠬᠥᠭᠵᠢᠭᠦᠯᠵᠦ᠂ ᠵᠠᠯᠠᠭᠤᠴᠤᠳ᠎ᠤᠨ ᠠᠵᠢᠯ ᠣᠯᠭᠣᠯᠲᠠ᠎ᠶᠢ ᠲᠠᠲᠠᠬᠤ ᠴᠢᠩᠭ᠎ᠠ ᠰᠣᠷᠢᠨᠵᠢᠨ ᠣᠷᠣᠨ ᠪᠣᠯᠵᠤ᠂ ᠠᠵᠢᠯ᠎ᠤᠨ ᠪᠠᠢᠷᠢ ᠪᠣᠯᠣᠨ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ ᠵᠡᠷᠭᠡ᠎ᠪᠡᠷ ᠬᠥᠭᠵᠢᠪᠡ᠃ ᠶᠦᠨᠨᠠᠨ᠎ᠤ ᠴᠢᠶᠣᠤ ᠵᠢᠶᠠ ᠰᠢᠶᠠᠨ᠎ᠤ ᠮᠠ ᠱᠤ᠌ ᠪᠠᠯᠭᠠᠰᠤᠨ᠎ᠤ ᠨᠢᠭᠡᠨ ᠪᠦᠷᠢᠨ ᠪᠦᠲᠦᠨ ᠭᠦᠵᠡᠯᠵᠡᠭᠡᠨ᠎ᠡ᠎ᠶᠢᠨ ᠠᠵᠤ ᠦᠢᠯᠡᠰ᠎ᠦᠨ ᠬᠡᠯᠬᠢᠶ᠎ᠡ ᠨᠢ 9000 ᠭᠠᠷᠤᠢ ᠬᠥᠮᠥᠨ ᠤᠳᠠᠭ᠎ᠠ᠎ᠶᠢᠨ ᠣᠢᠷ᠎ᠠ ᠬᠠᠪᠢ᠎ᠳᠠᠭᠠᠨ ᠠᠵᠢᠯ ᠣᠯᠬᠤ᠎ᠶᠢ ᠲᠠᠢ᠍ᠢᠴᠢᠯᠠᠵᠦ᠂ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ ᠪᠠ ᠠᠵᠢᠯ᠎ᠤᠨ ᠪᠠᠢᠷᠢ᠎ᠶᠢ ᠵᠡᠷᠭᠡ᠎ᠪᠡᠷ ᠥᠷᠭᠡᠳᠬᠡᠵᠦ᠂ ᠲᠣᠰᠬᠣᠨ᠎ᠤ ᠠᠷᠠᠳ᠎ᠲᠤ ᠪᠠᠶᠠᠵᠢᠯ᠎ᠤᠨ ᠵᠠᠮ ᠳᠡᠪᠢᠰᠴᠦ ᠥᠭᠴᠡᠢ᠃
      ᠠᠵᠤ ᠠᠬᠤᠢᠯᠠᠯ᠎ᠢ ᠳᠡᠮᠵᠢᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠦᠷᠭᠦᠯᠵᠢᠯᠡᠨ ᠢᠯᠭᠠᠷᠠᠭᠤᠯᠤᠨ᠎ᠠ︱
      ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠳ᠋᠎ᠦᠨ ᠵᠠᠰᠠᠭ᠎ᠠᠴᠠ ᠤᠷᠮᠠᠰᠢᠭᠤᠯᠬᠤ᠂ ᠭᠠᠢᠯᠢ ᠰᠦᠢᠳᠬᠡᠯ᠎ᠢ ᠬᠥᠩᠭᠡᠯᠡᠵᠦ ᠬᠡᠯᠲᠦᠷᠢᠭᠦᠯᠬᠦ᠂ ᠮᠥᠩᠭᠥᠨ ᠭᠦᠢᠯᠭᠡᠭᠡᠨ᠎ᠢᠶᠡᠷ ᠳᠡᠮᠵᠢᠬᠦ ᠰᠢᠰᠲᠧᠮ᠎ᠦᠨ ᠴᠢᠨᠠᠷᠲᠠᠢ ᠲᠦᠷᠦ᠎ᠶᠢᠨ ᠪᠣᠳᠣᠯᠭ᠎ᠠ᠎ᠶᠢᠨ ᠪᠣᠷᠣ᠌ ᠲᠥᠯᠥᠪ᠎ᠢ ᠪᠦᠷᠢᠯᠳᠦᠭᠦᠯᠵᠦ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠢ ᠱᠠᠲᠤᠴᠢ ᠴᠢᠨᠠᠷᠲᠠᠢ᠎ᠪᠠᠷ ᠬᠥᠩᠭᠡᠯᠡᠵᠦ ᠬᠡᠯᠲᠦᠷᠢᠭᠦᠯᠬᠦ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯ ᠣᠯᠭᠣᠯᠲᠠ ᠦᠢᠯᠡᠰ ᠪᠣᠰᠬᠠᠬᠤ ᠨᠥᠬᠥᠪᠦᠷᠢ ᠵᠡᠷᠭᠡ ᠪᠦᠬᠦ ᠬᠡᠯᠬᠢᠶ᠎ᠡ᠎ᠪᠡᠷ ᠳᠡᠮᠵᠢᠬᠦ ᠰᠢᠰᠲᠧᠮ᠎ᠢ ᠪᠠᠢᠭᠤᠯᠵᠤ᠂ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠨᠡᠩ ᠭᠦᠢᠴᠡᠳ᠂ ᠬᠠᠨᠳᠤᠯᠭᠠᠲᠤ ᠴᠢᠨᠠᠷ᠎ᠢ ᠨᠡᠩ ᠴᠢᠩᠭ᠎ᠠ ᠪᠣᠯᠭᠠᠪᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠨᠡᠢ᠍ᠢᠳᠡ ᠵᠠᠷᠤᠴᠠᠭᠤᠯᠤᠭᠰᠠᠨ ᠠᠵᠢᠯ ᠣᠯᠭᠣᠯᠲᠠ᠎ᠶᠢᠨ ᠨᠥᠬᠥᠪᠦᠷᠢ ᠪᠡᠯᠡ ᠮᠥᠩᠭᠥ 4700 ᠳ᠋ᠦᠩᠰᠢᠭᠤᠷ ᠲᠥᠭᠥᠷᠢᠭ᠎ᠢ ᠳᠠᠪᠠᠵᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠥ᠎ᠶᠢ 1389 ᠳ᠋ᠦᠩᠰᠢᠭᠤᠷ ᠲᠥᠭᠥᠷᠢᠭ ᠲᠠᠷᠬᠠᠭᠠᠪᠠ᠃
      ᠰᠢᠨ᠎ᠡ ᠠᠵᠢᠯ ᠮᠡᠷᠭᠡᠵᠢᠯ᠎ᠢ ᠴᠠᠭ ᠲᠤᠬᠠᠢ ᠳ᠋ᠤᠨᠢ ᠨᠡᠢᠲᠡᠯᠡᠵᠦ᠂ ᠠᠵᠢᠯ ᠣᠯᠭᠣᠯᠲᠠ᠎ᠶᠢᠨ ᠰᠢᠨ᠎ᠡ ᠬᠥᠳᠡᠯᠭᠡᠬᠦ ᠬᠦᠴᠦᠨ᠎ᠢ ᠪᠣᠢᠵᠢᠭᠤᠯᠤᠨ᠎ᠠ︱
      ᠰᠢᠨ᠎ᠡ ᠮᠡᠷᠭᠡᠵᠢᠯ᠂ ᠰᠢᠨ᠎ᠡ ᠪᠠᠢᠳᠠᠯ ᠥᠷᠨᠢᠩᠭᠦᠢ᠎ᠪᠡᠷ ᠬᠥᠭᠵᠢᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠬᠤᠷᠠᠮᠳᠤᠨ ᠵᠤᠵᠠᠭᠠᠷᠠᠵᠤ᠂ ᠠᠵᠢᠯ ᠣᠯᠭᠣᠯᠲᠠ᠎ᠶᠢᠨ ᠯᠤᠲᠤ ᠶᠡᠬᠡ ᠲᠠᠯᠳᠠ ᠬᠦᠴᠦᠨ ᠬᠠᠳᠠᠭᠠᠯᠠᠭᠳᠠᠵᠤ ᠪᠠᠢᠨ᠎ᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠦᠷᠭᠦᠯᠵᠢᠯᠡᠨ ᠰᠢᠨ᠎ᠡ ᠠᠵᠢᠯ ᠮᠡᠷᠭᠡᠵᠢᠯ᠎ᠦᠨ ᠪᠠᠷᠢᠮᠵᠢᠶ᠎ᠠ᠎ᠶᠢ ᠨᠡᠭᠡᠭᠡᠨ ᠬᠥᠭᠵᠢᠭᠦᠯᠵᠦ ᠂ ᠰᠢᠨ᠎ᠡ ᠠᠵᠢᠯ ᠮᠡᠷᠭᠡᠵᠢᠯ᠎ᠦᠨ ᠲᠠᠰ ᠳᠠᠷᠠᠭᠠᠯᠠᠯ᠎ᠢ ᠢᠳᠡᠪᠬᠢᠲᠡᠢ᠎ᠪᠡᠷ ᠠᠭᠤᠳᠠᠯᠤᠨ ᠪᠣᠢᠵᠢᠭᠤᠯᠵᠤ᠂ ᠠᠵᠢᠯ ᠣᠯᠭᠣᠯᠲᠠ᠎ᠶᠢᠨ ᠰᠢᠨ᠎ᠡ ᠨᠡᠮᠡᠭᠳᠡᠯ᠎ᠦᠨ ᠴᠡᠭ᠎ᠢ ᠨᠡᠭᠡᠭᠡᠨ ᠬᠥᠭᠵᠢᠭᠦᠯᠵᠦ ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠵᠠᠬ᠎ᠠ ᠳᠡᠯᠭᠡᠭᠦᠷ᠎ᠦᠨ ᠬᠠᠨᠳᠤᠰᠢ᠎ᠶᠢ ᠰᠠᠯᠤᠯ ᠦᠭᠡᠢ ᠳᠠᠭᠠᠵᠤ 72 ᠰᠢᠨ᠎ᠡ ᠠᠵᠢᠯ ᠮᠡᠷᠭᠡᠵᠢᠯ᠎ᠢ ᠨᠡᠢᠲᠡᠯᠡᠵᠦ᠂ ᠠᠵᠢᠯᠯᠠᠭᠰᠠᠳ᠎ᠤᠨ ᠠᠵᠢᠯ ᠮᠡᠷᠭᠡᠵᠢᠯ᠎ᠦᠨ ᠬᠠᠷᠢᠶᠠᠯᠠᠭᠳᠠᠬᠤ ᠰᠡᠳᠬᠢᠯᠭᠡ᠎ᠶᠢ ᠳᠡᠭᠡᠭᠰᠢᠯᠡᠭᠦᠯᠦᠨ ᠂ ᠬᠥᠳᠡᠯᠮᠦᠷᠢᠴᠢᠳ᠎ᠦᠨ ᠠᠵᠢᠯ ᠣᠯᠬᠤ ᠰᠣᠩᠭᠣᠯᠲᠠ᠎ᠶᠢ ᠥᠷᠭᠡᠳᠬᠡᠪᠡ᠃
      ᠦᠨᠡᠨ ᠪᠣᠳᠠᠲᠠᠢ ᠳᠡᠮᠵᠢᠯᠭᠡ᠂ ᠦᠨᠡᠨ ᠪᠣᠳᠠᠲᠠᠢ ᠦᠢᠯᠡᠴᠢᠯᠡᠭᠡ ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠲᠠᠰᠤᠷᠠᠯᠲᠠ ᠦᠭᠡᠢ ᠪᠠᠳᠠᠷᠠᠭᠤᠯᠵᠤ᠂ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠪᠥᠬᠥ ᠬᠦᠴᠦᠨ᠎ᠢᠶᠡᠷ᠎ᠢᠶᠡᠨ ᠲᠦᠯᠬᠢᠨ ᠠᠬᠢᠭᠤᠯᠪᠠ᠃ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠬᠤ ᠨᠢ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶᠢᠨ ᠴᠢᠬᠤᠯᠠ ᠪᠠᠲᠤᠯᠠᠭ᠎ᠠ ᠪᠣᠯᠵᠤ᠂ ᠠᠵᠤ ᠠᠬᠤᠢ᠎ᠶᠢᠨ ᠬᠥᠭᠵᠢᠯᠲᠡ᠎ᠶᠢᠨ ᠦᠵᠡᠰᠬᠦᠯᠡᠩᠲᠦ ᠰᠠᠢᠬᠠᠨ ᠰᠠᠭᠤᠷᠢ ᠥᠩᠭᠡ ᠪᠣᠯᠤᠭᠰᠠᠨ ᠪᠠᠢᠨ᠎ᠠ᠃
      ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠦᠷᠦᠯ ᠬᠤᠪᠢᠶᠠᠨ ᠬᠠᠪᠰᠤᠷᠤᠨ ᠲᠡᠳᠬᠦᠵᠦ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠤᠨ᠎ᠠ
      ᠡᠨᠡ ᠵᠢᠯ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠢᠶᠠᠷᠤᠯᠲᠠ᠎ᠶᠢᠨ ᠲᠤᠰᠬᠠᠢ ᠮᠡᠷᠭᠡᠵᠢᠯ᠎ᠡᠴᠡ ᠲᠡᠭᠦᠰᠦᠭᠰᠡᠨ ᠭᠦᠸᠧ ᠽᠢ ᠲᠦᠩ ᠱᠠᠨ ᠰᠢ᠎ᠶᠢᠨ ᠵᠢᠨᠴᠧᠩ ᠬᠤᠳᠠ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠰᠤᠳᠤᠯᠭᠠᠨ᠎ᠤ ᠲᠥᠪ᠎ᠦᠨ ᠳᠠᠳᠤᠯᠭ᠎ᠠ᠎ᠶᠢᠨ ᠠᠵᠢᠯ᠎ᠤᠨ ᠪᠠᠢᠷᠢ᠎ᠳᠤ ᠲᠤᠬᠠᠢᠯᠠᠭᠰᠠᠨ ᠠᠵᠢᠯ᠎ᠢᠶᠠᠨ ᠡᠬᠢᠯᠡᠭᠦᠯᠵᠦ᠂ ᠠᠮᠵᠢᠯᠲᠠ᠎ᠲᠠᠢ᠎ᠪᠠᠷ ᠠᠵᠢᠯ ᠣᠯᠪᠠ᠃ ᠭᠦᠢᠵᠧᠦ᠎ᠶᠢᠨ ᠴᠢᠶᠠᠨ ᠰᠢ ᠨᠠᠨ ᠵᠧᠦ᠎ᠶᠢᠨ ᠫᠦ ᠠᠨ ᠰᠢᠶᠠᠨ᠎ᠤ ᠬᠠᠪᠰᠤᠷᠤᠨ ᠲᠡᠳᠬᠦᠬᠦ ᠦᠢᠯᠡᠳᠪᠦᠷᠢ᠎ᠶᠢᠨ ᠲᠠᠰᠤᠭ ᠨᠢ ᠨᠡᠭᠦᠭᠰᠡᠨ ᠤᠯᠠᠨ ᠲᠦᠮᠡᠨ᠎ᠢ ᠭᠡᠷ᠎ᠦᠨ ᠡᠭᠦᠳᠡᠨ ᠳ᠋ᠦ᠍ᠨᠢ ᠲᠣᠭᠲᠠᠭᠤᠨ᠎ᠢᠶᠠᠷ ᠠᠵᠢᠯ ᠣᠯᠭᠣᠵᠤ᠂ 3 ᠬᠡᠦᠬᠡᠳ᠎ᠦᠨ ᠡᠵᠢ ᠧᠦ ᠳᠡ ᠵᠢᠦᠢ ᠬᠠᠮᠤᠭ ᠨᠠᠭᠠᠲᠤ ᠵᠠᠬ᠎ᠠ᠎ᠳᠠᠭᠠᠨ ᠰᠠᠷ᠎ᠠ᠎ᠳᠤ 3500 ᠲᠥᠭᠥᠷᠢᠭ ᠴᠠᠯᠢᠩ ᠣᠯᠵᠤ᠂ ᠨᠢᠳᠤᠨᠤᠨ᠎ᠤ ᠬᠥᠭᠵᠢᠶᠡᠨᠲᠦ ᠤᠯᠠᠷᠢᠯ᠎ᠳᠤ ᠰᠠᠷ᠎ᠠ᠎ᠳᠤ 9000 ᠭᠠᠷᠤᠢ ᠲᠥᠭᠥᠷᠢᠭ ᠣᠯᠵᠠᠢ᠃ ᠵᠢᠶᠠᠩᠰᠢ᠎ᠶᠢᠨ ᠨᠠᠨᠴᠠᠩ ᠰᠢᠶᠠᠨ᠎ᠤ ᠶᠠᠳᠠᠭᠤ ᠬᠦᠴᠢᠷᠳᠡᠯᠲᠡᠢ ᠭᠡᠷ ᠪᠦᠯᠢ᠎ᠶᠢᠨ ᠪᠦᠷᠢᠯᠳᠦᠭᠦᠨ ᠳ᠋ᠠᠨ ᠳ᠋ᠠᠨ ᠠᠵᠢᠯ ᠣᠯᠭᠣᠯᠲᠠ᠎ᠶᠢᠨ ᠬᠠᠪᠰᠤᠷᠤᠯᠭ᠎ᠠ ᠳᠡᠮᠵᠢᠯᠭᠡ ᠳᠣᠣᠷ᠎ᠠ ᠠᠮᠵᠢᠯᠲᠠ᠎ᠲᠠᠢ᠎ᠪᠠᠷ ᠳᠡᠯᠭᠡᠭᠡ ᠮᠠᠢᠮᠠᠢ ᠬᠢᠵᠦ ᠦᠢᠯᠡᠰ ᠪᠣᠰᠬᠠᠵᠤ᠂ ᠪᠠᠴᠢᠮ ᠲᠤᠯᠭᠠᠮ᠎ᠠ ᠠᠰᠠᠭᠤᠳᠠᠯ᠎ᠢᠶᠠᠨ ᠰᠢᠢᠳᠪᠦᠷᠢᠯᠡᠪᠡ ᠁
      ᠲᠡᠳᠡᠨ᠎ᠦ ᠦᠯᠢᠭᠡᠷ ᠨᠢ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠠᠵᠢᠯ ᠣᠯᠭᠣᠯᠲᠠ᠎ᠶᠢ ᠳᠡᠮᠵᠢᠬᠦ ᠰᠢᠰᠲᠧᠮ ᠨᠢ ᠭᠣᠣᠯᠳᠠᠯᠭ᠎ᠠ᠎ᠲᠠᠢ ᠬᠥᠮᠥᠰ᠎ᠢ ᠬᠠᠮᠤᠷᠴᠤ᠂ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤᠨ ᠬᠠᠯᠠᠭᠤᠨ ᠳᠤᠯᠠᠭᠠᠨ ᠰᠠᠭᠤᠷᠢ ᠥᠩᠭᠡ᠎ᠶᠢ ᠬᠠᠷᠠᠭᠤᠯᠤᠭᠰᠠᠨ ᠪᠠᠢᠨ᠎ᠠ᠃
      ᠭᠣᠣᠯᠳᠠᠯᠭ᠎ᠠ᠎ᠲᠠᠢ ᠬᠥᠮᠥᠰ ᠲᠣᠭᠲᠠᠭᠤᠨ ᠪᠠᠢᠪᠠᠯ ᠠᠵᠢᠯ ᠣᠯᠭᠣᠯᠲᠠ᠎ᠶᠢᠨ ᠶᠡᠬᠡ ᠲᠠᠯ᠎ᠠ ᠲᠣᠭᠲᠠᠭᠤᠨ ᠪᠣᠯᠣᠨ᠎ᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶᠢ ᠵᠣᠷᠢᠭ᠍ᠵᠢᠭᠤᠯᠬᠤ᠎ᠪᠠᠷ ᠭᠣᠣᠯᠳᠠᠯᠭ᠎ᠠ ᠪᠣᠯᠭᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠬᠤ᠎ᠶᠢ ᠳᠡᠮᠵᠢᠵᠦ ᠂ ᠬᠣᠲᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ᠎ᠪᠡᠷ ᠲᠣᠬᠢᠶᠠᠯ ᠪᠣᠯᠭᠠᠨ ᠬᠥᠳᠡᠭᠡ ᠲᠣᠰᠬᠣᠨ᠎ᠤ ᠬᠥᠳᠡᠯᠮᠦᠷᠢ᠎ᠶᠢᠨ ᠬᠦᠴᠦᠨ᠎ᠦ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠬᠤ᠎ᠶᠢ ᠠᠬᠢᠭᠤᠯᠵᠤ᠂ ᠳᠠᠬᠢᠨ ᠠᠵᠢᠯ ᠣᠯᠭᠣᠯᠲᠠ᠎ᠶᠢ ᠠᠬᠢᠭᠤᠯᠬᠤ᠎ᠪᠠᠷ ᠬᠠᠷᠠᠯᠲᠠ ᠪᠣᠯᠭᠠᠨ ᠠᠵᠢᠯ ᠠᠯᠳᠠᠭᠰᠠᠳ ᠪᠠ ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠠᠪᠰᠤᠷᠤᠨ ᠲᠡᠳᠬᠦᠵᠦ ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢᠨ ᠲᠣᠭᠲᠠᠭᠤᠨ ᠪᠠᠢᠬᠤ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠪᠠ᠃
      ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠪᠣᠯ ᠠᠵᠢᠯ ᠣᠯᠭᠣᠯᠲᠠ᠎ᠶᠢᠨ ᠠᠵᠢᠯ᠎ᠤᠨ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠮᠥᠨ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠵᠠᠯᠭᠠᠭ᠎ᠠ᠎ᠪᠠᠷ ᠨᠡᠢᠲᠡᠯᠡᠵᠦ᠂ ᠠᠷᠭ᠎ᠠ ᠪᠦᠬᠦᠨ᠎ᠢ ᠰᠦᠪᠡᠭᠴᠢᠯᠡᠨ ᠵᠠᠯᠠᠭᠤᠴᠤᠳ᠎ᠤᠨ 《 ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠶᠡᠬᠡ ᠳᠡᠭᠡᠳᠦ ᠰᠤᠷᠭᠠᠭᠤᠯᠢ ᠲᠡᠭᠦᠰᠬᠦ ᠰᠣᠷᠣᠭ᠍ᠴᠢ ᠵᠢᠯ ᠳᠠᠷᠠᠭᠠᠯᠠᠨ ᠨᠡᠮᠡᠭᠳᠡᠵᠦ ᠪᠠᠢᠭ᠎ᠠ ᠪᠠᠢᠳᠠᠯ ᠳᠣᠣᠷ᠎ᠠ ᠂ ᠵᠠᠯᠠᠭᠤᠴᠤᠳ᠎ᠤᠨ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠪᠠ᠃
      ᠠᠷᠭ᠎ᠠ ᠵᠠᠮ᠎ᠢ ᠥᠷᠭᠡᠳᠬᠡᠨ᠂ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠠᠵᠢᠯ ᠣᠯᠭᠣᠯᠲᠠ᠎ᠶᠢ ᠰᠢᠩᠭᠡᠬᠡᠨ ᠠᠪᠬᠤ᠂ 《 ᠭᠤᠷᠪᠠ᠎ᠶᠢ ᠳᠡᠮᠵᠢᠵᠦ ᠨᠢᠭᠡ᠎ᠶᠢ ᠲᠡᠳᠬᠦᠬᠦ 》 ᠵᠡᠷᠭᠡ ᠦᠨᠳᠦᠰᠦᠨ ᠱᠠᠲᠤᠨ᠎ᠤ ᠦᠢᠯᠡᠴᠢᠯᠡᠭᠡᠨ᠎ᠦ ᠲᠥᠷᠥᠯ ᠵᠦᠢᠯ᠎ᠢ ᠬᠡᠷᠡᠭᠵᠢᠭᠦᠯᠬᠦ ᠂ ᠲᠠᠭᠠᠭᠠᠯᠳᠠᠳᠤ ᠵᠢᠭᠡᠯᠡᠯᠭᠡ ᠬᠠᠩᠭᠠᠬᠤ ᠵᠡᠷᠭᠡ ᠲᠥᠷᠥ᠎ᠶᠢᠨ ᠪᠣᠳᠣᠯᠭ᠎ᠠ᠎ᠪᠠᠷ ᠰᠢᠨ᠎ᠡ᠎ᠶᠢ ᠡᠭᠦᠳᠦᠨ ᠦᠢᠯᠡᠰ ᠪᠣᠰᠬᠠᠬᠤ᠎ᠶᠢ ᠶᠢ ᠭᠣᠣᠯᠳᠠᠯᠭ᠎ᠠ᠎ᠲᠠᠢ ᠳᠡᠮᠵᠢᠨ᠎ᠡ ; ᠦᠢᠯᠡᠴᠢᠯᠡᠭᠡ᠎ᠶᠢ ᠰᠢᠯᠢᠳᠡᠭᠵᠢᠭᠦᠯᠵᠦ᠂ 《 ᠠᠵᠢᠯ᠎ᠤᠨ ᠪᠠᠢᠷᠢ᠎ᠪᠠᠷ ᠢᠷᠡᠭᠡᠳᠦᠢ᠎ᠶᠢ ᠬᠥᠲᠥᠯᠥᠨ ᠵᠢᠯᠤᠭᠣᠳᠬᠤ 》 ᠪᠡᠷ ᠭᠣᠣᠯ ᠰᠡᠳᠦᠪ ᠪᠣᠯᠭᠠᠵᠤ᠂ ᠵᠢᠯ ᠪᠦᠷᠢ ᠬᠤᠳᠠ  ᠬᠠᠮᠲᠤᠷᠠᠨ ᠤᠷᠢᠨ ᠬᠡᠷᠡᠭᠯᠡᠬᠦ᠂ ᠵᠠᠭᠤᠨ ᠡᠳᠦᠷ᠎ᠲᠦ ᠮᠢᠩᠭᠠᠨ ᠲᠦᠮᠡᠨ ᠠᠵᠢᠯᠴᠢᠨ ᠤᠷᠢᠨ ᠬᠡᠷᠡᠭᠯᠡᠬᠦ ᠵᠡᠷᠭᠡ ᠰᠢᠷᠢᠰ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠬᠠᠩᠭᠠᠨ᠎ᠠ; ᠴᠢᠳᠠᠪᠤᠷᠢ᠎ᠶᠢ ᠳᠡᠭᠡᠭᠰᠢᠯᠡᠭᠦᠯᠵᠦ᠂ ᠵᠠᠭᠤᠨ ᠲᠦᠮᠡᠨ ᠬᠥᠮᠥᠨ᠎ᠦ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠠᠵᠢᠯ᠎ᠤᠨ ᠪᠠᠢᠷᠢ᠎ᠶᠢ ᠴᠤᠭᠯᠠᠭᠤᠯᠬᠤ ᠵᠡᠷᠭᠡ ᠲᠤᠰᠬᠠᠢ ᠲᠥᠯᠥᠪᠯᠡᠭᠡ᠎ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠦᠷᠦᠯ᠂ ᠬᠠᠮᠢᠶᠠᠷᠤᠯᠲᠠ᠎ᠶᠢᠨ ᠲᠦᠷᠦᠯ᠂ ᠮᠡᠷᠭᠡᠵᠢᠯ ᠤᠷ᠎ᠠ ᠴᠢᠳᠠᠪᠤᠷᠢ᠎ᠶᠢᠨ ᠲᠦᠷᠦᠯ᠎ᠦᠨ ᠳᠠᠳᠤᠯᠭ᠎ᠠ᠎ᠶᠢᠨ ᠠᠵᠠ ᠲᠣᠬᠢᠶᠠᠯ᠎ᠢ ᠥᠷᠭᠡᠳᠬᠡᠨ᠎ᠡ; ᠬᠠᠪᠰᠤᠷᠤᠨ ᠲᠡᠳᠬᠦᠬᠦ᠎ᠶᠢ ᠴᠢᠩᠭᠠᠳᠬᠠᠵᠤ᠂ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ ᠣᠯᠭᠣᠬᠤ ᠦᠢᠯᠡᠴᠢᠯᠡᠭᠡᠨ᠎ᠦ ᠪᠡᠷᠬᠡ ᠰᠡᠳᠦᠪ᠎ᠢ ᠰᠢᠢᠳᠪᠦᠷᠢᠯᠡᠬᠦ ᠠᠵᠢᠯᠯᠠᠭ᠎ᠠ᠎ᠶᠢ ᠬᠡᠷᠡᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠬᠦᠷᠲᠡᠵᠦ ᠪᠠᠢᠭ᠎ᠠ ᠭᠡᠷ ᠪᠦᠯᠢ᠂ ᠨᠢᠭᠡ ᠴᠦ᠍ ᠠᠵᠢᠯ ᠣᠯᠣᠭᠰᠠᠨ ᠬᠥᠮᠥᠨ ᠦᠭᠡᠢ ᠭᠡᠷ ᠪᠦᠯᠢ᠂ ᠵᠡᠮᠳᠡᠭ ᠵᠡᠷᠭᠡ ᠬᠦᠴᠢᠷᠳᠡᠯ᠎ᠲᠠᠢ ᠲᠡᠭᠦᠰᠬᠦ ᠰᠤᠷᠤᠭ᠍ᠴᠢᠳ᠎ᠲᠤ ᠬᠦᠴᠢᠷᠳᠡᠯ᠎ᠢ ᠨᠢ ᠬᠠᠪᠰᠤᠷᠤᠨ ᠲᠡᠳᠬᠦᠬᠦ ᠲᠤᠰᠬᠠᠢ ᠠᠵᠢᠯᠯᠠᠭ᠎ᠠ᠎ᠶᠢ ᠬᠡᠷᠡᠭᠵᠢᠭᠦᠯᠵᠦ᠂ ᠡᠴᠦᠰ ᠲᠦ᠍ᠨᠢ ᠲᠤᠯᠲᠠᠯ᠎ᠠ ᠬᠠᠪᠰᠤᠷᠴᠤ᠂ ᠨᠢᠭᠡ᠎ᠶᠢ ᠴᠦ᠍ ᠬᠣᠴᠣᠷᠭᠠᠬᠤ ᠦᠭᠡᠢ ᠪᠠᠢᠬᠤ᠎ᠢ ᠪᠠᠲᠤᠯᠠᠨ᠎ᠠ᠃
      ᠬᠥᠯᠥᠰᠦᠨ ᠠᠵᠢᠯᠴᠢᠨ ᠪᠣᠯ ᠠᠵᠤ ᠦᠢᠯᠡᠰ᠎ᠦᠨ ᠠᠵᠢᠯᠴᠢᠨ᠎ᠤ ᠭᠣᠣᠯ ᠬᠦᠴᠦᠨ ᠮᠥᠨ᠂ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠ ᠬᠠᠮᠲᠤ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠬᠦ ᠭᠣᠣᠯᠳᠠᠯᠭ᠎ᠠ᠎ᠲᠠᠢ ᠬᠠᠮᠲᠤ ᠤᠯᠠᠨ ᠮᠥᠨ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠮᠠᠨ᠎ᠤ ᠤᠯᠤᠰ᠎ᠤᠨ ᠠᠵᠤ ᠠᠬᠤᠢ᠎ᠶᠢᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠳᠠᠭᠠᠯᠳᠤᠨ ᠂ ᠰᠢᠨ᠎ᠡ ᠨᠢᠭᠡ ᠦᠶ᠎ᠡ᠎ᠶᠢᠨ ᠬᠥᠯᠥᠰᠦᠨ ᠠᠵᠢᠯᠴᠢᠳ ᠶᠠᠭ ᠪᠡᠶ᠎ᠡ᠎ᠶᠢᠨ ᠬᠦᠴᠦᠨ᠎ᠦ ᠬᠡᠯᠪᠡᠷᠢ᠎ᠡᠴᠡ ᠤᠷ᠎ᠠ ᠮᠡᠷᠭᠡᠵᠢᠯ᠎ᠦᠨ ᠬᠡᠯᠪᠡᠷᠢ᠎ᠶᠢᠨ ᠂ ᠦᠢᠯᠡᠰ ᠪᠣᠰᠬᠠᠬᠤ ᠬᠡᠯᠪᠡᠷᠢ᠎ᠶᠢᠨ ᠴᠢᠳᠠᠪᠤᠷᠢᠲᠠᠨ ᠲᠡᠢᠰᠢ ᠬᠡᠯᠪᠡᠷᠢ᠎ᠪᠡᠨ ᠬᠤᠪᠢᠷᠠᠭᠤᠯᠵᠤ ᠪᠣᠢ᠃
      ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠭᠠᠳᠠᠭ᠍ᠰᠢ ᠭᠠᠷᠴᠤ ᠠᠵᠢᠯ ᠣᠯᠬᠤ ᠪᠠ ᠲᠤᠬᠠᠢ᠎ᠶᠢᠨ ᠭᠠᠵᠠᠷ ᠣᠢᠷ᠎ᠠ ᠬᠠᠪᠢ᠎ᠳᠠᠭᠠᠨ ᠠᠵᠢᠯ ᠣᠯᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠨ᠂ ᠬᠥᠯᠥᠰᠦᠨ ᠠᠵᠢᠯᠴᠢᠨ᠎ᠤ ᠠᠵᠢᠯ ᠣᠯᠭᠣᠯᠲᠠ᠎ᠶᠢᠨ ᠦᠢᠯᠡᠴᠢᠯᠡᠭᠡ᠂ ᠤᠷ᠎ᠠ ᠮᠡᠷᠭᠡᠵᠢᠯ᠎ᠦᠨ ᠪᠣᠯᠪᠠᠰᠤᠷᠠᠯ ᠪᠠ ᠡᠷᠬᠡ ᠠᠰᠢᠭ᠋᠎ᠤᠨ ᠪᠠᠲᠤᠯᠠᠭ᠎ᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠯᠥᠰᠦᠨ ᠠᠵᠢᠯᠴᠢᠨ ᠵᠢᠴᠢ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢᠨ ᠠᠵᠢᠯ ᠬᠢᠬᠦ ᠬᠡᠪᠴᠢᠶ᠎ᠡ᠎ᠶᠢ ᠪᠥᠬᠥ ᠬᠦᠴᠦᠨ᠎ᠢᠶᠡᠷ᠎ᠢᠶᠡᠨ ᠲᠣᠭᠲᠠᠪᠤᠷᠢᠵᠢᠭᠤᠯᠵᠠᠢ᠃
      ᠵᠡᠭᠦᠨ ᠬᠡᠰᠡᠭ ᠪᠠ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠣᠷᠣᠨ ᠪᠦᠰᠡ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭᠠᠨ᠎ᠤ ᠬᠣᠯᠪᠣᠭ᠎ᠠ᠂ ᠶᠡᠬᠡ ᠬᠤᠳᠠ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭᠠᠨ᠎ᠤ ᠲᠣᠭᠣᠷᠢᠭ᠋᠎ᠢ ᠪᠠᠢᠭᠤᠯᠵᠤ᠂ ᠬᠥᠯᠥᠰᠦᠨ ᠠᠵᠢᠯᠴᠢᠨ᠎ᠤ ᠰᠢᠶᠠᠨ᠎ᠤ ᠬᠡᠪᠴᠢᠶᠡᠨ᠎ᠦ ᠠᠵᠤ ᠠᠬᠤᠢ᠎ᠶᠢᠨ ᠬᠥᠭᠵᠢᠯᠲᠡ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ ᠵᠡᠷᠭᠡ ᠬᠦᠷᠢᠶᠡᠨ᠎ᠳᠡᠬᠢ ᠠᠵᠢᠯ ᠣᠯᠭᠣᠯᠲᠠ᠎ᠶᠢᠨ ᠳᠠᠯᠳᠠ ᠬᠦᠴᠦᠨ᠎ᠢ ᠠᠭᠤᠳᠠᠯᠵᠤ᠂ ᠬᠥᠯᠥᠰᠦᠨ ᠠᠵᠢᠯᠴᠢᠨ᠎ᠤ ᠨᠤᠲᠤᠭ᠎ᠲᠠᠭᠠᠨ ᠪᠤᠴᠠᠵᠤ ᠠᠵᠢᠯ ᠣᠯᠬᠤ ᠪᠠ ᠦᠢᠯᠡᠰ ᠪᠣᠰᠬᠠᠬᠤ᠎ᠶᠢ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ 《 ᠠᠯᠲᠠᠨ ᠨᠡᠷ᠎ᠡ᠎ᠶᠢᠨ ᠬᠠᠭᠤᠳᠠᠰᠤ》᠎ᠶᠢ ᠦᠷᠭᠦᠯᠵᠢᠯᠡᠨ ᠬᠡᠷᠡᠭᠯᠡᠵᠦ ᠂ 2300 ᠭᠠᠷᠤᠢ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢᠶᠡᠷ 6000 ᠲᠦᠮᠡ ᠰᠢᠬᠠᠮ ᠬᠥᠮᠥᠨ᠎ᠦ ᠠᠵᠢᠯ ᠣᠯᠭᠣᠯᠲᠠ᠎ᠶᠢ ᠳᠠᠶ᠋ᠢᠴᠢᠯᠠᠪᠠ ; ᠲᠠᠬᠢᠨ ᠶᠠᠳᠠᠭᠤᠷᠠᠬᠤ ᠠᠵᠢᠯ ᠣᠯᠭᠣᠯᠲᠠ᠎ᠶᠢᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠎ᠶᠢ ᠰᠡᠷᠭᠡᠢᠯᠡᠵᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢᠨ ᠠᠵᠢᠯ ᠬᠢᠬᠦ ᠬᠡᠪᠴᠢᠶ᠎ᠡ ᠪᠠ ᠣᠷᠣᠯᠭ᠎ᠠ᠎ᠶᠢᠨ ᠲᠦᠪᠰᠢᠨ᠎ᠢ ᠪᠦᠬᠦ ᠬᠦᠴᠦᠨ᠎ᠢᠶᠡᠷ᠎ᠢᠶᠡᠨ ᠲᠣᠭᠲᠠᠪᠤᠷᠢᠵᠢᠭᠤᠯᠪᠠ᠃ ᠣᠳᠣᠬᠠᠨ᠎ᠳᠤ ᠬᠥᠯᠥᠰᠦᠨ ᠠᠵᠢᠯᠴᠢᠨ᠎ᠤ ᠶᠡᠷᠦᠩᠬᠡᠢ ᠲᠣᠭ᠎ᠠ 3 ᠳ᠋ᠦᠩᠰᠢᠭᠤᠷ ᠰᠢᠬᠠᠮ ᠬᠥᠮᠥᠨ ᠪᠠᠢᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠶᠢᠨ ᠠᠵᠢᠯ ᠬᠢᠬᠦ ᠬᠡᠪᠴᠢᠶ᠎ᠡ ᠵᠢᠯ ᠪᠦᠷᠢ 3000 ᠲᠦᠮᠡ᠎ᠶᠢ ᠳᠠᠪᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠪᠡ᠃
      ᠨᠢᠭᠡ ᠭᠡᠷ᠎ᠦᠨ ᠬᠢᠨ᠎ᠢ ᠬᠦᠢᠲᠡᠨ᠎ᠳᠦ ᠲᠠᠭᠠᠷᠠᠭᠤᠯᠬᠤ ᠦᠭᠡᠢ ᠪᠣᠯ ᠰᠠᠶᠢ ᠳᠡᠯᠡᠬᠡᠢ ᠳ᠋ᠠᠬᠢᠨ ᠬᠠᠯᠠᠭᠤᠨ ᠳᠤᠯᠠᠭᠠᠨ ᠪᠠᠢᠬᠤ᠎ᠳᠤ ᠲᠣᠭᠠᠴᠠᠭᠳᠠᠨ᠎ᠠ᠃ ᠶᠠᠳᠠᠭᠤ ᠬᠦᠴᠢᠷᠳᠡᠯᠲᠡᠢ ᠬᠥᠮᠥᠰ᠎ᠦᠨ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ ᠨᠢ ᠤᠯᠠᠨ ᠲᠦᠮᠡᠨ᠎ᠦ ᠬᠠᠯᠠᠭᠤᠨ ᠬᠦᠢᠲᠡᠨ᠎ᠲᠠᠢ ᠬᠣᠯᠪᠣᠭᠳᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠲᠠᠢ ᠬᠣᠯᠪᠣᠭᠳᠠᠨ᠎ᠠ᠃
      ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠨᠠᠰᠤ ᠠᠬᠢᠭ᠍ᠰᠠᠨ᠂ ᠵᠡᠮᠳᠡᠭ ᠪᠣᠯᠤᠭᠰᠠᠨ᠂ ᠨᠡᠯᠢᠶᠡᠳ ᠤᠷᠲᠤ ᠬᠤᠭᠤᠴᠠᠭ᠎ᠠ᠎ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠠᠪᠰᠤᠷᠤᠨ ᠲᠡᠳᠬᠦᠬᠦ ᠡᠷᠴᠢᠮ᠎ᠢᠶᠡᠨ ᠴᠢᠩᠭᠠᠷᠠᠭᠤᠯᠵᠤ ᠂ ᠠᠵᠢᠯ ᠣᠯᠬᠤ᠎ᠳᠤ ᠬᠦᠴᠢᠷᠲᠡᠢ ᠬᠥᠮᠥᠰ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠎ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ᠎ᠪᠡᠷ ᠲᠣᠬᠢᠷᠠᠭᠤᠯᠵᠤ᠂ ᠴᠠᠭ ᠲᠤᠬᠠᠢ ᠳ᠋ᠤᠨᠢ ᠢᠯᠡᠷᠡᠭᠦᠯᠬᠦ᠂ ᠤᠷᠢᠳ᠎ᠢᠶᠠᠷ ᠦᠢᠯᠡᠴᠢᠯᠡᠬᠦ᠂ ᠨᠠᠷᠢᠯᠢᠭ᠋ ᠣᠨᠣᠴᠠᠲᠠᠢ᠎ᠪᠠᠷ ᠬᠠᠪᠰᠤᠷᠤᠨ ᠲᠡᠳᠬᠦᠬᠦ᠂ ᠬᠥᠳᠡᠯᠦᠩᠭᠦᠢ᠎ᠪᠡᠷ ᠬᠠᠮᠢᠶᠠᠷᠬᠤ ᠠᠵᠢᠯ ᠣᠯᠭᠣᠯᠲᠠ᠎ᠶᠢᠨ ᠲᠤᠰᠠᠯᠠᠮᠵᠢ᠎ᠶᠢᠨ ᠳᠦᠷᠢᠮ᠎ᠢ ᠲᠡᠭᠦᠯᠳᠡᠷᠵᠢᠭᠦᠯᠵᠦ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠨᠢᠭᠡᠳᠦᠯᠲᠡᠢ ᠲᠥᠯᠥᠪᠯᠡᠨ ᠰᠠᠢᠲᠤᠷ ᠬᠡᠷᠡᠭᠯᠡᠵᠦ᠂ ᠨᠢᠭᠡ ᠴᠦ᠍ ᠠᠵᠢᠯ ᠣᠯᠣᠭᠰᠠᠨ ᠬᠥᠮᠥᠨ ᠦᠭᠡᠢ ᠭᠡᠷ ᠪᠦᠯᠢ᠎ᠶᠢ ᠬᠥᠳᠡᠯᠦᠩᠭᠦᠢ᠎ᠪᠡᠷ ᠴᠡᠪᠡᠷᠯᠡᠬᠦ᠎ᠶᠢ ᠦᠨᠡᠨ ᠬᠦ᠌ ᠪᠠᠲᠤᠯᠠᠵᠤ᠂ ᠬᠦᠴᠢᠷᠳᠡᠯ᠎ᠲᠠᠢ ᠬᠥᠮᠥᠰ᠎ᠤᠨ ᠠᠵᠢᠯ ᠣᠯᠬᠤ᠎ᠳᠤ ᠬᠠᠮᠤᠭ ᠡᠴᠦᠰ᠎ᠦᠨ ᠬᠠᠯᠬᠠᠪᠴᠢ᠎ᠶᠢ ᠪᠠᠲᠤ ᠪᠡᠬᠢ ᠪᠠᠢᠭᠤᠯᠤᠨ᠎ᠠ᠃
      ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡ ᠦᠷᠭᠦᠯᠵᠢᠯᠡᠨ ᠳᠡᠭᠡᠭᠰᠢᠯᠡᠵᠦ ᠂ ᠬᠠᠩᠭᠠᠯᠭ᠎ᠠ ᠬᠡᠷᠡᠭᠴᠡᠭᠡ᠎ᠶᠢᠨ ᠵᠣᠬᠢᠴᠠᠯᠳᠤᠯ ᠨᠠᠩ ᠥᠨᠳᠥᠷ ᠪᠦᠲᠦᠮᠵᠢᠲᠡᠶ ᠤᠷᠤᠭᠰᠢᠲᠠᠢ ᠪᠣᠯᠪᠠ
      ᠲᠣᠭᠠᠴᠢᠯᠠᠭᠰᠠᠨ ᠲᠠᠪᠴᠠᠩ᠎ᠳᠤ᠂ ᠠᠵᠢᠯ ᠡᠷᠢᠭᠰᠡᠳ ᠭᠠᠷ ᠤᠲᠠᠰᠤ᠎ᠪᠠᠨ ᠦᠵᠡᠪᠡᠯ ᠳᠠᠷᠤᠢ ᠲᠣᠮᠣ᠌ ᠳ᠋ᠠᠢᠲ᠋ᠠ᠎ᠶᠢᠨ 《 ᠬᠥᠷᠥᠭ ᠵᠢᠷᠤᠵᠤ 》᠎ᠢ ᠬᠠᠷᠠᠵᠤ ᠲᠡᠢᠯᠦᠨ᠎ᠡ ᠂ ᠠᠵᠢᠯ᠎ᠤᠨ ᠪᠠᠢᠷᠢ ᠲᠠᠨᠢᠯᠴᠠᠭᠤᠯᠬᠤ ᠰᠢᠭᠤᠳ ᠨᠡᠪᠲᠡᠷᠡᠭᠦᠯᠭᠡ᠎ᠪᠡᠷ ᠳᠡᠯᠭᠡᠴᠡᠨ ᠳᠡᠭᠡᠷ᠎ᠡ ᠳᠠᠷᠤᠢ ᠰᠠᠢᠨ ᠠᠵᠢᠯ ᠣᠯᠵᠤ ᠪᠣᠯᠣᠨ᠎ᠠ ; ᠦᠨᠳᠦᠰᠦᠨ ᠱᠠᠲᠤᠨ᠎ᠤ ᠨᠡᠢᠭᠡᠮ ᠲᠣᠭᠣᠷᠢᠭ᠋᠎ᠲᠤ ᠂ 《 15 ᠮᠢᠨᠦ᠋ᠲ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠭᠣᠷᠢᠭ᠋ 》 ᠨᠢ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠭᠡᠷ᠎ᠦᠨ ᠡᠭᠦᠳᠡᠨ᠎ᠳᠦ ᠨᠢ ᠬᠦᠷᠭᠡᠨ᠎ᠡ ; ᠪᠣᠳᠠᠲᠤ ᠠᠬᠤᠢ᠎ᠶᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ 《 ᠵᠢᠵᠢᠭ ᠮᠥᠷᠲᠡᠭᠡᠨ ᠭᠣᠶᠣ᠌ 》 ᠂ 《 ᠲᠤᠰᠬᠠᠢ ᠮᠥᠷᠲᠡᠭᠡᠨ ᠨᠠᠷᠢᠯᠢᠭ᠋ 》 ᠪᠠᠢᠵᠤ ᠂ ᠬᠠᠨᠳᠤᠯᠭ᠎ᠠ᠎ᠲᠠᠢ᠎ᠪᠠᠷ ᠠᠵᠢᠯ᠎ᠤᠨ ᠪᠠᠢᠷᠢᠨ ᠬᠠᠩᠭᠠᠵᠤ ᠂ ᠬᠠᠩᠭᠠᠯᠭ᠎ᠠ ᠬᠡᠷᠡᠭᠴᠡᠭᠡᠨ᠎ᠦ ᠵᠣᠯᠭᠠᠯᠴᠠᠭ᠎ᠠ᠎ᠶᠢ ᠥᠨᠳᠥᠷ ᠪᠦᠲᠦᠮᠵᠢᠲᠡᠶ ᠪᠥᠭᠡᠳ ᠢᠯᠭᠤᠮ ᠤᠷᠤᠭᠰᠢᠲᠠᠢ ᠪᠣᠯᠭᠠᠪᠠ ᠃ ᠣᠳᠣᠬᠠᠨ᠎ᠳᠤ ᠂ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ ᠨᠢ ᠨᠠᠩ ᠨᠠᠷᠢᠯᠢᠭ᠋ ᠣᠨᠣᠴᠠᠲᠠᠢ ᠂ ᠣᠶᠤᠨ ᠤᠬᠠᠭᠠᠨᠴᠢ ᠳᠦᠷᠰᠦ ᠪᠠᠢᠳᠠᠯ᠎ᠢᠶᠠᠷ ᠠᠷᠠᠳ ᠣᠯᠠᠨ᠎ᠤ ᠠᠮᠢᠳᠤᠷᠠᠯ᠎ᠳᠤ ᠠᠭᠤᠰᠴᠤ ᠪᠠᠢᠨ᠎ᠠ᠃
      ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡ ᠪᠣᠯ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠦᠢᠯᠡᠴᠢᠯᠡᠭᠡᠨ᠎ᠦ ᠳᠦᠷᠢᠮ᠎ᠢᠶᠡᠨ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ᠎ᠦ ᠰᠢᠰᠲᠧᠮᠵᠢ᠎ᠪᠡᠨ ᠪᠦᠷᠢᠨᠰᠢᠭᠦᠯᠦᠨ ᠂ ᠦᠢᠯᠡᠴᠢᠯᠡᠭᠡᠨ᠎ᠦ ᠴᠢᠳᠠᠮᠵᠢ᠎ᠪᠠᠨ ᠰᠢᠯᠢᠳᠡᠭᠵᠢᠭᠦᠯᠵᠦ ᠂ ᠦᠢᠯᠡᠴᠢᠯᠡᠭᠡᠨ᠎ᠦ ᠠᠷᠭ᠎ᠠ ᠵᠠᠮ᠎ᠢᠶᠠᠨ ᠰᠠᠭᠠᠳ ᠦᠭᠡᠢ ᠨᠠᠪᠲᠠᠷᠡᠭᠦᠯᠵᠦ᠂ 《 ᠲᠣᠮᠣ᠌ ᠳ᠋ᠠᠢᠲ᠋ᠠ + ᠲᠡᠮᠦᠷ ᠤᠯᠠ 》 ᠵᠢᠨ ᠦᠢᠯᠡᠴᠢᠯᠡᠭᠡᠨ᠎ᠦ ᠵᠠᠭᠪᠤᠷ᠎ᠢ ᠢᠳᠡᠪᠬᠢᠲᠡᠢ ᠬᠡᠷᠡᠭᠵᠢᠭᠦᠯᠦᠨ ᠂ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠨᠠᠩ ᠢᠯᠡᠭᠦᠦ ᠲᠥᠷᠥᠭᠳᠡᠯ᠎ᠲᠠᠢ ᠪᠣᠯᠭᠠᠨ᠎ᠠ᠃
      ᠦᠢᠯᠡᠴᠢᠯᠡᠭᠡ᠎ᠶᠢ ᠠᠳᠠᠯᠢ ᠲᠡᠭᠰᠢ ᠪᠣᠯᠭᠠᠬᠤ᠎ᠶᠢ ᠠᠬᠢᠭᠤᠯᠤᠨ᠎ᠠ᠃ ᠬᠠᠷᠢᠶ᠎ᠠ ᠭᠠᠵᠠᠷ᠎ᠤᠨ ᠦᠢᠯᠡᠴᠢᠯᠡᠭᠡᠨ᠎ᠦ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠬᠣᠲᠠ ᠬᠥᠳᠡᠭᠡ᠎ᠶᠢᠨ ᠬᠥᠳᠡᠯᠮᠦᠷᠢᠴᠢᠨ ᠪᠠ ᠬᠥᠮᠥᠨ ᠬᠡᠷᠡᠭᠯᠡᠬᠦ ᠨᠢᠭᠡᠴᠢ᠎ᠳᠦ ᠠᠵᠢᠯ ᠣᠯᠭᠣᠬᠤ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠲᠤᠬᠠᠢ᠎ᠶᠢᠨ ᠭᠠᠵᠠᠷ ᠲᠤᠨᠢ ᠣᠢᠷ᠎ᠠ ᠬᠠᠪᠢ ᠳ᠋ᠤᠨᠢ ᠬᠠᠩᠭᠠᠨ᠎ᠠ᠃ ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠪᠠᠢᠩᠭᠤ ᠰᠠᠭᠤᠭ᠎ᠠ ᠬᠥᠮᠥᠨ ᠠᠮᠠ᠎ᠳᠤ ᠥᠷᠭᠡᠨ᠎ᠢᠶᠡᠷ ᠬᠠᠩᠭᠠᠬᠤ᠂ ᠬᠥᠮᠥᠨ ᠬᠡᠷᠡᠭᠯᠡᠬᠦ ᠭᠣᠣᠯ ᠴᠣᠭᠴᠠ᠎ᠳᠤ ᠥᠷᠭᠡᠨ᠎ᠢᠶᠡᠷ ᠠᠰᠢᠭ᠋ ᠬᠦᠷᠲᠡᠭᠡᠬᠦ᠂ ᠠᠵᠢᠯ ᠣᠯᠭᠣᠬᠤ ᠪᠠ ᠦᠢᠯᠡᠰ ᠪᠣᠰᠬᠠᠬᠤ᠎ᠶᠢ ᠪᠦᠬᠦᠨ᠎ᠢ ᠨᠡᠪᠲᠡᠷᠡᠭᠦᠯᠬᠦ᠎ᠶᠢ ᠲᠦᠯᠬᠢᠨ ᠠᠬᠢᠭᠤᠯᠤᠨ᠎ᠠ᠃
      ᠦᠢᠯᠡᠴᠢᠯᠡᠭᠡᠨ᠎ᠦ ᠳᠥᠭᠥᠮᠴᠢᠯᠡᠯᠲᠡ᠎ᠶᠢ ᠠᠬᠢᠭᠤᠯᠤᠨ᠎ᠠ᠃ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠳᠣᠷᠣᠭ᠍ᠰᠢ ᠪᠠᠭᠤᠯᠭᠠᠬᠤ᠎ᠶᠢ ᠲᠦᠯᠬᠢᠨ ᠠᠬᠢᠭᠤᠯᠵᠤ᠂ 《 ᠭᠡᠷ᠎ᠦᠨ ᠡᠭᠦᠳᠡ 》᠎ᠶᠢᠨ ᠦᠢᠯᠡᠴᠢᠯᠡᠭᠡᠨ᠎ᠦ ᠦᠷᠳᠡᠭᠡ᠂ ᠠᠷᠰᠠᠷ ᠠᠵᠢᠯ᠎ᠤᠨ ᠵᠠᠬ᠎ᠠ ᠳᠡᠯᠭᠡᠭᠦᠷ᠎ᠢ ᠪᠠᠢᠭᠤᠯᠵᠤ᠂ 《 15 ᠮᠢᠨᠦ᠋ᠲ᠎ᠦᠨ ᠦᠢᠯᠡᠴᠢᠯᠡᠭᠡᠨ᠎ᠦ ᠲᠣᠭᠣᠷᠢᠭ᠋ 》 ᠎ᠢ ᠪᠠᠢᠭᠤᠯᠵᠤ᠂ ᠬᠥᠳᠡᠯᠮᠦᠷᠢᠴᠢᠳ᠎ᠲᠦ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠠᠵᠢᠯ ᠣᠯᠭᠣᠯᠲᠠ᠎ᠶᠢᠨ ᠦᠢᠯᠡᠴᠢᠯᠡᠭᠡ ᠡᠳ᠋ᠯᠡᠭᠦᠯᠦᠨ᠎ᠡ᠃ ᠣᠳᠣᠬᠠᠨ᠎ᠳᠤ᠂ ᠪᠥᠬᠥ ᠤᠯᠤᠰ᠎ᠲᠤ ᠨᠡᠶ᠋ᠢᠲᠡ 4400 ᠭᠠᠷᠤᠢ ᠣᠯᠠᠨ ᠨᠡᠶ᠋ᠢᠲᠡ᠎ᠶᠢᠨ ᠠᠵᠢᠯ ᠣᠯᠭᠣᠯᠲᠠ ᠪᠠ ᠴᠢᠳᠠᠪᠤᠷᠢᠲᠠᠨ᠎ᠤ ᠦᠢᠯᠡᠴᠢᠯᠡᠭᠡᠨ᠎ᠦ ᠪᠠᠢᠭᠤᠯᠤᠮᠵᠢ ᠪᠠᠢᠵᠤ ᠂ ᠪᠠᠰᠠ 40 ᠲᠦᠮᠡ ᠰᠢᠬᠠᠮ ᠦᠨᠳᠦᠰᠦᠨ ᠱᠠᠲᠤᠨ᠎ᠤ ᠦᠢᠯᠡᠴᠢᠯᠡᠭᠡᠨ᠎ᠦ ᠲᠣᠣᠷ ᠴᠡᠭ ᠂ 9000 ᠰᠢᠬᠠᠮ  ᠠᠷᠰᠠᠷ ᠠᠵᠢᠯ᠎ᠤᠨ ᠵᠠᠬ᠎ᠠ ᠳᠡᠯᠭᠡᠭᠦᠷ ᠪᠠᠢᠨ᠎ᠠ᠃
      ᠦᠢᠯᠡᠴᠢᠯᠡᠭᠡᠨ᠎ᠦ ᠲᠤᠰᠬᠠᠢᠵᠢᠯᠲᠠ᠎ᠶᠢ ᠠᠬᠢᠭᠤᠯᠤᠨ᠎ᠠ᠃ ᠢᠯᠡᠷᠡᠭᠦᠯᠵᠦ ᠢᠯᠭᠠᠨ ᠲᠠᠨᠢᠬᠤ᠂ ᠨᠠᠷᠢᠯᠢᠭ᠋ ᠣᠨᠣᠴᠠᠲᠠᠢ᠎ᠪᠠᠷ ᠬᠥᠷᠥᠭ ᠵᠢᠷᠤᠬᠤ᠂ ᠲᠥᠷᠥᠯ ᠬᠤᠪᠢᠶᠠᠨ ᠦᠢᠯᠡᠴᠢᠯᠡᠬᠦ᠂ ᠮᠥᠷᠳᠡᠵᠦ ᠬᠠᠷᠢᠭᠤ ᠰᠤᠷᠪᠤᠯᠵᠢᠯᠠᠬᠤ ᠨᠠᠷᠢᠯᠢᠭ᠍ᠵᠢᠭᠤᠯᠤᠭᠰᠠᠨ ᠦᠢᠯᠡᠴᠢᠯᠡᠭᠡᠨ᠎ᠦ ᠲᠣᠭᠲᠠᠴᠠ᠎ᠶᠢ ᠪᠣᠶ ᠪᠣᠯᠭᠠᠵᠤ᠂ ᠲᠤᠰᠬᠠᠢ ᠮᠡᠷᠭᠡᠵᠢᠯ᠎ᠦᠨ ᠴᠢᠨᠠᠷᠲᠠᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠴᠢᠳᠠᠮᠵᠢ᠎ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠤᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢᠯᠡᠰ᠎ᠢ ᠡᠬᠢᠯᠡᠨ ᠬᠡᠷᠡᠭᠵᠢᠭᠦᠯᠵᠦ᠂ 80 ᠬᠤᠳᠠ᠎ᠶᠢ ᠰᠢᠯᠢᠨ ᠰᠣᠩᠭᠣᠵᠤ ᠤᠷᠢᠳ᠎ᠢᠶᠠᠷ ᠬᠡᠷᠡᠭᠵᠢᠭᠦᠯᠵᠦ ᠲᠡᠷᠢᠭᠦᠯᠡᠨ ᠲᠤᠷᠰᠢᠵᠤ᠂ ᠴᠡᠭ᠎ᠢᠶᠡᠷ ᠨᠡᠢᠳᠡᠮ᠎ᠢ ᠲᠠᠢ᠍ᠢᠴᠢᠯᠠᠨ ᠪᠦᠬᠦᠯᠢ ᠴᠣᠭᠴᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      ᠦᠢᠯᠡᠴᠢᠯᠡᠭᠡᠨ᠎ᠦ ᠣᠶᠤᠨᠴᠢᠯᠠᠯᠲᠠ᠎ᠶᠢ ᠠᠬᠢᠭᠤᠯᠤᠨ᠎ᠠ᠃ ᠲᠤᠭᠠᠴᠢᠯᠠᠯᠳᠠ᠎ᠪᠠᠷ ᠴᠢᠳᠠᠪᠤᠷᠢ ᠣᠯᠭᠣᠵᠤ᠂ ᠪᠦᠬᠦ ᠤᠯᠤᠰ᠎ᠤᠨ ᠨᠢᠭᠡᠳᠦᠯᠲᠡᠢ ᠠᠵᠢᠯ ᠣᠯᠭᠣᠯᠲᠠ᠎ᠶᠢᠨ ᠮᠡᠳᠡᠭᠡ ᠵᠠᠩᠭᠢ᠎ᠶᠢᠨ ᠡᠬᠢ ᠪᠠᠶᠠᠯᠢᠭ᠋᠎ᠤᠨ ᠬᠥᠮᠥᠷᠭᠡ ᠪᠣᠯᠣᠨ ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ 《10+N》 ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠵᠢᠯ ᠪᠦᠷᠢ ᠠᠵᠤ ᠠᠬᠤᠢᠯᠠᠯ ᠪᠣᠯᠣᠨ ᠬᠥᠳᠡᠯᠮᠦᠷᠢᠴᠢᠳ᠎ᠲᠦ ᠳ᠋ᠦᠩᠰᠢᠭᠤᠷ ᠰᠢᠬᠠᠮ ᠤᠳᠠᠭ᠎ᠠ ᠠᠵᠢᠯ ᠣᠯᠭᠣᠯᠲᠠ᠎ᠶᠢᠨ ᠦᠢᠯᠡᠴᠢᠯᠡᠭᠡ ᠬᠠᠩᠭᠠᠵᠤ ᠪᠠᠢᠨ᠎ᠠ᠃ ᠡᠯ᠎ᠡ ᠭᠠᠵᠠᠷ᠎ᠤᠨ ᠬᠢᠨ 《 ᠵᠣᠬᠢᠶᠠᠮᠠᠯ ᠣᠶᠤᠨᠴᠢ ᠴᠢᠳᠠᠪᠤᠷᠢ + ᠠᠵᠢᠯ ᠣᠯᠭᠣᠯᠲᠠ 》 ᠵᠢᠨ ᠬᠡᠷᠡᠭᠯᠡᠯᠲᠡ᠎ᠶᠢ ᠢᠳᠡᠪᠬᠢᠲᠡᠢ ᠠᠬᠢᠭᠤᠯᠵᠤ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠬᠦᠷᠭᠡᠨ᠂ ᠰᠦᠯᠵᠢᠶᠡᠨ ᠳᠡᠭᠡᠷ᠎ᠡ ᠠᠵᠢᠯ ᠮᠡᠷᠭᠡᠵᠢᠯ᠎ᠦᠨ ᠵᠢᠯᠣᠭᠣᠳᠤᠯᠭ᠎ᠠ ᠬᠠᠩᠭᠠᠵᠤ ᠂ ᠨᠢᠭᠤᠷᠲᠠᠨ ᠰᠢᠯᠭᠠᠬᠤ ᠰᠣᠯᠢᠯᠴᠠᠭ᠎ᠠ᠎ᠶᠢ ᠠᠯᠤᠰ᠎ᠠᠴᠠ ᠥᠷᠨᠢᠭᠦᠯᠵᠦ᠂ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
      《 ᠲᠣᠮᠣ᠌ ᠳ᠋ᠠᠢᠲ᠋ᠠ + ᠲᠡᠮᠦᠷ ᠤᠯᠠ 》 ᠨᠢ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ 《 ᠥᠷᠭᠡᠨ ᠬᠡᠪᠴᠢᠶ᠎ᠡ᠎ᠪᠡᠷ 》 《 ᠨᠠᠷᠢᠯᠢᠭ᠋ ᠣᠨᠣᠴᠠᠲᠠᠢ᠎ᠪᠠᠷ 》 ᠪᠣᠯᠭᠠᠪᠠ᠃ ᠵᠢᠶᠠᠩᠰᠢ᠎ᠳᠤ᠂ 《 5+2᠎ᠤᠨ ᠠᠵᠢᠯ ᠣᠯᠭᠣᠯᠲᠠ᠎ᠶᠢᠨ ᠭᠡᠷ 》 ᠨᠢ ᠬᠥᠳᠡᠯᠮᠦᠷᠢᠴᠢᠨ ᠨᠢᠭᠡᠪᠦᠷᠢ᠎ᠶᠢᠨ ᠣᠢᠷ᠎ᠠ ᠬᠠᠪᠢ ᠳ᠋ᠤᠨᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠭᠠᠵᠠᠷ᠎ᠲᠠᠢ ᠪᠣᠯᠭᠠᠵᠠᠢ; ᠱᠠᠨᠳᠦ᠋ᠩ᠎ᠳᠦ᠂ 《 ᠲᠣᠭᠠᠴᠢᠯᠠᠭᠰᠠᠨ ᠠᠵᠢᠯ ᠣᠯᠭᠣᠯᠲᠠ 》 ᠵᠢᠨ ᠦᠢᠯᠡᠴᠢᠯᠡᠭᠡᠨ᠎ᠦ ᠲᠣᠭᠣᠷᠢᠭ᠋᠎ᠤᠨ ᠬᠢᠨ ᠬᠥᠮᠥᠨ᠎ᠦ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢᠨ 《 ᠰᠧᠺᠦ᠋ᠨ᠋ᠳ᠋᠎ᠦᠨ ᠵᠣᠯᠭᠠᠯᠴᠠᠭ᠎ᠠ 》 ᠶ᠋ᠢ ᠪᠡᠶᠡᠯᠡᠭᠦᠯᠪᠡ; ᠪᠡᠭᠡᠵᠢᠩ᠂ ᠱᠠᠩᠬᠠᠢ᠎ᠳᠤ ᠤᠯᠤᠰ᠎ᠤᠨ ᠤᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠣᠷᠣᠨ ᠪᠦᠰᠡ᠎ᠶᠢᠨ ᠲᠥᠪ᠎ᠢ ᠪᠠᠢᠭᠤᠯᠵᠤ᠂ ᠪᠡᠭᠡᠵᠢᠩ ᠲᠢᠶᠠᠨᠵᠢᠨ ᠾᠧᠪᠧᠢ ᠱᠠᠨ ᠰᠢ ᠥᠪᠥᠷ ᠮᠣᠩᠭᠣᠯ ᠱᠠᠨᠳᠦ᠋ᠩ᠎ᠦᠨ ᠤᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠬᠣᠯᠪᠣᠭ᠎ᠠ᠎ᠶᠢ ᠪᠠᠢᠭᠤᠯᠪᠠ ᠁ ᠤᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡ ᠶᠠᠪᠤᠬᠤ ᠳᠤᠳᠤᠮ ᠬᠤᠷᠳᠤᠴᠠ᠎ᠲᠠᠢ᠂ ᠭᠦᠨᠴᠡ᠎ᠲᠠᠢ᠂ ᠳᠤᠯᠠᠭᠠᠴᠠ᠎ᠲᠠᠢ ᠪᠣᠯᠵᠤ᠂ ᠥᠷᠭᠡᠨ ᠤᠯᠠᠨ ᠬᠥᠳᠡᠯᠮᠦᠷᠢᠴᠢᠳ᠎ᠢ ᠬᠠᠪᠰᠤᠷᠴᠤ ᠵᠣᠯ ᠵᠢᠷᠭᠠᠯᠲᠤ ᠠᠵᠤ ᠠᠮᠢᠳᠤᠷᠠᠯ᠎ᠢ ᠨᠢ ᠲᠣᠭᠲᠠᠪᠤᠷᠢᠵᠢᠭᠤᠯᠵᠤ ᠪᠠᠢᠨ᠎ᠠ᠃
      ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠵᠦ ᠂ ᠬᠥᠳᠡᠯᠮᠦᠷᠢᠴᠢᠳ᠎ᠦᠨ ᠮᠡᠷᠭᠡᠵᠢᠯ᠎ᠢᠶᠡᠨ ᠳᠡᠭᠡᠭᠰᠢᠯᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ᠎ᠳᠦ ᠲᠤᠰᠠᠯᠠᠨ᠎ᠠ
      ᠨᠢᠭᠡ ᠵᠦᠢᠯ᠎ᠦᠨ ᠮᠡᠷᠭᠡᠵᠢᠯ ᠴᠢᠳᠠᠪᠤᠷᠢ᠎ᠪᠠᠷ᠎ᠢᠶᠠᠨ ᠾᠧᠨᠠᠨ᠎ᠤ 《 00 ᠬᠣᠵᠢᠳ 》 ᠬᠡᠦᠬᠡᠨ ᠵᠢᠶᠠᠩ ᠢᠦᠢ ᠾᠧ ᠴᠤᠪᠤᠷᠠᠯ ᠱᠤᠭᠤᠮ᠎ᠤᠨ ᠡᠮᠡᠭᠲᠡᠢ ᠠᠵᠢᠯᠴᠢᠨ᠎ᠠᠴᠠ 2022 ᠣᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ᠎ᠤ ᠣᠨᠴᠠᠭᠠᠢ ᠤᠷᠤᠯᠳᠤᠭᠠᠨ᠎ᠤ ᠠᠯᠲᠠᠨ ᠮᠧᠳᠠᠯ᠎ᠤᠨ ᠤᠷᠤᠯᠳᠤᠭ᠍ᠴᠢ ᠪᠣᠯᠵᠤ᠂ ᠬᠥᠮᠥᠨ᠎ᠦ ᠠᠮᠢᠳᠤᠷᠠᠯ᠎ᠤᠨ 《 ᠰᠥᠷᠭᠡᠦ ᠳᠠᠭᠠᠷᠢᠯᠲᠠ᠎ᠶᠢᠨ ᠵᠦᠴᠦᠭᠡ 》᠎ᠶᠢ ᠪᠢᠴᠢᠭᠯᠡᠪᠡ; ᠥᠪᠥᠷ ᠮᠣᠩᠭᠣᠯ᠎ᠤᠨ ᠺᠠᠢᠯᠤ ᠰᠢᠶᠠᠨ᠎ᠤ ᠴᠦ ᠶᠠᠨ ᠯᠢᠩ ᠰᠢᠶᠠᠨ᠎ᠤ ᠠᠵᠢᠯ ᠣᠯᠭᠣᠯᠲᠠ᠎ᠶᠢᠨ ᠲᠥᠪ᠎ᠦᠨ ᠰᠦᠢᠳᠬᠡᠯ ᠬᠤᠷᠢᠶᠠᠬᠤ ᠦᠭᠡᠢ ᠪᠣᠯᠪᠠᠰᠤᠷᠠᠯ᠎ᠢᠶᠠᠷ ᠳᠡᠮᠵᠢᠨ᠂ ᠲᠤᠰᠬᠠᠢ ᠮᠡᠷᠭᠡᠵᠢᠯ᠎ᠦᠨ ᠰᠠᠷ᠎ᠠ᠎ᠳᠤ ᠰᠠᠭᠤᠭᠰᠠᠳ᠎ᠢ ᠠᠰᠠᠷᠠᠭ᠍ᠴᠢ ᠪᠣᠯᠵᠤ᠂ ᠣᠷᠣᠯᠭ᠎ᠠ ᠨᠢ ᠲᠣᠭᠲᠠᠭᠤᠨ᠎ᠢᠶᠠᠷ ᠳᠡᠭᠡᠭᠰᠢᠯᠡᠵᠦ᠂ ᠦᠨᠡᠬᠡᠷ 《 ᠰᠡᠳᠬᠢᠯ ᠰᠠᠨᠠᠭ᠎ᠠ ᠠᠮᠤᠷ ᠪᠣᠯᠵᠠᠢ 》 ᠁ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠤᠷ᠎ᠠ ᠴᠢᠳᠠᠪᠤᠷᠢ᠎ᠶᠢᠨ ᠳᠡᠭᠡᠭᠰᠢᠯᠡᠯᠲᠡ᠎ᠪᠡᠷ ᠭᠣᠣᠯ ᠪᠣᠯᠭᠠᠭᠰᠠᠨ ᠬᠥᠮᠥᠵᠢᠭᠦᠯᠬᠦ ᠰᠢᠰᠲᠧᠮ ᠨᠢ ᠬᠥᠳᠡᠯᠮᠦᠷᠢᠴᠢᠳ᠎ᠲᠦ ᠴᠢᠨᠠᠷ ᠰᠠᠢᠲᠠᠢ ᠠᠵᠢᠯ ᠣᠯᠭᠣᠯᠲᠠ᠎ᠶᠢᠨ ᠵᠠᠮ᠎ᠢ ᠨᠡᠭᠡᠭᠡᠨ ᠥᠭᠴᠡᠢ ᠃
      ᠬᠥᠳᠡᠯᠮᠦᠷᠢᠴᠢᠳ᠎ᠦᠨ ᠬᠡᠪ ᠴᠢᠨᠠᠷ᠎ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠲᠦᠷᠭᠡᠨ ᠪᠤᠢ ᠪᠣᠯᠭᠠᠬᠤ ᠪᠣᠯ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠰᠢᠢᠳᠪᠦᠷᠢᠯᠡᠬᠦ᠎ᠶᠢᠨ ᠵᠠᠩᠭᠢᠯᠠᠭ᠎ᠠ ᠮᠥᠨ᠃ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠪᠡᠯ ᠂ ᠬᠥᠳᠡᠯᠮᠦᠷᠢᠴᠢᠳ᠎ᠦᠨ ᠬᠡᠪ ᠴᠢᠨᠠᠷ ᠬᠢᠭᠡᠳ ᠠᠵᠤ ᠦᠢᠯᠡᠰ᠎ᠦᠨ ᠵᠡᠷᠭᠡ᠎ᠪᠡᠷ ᠳᠡᠭᠡᠭᠰᠢᠯᠡᠬᠦ᠎ᠶᠢ ᠬᠦᠴᠦᠲᠡᠢ ᠠᠬᠢᠭᠤᠯᠵᠤ ᠴᠢᠳᠠᠨ᠎ᠠ ᠃
      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ ᠂ 《 ᠬᠥᠮᠥᠨ᠎ᠳᠦ ᠪᠡᠯᠡ ᠣᠷᠣᠭᠤᠯᠬᠤ》 ᠠᠷᠠᠳ᠎ᠤᠨ ᠠᠮᠢᠳᠤᠷᠠᠯ᠎ᠤᠨ ᠤᠳᠤᠷᠢᠳᠤᠮᠵᠢ᠎ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠨᠡᠶ᠋ᠢᠲᠡ 9200 ᠲᠦᠮᠡᠨ ᠬᠥᠮᠥᠨ ᠤᠳᠠᠭ᠎ᠠ᠎ᠳᠤ ᠬᠠᠨᠳᠤᠭᠤᠯᠤᠨ ᠨᠥᠬᠥᠪᠦᠷᠢ᠎ᠶᠢᠨ ᠴᠢᠨᠠᠷᠲᠠᠢ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ ᠥᠷᠨᠢᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 《 ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠲᠦᠭᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠪᠠᠷ ᠬᠥᠲᠥᠯᠥᠮᠵᠢ ᠪᠣᠯᠭᠠᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ ᠪᠠ ᠬᠥᠳᠡᠯᠮᠦᠷᠢᠴᠢᠳ᠎ᠦᠨ ᠣᠨᠴᠠᠯᠢᠭ᠋᠎ᠢ ᠦᠨᠳᠦᠰᠦᠯᠡᠨ ᠡᠯ᠎ᠡ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠥᠷᠭᠡᠨ᠎ᠢᠶᠡᠷ ᠥᠷᠨᠢᠭᠦᠯᠵᠦ᠂ ᠪᠣᠯᠪᠠᠰᠤᠷᠠᠯ᠎ᠤᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠬᠦ᠎ᠶᠢ ᠴᠢᠩᠭᠠᠳᠬᠠᠨ᠂ ᠬᠥᠳᠡᠯᠮᠦᠷᠢᠴᠢᠳ᠎ᠦᠨ ᠮᠡᠷᠭᠡᠵᠢᠯ ᠴᠢᠳᠠᠪᠤᠷᠢ᠎ᠶᠢᠨ ᠠᠵᠢᠯ ᠣᠯᠭᠣᠯᠲᠠ ᠂ ᠮᠡᠷᠭᠡᠵᠢᠯ ᠴᠢᠳᠠᠪᠤᠷᠢ᠎ᠶᠢᠨ ᠣᠷᠣᠯᠭ᠎ᠠ᠎ᠶᠢᠨ ᠨᠡᠮᠡᠭᠳᠡᠯ᠎ᠢ ᠠᠬᠢᠭᠤᠯᠵᠠᠢ᠃
      《 ᠤᠷ᠎ᠠ ᠮᠡᠷᠭᠡᠵᠢᠯ᠎ᠢᠶᠡᠷ ᠢᠷᠡᠭᠡᠳᠦᠢ᠎ᠪᠠᠨ ᠭᠡᠷᠡᠯᠲᠦᠭᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠣᠣᠯᠳᠠᠯᠭ᠎ᠠ᠎ᠲᠠᠢ ᠬᠥᠮᠥᠰ᠎ᠲᠤ ᠬᠠᠨᠳᠤᠭᠤᠯᠤᠨ ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ 《 ᠠᠵᠢᠯ᠎ᠤᠨ ᠪᠠᠢᠷᠢ᠎ᠶᠢᠨ ᠬᠡᠷᠡᠭᠴᠡᠭᠡ + ᠤᠷ᠎ᠠ ᠮᠡᠷᠭᠡᠵᠢᠯ᠎ᠦᠨ ᠪᠣᠯᠪᠠᠰᠤᠷᠠᠯ + ᠤᠷ᠎ᠠ ᠮᠡᠷᠭᠡᠵᠢᠯ᠎ᠦᠨ ᠦᠨᠡᠯᠡᠯᠲᠡ + ᠠᠵᠢᠯ ᠣᠯᠭᠣᠯᠲᠠ᠎ᠶᠢᠨ ᠦᠢᠯᠡᠴᠢᠯᠡᠭᠡ 》 ᠳᠥᠷᠪᠡ᠎ᠶᠢ ᠨᠢᠭᠡ ᠴᠣᠭᠴᠠᠵᠢᠭᠤᠯᠤᠨ ᠂ ᠪᠣᠯᠪᠠᠰᠤᠷᠠᠯ ᠪᠠ ᠠᠵᠢᠯ ᠣᠯᠭᠣᠯᠲᠠ᠂ ᠣᠷᠣᠯᠭ᠎ᠠ᠎ᠶᠢᠨ ᠨᠡᠮᠡᠭᠳᠡᠯ᠎ᠢ ᠨᠠᠩ ᠰᠠᠢᠲᠤᠷ ᠬᠣᠯᠪᠣᠭᠳᠠᠭᠤᠯᠬᠤ᠎ᠶᠢ ᠲᠦᠯᠬᠢᠨ ᠠᠬᠢᠭᠤᠯᠪᠠ᠃ ᠲᠡᠷᠢᠭᠦᠨ᠎ᠦ ᠦᠢᠯᠡᠳᠬᠦ ᠦᠢᠯᠡᠰ᠂ ᠲᠣᠭᠠᠴᠢᠯᠠᠭᠰᠠᠨ ᠠᠵᠤ ᠠᠬᠤᠢ᠂ ᠨᠢᠭᠡ ᠨᠠᠰᠤᠲᠠᠨ ᠨᠢᠭᠡ ᠨᠢᠯᠬᠠᠰ ᠵᠡᠷᠭᠡ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢᠭ᠎ᠠ ᠬᠦᠷᠢᠶᠡᠨ᠎ᠳᠦ᠂ 《 ᠦᠢᠯᠡᠳᠪᠦᠷᠢᠯᠡᠯ ᠰᠤᠷᠭᠠᠨ ᠬᠥᠮᠦᠵᠢᠯ ᠦᠨᠡᠯᠡᠯᠲᠡ 》 《 ᠵᠠᠬᠢᠶᠠᠯᠠᠭ᠎ᠠ᠎ᠶᠢᠨ ᠬᠡᠯᠪᠡᠷᠢ 》 《 ᠲᠥᠷᠥᠯ ᠵᠦᠢᠯ᠎ᠦᠨ ᠳᠦᠷᠢᠮ 》᠎ᠤᠨ ᠪᠣᠯᠪᠠᠰᠤᠷᠠᠯ᠎ᠤᠨ ᠵᠠᠭᠪᠤᠷ ᠥᠷᠢᠰᠦᠯᠳᠦᠨ ᠢᠯᠡᠷᠡᠨ ᠭᠠᠷᠴᠤ ᠂ 《 ᠪᠣᠯᠪᠠᠰᠤᠷᠠᠯ ᠬᠢᠪᠡᠯ ᠳᠠᠷᠤᠢ ᠠᠵᠢᠯ ᠣᠯᠵᠤ᠂ ᠰᠤᠷᠤᠯᠭ᠎ᠠ ᠲᠡᠭᠦᠰᠪᠡᠯ ᠳᠠᠷᠤᠢ ᠠᠵᠢᠯ᠎ᠤᠨ ᠪᠠᠢᠷᠢ᠎ᠳᠤ ᠭᠠᠷᠤᠨ᠎ᠠ》᠃
      ᠨᠠᠰᠤᠨ ᠲᠤᠷᠰᠢ᠎ᠶᠢᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 《 ᠤᠷ᠎ᠠ ᠮᠡᠷᠭᠡᠵᠢᠯᠲᠦ ᠳᠤᠮᠳᠠᠳᠤ ᠤᠯᠤᠰ 》᠎ᠤᠨ ᠠᠵᠢᠯᠯᠠᠭ᠎ᠠ᠎ᠶᠢ ᠬᠡᠷᠡᠭᠵᠢᠭᠦᠯᠵᠦ᠂ ᠠᠵᠤ ᠠᠬᠤᠢᠯᠠᠯ᠎ᠤᠨ ᠰᠢᠨ᠎ᠡ ᠮᠠᠶᠢᠭ᠋᠎ᠤᠨ ᠱᠠᠪᠢ ᠣᠷᠣᠬᠤ ᠳᠦᠷᠢᠮ᠎ᠦᠨ ᠪᠣᠯᠪᠠᠰᠤᠷᠠᠯ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠣᠯᠠᠨ ᠨᠡᠶ᠋ᠢᠲᠡ᠎ᠶᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠂ ᠳᠡᠭᠡᠳᠦ ᠤᠷ᠎ᠠ ᠮᠡᠷᠭᠡᠵᠢᠯᠲᠦ ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠬᠥᠮᠥᠵᠢᠭᠦᠯᠵᠦ ᠬᠡᠷᠡᠭᠯᠡᠬᠦ ᠭᠣᠣᠯ ᠴᠣᠭᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠵᠤ ᠠᠬᠤᠢᠯᠠᠯ᠎ᠢ ᠵᠢᠯᠣᠭᠣᠳᠤᠨ ᠠᠵᠢᠯᠲᠠᠨ ᠠᠵᠢᠯᠴᠢᠨ᠎ᠤ ᠬᠥᠮᠦᠵᠢᠯ ᠪᠣᠯᠪᠠᠰᠤᠷᠠᠯ᠎ᠢ ᠴᠢᠩᠭᠠᠳᠬᠠᠵᠤ᠂ ᠬᠠᠮᠢᠶ᠎ᠠ ᠪᠦᠬᠦᠢ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢᠨ ᠪᠣᠯᠪᠠᠰᠤᠷᠠᠯ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠠᠵᠢᠯᠲᠠᠨ ᠠᠵᠢᠯᠴᠢᠨ᠎ᠤ ᠡᠩᠨᠡᠭᠡ᠎ᠶᠢ ᠲᠣᠭᠲᠠᠪᠤᠷᠢᠵᠢᠭᠤᠯᠬᠤ᠎ᠶᠢ ᠳᠡᠮᠵᠢᠵᠦ᠂ ᠬᠥᠳᠡᠯᠮᠦᠷᠢᠴᠢᠳ᠎ᠢ ᠬᠠᠪᠰᠤᠷᠤᠨ ᠮᠡᠷᠭᠡᠵᠢᠯ᠎ᠢ ᠨᠢ ᠳᠡᠭᠡᠭᠰᠢᠯᠡᠭᠦᠯᠵᠦ ᠣᠷᠣᠯᠭ᠎ᠠ᠎ᠶᠢ ᠨᠢ ᠨᠡᠮᠡᠭᠳᠡᠭᠦᠯᠦᠨ᠎ᠡ᠃
      ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠨᠠᠷᠢᠯᠢᠭ᠋ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠵᠦ᠂ ᠤᠷ᠎ᠠ ᠮᠡᠷᠭᠡᠵᠢᠯ᠎ᠢᠶᠡᠷ ᠴᠢᠳᠠᠪᠤᠷᠢ ᠣᠯᠭᠣᠵᠤ ᠠᠵᠢᠯ ᠣᠯᠭᠣᠬᠤ ᠰᠢᠨ᠎ᠡ ᠠᠷᠭ᠎ᠠ ᠵᠠᠮ᠎ᠢ ᠨᠡᠭᠡᠭᠡᠪᠡ᠃ ᠭᠤᠸᠠᠩᠳᠦ᠋ᠩ 《 ᠦᠢᠯᠡᠳᠪᠦᠷᠢᠯᠡᠯ ᠰᠤᠷᠭᠠᠨ ᠬᠥᠮᠦᠵᠢᠯ ᠦᠨᠡᠯᠡᠯᠲᠡ》 ᠵᠢᠨ ᠤᠷ᠎ᠠ ᠮᠡᠷᠭᠡᠵᠢᠯ᠎ᠦᠨ ᠠᠮᠢ ᠠᠬᠤᠢ᠎ᠶᠢᠨ ᠬᠡᠯᠬᠢᠶ᠎ᠡ᠎ᠶᠢ ᠪᠠᠢᠭᠤᠯᠵᠤ᠂ ᠠᠵᠤ ᠦᠢᠯᠡᠰ᠎ᠦᠨ ᠬᠥᠭᠵᠢᠯᠲᠡ ᠪᠣᠯᠣᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠵᠡᠷᠭᠡ᠎ᠪᠡᠷ ᠠᠬᠢᠭᠤᠯᠵᠤ᠂ ᠵᠠᠯᠠᠭᠤᠴᠤᠳ᠎ᠤᠨ ᠰᠤᠷᠤᠯᠴᠠᠯᠭ᠎ᠠ᠎ᠠᠴᠠ ᠠᠵᠢᠯ ᠣᠯᠬᠤ ᠬᠦᠷᠲᠡᠯ᠎ᠡ 《ᠡᠴᠦᠰ᠎ᠦᠨ ᠨᠢᠭᠡ ᠺᠢᠯᠤᠮᠥᠲᠷ 》᠎ᠢ ᠨᠡᠪᠲᠡᠷᠡᠭᠦᠯᠪᠡ; ᠵᠧᠵᠢᠶᠠᠩ 《 30 ᠮᠢᠨᠦ᠋ᠲ᠎ᠦᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠲᠣᠭᠣᠷᠢᠭ᠋ 》᠎ᠢ ᠪᠠᠢᠭᠤᠯᠵᠤ᠂ ᠭᠤᠷᠪᠠᠨ ᠳᠡᠰ᠎ᠤᠨ ᠪᠣᠯᠪᠠᠰᠤᠷᠠᠯ᠎ᠤᠨ ᠰᠦᠯᠵᠢᠶ᠎ᠡ 《ᠰᠢᠶᠠᠨ᠎ᠤ ᠬᠤᠳᠠ︱ᠭᠣᠣᠯ ᠪᠠᠯᠭᠠᠰᠤ︱ᠭᠣᠣᠯᠳᠠᠯᠭ᠎ᠠ᠎ᠲᠠᠢ ᠲᠣᠰᠬᠣᠨ》᠎ᠢ ᠪᠦᠷᠬᠦᠵᠦ᠂ ᠬᠥᠳᠡᠯᠮᠦᠷᠢᠴᠢᠳ 《ᠣᠢᠷ᠎ᠠ ᠬᠠᠪᠢ᠎ᠳᠠᠭᠠᠨ ᠰᠤᠷᠴᠤ᠂ ᠰᠤᠷᠪᠠᠯ ᠳᠠᠷᠤᠢ ᠬᠡᠷᠡᠭᠴᠡᠭᠡ᠎ᠲᠠᠢ ᠪᠣᠯᠣᠨ᠎ᠠ》᠃
      ᠨᠢᠭᠡ ᠵᠦᠢᠯ᠎ᠦᠨ ᠮᠡᠷᠭᠡᠵᠢᠯ᠎ᠢ ᠭᠠᠷᠳᠠᠪᠠᠯ᠂ ᠠᠵᠢᠯ ᠣᠯᠬᠤ᠎ᠳᠤ ᠵᠣᠪᠠᠬᠤ ᠤᠴᠢᠷ ᠦᠭᠡᠢ᠃ ᠤᠷ᠎ᠠ ᠮᠡᠷᠭᠡᠵᠢᠯ᠎ᠦᠨ ᠪᠣᠯᠪᠠᠰᠤᠷᠠᠯ ᠨᠢ ᠲᠦᠭ ᠲᠦᠮᠡᠨ ᠬᠥᠳᠡᠯᠮᠦᠷᠢᠴᠢᠳ᠎ᠦᠨ ᠴᠢᠨᠠᠷ ᠰᠠᠢᠲᠠᠢ ᠠᠵᠢᠯ ᠣᠯᠭᠣᠯᠲᠠ᠎ᠶᠢᠨ 《 ᠠᠯᠲᠠᠨ ᠲᠦᠯᠬᠢᠭᠦᠷ 》 ᠪᠣᠯᠵᠤ ᠂ ᠲᠡᠳᠡᠨ᠎ᠦ ᠠᠵᠢᠯ ᠣᠯᠬᠤ᠎ᠶᠢ ᠨᠠᠩ ᠢᠲᠡᠭᠡᠯ ᠬᠦᠴᠦᠨ᠎ᠲᠠᠢ ᠪᠣᠯᠭᠠᠵᠤ ᠂ ᠠᠮᠢᠳᠤᠷᠠᠯ᠎ᠢ ᠨᠢ ᠨᠠᠩ ᠲᠣᠭᠲᠠᠭᠤᠨ ᠪᠣᠯᠭᠠᠪᠠ᠃
      ᠦᠢᠯᠡᠰ ᠪᠣᠰᠬᠠᠬᠤ᠎ᠶᠢ ᠳᠡᠮᠵᠢᠬᠦ ᠰᠢᠰᠲᠧᠮ᠎ᠢ ᠪᠦᠷᠢᠨᠰᠢᠭᠦᠯᠵᠦ᠂ ᠦᠢᠯᠡᠰ ᠪᠣᠰᠬᠠᠭ᠍ᠴᠢᠳ᠎ᠲᠤ ᠬᠦᠰᠡᠯ ᠵᠡᠭᠦᠳᠦ᠎ᠶᠢᠨ ᠵᠠᠮ᠎ᠢ ᠳᠡᠪᠢᠰᠴᠦ ᠥᠭᠭᠦᠨ᠎ᠡ
      ᠣᠢᠷ᠎ᠠ᠎ᠶᠢᠨ ᠵᠢᠯ᠎ᠦᠨ ᠲᠤᠷᠰᠢ᠂ 《 ᠬᠠᠩᠵᠧᠦ᠎ᠶᠢᠨ ᠵᠢᠷᠭᠤᠭᠠᠨ ᠰᠢᠶᠣᠣ ᠯᠦᠩ 》 ᠵᠢᠡᠷ ᠲᠥᠯᠥᠭᠡᠯᠡᠭᠦᠯᠦᠭᠰᠡᠨ ᠨᠢᠭᠡ ᠪᠦᠯᠦᠭ ᠰᠢᠨ᠎ᠡ᠎ᠶᠢ ᠡᠭᠦᠳᠬᠦ ᠬᠡᠯᠪᠡᠷᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠠᠵᠤ ᠠᠬᠤᠢᠯᠠᠯ ᠴᠣᠬᠣᠢᠨ ᠭᠠᠷᠴᠤ᠂ ᠭᠡᠷᠡᠯ ᠭᠢᠯᠪᠠᠭ᠎ᠠ᠎ᠲᠠᠢ᠎ᠪᠠᠷ ᠲᠠᠢᠰᠠᠨ᠎ᠳᠤ ᠭᠠᠷᠴᠤ᠂ ᠮᠠᠨ᠎ᠤ ᠤᠯᠤᠰ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠰᠬᠠᠯ᠎ᠤᠨ ᠳᠤᠮᠳᠠᠬᠢ ᠭᠡᠷᠡᠯ ᠭᠢᠯᠪᠠᠭ᠎ᠠ ᠪᠣᠯᠤᠭᠰᠠᠨ ᠪᠠᠢᠨ᠎ᠠ᠃ ᠲᠡᠳᠡ ᠮᠡᠷᠭᠡᠵᠢᠯ᠎ᠦᠨ ᠡᠮᠦᠨ᠎ᠡ ᠵᠠᠬ᠎ᠠ᠎ᠠᠴᠠ ᠤᠯᠠᠨ ᠨᠡᠶ᠋ᠢᠲᠡ᠎ᠶᠢᠨ ᠬᠠᠷᠠᠭᠠᠨ᠎ᠳᠤ ᠣᠷᠣᠵᠤ᠂ ᠪᠦᠬᠦ ᠨᠡᠢᠭᠡᠮ᠎ᠦᠨ ᠬᠢᠨ᠎ᠦ ᠰᠢᠨ᠎ᠡ᠎ᠶᠢ ᠡᠭᠦᠳᠴᠦ ᠦᠢᠯᠡᠰ ᠪᠣᠰᠬᠠᠬᠤ ᠲᠤᠬᠠᠢ ᠬᠠᠯᠠᠭᠤᠨ ᠶᠠᠷᠢᠯᠴᠠᠭ᠎ᠠ᠎ᠶᠢ ᠬᠥᠭᠵᠢᠭᠡᠵᠡᠢ᠃
      ᠦᠢᠯᠡᠰ ᠪᠣᠰᠬᠠᠬᠤ ᠪᠣᠯ ᠠᠵᠢᠯ ᠣᠯᠭᠣᠯᠲᠠ᠎ᠶᠢᠨ ᠡᠬᠢ ᠰᠤᠷᠪᠤᠯᠵᠢ ᠮᠥᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠲᠦᠯᠬᠢᠨ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠴᠢᠬᠤᠯᠠ ᠠᠷᠭ᠎ᠠ ᠵᠠᠮ ᠮᠥᠨ᠃
      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠪᠠᠲᠤᠯᠠᠭ᠎ᠠ᠎ᠶᠢᠨ ᠳᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃ ᠵᠠᠷᠢᠮ ᠦᠢᠯᠡᠰ ᠪᠣᠰᠬᠠᠭ᠍ᠴᠢ᠎ᠶᠢᠨ 《 ᠲᠤᠷᠰᠢᠯᠭ᠎ᠠ ᠦᠭᠡᠢ 》 ᠂ 《 ᠡᠬᠢ ᠪᠠᠶᠠᠯᠢᠭ᠋ ᠳᠤᠲᠠᠮᠠᠭ 》 ᠂ 《 ᠢᠯᠠᠭᠳᠠᠬᠤ᠎ᠠᠴᠠ ᠠᠶᠤᠬᠤ 》 ᠵᠡᠷᠭᠡ ᠪᠠᠢᠳᠠᠯ᠎ᠳᠤ ᠴᠢᠭᠯᠡᠭᠦᠯᠦᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠦᠢᠯᠡᠰ ᠪᠣᠰᠬᠠᠬᠤ᠎ᠶᠢ ᠳᠡᠮᠵᠢᠬᠦ ᠰᠢᠰᠲᠧᠮᠵᠢ᠎ᠶᠢ ᠪᠦᠷᠢᠨᠰᠢᠭᠦᠯᠦᠨ ᠦᠢᠯᠡᠰ ᠪᠣᠰᠬᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠰᠠᠨᠠᠯ᠎ᠢ ᠳᠠᠷᠤᠮᠠᠯᠯᠠᠨ ᠲᠠᠷᠬᠠᠭᠠᠵᠤ ᠂ ᠬᠥᠳᠡᠯᠮᠦᠷᠢᠴᠢᠳ᠎ᠦᠨ ᠦᠢᠯᠡᠰ ᠪᠣᠰᠬᠠᠵᠤ ᠠᠵᠢᠯ ᠣᠯᠬᠤ᠎ᠶᠢ ᠨᠠᠩ ᠰᠠᠢᠲᠤᠷ ᠪᠡᠶᠡᠯᠡᠭᠦᠯᠬᠦ᠎ᠶᠢ ᠳᠡᠮᠵᠢᠪᠡ᠃
      ᠦᠢᠯᠡᠰ ᠪᠣᠰᠬᠠᠬᠤ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠳᠦ ᠪᠥᠬᠥ ᠬᠡᠯᠬᠢᠶ᠎ᠡ᠎ᠶᠢᠨ ᠳᠡᠮᠵᠢᠯᠭᠡ᠎ᠶᠢᠨ ᠪᠠᠲᠤᠯᠠᠭ᠎ᠠ ᠬᠠᠩᠭᠠᠨ᠎ᠠ᠃ ᠦᠢᠯᠡᠰ ᠪᠣᠰᠬᠠᠬᠤ ᠪᠠᠷᠢᠮᠵᠢᠶ᠎ᠠ᠎ᠶᠢ ᠳᠣᠷᠣᠭᠰᠢᠯᠠᠭᠤᠯᠤᠨ᠂ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠎ᠦᠨ ᠬᠢᠵᠠᠭᠠᠷᠯᠠᠯ᠎ᠢ ᠠᠭᠤᠵᠢᠭᠤ ᠲᠠᠯᠪᠢᠵᠤ᠂ ᠬᠤᠪᠢ ᠬᠥᠮᠥᠨ᠎ᠦ ᠦᠢᠯᠡᠰ ᠪᠣᠰᠬᠠᠬᠤ 《 ᠨᠢᠭᠡ ᠵᠦᠢᠯ᠎ᠦᠨ ᠶᠠᠪᠤᠳᠠᠯ 》᠎ᠢ ᠥᠨᠳᠥᠷ ᠪᠦᠲᠦᠮᠵᠢᠲᠡᠶ᠎ᠪᠡᠷ ᠪᠦᠲᠦᠭᠡᠬᠦ᠎ᠶᠢ ᠨᠠᠢᠳᠠᠪᠤᠷᠢᠵᠢᠭᠤᠯᠤᠨ᠎ᠠ᠃ ᠪᠡᠯᠡ ᠮᠥᠩᠭᠥ᠎ᠶᠢᠨ ᠳᠡᠮᠵᠢᠯᠭᠡ᠂ ᠭᠠᠢᠯᠢ ᠲᠠᠲᠠᠪᠤᠷᠢ᠎ᠶᠢᠨ ᠬᠠᠷᠠᠭᠠᠯᠵᠠᠯ ᠵᠡᠷᠭᠡ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢᠨ ᠡᠷᠴᠢᠮ᠎ᠢ ᠴᠢᠩᠭᠠᠷᠠᠭᠤᠯᠵᠤ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢᠨ ᠲᠣᠭ᠎ᠠ ᠬᠡᠮᠵᠢᠶ᠎ᠡ᠎ᠶᠢ ᠳᠡᠭᠡᠭᠰᠢᠯᠡᠭᠦᠯᠦᠨ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ ᠲᠤᠰᠬᠠᠢ ᠵᠦᠢᠯ᠎ᠦᠨ ᠵᠢᠭᠡᠯᠡᠯᠭᠡ᠎ᠶᠢ ᠰᠢᠨᠡᠴᠢᠯᠡᠨ ᠭᠠᠷᠭᠠᠵᠤ ᠂ ᠦᠢᠯᠡᠰ ᠪᠣᠰᠬᠠᠬᠤ᠎ᠳᠤ ᠨᠢᠭᠡ ᠤᠳᠠᠭ᠎ᠠ᠎ᠶᠢᠨ ᠴᠢᠨᠠᠷᠲᠠᠢ ᠨᠥᠬᠥᠪᠦᠷᠢ ᠥᠭᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠪᠠ᠃
      ᠦᠢᠯᠡᠰ ᠪᠣᠰᠬᠠᠬᠤ᠎ᠳᠤ ᠦᠢᠯᠡᠴᠢᠯᠡᠭᠡᠨ᠎ᠦ ᠳᠡᠮᠵᠢᠯᠭᠡ ᠦᠵᠡᠭᠦᠯᠵᠦ᠂ ᠪᠥᠬᠥ ᠲᠠᠯ᠎ᠠ᠎ᠶᠢᠨ ᠬᠥᠭᠵᠢᠯᠲᠡ᠎ᠳᠦ ᠬᠦᠴᠦᠨ ᠨᠡᠮᠡᠷᠢᠯᠡᠨ᠎ᠡ᠃ ᠠᠳᠠᠯᠢ ᠲᠡᠭᠰᠢ᠂ ᠵᠢᠷᠤᠮᠵᠢᠭ᠍ᠰᠠᠨ ᠂ ᠳᠥᠭᠥᠮᠴᠢᠯᠡᠭᠰᠡᠨ ᠦᠢᠯᠡᠰ ᠪᠣᠰᠬᠠᠬᠤ ᠦᠢᠯᠡᠴᠢᠯᠡᠭᠡ᠎ᠶᠢ ᠬᠠᠩᠭᠠᠵᠤ᠂ ᠵᠢᠯ ᠳᠤᠮᠳᠠᠴᠢ᠎ᠶᠢᠨ ᠦᠢᠯᠡᠴᠢᠯᠡᠭᠡ᠎ᠶᠢ 500 ᠲᠦᠮᠡᠨ ᠬᠥᠮᠥᠨ ᠤᠳᠠᠭ᠎ᠠ᠎ᠠᠴᠠ ᠳᠠᠪᠠᠭᠤᠯᠪᠠ ᠃ ᠨᠠᠷᠠᠲᠠᠢ ᠠᠵᠤ ᠠᠬᠤᠢᠯᠠᠯᠲᠠᠨ᠂ ᠦᠢᠯᠡᠰ ᠪᠣᠰᠬᠠᠬᠤ ᠪᠡᠯᠡ ᠣᠷᠣᠭᠤᠯᠤᠭ᠍ᠴᠢ ᠂ ᠲᠤᠰᠬᠠᠢ ᠮᠡᠷᠭᠡᠵᠢᠯᠲᠡᠨ ᠡᠷᠳᠡᠮᠲᠡᠨ ᠵᠡᠷᠭᠡ᠎ᠶᠢ ᠤᠷᠢᠵᠤ ᠦᠢᠯᠡᠰ ᠪᠣᠰᠬᠠᠬᠤ ᠵᠢᠯᠣᠭᠣᠳᠤᠭ᠍ᠴᠢ ᠪᠠᠭ᠍ᠰᠢ᠎ᠶᠢᠨ ᠡᠩᠨᠡᠭᠡ᠎ᠶᠢ ᠵᠣᠬᠢᠶᠠᠨ ᠪᠠᠢᠭᠤᠯᠵᠤ ᠂ ᠦᠢᠯᠡᠰ ᠪᠣᠰᠬᠠᠬᠤ ᠪᠠ ᠠᠵᠢᠯ ᠡᠬᠢᠯᠡᠬᠦ᠎ᠶᠢᠨ ᠵᠢᠯᠣᠭᠣᠳᠤᠯᠭ᠎ᠠ᠎ᠶᠢ ᠴᠢᠩᠭᠠᠳᠬᠠᠵᠠᠢ᠃
      ᠦᠢᠯᠡᠰ ᠪᠣᠰᠬᠠᠬᠤ ᠪᠣᠯᠪᠠᠰᠤᠷᠠᠯ᠎ᠢ ᠳᠡᠮᠵᠢᠵᠦ ᠂ ᠪᠥᠬᠥ ᠶᠠᠪᠤᠴᠠ᠎ᠶᠢᠨ ᠦᠢᠯᠡᠰ ᠪᠣᠰᠬᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ 《 ᠴᠠᠬᠢᠷᠮ᠎ᠠ ᠴᠡᠴᠡᠭ ᠦᠢᠯᠡᠰ ᠪᠣᠰᠬᠠᠬᠤ ᠪᠣᠯᠪᠠᠰᠤᠷᠠᠯ 》᠎ᠤᠨ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ ᠂ ᠵᠢᠯ ᠳᠤᠮᠳᠠᠴᠢ᠎ᠶᠢᠨ ᠪᠣᠯᠪᠠᠰᠤᠷᠠᠯ ᠨᠢ 200 ᠲᠦᠮᠡᠨ ᠬᠥᠮᠥᠨ ᠤᠳᠠᠭ᠎ᠠ᠎ᠶᠢ ᠳᠠᠪᠠᠪᠠ ᠃ ᠠᠵᠢᠯ ᠲᠥᠷᠥᠯ᠎ᠦᠨ ᠬᠦᠷᠢᠶ᠎ᠡ ᠬᠡᠪᠴᠢᠶ᠎ᠡ᠎ᠶᠢ ᠬᠤᠪᠢᠶᠠᠨ ᠦᠢᠯᠡᠰ ᠪᠣᠰᠬᠠᠬᠤ ᠪᠣᠯᠪᠠᠰᠤᠷᠠᠯ᠎ᠤᠨ ᠬᠤᠸᠠᠷᠠᠨ᠎ᠢ ᠵᠣᠬᠢᠶᠠᠨ ᠪᠠᠢᠭᠤᠯᠵᠤ ᠂ ᠭᠠᠵᠠᠷ ᠣᠷᠣᠨ ᠠᠯᠤᠰᠯᠠᠨ ᠦᠢᠯᠡᠰ ᠪᠣᠰᠬᠠᠬᠤ ᠰᠤᠳᠤᠯᠤᠨ ᠰᠤᠷᠤᠯᠴᠠᠵᠤ ᠰᠣᠯᠢᠯᠴᠠᠬᠤ ᠣᠯᠠᠨ ᠶᠠᠩᠵᠤ᠎ᠶᠢᠨ ᠬᠡᠯᠪᠡᠷᠢ ᠮᠠᠶᠢᠭ᠋᠎ᠤᠨ ᠠᠵᠢᠯᠯᠠᠭ᠎ᠠ ᠥᠷᠨᠢᠭᠦᠯᠦᠨ᠎ᠡ᠃ ᠪᠠᠭ᠍ᠰᠢ᠎ᠶᠢᠨ ᠬᠦᠴᠦᠨ᠎ᠢ ᠪᠣᠯᠪᠠᠰᠤᠷᠠᠭᠤᠯᠬᠤ ᠠᠵᠢᠯ᠎ᠢ ᠴᠢᠩᠭᠠᠳᠬᠠᠵᠤ᠂ ᠰᠢᠯᠢᠳᠡᠭ ᠯᠧᠺᠲ᠋ᠣᠷ᠎ᠢ 10 ᠲᠦᠮᠡ ᠰᠢᠬᠠᠮ ᠬᠥᠮᠥᠵᠢᠭᠦᠯᠪᠡ᠃
      ᠦᠢᠯᠡᠰ ᠪᠣᠰᠬᠠᠬᠤ᠎ᠶᠢ ᠨᠡᠪᠴᠢᠭᠦᠯᠬᠦ᠎ᠶᠢ ᠳᠡᠮᠵᠢᠵᠦ᠂ ᠪᠥᠬᠥ ᠦᠶᠡᠯᠡᠯ᠎ᠦᠨ ᠬᠤᠭᠤᠴᠠᠭᠠᠨ᠎ᠤ ᠪᠣᠢᠵᠢᠭᠤᠯᠤᠨ ᠲᠡᠳᠬᠦᠬᠦ᠎ᠶᠢ ᠥᠷᠭᠡᠳᠬᠡᠨ᠎ᠡ᠃ ᠣᠯᠠᠨ ᠲᠠᠯ᠎ᠠ᠎ᠶᠢᠨ ᠡᠬᠢ ᠪᠠᠶᠠᠯᠢᠭ᠋᠎ᠢ ᠳᠠᠶ᠋ᠢᠴᠢᠯᠠᠨ ᠦᠢᠯᠡᠰ ᠪᠣᠰᠬᠠᠬᠤ ᠨᠡᠪᠴᠢᠭᠦᠯᠬᠦ ᠠᠴᠢᠶᠠᠯᠠᠪᠤᠷᠢ᠎ᠶᠢᠨ ᠪᠦᠲᠦᠭᠡᠨ ᠪᠠᠢᠭᠤᠯᠤᠯᠲᠠ᠎ᠳᠤ ᠣᠷᠣᠭᠤᠯᠵᠤ᠂ ᠡᠯ᠎ᠡ ᠲᠥᠷᠥᠯ᠎ᠦᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ᠎ᠤᠨ ᠶᠡᠷᠦᠩᠬᠡᠢ ᠲᠣᠭ᠎ᠠ 1 ᠲᠦᠮᠡ ᠰᠢᠬᠠᠮ ᠪᠣᠯᠵᠤ᠂ ᠨᠡᠪᠴᠢᠭᠦᠯᠬᠦ ᠲᠥᠷᠥᠯ ᠵᠦᠢᠯ ᠨᠡᠶ᠋ᠢᠲᠡ 70 ᠲᠦᠮᠡ᠎ᠶᠢ ᠳᠠᠪᠠᠪᠠ᠃ ᠡᠯ᠎ᠡ ᠭᠠᠵᠠᠷ᠎ᠤᠨ ᠦᠢᠯᠡᠰ ᠪᠣᠰᠬᠠᠨ ᠨᠡᠪᠴᠢᠭᠦᠯᠬᠦ ᠰᠠᠭᠤᠷᠢᠨ ᠭᠠᠵᠠᠷ᠎ᠤᠨ ᠬᠣᠯᠪᠣᠭ᠎ᠠ᠎ᠶᠢ ᠵᠣᠬᠢᠶᠠᠨ ᠪᠠᠶ᠋ᠢᠭᠤᠯᠬᠤ᠎ᠶᠢ ᠳᠡᠮᠵᠢᠵᠦ᠂ ᠡᠬᠢ ᠪᠠᠶᠠᠯᠢᠭ᠋᠎ᠢ ᠬᠠᠮᠲᠤ᠎ᠪᠠᠷ ᠭᠥᠷᠳᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠭᠰᠡᠨ ᠦᠢᠯᠡᠰ ᠪᠣᠰᠬᠠᠨ ᠨᠡᠪᠴᠢᠭᠦᠯᠬᠦ ᠪᠠᠢᠷᠢᠰᠢᠯ᠎ᠢ ᠪᠠᠢᠭᠤᠯᠵᠠᠢ᠃
      ᠦᠢᠯᠡᠰ ᠪᠣᠰᠬᠠᠬᠤ ᠠᠵᠢᠯᠯᠠᠭ᠎ᠠ᠎ᠶᠢ ᠳᠡᠮᠵᠢᠵᠦ ᠂ ᠪᠥᠬᠥ ᠠᠮᠢ ᠠᠬᠤᠢ᠎ᠶᠢᠨ ᠦᠢᠯᠡᠰ ᠪᠣᠰᠬᠠᠬᠤ ᠠᠭᠤᠷ ᠠᠮᠢᠰᠬᠤᠯ᠎ᠢ ᠪᠣᠶ ᠪᠣᠯᠭᠠᠨ᠎ᠠ ᠃ ᠪᠦᠬᠦ ᠤᠯᠤᠰ᠎ᠤᠨ ᠦᠢᠯᠡᠰ ᠪᠣᠰᠬᠠᠬᠤ ᠤᠷᠤᠯᠳᠤᠭᠠᠨ᠎ᠢ ᠡᠷᠬᠢᠯᠡᠵᠦ᠂ 10 ᠲᠦᠮᠡ ᠭᠠᠷᠤᠢ ᠦᠢᠯᠡᠰ ᠪᠣᠰᠬᠠᠬᠤ ᠲᠦᠷᠦᠯ ᠵᠦᠢᠯ᠎ᠢ ᠳᠠᠳᠠᠨ ᠠᠪᠴᠢᠷᠠᠵᠤ᠂ ᠬᠡᠳᠦᠨ ᠠᠷᠪᠠᠨ ᠲᠦᠮᠡᠨ ᠦᠢᠯᠡᠰ ᠪᠣᠰᠬᠠᠭ᠍ᠴᠢ ᠲᠠᠢᠰᠠᠨ᠎ᠳᠤ ᠭᠠᠷᠴᠤ ᠮᠥᠷᠥᠢᠴᠡᠵᠡᠢ; 《 ᠡᠬᠢ ᠪᠠᠶᠠᠯᠢᠭ᠋᠎ᠢ ᠵᠣᠯᠭᠠᠭᠤᠯᠤᠨ ᠰᠠᠢᠨ ᠦᠢᠯᠡᠰ ᠪᠣᠰᠬᠠᠬᠤ 》 ᠡᠬᠢ ᠪᠠᠶᠠᠯᠢᠭ᠋᠎ᠢ ᠵᠣᠯᠭᠠᠭᠤᠯᠬᠤ ᠦᠢᠯᠡᠴᠢᠯᠡᠭᠡᠨ᠎ᠦ ᠤᠯᠠᠷᠢᠯ᠎ᠤᠨ ᠠᠵᠢᠯᠯᠠᠭ᠎ᠠ᠎ᠶᠢ ᠬᠣᠶᠠᠷ ᠵᠢᠯ ᠳᠠᠷᠠᠭᠠᠯᠠᠨ ᠥᠷᠨᠢᠭᠦᠯᠵᠦ᠂ ᠵᠢᠯ ᠪᠦᠷᠢ᠎ᠶᠢᠨ ᠦᠢᠯᠡᠴᠢᠯᠡᠭᠡ 500 ᠲᠦᠮᠡᠨ ᠬᠥᠮᠥᠨ ᠤᠳᠠᠭ᠎ᠠ᠎ᠶᠢ ᠳᠠᠪᠠᠪᠠ᠃
      ᠪᠡᠯᠡ ᠮᠥᠩᠭᠥᠨ᠎ᠦ ᠳᠡᠮᠵᠢᠯᠭᠡ ᠨᠢ ᠠᠩᠬ᠎ᠠ ᠡᠭᠦᠳᠦᠯᠲᠡ᠎ᠶᠢᠨ ᠠᠵᠤ ᠠᠬᠤᠢᠯᠠᠯ᠎ᠳᠤ ᠮᠥᠩᠭᠥᠨ ᠭᠦᠢᠯᠭᠡᠭᠡᠨ᠎ᠦ 《 ᠠᠮᠢᠵᠢᠷᠠᠯ᠎ᠤᠨ ᠬᠦᠴᠦᠨ 》 ᠨᠡᠮᠡᠷᠢᠯᠡᠵᠦ᠂ ᠪᠦᠬᠦ ᠶᠠᠪᠤᠴᠠ᠎ᠳᠤ ᠦᠢᠯᠡᠰ ᠪᠣᠰᠬᠠᠭ᠍ᠴᠢᠳ᠎ᠢ ᠬᠠᠪᠰᠤᠷᠤᠨ ᠬᠠᠷᠰᠢ ᠰᠠᠭᠠᠳ᠎ᠢ ᠡᠪᠳᠡᠵᠦ᠂ ᠦᠢᠯᠡᠰ ᠪᠣᠰᠬᠠᠬᠤ ᠪᠣᠯᠪᠠᠰᠤᠷᠠᠯ᠎ᠢᠶᠠᠷ ᠭᠣᠣᠯ ᠨᠡᠪᠲᠡᠷᠡᠭᠦᠯᠦᠭᠴᠢ᠎ᠶᠢ ᠬᠠᠪᠰᠤᠷᠤᠨ ᠲᠠᠷᠢᠶᠠᠯᠠᠩ᠎ᠤᠨ ᠪᠦᠲᠦᠭᠡᠭᠳᠡᠬᠦᠨ᠎ᠢ 《 ᠰᠦᠯᠵᠢᠶᠡᠨ᠎ᠦ ᠰᠠᠢᠨ ᠪᠠᠷᠠᠭ᠎ᠠ 》 ᠪᠣᠯᠭᠠᠨ ᠬᠤᠳᠠᠯᠳᠤᠪᠠ ᠁ ᠤᠯᠠᠨ ᠵᠦᠢᠯ᠎ᠦᠨ ᠬᠡᠯᠪᠡᠷᠢ᠎ᠶᠢᠨ ᠦᠢᠯᠡᠰ ᠪᠣᠰᠬᠠᠬᠤ ᠠᠵᠢᠯᠯᠠᠭ᠎ᠠ ᠥᠷᠨᠢᠩᠭᠦᠢ ᠬᠥᠭᠵᠢᠵᠦ᠂ 2024 ᠣᠨ᠎ᠤ ᠡᠴᠦᠰ᠎ᠲᠦ ᠪᠦᠬᠦ ᠤᠯᠤᠰ᠎ᠤᠨ ᠪᠣᠳᠠᠲᠠᠢ ᠳᠠᠩᠰᠠᠯᠠᠭᠤᠯᠤᠭᠰᠠᠨ ᠡᠵᠡᠩᠨᠡᠯᠲᠡ᠎ᠶᠢᠨ ᠭᠣᠣᠯ ᠴᠣᠭᠴᠠ 1.89 ᠳ᠋ᠦᠩᠰᠢᠭᠤᠷ ᠡᠷᠦᠬᠡ᠎ᠳᠦ ᠬᠦᠷᠴᠦ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠳᠠᠬᠢᠨ᠎ᠢᠶᠠᠷ ᠨᠡᠮᠡᠭᠳᠡᠬᠦ ᠦᠢᠯᠡᠳᠦᠯ ᠤᠯᠠᠮ ᠨᠢᠭᠡ ᠠᠯᠬᠤᠮ ᠢᠯᠡᠷᠡᠵᠡᠢ᠃
      《 ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ ᠬᠠᠷᠠᠯᠲᠠ ᠮᠥᠨ 》᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠡᠷᠭᠢᠴᠡᠭᠦᠯᠬᠦᠶ᠎ᠡ᠂ ᠬᠠᠯᠠᠭᠤᠨ ᠳᠤᠯᠠᠭᠠᠨ ᠠᠵᠢᠯ ᠣᠯᠭᠣᠯᠲᠠ᠎ᠶᠢᠨ ᠰᠢᠯᠭᠠᠯᠲᠠ᠎ᠶᠢᠨ ᠬᠠᠭᠤᠳᠠᠰᠤ ᠨᠢ ᠠᠷᠠᠳ᠎ᠤᠨ ᠠᠮᠢᠳᠤᠷᠠᠯ᠎ᠤᠨ ᠰᠠᠭᠤᠷᠢ᠎ᠶᠢ ᠪᠡᠬᠢᠵᠢᠭᠦᠯᠵᠦ᠂ ᠲᠦᠭ ᠲᠦᠮᠡᠨ ᠭᠡᠷ ᠪᠦᠯᠢ᠎ᠶᠢ ᠰᠠᠬᠢᠨ ᠬᠠᠮᠠᠭᠠᠯᠠᠪᠠ᠃
      ᠰᠢᠨ᠎ᠡ ᠠᠶᠠᠨ ᠵᠠᠮ᠎ᠳᠤ᠂ ᠨᠡᠩ ᠭᠦᠢᠴᠡᠳ᠂ ᠨᠡᠩ ᠴᠢᠨᠠᠷ ᠰᠠᠢᠲᠠᠢ ᠠᠵᠢᠯ ᠣᠯᠭᠣᠯᠲᠠ ᠨᠢ ᠯᠠᠪᠲᠠᠢ ᠴᠢᠨᠠᠷ ᠰᠠᠢᠲᠠᠢ ᠬᠥᠭᠵᠢᠯᠲᠡ᠎ᠳᠦ ᠲᠠᠰᠤᠷᠠᠯᠳᠡ ᠦᠭᠡᠢ ᠴᠢᠳᠠᠪᠤᠷᠢᠲᠠᠨ᠎ᠤ ᠬᠥᠳᠡᠯᠭᠡᠬᠦ ᠬᠦᠴᠦᠨ᠎ᠢ ᠨᠡᠮᠡᠷᠢᠯᠡᠵᠦ᠂ ᠲᠦᠭ ᠲᠦᠮᠡᠨ ᠬᠥᠳᠡᠯᠮᠦᠷᠢᠴᠢᠳ᠎ᠦᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠪᠣᠯᠣᠨ᠎ᠠ᠃ ( ᠸᠧᠢ ᠵᠢᠶᠧ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            