ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠠᠳᠤᠯᠭ᠎ᠠ᠎ᠶᠢᠨ 《 ᠬᠥᠭᠥᠷᠭᠡ 》 ᠨᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠯᠲᠠ᠎ᠶᠢᠨ ᠵᠠᠮ᠎ᠢᠶᠠᠷ ᠯᠠᠪᠳᠠᠭᠤᠨ᠎ᠢᠶᠠᠷ ᠵᠠᠮᠨᠠᠬᠤ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2025-11-12

       《 ᠡᠨᠡ ᠤᠳᠠᠭᠠᠨ᠎ᠤ ᠳᠠᠳᠤᠯᠭ᠎ᠠ᠎ᠶᠢᠨ ᠥᠩᠭᠡᠷᠡᠯᠲᠡ ᠨᠢ ᠨᠠᠳᠠ ᠰᠢᠭ᠋ ᠡᠢᠮᠦ ᠠᠵᠢᠯ᠎ᠤᠨ ᠲᠤᠷᠰᠢᠯᠭ᠎ᠠ ᠦᠭᠡᠢ ᠲᠡᠭᠦᠰᠦᠭᠰᠡᠨ ᠰᠤᠷᠤᠭ᠍ᠴᠢᠳ᠎ᠲᠤ ᠦᠢᠯᠡᠳᠦᠯᠭᠡ᠎ᠶᠢᠨ ᠡᠷᠬᠢᠮ ᠨᠠᠨᠳᠢᠨ ᠲᠣᠬᠢᠶᠠᠯ ᠣᠯᠭᠣᠵᠤ ᠂ ᠮᠢᠨᠤ ᠠᠵᠢᠯ᠎ᠤᠨ ᠪᠠᠢᠷᠢ᠎ᠶᠢᠨ ᠣᠷᠴᠢᠨ ᠲᠣᠭᠣᠷᠢᠨ᠎ᠳᠤ ᠲᠦᠷᠭᠡᠨ ᠵᠣᠬᠢᠴᠠᠵᠤ ᠂ ᠠᠵᠢᠯ᠎ᠤᠨ ᠪᠠᠢᠷᠢ᠎ᠶᠢᠨ ᠥᠷᠢᠰᠦᠯᠳᠦᠬᠦ ᠬᠦᠴᠦᠨ᠎ᠢ ᠨᠡᠮᠡᠭᠳᠡᠭᠦᠯᠦᠭᠰᠡᠨ ᠪᠠᠢᠨ᠎ᠠ 》 ᠭᠡᠵᠦ 8 ᠰᠠᠷ᠎ᠠ᠎ᠶᠢᠨ 19᠎ᠦ ᠡᠳᠦᠷ᠂ ᠣᠷᠳᠣᠰ᠎ᠤᠨ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠰᠣᠷᠣᠭ᠍ᠴᠢ ᠦ᠋ ᠰᠢᠤᠸᠠᠨ ᠵᠢᠩ ᠬᠡᠯᠡᠪᠡ᠃
       ᠡᠨᠡ ᠵᠢᠯ᠎ᠦᠨ ᠲᠡᠭᠦᠰᠬᠦ ᠤᠯᠠᠷᠢᠯ᠎ᠳᠤ᠂ ᠦ᠋ ᠰᠢᠤᠸᠠᠨ ᠵᠢᠩ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠦᠯᠵᠢᠶᠡᠨ ᠳᠡᠭᠡᠷ᠎ᠡ᠎ᠡᠴᠡ ᠳᠠᠳᠤᠯᠭ᠎ᠠ᠎ᠶᠢᠨ ᠲᠤᠰᠬᠠᠢ ᠲᠠᠯᠠᠪᠠᠢ᠎ᠶᠢᠨ ᠠᠵᠢᠯᠲᠠᠨ ᠡᠯᠰᠡᠬᠦ ᠴᠤᠭᠯᠠᠭᠠᠨ᠎ᠤ ᠮᠡᠳᠡᠭᠡ ᠵᠠᠩᠭᠢ᠎ᠶᠢ ᠣᠯᠵᠤ ᠦᠵᠡᠭᠡᠳ᠂ ᠲᠤᠷᠰᠢᠵᠤ ᠦᠵᠡᠬᠦ ᠪᠤᠳᠤᠯ ᠰᠡᠳᠬᠢᠯᠭᠡ᠎ᠶᠢ ᠡᠪᠦᠷᠯᠡᠨ ᠣᠴᠢᠵᠠᠢ᠃ ᠲᠡᠷᠡ ᠠᠵᠢᠯᠲᠠᠨ ᠡᠯᠰᠡᠬᠦ ᠴᠤᠭᠯᠠᠭᠠᠨ ᠳᠡᠭᠡᠷ᠎ᠡ ᠸᠠᠨ ᠵᠧᠩ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠨᠢᠭᠤᠷᠲᠠᠨ ᠰᠢᠯᠭᠠᠯᠲᠠ᠎ᠶᠢ ᠥᠩᠭᠡᠷᠡᠭᠡᠵᠦ᠂ 3 ᠰᠠᠷ᠎ᠠ᠎ᠶᠢᠨ ᠬᠤᠭᠤᠴᠠᠭᠠᠨ᠎ᠤ ᠴᠡᠪᠡᠷ ᠤᠰᠤᠨ᠎ᠤ ᠠᠵᠢᠯᠯᠠᠭ᠍ᠴᠢ᠎ᠶᠢᠨ ᠠᠵᠢᠯ᠎ᠤᠨ ᠪᠠᠢᠷᠢ᠎ᠶᠢᠨ ᠳᠠᠳᠤᠯᠭ᠎ᠠ᠎ᠪᠠᠨ ᠡᠬᠢᠯᠡᠭᠦᠯᠵᠡᠢ᠃
       ᠠᠵᠢᠯ᠎ᠤᠨ ᠪᠠᠢᠷᠢ᠎ᠳᠤ ᠠᠩᠬ᠎ᠠ ᠬᠦᠷᠬᠦ ᠦᠶ᠎ᠡ᠎ᠳᠦ᠂ ᠤᠨᠤᠯ ᠪᠣᠯᠣᠨ ᠪᠣᠳᠠᠲᠤ ᠪᠠᠢᠳᠠᠯ᠎ᠤᠨ ᠵᠥᠷᠢᠶ᠎ᠡ᠎ᠡᠴᠡ ᠪᠣᠯᠵᠤ᠂ ᠦ᠋ ᠰᠢᠤᠸᠠᠨ ᠵᠢᠩ ᠦᠨᠳᠦᠰᠦᠨ ᠮᠡᠳᠡᠭᠦᠯᠦᠯᠲᠡ᠎ᠶᠢᠨ ᠬᠦᠰᠦᠨᠦᠭᠲᠦ᠎ᠶᠢ ᠵᠣᠬᠢᠶᠠᠬᠤ᠎ᠳᠠᠭᠠᠨ ᠴᠤ᠌ ᠪᠣᠯᠪᠠᠰᠤᠷᠠᠩᠭᠤᠢ ᠪᠢᠰᠢ ᠪᠠᠢᠵᠠᠢ᠃ ᠠᠵᠤ ᠠᠬᠤᠢᠯᠠᠯ᠎ᠤᠨ ᠬᠢᠨ ᠲᠡᠭᠦᠨ᠎ᠳᠦ ᠰᠢᠰᠲᠧᠮ᠎ᠲᠠᠢ ᠬᠥᠮᠥᠵᠢᠭᠦᠯᠬᠦ ᠲᠥᠯᠥᠪᠯᠡᠭᠡ ᠲᠣᠭᠲᠠᠭᠠᠨ ᠥᠭᠴᠦ ᠂ ᠠᠬᠠᠮᠠᠳ ᠠᠵᠢᠯᠲᠠᠳ᠎ᠢ ᠳᠠᠭᠠᠭᠤᠯᠤᠨ ᠰᠤᠷᠭᠠᠬᠤ ᠠᠵᠢᠯ᠎ᠢ ᠲᠣᠬᠢᠷᠠᠭᠤᠯᠵᠠᠢ ᠃ 《 ᠪᠠᠭ᠍ᠰᠢ ᠨᠠᠳᠠ᠎ᠳᠤ ᠦᠯᠢᠭᠡᠷ ᠠᠪᠴᠤ ᠰᠢᠯᠭᠠᠨ ᠪᠠᠢᠴᠠᠭᠠᠵᠤ᠂ ᠲᠣᠭ᠎ᠠ ᠪᠠᠷᠢᠮᠲᠠ᠎ᠶᠢ ᠵᠠᠳᠠᠯᠤᠨ ᠰᠢᠨᠵᠢᠯᠡᠬᠦ᠎ᠶᠢ ᠵᠢᠭᠠᠵᠤ᠂ ᠨᠠᠳᠠ᠎ᠳᠤ ᠦᠢᠯᠡᠳᠪᠦᠷᠢᠯᠡᠯ᠎ᠦᠨ ᠲᠠᠰᠤᠭ᠎ᠤᠨ ᠴᠡᠪᠡᠷ ᠤᠰᠤᠨ᠎ᠤ ᠠᠵᠢᠯᠯᠠᠭᠠᠨ᠎ᠤ ᠶᠠᠪᠤᠴᠠ᠎ᠶᠢ ᠣᠢᠯᠠᠭᠠᠭᠤᠯᠤᠭᠰᠠᠨ᠎ᠠᠴᠠ ᠪᠢ ᠡᠳᠦᠷ ᠪᠦᠷᠢ ᠲᠠᠪᠰᠢᠯᠳᠠ᠎ᠲᠠᠢ ᠪᠣᠯᠤᠭᠰᠠᠨ ᠰᠢᠭ᠋ ᠰᠠᠨᠠᠭᠳᠠᠪᠠ᠃ 》 ᠦ᠋ ᠰᠢᠤᠸᠠᠨ ᠵᠢᠩ ᠬᠡᠯᠡᠬᠦ᠎ᠳᠡᠭᠡᠨ ᠂ ᠪᠠᠭ᠍ᠰᠢ᠎ᠶᠢᠨ ᠵᠢᠯᠣᠭᠣᠳᠤᠯᠭ᠎ᠠ᠎ᠳᠤ ᠲᠦᠰᠢᠭᠯᠡᠵᠦ ᠪᠠᠢᠭᠰᠠᠨ᠎ᠠᠴᠠ᠎ᠪᠠᠨ ᠬᠡᠰᠡᠭ ᠰᠢᠯᠭᠠᠨ ᠪᠠᠢᠴᠠᠭᠠᠯᠲᠠ ᠪᠠ ᠴᠡᠪᠡᠷ ᠤᠰᠤᠨ᠎ᠤ ᠠᠵᠢᠯᠯᠠᠭ᠎ᠠ᠎ᠶᠢ ᠪᠡᠶ᠎ᠡ᠎ᠪᠡᠨ ᠳᠠᠭᠠᠭᠠᠨ ᠪᠡᠶᠡᠯᠡᠭᠦᠯᠵᠦ ᠳᠡᠶ᠋ᠢᠯᠬᠦ ᠪᠣᠯᠵᠤ ᠂ ᠥᠪᠡᠷ᠎ᠦᠨ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ ᠨᠢ ᠢᠯᠡᠳᠲᠡ ᠳᠡᠭᠡᠭᠰᠢᠯᠡᠵᠡᠢ ᠃
       ᠲᠦᠷᠦᠭᠦᠬᠡᠨ ᠂ ᠦ᠋ ᠰᠢᠤᠸᠠᠨ ᠵᠢᠩ ᠳᠠᠳᠤᠯᠭ᠎ᠠ᠎ᠶᠢᠨ ᠬᠤᠭᠤᠴᠠᠭᠠᠨ᠎ᠳᠠᠬᠢ ᠰᠢᠯᠢᠳᠡᠭ ᠢᠯᠡᠷᠡᠯ ᠪᠠ ᠪᠠᠷᠢᠮᠵᠢᠶ᠎ᠠ᠎ᠳᠤ ᠬᠦᠷᠬᠦ ᠤᠷ᠎ᠠ ᠴᠢᠳᠠᠪᠤᠷᠢ᠎ᠪᠠᠷ᠎ᠢᠶᠠᠨ ᠸᠠᠨ ᠵᠧᠩ ᠪᠡᠯᠡ ᠣᠷᠣᠭᠤᠯᠤᠯᠲᠠ᠎ᠶᠢᠨ ᠪᠦᠯᠦᠭᠯᠡᠯ᠎ᠳᠦ ᠵᠢᠩᠬᠢᠨᠢ ᠠᠵᠢᠯᠲᠠᠨ᠎ᠢᠶᠠᠷ ᠡᠯᠰᠡᠭᠳᠡᠪᠡ ᠃ 《 ᠡᠨᠡ ᠤᠳᠠᠭᠠᠨ᠎ᠤ ᠳᠠᠳᠤᠯᠭ᠎ᠠ᠎ᠶᠢᠨ ᠲᠣᠬᠢᠶᠠᠯ᠎ᠢᠶᠠᠷ ᠪᠢ ᠲᠤᠷᠰᠢᠯᠭ᠎ᠠ ᠦᠭᠡᠢ ᠠᠵᠢᠯᠴᠢᠨ᠎ᠠᠴᠠ᠎ᠪᠠᠨ ᠪᠡᠶ᠎ᠡ᠎ᠪᠡᠨ ᠳᠠᠭᠠᠭᠠᠵᠤ ᠠᠵᠢᠯᠯᠠᠬᠤ ᠠᠵᠢᠯᠲᠠᠨ ᠪᠣᠯᠵᠤ ᠂ ᠮᠡᠷᠭᠡᠵᠢᠯ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠬᠥᠯ ᠲᠣᠭᠲᠠᠵᠤ ᠴᠢᠳᠠᠵᠠᠢ ᠂ ᠡᠢᠮᠦ᠎ᠡᠴᠡ ᠪᠢ ᠣᠨᠴᠠᠭᠠᠢᠯᠠᠨ ᠲᠠᠯᠠᠷᠬᠠᠵᠤ ᠪᠠᠢᠨ᠎ᠠ ᠃ 》
       ᠦ᠋ ᠰᠢᠤᠸᠠᠨ ᠵᠢᠩ ᠪᠣᠯ ᠮᠠᠨ᠎ᠤ ᠣᠷᠣᠨ᠎ᠤ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠲᠦᠷᠦ᠎ᠶᠢᠨ ᠪᠣᠳᠣᠯᠭ᠎ᠠ᠎ᠪᠠᠷ ᠳᠠᠮᠵᠢᠨ ᠠᠵᠢᠯ ᠣᠯᠭᠣᠯᠲᠠ᠎ᠶᠢ ᠪᠡᠶᠡᠯᠡᠭᠦᠯᠦᠭᠰᠡᠨ ᠨᠡᠢᠲᠡᠯᠢᠭ ᠵᠢᠱ᠌ᠢᠶ᠎ᠡ ᠪᠣᠯᠣᠨ᠎ᠠ᠃ ᠡᠨᠡ ᠵᠢᠯ ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠠᠵᠢᠯ᠎ᠢ ᠲᠦᠯᠬᠢᠨ ᠠᠬᠢᠭᠤᠯᠵᠤ ᠂ ᠠᠵᠤ ᠠᠬᠤᠢᠯᠠᠯ ᠪᠣᠯᠣᠨ ᠵᠠᠯᠠᠭᠤᠴᠤᠳ᠎ᠤᠨ ᠨᠡᠪᠲᠡᠷᠡᠯᠴᠡᠬᠦ ᠬᠥᠭᠥᠷᠭᠡ᠎ᠶᠢ ᠴᠣᠭᠴᠠᠯᠠᠪᠠ ᠃ 7 ᠰᠠᠷ᠎ᠠ᠎ᠶᠢᠨ ᠰᠡᠭᠦᠯᠴᠢ ᠪᠣᠯᠲᠠᠯ᠎ᠠ᠂ ᠪᠦᠬᠦ ᠣᠷᠣᠨ᠎ᠳᠤ ᠨᠢᠭᠡᠨᠲᠡ 1.2 ᠲᠦᠮᠡᠨ ᠳᠠᠳᠤᠯᠭ᠎ᠠ᠎ᠶᠢᠨ ᠠᠵᠢᠯ᠎ᠤᠨ ᠪᠠᠢᠷᠢ ᠡᠯᠰᠡᠵᠦ᠂ 5050 ᠬᠥᠮᠥᠨ᠎ᠢ ᠳᠠᠳᠤᠯᠭ᠎ᠠ᠎ᠶᠢᠨ ᠠᠵᠢᠯ᠎ᠤᠨ ᠪᠠᠢᠷᠢ᠎ᠳᠤ ᠭᠠᠷᠭᠠᠵᠤ᠂ ᠵᠠᠯᠠᠭᠤᠴᠤᠳ᠎ᠢ ᠬᠠᠪᠰᠤᠷᠤᠨ ᠠᠵᠢᠯ ᠣᠯᠬᠤ ᠴᠢᠳᠠᠪᠤᠷᠢ᠎ᠶᠢ ᠨᠢ ᠳᠡᠭᠡᠭᠰᠢᠯᠡᠭᠦᠯᠵᠦ᠂ ᠠᠵᠤ ᠠᠬᠤᠢᠯᠠᠯ᠎ᠳᠤ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠨᠥᠭᠡᠴᠡᠯᠡᠵᠦ ᠥᠭᠴᠡᠢ᠃
       ᠣᠢᠯᠠᠭᠠᠭᠰᠠᠨ᠎ᠢᠶᠠᠷ ᠂ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠠᠵᠢᠯ᠎ᠢ ᠦᠨᠡᠨ ᠬᠦ᠌ ᠰᠠᠢᠲᠤᠷ ᠬᠢᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠵᠢᠯ᠎ᠦᠨ ᠡᠬᠢᠨ᠎ᠳᠦ ᠳᠠᠷᠤᠮᠠᠯᠯᠠᠨ ᠲᠠᠷᠬᠠᠭᠠᠭᠰᠠᠨ ᠠᠵᠢᠯ ᠣᠯᠭᠣᠯᠲᠠ᠎ᠶᠢ ᠠᠬᠢᠭᠤᠯᠬᠤ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠨᠥᠬᠥᠪᠦᠷᠢ᠎ᠶᠢᠨ ᠪᠠᠷᠢᠮᠵᠢᠶ᠎ᠠ᠎ᠶᠢ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠲᠥᠷᠥᠯ᠎ᠦᠨ ᠭᠠᠵᠠᠷ ᠣᠷᠣᠨ᠎ᠤ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠶᠢᠨ 70%᠎ᠠᠴᠠ ᠳᠣᠣᠷ᠎ᠠ ᠦᠭᠡᠢ ᠪᠣᠯᠲᠠᠯ᠎ᠠ ᠳᠡᠭᠡᠭᠰᠢᠯᠡᠭᠦᠯᠵᠦ ᠂ ᠳᠠᠳᠤᠯᠭ᠎ᠠ᠎ᠶᠢᠨ ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠣᠷᠮ᠎ᠠ ᠨᠢ 50%᠎ᠠᠴᠠ ᠳᠡᠭᠡᠭᠰᠢ᠎ᠳᠦ ᠬᠦᠷᠦᠭᠰᠡᠨ ᠨᠢᠭᠡᠴᠢ᠎ᠳᠦ ᠨᠥᠬᠥᠪᠦᠷᠢ᠎ᠶᠢᠨ ᠪᠠᠷᠢᠮᠵᠢᠶ᠎ᠠ᠎ᠶᠢ 100%᠎ᠳᠤ ᠬᠦᠷᠲᠡᠯ᠎ᠡ ᠳᠡᠭᠡᠭᠰᠢᠯᠡᠭᠦᠯᠵᠦ ᠂ ᠳᠠᠳᠤᠯᠭ᠎ᠠ᠎ᠶᠢᠨ ᠬᠤᠭᠤᠴᠠᠭ᠎ᠠ ᠨᠢ ᠳᠦᠭᠦᠷᠦᠭᠡᠳᠦᠢ ᠪᠣᠯ ᠳᠠᠳᠤᠯᠭ᠎ᠠ᠎ᠶᠢᠨ ᠬᠥᠮᠥᠰ ᠯᠦ᠍ᠭᠡ ᠬᠥᠳᠡᠯᠮᠦᠷᠢ᠎ᠶᠢᠨ ᠭᠡᠷ᠎ᠡ ᠲᠣᠭᠲᠠᠭᠰᠠᠨ ᠪᠠᠢᠪᠠᠯ ᠂ ᠦᠯᠡᠳᠡᠭᠰᠡᠨ ᠬᠤᠭᠤᠴᠠᠭᠠᠨ᠎ᠤ ᠳᠠᠳᠤᠯᠭ᠎ᠠ᠎ᠶᠢᠨ ᠨᠥᠬᠥᠪᠦᠷᠢ ᠣᠯᠭᠣᠨ᠎ᠠ᠃
       ᠡᠭᠦᠨ᠎ᠦ ᠬᠠᠮᠲᠤ ᠂ ᠳᠠᠳᠤᠯᠭ᠎ᠠ᠎ᠶᠢᠨ ᠠᠵᠢᠯ᠎ᠤᠨ ᠪᠠᠢᠷᠢ᠎ᠶᠢᠨ ᠴᠤᠭᠯᠠᠭᠤᠯᠬᠤ ᠲᠥᠯᠥᠪᠯᠡᠭᠡ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ ᠂ ᠣᠯᠠᠨ ᠡᠰᠢ᠎ᠪᠡᠷ ᠴᠤᠭᠯᠠᠭᠤᠯᠬᠤ ᠂ ᠲᠣᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠡᠷ ᠴᠢᠬᠤᠯᠠᠴᠢᠯᠠᠬᠤ ᠵᠠᠷᠴᠢᠮ ᠶᠣᠰᠣᠭᠠᠷ ᠂ ᠬᠥᠲᠥᠴᠢ ᠠᠵᠤ ᠠᠬᠤᠢᠯᠠᠯ ᠂ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠨᠡᠭᠡᠭᠡᠨ ᠬᠥᠭᠵᠢᠭᠦᠯᠬᠦ ᠬᠠᠮᠢᠶᠠᠷᠤᠯᠲᠠ᠎ᠶᠢᠨ ᠲᠥᠷᠥᠯ ᠂ ᠮᠡᠷᠭᠡᠵᠢᠯ᠎ᠦᠨ ᠲᠥᠷᠥᠯ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ᠎ᠦᠨ ᠠᠵᠢᠯ᠎ᠤᠨ ᠪᠠᠢᠷᠢ᠎ᠳᠤ ᠬᠠᠨᠳᠤᠭᠤᠯᠤᠨ ᠂ ᠠᠵᠢᠯ ᠣᠯᠭᠣᠯᠲᠠ ᠂ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ ᠨᠡᠭᠡᠭᠡᠨ ᠬᠥᠭᠵᠢᠭᠦᠯᠬᠦ ᠲᠤᠰᠠᠯᠠᠬᠤ ᠲᠥᠷᠥᠯ᠎ᠦᠨ ᠳᠠᠳᠤᠯᠭ᠎ᠠ᠎ᠶᠢᠨ ᠠᠵᠢᠯ᠎ᠤᠨ ᠪᠠᠢᠷᠢ᠎ᠳᠤ ᠬᠠᠨᠳᠤᠭᠤᠯᠤᠨ ᠂ ᠠᠵᠢᠯ᠎ᠤᠨ ᠪᠠᠢᠷᠢ᠎ᠶᠢᠨ ᠨᠥᠭᠡᠴᠡ᠎ᠶᠢ ᠭᠦᠢᠴᠡᠳ ᠬᠢᠨ᠎ᠡ᠃
       ᠵᠠᠯᠭᠠᠭᠠᠳ ᠂ ᠥᠪᠥᠷ ᠮᠣᠩᠭᠣᠯ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠠᠵᠢᠯ᠎ᠢ ᠦᠷᠭᠦᠯᠵᠢᠯᠡᠨ ᠠᠬᠢᠭᠤᠯᠵᠤ ᠂ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠪᠥᠬᠥ ᠲᠠᠯ᠎ᠠ᠎ᠪᠠᠷ ᠲᠡᠭᠦᠯᠳᠡᠷᠵᠢᠭᠦᠯᠦᠨ ᠂ ᠳᠠᠳᠤᠯᠭ᠎ᠠ᠎ᠶᠢᠨ ᠰᠠᠭᠤᠷᠢᠨ ᠭᠠᠵᠠᠷ᠎ᠤᠨ ᠬᠥᠳᠡᠯᠦᠩᠭᠦᠢ ᠬᠠᠮᠢᠶᠠᠷᠤᠯᠲᠠ᠎ᠶᠢ ᠴᠢᠩᠭᠠᠳᠬᠠᠵᠤ ᠂ ᠳᠠᠳᠤᠯᠭ᠎ᠠ᠎ᠶᠢᠨ ᠠᠵᠢᠯ᠎ᠤᠨ ᠪᠠᠢᠷᠢ᠎ᠶᠢ ᠥᠷᠭᠡᠨ᠎ᠢᠶᠡᠷ ᠴᠤᠭᠯᠠᠭᠤᠯᠤᠨ ᠂ ᠰᠤᠷᠭᠠᠭᠤᠯᠢ ᠠᠵᠤ ᠠᠬᠤᠢᠯᠠᠯ᠎ᠤᠨ ᠬᠠᠩᠭᠠᠯᠭ᠎ᠠ ᠬᠡᠷᠡᠭᠴᠡᠭᠡ᠎ᠶᠢᠨ ᠬᠥᠭᠥᠷᠭᠡ᠎ᠶᠢ ᠪᠠᠢᠭᠤᠯᠵᠤ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠭᠣᠯᠲᠠ᠎ᠶᠢᠨ ᠵᠠᠮ᠎ᠢᠶᠠᠷ ᠯᠠᠪᠳᠠᠭᠤᠨ ᠵᠠᠮᠨᠠᠬᠤ᠎ᠳᠤ ᠬᠦᠴᠦᠨ ᠨᠡᠮᠡᠷᠢᠯᠡᠵᠦ ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            