ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠰᠤᠷᠭᠠᠭᠤᠯᠢ᠎ᠶᠢᠨ ᠬᠦᠷᠢᠶᠡᠨ᠎ᠡᠴᠡ ᠠᠵᠢᠯ᠎ᠤᠨ ᠲᠠᠯᠠᠪᠤᠷ ᠬᠦᠷᠲᠡᠯ᠎ᠡ ᠠᠵᠢᠯ ᠣᠯᠭᠣᠯᠲᠠ᠎ᠶᠢᠨ ᠦᠢᠯᠡᠴᠢᠯᠡᠭᠡ ᠲᠠᠰᠤᠷᠠᠯᠳᠠ ᠦᠭᠡᠢ ᠦᠷᠭᠦᠯᠵᠢᠯᠡᠨ᠎ᠡ
ᠨᠡᠶ᠋ᠢᠲᠡᠯᠡᠭᠰᠡᠨ ᠴᠠᠭ᠄ 2025-11-12

        ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠂ ᠠᠵᠤ ᠠᠬᠤᠢ᠎ᠶᠢᠨ ᠬᠥᠭᠵᠢᠯᠲᠡ ᠪᠣᠯᠣᠨ ᠤᠯᠤᠰ᠎ᠤᠨ ᠢᠷᠡᠭᠡᠳᠦᠢ᠎ᠲᠠᠢ ᠬᠣᠯᠪᠣᠭᠳᠠᠨ᠎ᠠ᠃ ᠡᠨᠡ ᠵᠢᠯ ᠮᠠᠨ᠎ᠤ ᠤᠯᠤᠰ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭ᠍ᠴᠢ᠎ᠶᠢᠨ ᠲᠣᠭ᠎ᠠ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ ᠂ 1222 ᠲᠦᠮᠡᠨ ᠬᠥᠮᠥᠨ᠎ᠳᠦ ᠬᠦᠷᠴᠡᠢ ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠪᠣᠭᠣᠮᠲᠠ ᠰᠢᠪᠲᠤᠯᠬᠤ ᠠᠵᠢᠯᠯᠠᠭ᠎ᠠ᠎ᠶᠢ ᠬᠡᠷᠡᠭᠵᠢᠭᠦᠯᠬᠦ᠎ᠪᠡᠷ ᠭᠠᠷᠳᠠᠴᠠ ᠪᠣᠯᠭᠠᠵᠤ᠂ ᠦᠢᠯᠡᠴᠢᠯᠡᠭᠡᠨ᠎ᠦ ᠨᠠᠷᠢᠨ ᠲᠠᠩᠰᠠ᠎ᠶᠢ ᠲᠥᠪᠯᠡᠷᠡᠭᠦᠯᠦᠨ ᠭᠠᠷᠭᠠᠬᠤ᠂ ᠤᠨᠢᠨ ᠳᠡᠭᠡᠷ᠎ᠡ ᠨᠢ ᠦᠢᠯᠡᠴᠢᠯᠡᠬᠦ᠎ᠶᠢ ᠲᠥᠪᠯᠡᠷᠡᠭᠦᠯᠦᠨ ᠥᠷᠨᠢᠭᠦᠯᠬᠦ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠲᠥᠪᠯᠡᠷᠡᠭᠦᠯᠦᠨ ᠬᠦᠷᠭᠡᠬᠦ᠂ ᠳᠠᠳᠤᠯᠭ᠎ᠠ ᠪᠣᠯᠪᠠᠰᠤᠷᠠᠯ᠎ᠢ ᠲᠥᠪᠯᠡᠷᠡᠭᠦᠯᠦᠨ ᠵᠣᠬᠢᠶᠠᠨ ᠪᠠᠶ᠋ᠢᠭᠤᠯᠬᠤ᠂ ᠬᠦᠴᠢᠷᠳᠡᠯ᠎ᠢ ᠬᠠᠪᠰᠤᠷᠤᠨ ᠲᠡᠳᠬᠦᠬᠦ ᠠᠵᠢᠯ᠎ᠢ ᠲᠥᠪᠯᠡᠷᠡᠭᠦᠯᠦᠨ ᠥᠷᠨᠢᠭᠦᠯᠬᠦ ᠵᠡᠷᠭᠡ᠎ᠶᠢ ᠭᠣᠣᠯᠳᠠᠯᠭ᠎ᠠ᠎ᠲᠠᠢ ᠰᠠᠢᠲᠤᠷ ᠬᠢᠬᠦ ᠬᠡᠷᠡᠭᠲᠡᠢ᠃
        2025 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠪᠣᠭᠣᠮᠲᠠ ᠰᠢᠪᠲᠤᠯᠬᠤ ᠠᠵᠢᠯᠯᠠᠭ᠎ᠠ 7 ᠳ᠋ᠤᠭᠠᠷ ᠰᠠᠷ᠎ᠠ᠎ᠠᠴᠠ ᠡᠬᠢᠯᠡᠵᠦ ᠂ 12 ᠳ᠋ᠤᠭᠠᠷ ᠰᠠᠷ᠎ᠠ ᠪᠣᠯᠲᠠᠯ᠎ᠠ ᠦᠷᠭᠦᠯᠵᠢᠯᠡᠨ᠎ᠡ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠶᠠᠮᠠᠷ ᠶᠠᠮᠠᠷ ᠦᠢᠯᠡᠴᠢᠯᠡᠭᠡ ᠭᠠᠷᠭᠠᠵᠤ ᠂ ᠶᠠᠮᠠᠷ ᠦᠷ᠎ᠡ ᠪᠦᠲᠦᠮᠵᠢ ᠣᠯᠣᠭᠰᠠᠨ ᠪᠤᠶ ? ᠰᠤᠷᠪᠤᠯᠵᠢᠯᠠᠭ᠍ᠴᠢ ᠰᠤᠷᠪᠤᠯᠵᠢᠯᠠᠭ᠎ᠠ ᠬᠢᠪᠡ᠃
        ᠬᠣᠭᠣᠷᠣᠨᠳᠤ ᠨᠢ ᠵᠠᠭᠤᠴᠢᠯᠠᠵᠤ ᠬᠡᠷᠡᠭᠴᠡᠭᠡ᠎ᠶᠢ ᠣᠨᠣᠴᠢᠲᠠᠢ᠎ᠪᠠᠷ ᠠᠪᠴᠠᠯᠳᠤᠭᠤᠯᠤᠨ᠎ᠠ
        《 ᠶᠡᠬᠡ ᠰᠤᠷᠭᠠᠭᠤᠯᠢ ᠲᠡᠭᠦᠰᠦᠭᠰᠡᠨ᠎ᠦ ᠳᠠᠷᠠᠭ᠎ᠠ ᠪᠢ 30 ᠭᠠᠷᠤᠢ ᠬᠤᠪᠢ ᠲᠣᠪᠴᠢ ᠨᠠᠮᠲᠠᠷ ᠪᠢᠴᠢᠭᠰᠡᠨ ᠪᠣᠯᠪᠠᠴᠤ ᠶᠡᠷᠦ ᠨᠢ ᠲᠣᠬᠢᠷᠠᠮᠵᠢᠲᠠᠢ ᠠᠵᠢᠯ᠎ᠤᠨ ᠪᠠᠢᠷᠢ ᠣᠯᠣᠭᠰᠠᠨ ᠦᠭᠡᠢ ᠂ ᠭᠡᠷ᠎ᠲᠡᠬᠡᠨ ᠬᠡᠰᠡᠭ ᠬᠤᠭᠤᠴᠠᠭ᠎ᠠ ᠠᠵᠢᠯ ᠬᠦᠯᠢᠶᠡᠵᠡᠢ ᠃ 》 ᠵᠧᠵᠢᠶᠠᠩ᠎ᠤᠨ ᠱᠣᠤᠰᠢᠩ ᠬᠤᠳᠠ᠎ᠶᠢᠨ ᠶᠤᠸᠠᠢ ᠴᠧᠩ ᠲᠣᠭᠣᠷᠢᠭ᠋᠎ᠲᠤ ᠰᠠᠭᠤᠵᠤ ᠪᠠᠢᠭ᠎ᠠ ᠴᠧᠨ ᠵᠢᠶᠠ ᠪᠠᠴᠢᠮᠳᠠᠨ ᠵᠣᠪᠠᠨᠢᠵᠤ ᠪᠠᠢᠬᠤ ᠦᠶ᠎ᠡ᠎ᠳᠦ᠂ ᠶᠤᠸᠠᠢ ᠴᠧᠩ ᠲᠣᠭᠣᠷᠢᠭ᠋᠎ᠤᠨ ᠭᠤᠤ ᠪᠦ ᠵᠡᠭᠡᠯᠢ ᠭᠤᠳᠤᠮᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠠᠪᠴᠠᠩ᠎ᠠᠴᠠ ᠤᠲᠠᠰᠤ ᠢᠷᠡᠭᠦᠯᠦᠭᠰᠡᠨ ᠪᠥᠭᠡᠳ ᠲᠡᠭᠦᠨ᠎ᠦ ᠲᠤᠰᠬᠠᠢ ᠮᠡᠷᠭᠡᠵᠢᠯ᠎ᠦᠨ ᠪᠠᠢᠳᠠᠯ ᠪᠣᠯᠣᠨ ᠠᠵᠢᠯ ᠡᠷᠢᠬᠦ ᠰᠠᠨᠠᠭ᠎ᠠ᠎ᠶᠢ ᠦᠨᠳᠦᠰᠦᠯᠡᠵᠦ᠂ ᠤᠯᠠᠨ ᠠᠷᠪᠢᠨ ᠠᠵᠢᠯ ᠣᠯᠬᠤ ᠲᠣᠬᠢᠶᠠᠯ᠎ᠢ ᠲᠠᠨᠢᠯᠴᠠᠭᠤᠯᠵᠠᠢ᠃ ᠣᠳᠣᠬᠠᠨ᠎ᠳᠤ᠂ ᠴᠧᠨ ᠵᠢᠶᠠ ᠨᠢᠭᠡᠨ ᠦᠢᠯᠡᠳᠬᠦ ᠦᠢᠯᠡᠰ᠎ᠦᠨ ᠠᠵᠤ ᠠᠬᠤᠢᠯᠠᠯ᠎ᠳᠤ ᠵᠠᠰᠠᠭ ᠵᠠᠬᠢᠷᠭᠠᠨ᠎ᠤ ᠲᠤᠰᠬᠠᠢ ᠲᠤᠰᠢᠶᠠᠯᠲᠠᠨ᠎ᠤ ᠠᠵᠢᠯ᠎ᠢ ᠬᠢᠵᠦ ᠪᠠᠢᠨ᠎ᠠ ᠂ ᠲᠡᠷᠡ᠄ 《 ᠲᠠᠪᠴᠠᠩ᠎ᠠᠴᠠ ᠨᠠᠳᠠ᠎ᠳᠤ ᠬᠠᠨᠤᠮᠵᠢᠲᠠᠢ ᠠᠵᠢᠯ ᠣᠯᠵᠤ ᠥᠭᠭᠦᠭᠰᠡᠨ᠎ᠳᠦ ᠲᠠᠯᠠᠷᠬᠠᠵᠤ ᠪᠠᠢᠨ᠎ᠠ᠂ ᠮᠢᠨᠤ ᠤᠳᠤ᠎ᠶᠢᠨ ᠠᠵᠢᠯᠯᠠᠵᠤ ᠪᠠᠢᠭ᠎ᠠ ᠠᠵᠤ ᠠᠬᠤᠢᠯᠠᠯ ᠭᠡᠷ᠎ᠡᠴᠡ ᠣᠢᠷᠠᠬᠠᠨ᠂ ᠪᠠᠰᠠ ᠵᠠᠰᠠᠭ᠎ᠤᠨ ᠣᠷᠳᠣᠨ᠎ᠤ ᠴᠢᠳᠠᠪᠤᠷᠢᠲᠠᠨ᠎ᠤ ᠨᠥᠬᠥᠪᠦᠷᠢ᠎ᠶᠢ ᠬᠦᠷᠲᠡᠵᠦ ᠪᠠᠢᠨ᠎ᠠ 》 ᠭᠡᠪᠡ᠃
        《 ᠪᠢᠳᠡ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠣᠭᠠᠳᠤᠢ ᠬᠠᠷᠢᠶᠠᠲᠤ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠨᠢᠭᠡᠳ ᠨᠢᠭᠡ᠎ᠪᠡᠷ ᠤᠲᠠᠰᠤᠳᠠᠵᠤ ᠂ ᠠᠵᠢᠯ᠎ᠤᠨ ᠪᠠᠢᠷᠢ᠎ᠶᠢᠨ ᠲᠠᠨᠢᠯᠴᠠᠭᠤᠯᠭ᠎ᠠ ᠂ ᠠᠵᠢᠯ ᠮᠡᠷᠭᠡᠵᠢᠯ᠎ᠦᠨ ᠲᠠᠨᠢᠯᠴᠠᠭᠤᠯᠭ᠎ᠠ ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠵᠡᠷᠭᠡ ᠦᠢᠯᠡᠴᠢᠯᠡᠭᠡ ᠬᠠᠩᠭᠠᠵᠠᠢ ᠃ 》 ᠶᠤᠸᠠᠢ ᠴᠧᠩ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶᠠᠨ᠎ᠤ ᠠᠵᠢᠯᠲᠠᠨ ᠮᠧᠩ ᠳ᠋ᠦᠩ ᠯᠠᠨ᠎ᠤ ᠲᠠᠨᠢᠯᠴᠠᠭᠤᠯᠤᠭᠰᠠᠨ᠎ᠢᠶᠠᠷ ᠂ ᠣᠳᠣᠬᠠᠨ᠎ᠳᠤ ᠶᠤᠸᠠᠢ ᠴᠧᠩ ᠲᠣᠭᠣᠷᠢᠭ᠋᠎ᠤᠨ ᠬᠢᠨ ᠨᠢᠭᠡᠨᠲᠡ 2000 ᠰᠢᠬᠠᠮ ᠲᠡᠭᠦᠰᠬᠦ ᠰᠣᠷᠣᠭ᠍ᠴᠢ᠎ᠶᠢ ᠬᠠᠪᠰᠤᠷᠤᠨ ᠠᠵᠢᠯ ᠣᠯᠭᠣᠭᠰᠠᠨ ᠪᠠᠢᠨ᠎ᠠ᠃
        ᠡᠨᠡ ᠵᠢᠯ᠎ᠡᠴᠡ ᠨᠠᠭᠠᠰᠢ ᠂ ᠱᠣᠤᠰᠢᠩ ᠬᠣᠲᠠ᠎ᠶᠢᠨ ᠬᠢᠨ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ 《 ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ ᠰᠦᠯᠵᠢᠶ᠎ᠡ 》 ᠲᠣᠭᠠᠴᠢᠯᠠᠭᠰᠠᠨ ᠲᠠᠪᠴᠠᠩ᠎ᠳᠤ ᠣᠷᠣᠭᠤᠯᠵᠤ ᠂ ᠲᠣᠰ ᠭᠠᠵᠠᠷ᠎ᠤᠨ 7300 ᠭᠠᠷᠤᠢ ᠲᠡᠭᠦᠰᠦᠭᠰᠡᠳ᠎ᠢ ᠬᠠᠪᠰᠤᠷᠤᠨ ᠲᠡᠳᠬᠦᠪᠡ ; ᠨᠢᠭᠡᠨᠲᠡ 290 ᠭᠠᠷᠤᠢ ᠤᠳᠠᠭᠠᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠤᠷᠢᠵᠤ ᠡᠯᠰᠡᠬᠦ ᠠᠵᠢᠯᠯᠠᠭ᠎ᠠ᠎ᠶᠢ ᠡᠷᠭᠢᠯᠡᠵᠦ ᠂ 4 ᠲᠦᠮᠡ ᠭᠠᠷᠤᠢ ᠬᠥᠮᠥᠨ ᠠᠵᠢᠯ ᠣᠯᠬᠤ ᠰᠠᠨᠠᠮᠵᠢ ᠲᠣᠬᠢᠷᠠᠯᠴᠠᠪᠠ ᠃
        ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶᠢᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠬᠦ᠎ᠶᠢᠨ ᠲᠥᠯᠥᠭᠡ ᠂ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠠᠯᠢ ᠣᠯᠠᠨ ᠠᠷᠭ᠎ᠠ ᠬᠡᠮᠵᠢᠶ᠎ᠡ ᠠᠪᠴᠤ ᠂ ᠠᠵᠢᠯ ᠣᠯᠭᠣᠯᠲᠠ᠎ᠶᠢᠨ ᠬᠣᠶᠠᠷ ᠲᠠᠯ᠎ᠠ᠎ᠳᠤ ᠬᠥᠭᠥᠷᠭᠡ ᠬᠣᠯᠪᠣᠭᠠᠰᠤ ᠪᠣᠯᠵᠤ ᠂ ᠨᠠᠷᠢᠯᠢᠭ᠋ ᠣᠨᠣᠴᠠᠲᠠᠢ᠎ᠪᠠᠷ ᠵᠣᠯᠭᠠᠯᠳᠤᠭᠤᠯᠬᠤ᠎ᠶᠢ ᠪᠡᠶᠡᠯᠡᠭᠦᠯᠪᠡ ᠃ ᠳᠠᠩᠰᠠᠯᠠᠭᠤᠯᠤᠭᠰᠠᠨ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠦᠨᠡᠨ ᠨᠡᠷ᠎ᠡ᠎ᠶᠢᠨ ᠡᠬᠡ ᠲᠠᠩᠰᠠ ᠪᠠᠢᠭᠤᠯᠵᠤ ᠂ ᠲᠡᠳᠡᠨ᠎ᠦ ᠠᠵᠢᠯ ᠡᠷᠢᠬᠦ ᠰᠠᠨᠠᠮᠵᠢ ᠪᠠ ᠬᠡᠷᠡᠭᠴᠡᠭᠡ ᠱᠠᠭᠠᠷᠳᠠᠯᠭ᠎ᠠ᠎ᠶᠢ ᠰᠠᠨᠠᠭᠠᠴᠢᠯᠠᠭ᠎ᠠ᠎ᠠᠴᠠ᠎ᠪᠠᠨ ᠬᠠᠷᠢᠯᠴᠠᠵᠤ ᠣᠢᠯᠠᠭᠠᠨ ᠡᠵᠡᠮᠰᠢᠪᠡ ; ᠵᠠᠭᠤᠨ ᠡᠳᠦᠷ᠎ᠲᠦ ᠮᠢᠩᠭᠠᠨ ᠲᠦᠮᠡᠨ ᠠᠵᠢᠯᠲᠠᠨ ᠡᠯᠰᠡᠬᠦ ᠂ ᠪᠥᠬᠥ ᠤᠯᠤᠰ᠎ᠤᠨ ᠬᠣᠲᠠ ᠬᠠᠮᠲᠤᠷᠠᠭᠰᠠᠨ ᠠᠵᠢᠯᠲᠠᠨ ᠡᠯᠰᠡᠬᠦ ᠂ ᠠᠯᠲᠠᠨ ᠨᠠᠮᠤᠷ᠎ᠤᠨ ᠠᠵᠢᠯᠲᠠᠨ ᠡᠯᠰᠡᠬᠦ ᠰᠠᠷ᠎ᠠ ᠂ ᠤᠯᠤᠰ᠎ᠤᠨ ᠠᠵᠢᠯᠲᠠᠨ ᠡᠯᠰᠡᠬᠦ ᠠᠵᠢᠯᠯᠠᠭ᠎ᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ ᠠᠵᠢᠯᠲᠠᠨ ᠡᠯᠰᠡᠬᠦ ᠰᠢᠷᠢᠰ ᠠᠵᠢᠯᠯᠠᠭ᠎ᠠ᠎ᠶᠢ ᠵᠠᠯᠭᠠᠭ᠎ᠠ᠎ᠪᠠᠷ ᠡᠷᠭᠢᠯᠡᠵᠦ ᠂ ᠲᠡᠭᠦᠰᠬᠦ ᠰᠤᠷᠤᠭ᠍ᠴᠢᠳ᠎ᠲᠤ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠭᠦᠢᠴᠡᠳ ᠬᠠᠩᠭᠠᠪᠠ ; ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠭᠡᠷ ᠪᠦᠯᠢ ᠂ ᠨᠢᠭᠡ ᠴᠦ᠍ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠂ ᠳᠠᠬᠢᠨ ᠶᠠᠳᠠᠭᠤᠷᠠᠬᠤ᠎ᠶᠢ ᠰᠡᠷᠭᠡᠢᠯᠡᠬᠦ ᠬᠢᠨᠠᠨ ᠰᠢᠯᠭᠠᠬᠤ ᠡᠲᠡᠭᠡᠳ᠎ᠦᠨ ᠭᠡᠷ ᠪᠦᠯᠢ ᠵᠢᠴᠢ ᠵᠡᠮᠳᠡᠭ ᠵᠡᠷᠭᠡ ᠬᠦᠴᠢᠷᠳᠡᠯᠲᠡᠢ ᠲᠡᠭᠦᠰᠦᠭᠰᠡᠳ᠎ᠲᠦ ᠠᠩᠬᠠᠷᠤᠯ᠎ᠢᠶᠠᠨ ᠲᠥᠪᠯᠡᠷᠡᠭᠦᠯᠦᠨ ᠂ ᠬᠣᠣᠰᠯᠠᠯ ᠪᠠᠢᠭᠤᠯᠤᠨ ᠬᠠᠪᠰᠤᠷᠤᠨ ᠲᠡᠳᠬᠦᠵᠦ ᠂ ᠥᠪᠡᠷᠮᠢᠴᠡ ᠬᠠᠪᠰᠤᠷᠤᠨ ᠲᠡᠳᠬᠦᠬᠦ ᠲᠥᠰᠥᠯ᠎ᠢ ᠲᠣᠭᠲᠠᠭᠠᠨ ᠂ ᠠᠵᠢᠯ᠎ᠤᠨ ᠪᠠᠢᠷᠢ᠎ᠶᠢ ᠤᠷᠢᠳ᠎ᠢᠶᠠᠷ ᠲᠠᠨᠢᠯᠴᠠᠭᠤᠯᠵᠤ ᠂ ᠤᠷᠢᠳ᠎ᠢᠶᠠᠷ ᠳᠠᠳᠤᠯᠭ᠎ᠠ ᠪᠣᠯᠪᠠᠰᠤᠷᠠᠯ᠎ᠳᠤ ᠣᠷᠣᠯᠴᠠᠭᠤᠯᠵᠤ ᠂ ᠤᠷᠢᠳ᠎ᠢᠶᠠᠷ ᠠᠵᠢᠯ ᠮᠡᠷᠭᠡᠵᠢᠯ᠎ᠦᠨ ᠵᠢᠯᠣᠭᠣᠳᠤᠯᠭ᠎ᠠ ᠬᠠᠩᠭᠠᠵᠤ ᠂ 《 ᠡᠴᠦᠰ ᠲᠦ᠍ᠨᠢ ᠲᠤᠯᠲᠠᠯ᠎ᠠ ᠬᠠᠪᠰᠤᠷᠴᠤ᠂ ᠨᠢᠭᠡ᠎ᠶᠢ ᠴᠦ᠍ ᠣᠷᠬᠢᠭ᠍ᠳᠠᠭᠤᠯᠬᠤ ᠦᠭᠡᠢ 》 ᠪᠠᠢᠬᠤ᠎ᠶᠢ ᠪᠡᠶᠡᠯᠡᠭᠦᠯᠦᠨ᠎ᠡ᠃
        ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ ᠂ ᠢᠳᠡᠪᠬᠢᠲᠡᠢ᠎ᠪᠡᠷ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠨ᠎ᠡ
        ᠡᠨᠡ ᠵᠢᠯ᠎ᠡᠴᠡ ᠨᠠᠭᠠᠰᠢ ᠂ ᠥᠷᠭᠡᠨ ᠣᠯᠠᠨ ᠠᠵᠤ ᠠᠬᠤᠢᠯᠠᠯ ᠠᠵᠢᠯ ᠣᠯᠭᠣᠯᠲᠠ᠎ᠶᠢ ᠰᠢᠩᠭᠡᠬᠡᠨ ᠠᠪᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢᠶᠠᠨ ᠪᠠᠳᠠᠷᠠᠭᠤᠯᠵᠤ ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠵᠡᠢ ᠃
ᠬᠤᠸᠠ ᠸᠧᠢ 60 ᠭᠠᠷᠤᠢ ᠲᠥᠷᠥᠯ᠎ᠦᠨ ᠠᠵᠢᠯ᠎ᠤᠨ ᠪᠠᠢᠷᠢ᠎ᠶᠢ ᠨᠡᠭᠡᠭᠡᠵᠦ ᠂ ᠡᠨᠡ ᠵᠢᠯ ᠲᠣᠰ ᠬᠤᠭᠤᠴᠠᠭᠠᠨ᠎ᠤ ᠲᠡᠭᠦᠰᠬᠦ ᠰᠣᠷᠣᠭ᠍ᠴᠢ᠎ᠶᠢ 1 ᠲᠦᠮᠡ ᠭᠠᠷᠤᠢ ᠡᠯᠰᠡᠬᠦ᠎ᠪᠡᠷ ᠲᠥᠯᠥᠪᠯᠡᠵᠦ ᠂ ᠠᠳᠠᠯᠢ ᠬᠤᠭᠤᠴᠠᠭᠠᠨ᠎ᠤ ᠬᠢ᠎ᠡᠴᠡ ᠬᠣᠶᠠᠷ ᠣᠷᠣᠨᠲᠤ ᠲᠣᠭ᠎ᠠ᠎ᠪᠠᠷ ᠨᠡᠮᠡᠭᠳᠡᠭᠦᠯᠬᠦ᠎ᠪᠡᠷ ᠵᠢᠱ᠌ᠢᠵᠦ ᠪᠣᠶ ; ᠵᠢᠩ ᠳ᠋ᠦᠩ 3 ᠵᠢᠯ᠎ᠳᠦ ᠰᠤᠷᠭᠠᠭᠤᠯᠢ᠎ᠳᠤ ᠪᠠᠢᠭ᠎ᠠ ᠰᠤᠷᠤᠭ᠍ᠴᠢᠳ᠎ᠲᠤ ᠨᠡᠶ᠋ᠢᠲᠡ 5 ᠲᠦᠮᠡ ᠭᠠᠷᠤᠢ ᠠᠵᠢᠯ᠎ᠤᠨ ᠪᠠᠢᠷᠢ ᠬᠠᠩᠭᠠᠭᠰᠠᠨ ᠰᠠᠭᠤᠷᠢᠨ ᠳᠡᠭᠡᠷ᠎ᠡ᠂ 2025 ᠬᠤᠭᠤᠴᠠᠭᠠᠨ᠎ᠤ ᠲᠡᠭᠦᠰᠬᠦ ᠰᠤᠷᠤᠭ᠍ᠴᠢᠳ᠎ᠲᠤ ᠬᠠᠨᠳᠤᠭᠤᠯᠤᠨ ᠳᠠᠬᠢᠭᠠᠳ 1.8 ᠲᠦᠮᠡ ᠭᠠᠷᠤᠢ ᠠᠵᠢᠯ᠎ᠤᠨ ᠪᠠᠢᠷᠢ ᠬᠠᠩᠭᠠᠪᠠ ᠁ ᠡᠭᠦᠨ᠎ᠦ ᠠᠷᠤ᠎ᠳᠤ ᠡᠯ᠎ᠡ ᠭᠠᠵᠠᠷ᠎ᠤᠨ ᠬᠢᠨ ᠢᠳᠡᠪᠬᠢᠲᠡᠢ᠎ᠪᠡᠷ ᠠᠵᠢᠯ᠎ᠤᠨ ᠪᠠᠢᠷᠢ᠎ᠶᠢᠨ ᠳᠠᠯᠳᠠ ᠬᠦᠴᠦᠨ᠎ᠢᠶᠡᠨ ᠠᠭᠤᠳᠠᠯᠵᠤ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠳᠡᠮᠵᠢᠯᠭᠡ᠎ᠶᠢᠨ ᠡᠷᠴᠢᠮ᠎ᠢᠶᠡᠨ ᠴᠢᠩᠭᠠᠷᠠᠭᠤᠯᠤᠨ᠂ ᠠᠵᠤ ᠠᠬᠤᠢᠯᠠᠯ᠎ᠤᠨ ᠠᠵᠢᠯᠲᠠᠨ ᠡᠯᠰᠡᠬᠦ᠎ᠳᠦ ᠦᠢᠯᠡᠴᠢᠯᠡᠭᠡ᠎ᠪᠡᠨ ᠰᠢᠯᠢᠳᠡᠭᠵᠢᠭᠦᠯᠵᠦ᠂ ᠠᠵᠢᠯᠲᠠᠨ ᠡᠯᠰᠡᠬᠦ ᠬᠥᠮᠥᠨ ᠬᠡᠷᠡᠭᠯᠡᠬᠦ ᠪᠠᠲᠤᠯᠠᠭ᠎ᠠ᠎ᠪᠠᠨ ᠴᠢᠩᠭᠠᠳᠬᠠᠵᠤ ᠪᠠᠢᠨ᠎ᠠ᠃
        《 ᠪᠢᠳᠡ ᠡᠨᠡ ᠵᠢᠯ 5 ᠰᠤᠷᠤᠭ᠍ᠴᠢ᠎ᠶᠢ ᠤᠷᠢᠵᠤ ᠬᠡᠷᠡᠭᠯᠡᠭᠰᠡᠨ ᠪᠣᠯᠬᠣᠷ ᠵᠠᠰᠠᠭ᠎ᠤᠨ ᠣᠷᠳᠣᠨ᠎ᠠᠴᠠ ᠬᠥᠮᠥᠨ ᠪᠦᠷᠢ᠎ᠳᠦ 1000 ᠲᠥᠭᠥᠷᠢᠭ᠎ᠦᠨ ᠪᠠᠷᠢᠮᠵᠢᠶ᠎ᠠ᠎ᠪᠠᠷ ᠠᠵᠤ ᠠᠬᠤᠢᠯᠠᠯ᠎ᠳᠤ ᠨᠢᠭᠡ ᠯᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ ᠥᠭᠴᠡᠢ ᠃ 》 ᠭᠤᠸᠠᠩᠳᠦ᠋ᠩ᠎ᠦᠨ ᠭᠤᠸᠠᠩᠵᠧᠦ᠎ᠶᠢᠨ ᠨᠢᠭᠡᠨ ᠬᠠᠩᠭᠠᠯᠭ᠎ᠠ᠎ᠶᠢᠨ ᠬᠡᠯᠬᠢᠶ᠎ᠡ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠠᠵᠤ ᠠᠬᠤᠢᠯᠠᠯ᠎ᠤᠨ ᠠᠵᠢᠯᠲᠠᠨ᠎ᠤ ᠶᠠᠪᠤᠳᠠᠯ᠎ᠤᠨ ᠬᠡᠯᠲᠡᠰ᠎ᠦᠨ ᠳᠠᠭᠠᠭᠠᠮᠠᠯ ᠢᠯᠡᠷᠬᠡᠢᠯᠡᠬᠦ᠎ᠳᠡᠭᠡᠨ ᠂ ᠨᠥᠬᠥᠪᠦᠷᠢ ᠥᠭᠬᠦ ᠲᠥᠷᠥ᠎ᠶᠢᠨ ᠪᠣᠳᠣᠯᠭ᠎ᠠ ᠨᠢ ᠠᠵᠤ ᠠᠬᠤᠢᠯᠠᠯ᠎ᠤᠨ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠪᠠᠭᠤᠷᠠᠭᠤᠯᠵᠤ ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠳᠠᠷᠤᠯᠲᠠ᠎ᠶᠢ ᠪᠦᠲᠦᠮᠵᠢᠲᠡᠶ ᠬᠥᠩᠭᠡᠷᠡᠭᠦᠯᠵᠦ ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠥᠭᠵᠢᠯᠲᠡ᠎ᠳᠦ ᠬᠥᠳᠡᠯᠭᠡᠬᠦ ᠬᠦᠴᠦᠨ ᠨᠡᠮᠡᠷᠢᠯᠡᠪᠡ᠃
        ᠭᠤᠸᠠᠩᠳᠦ᠋ᠩ ᠮᠤᠵᠢ ᠲᠥᠰᠥᠯ ᠳᠠᠷᠤᠮᠠᠯᠯᠠᠨ ᠲᠠᠷᠬᠠᠭᠠᠵᠤ᠂ ᠳᠤᠮᠳᠠ ᠵᠢᠵᠢᠭ ᠠᠵᠤ ᠠᠬᠤᠢᠯᠠᠯ᠎ᠤᠨ ᠠᠵᠢᠯ᠎ᠤᠨ ᠪᠠᠢᠷᠢ᠎ᠪᠠᠨ ᠲᠣᠭᠲᠠᠪᠤᠷᠢᠵᠢᠭᠤᠯᠬᠤ ᠪᠠ ᠥᠷᠭᠡᠳᠬᠡᠬᠦ᠎ᠶᠢ ᠬᠥᠲᠥᠯᠥᠨ ᠵᠢᠯᠣᠭᠣᠳᠪᠠ᠃ ᠣᠢᠯᠠᠭᠠᠭᠰᠠᠨ᠎ᠢᠶᠠᠷ ᠂ 2025 ᠣᠨ᠎ᠤ ᠳᠡᠭᠡᠷ᠎ᠡ ᠬᠠᠭᠠᠰ ᠵᠢᠯ᠎ᠳᠦ᠂ ᠭᠤᠸᠠᠩᠵᠧᠦ ᠬᠣᠲᠠ᠎ᠶᠢᠨ ᠬᠢᠨ ᠨᠢᠭᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠪᠥᠬᠥ ᠬᠦᠴᠦᠨ᠎ᠢᠶᠡᠷ᠎ᠢᠶᠡᠨ ᠲᠦᠯᠬᠢᠨ ᠠᠬᠢᠭᠤᠯᠵᠤ᠂ ᠨᠢᠭᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ᠎ᠶᠢᠨ ᠪᠡᠯᠡ ᠮᠥᠩᠭᠥ᠎ᠶᠢ ᠨᠡᠶ᠋ᠢᠲᠡ 1916.4 ᠲᠦᠮᠡᠨ ᠲᠥᠭᠥᠷᠢᠭ ᠲᠠᠷᠬᠠᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭ᠍ᠴᠢ ᠪᠠ ᠠᠵᠢᠯ ᠠᠯᠳᠠᠭᠰᠠᠨ ᠵᠠᠯᠠᠭᠤᠴᠤᠳ᠎ᠢ ᠳᠠᠶ᠋ᠢᠴᠢᠯᠠᠨ 1.9 ᠲᠦᠮᠡ ᠭᠠᠷᠤᠢ ᠬᠥᠮᠥᠨ᠎ᠳᠦ ᠠᠵᠢᠯ ᠣᠯᠭᠣᠭᠰᠠᠨ ᠪᠠᠢᠨ᠎ᠠ᠃
        ᠮᠥᠩᠭᠥᠨ ᠭᠦᠢᠯᠭᠡᠭᠡ᠎ᠪᠡᠷ ᠠᠵᠤ ᠠᠬᠤᠢᠯᠠᠯ᠎ᠢ ᠲᠤᠰᠠᠯᠠᠬᠤ ᠡᠷᠴᠢᠮ᠎ᠢᠶᠠᠨ ᠴᠢᠩᠭᠠᠷᠠᠭᠤᠯᠵᠤ᠂ ᠨᠢᠭᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠨᠢᠭᠡ ᠤᠳᠠᠭ᠎ᠠ᠎ᠶᠢᠨ ᠴᠢᠨᠠᠷᠲᠠᠢ ᠬᠥᠮᠥᠨ ᠪᠠ ᠪᠡᠯᠡ ᠮᠥᠩᠭᠥ᠎ᠶᠢ ᠨᠡᠮᠡᠭᠳᠡᠭᠦᠯᠬᠦ ᠵᠡᠷᠭᠡ᠎ᠶᠢ ᠦᠷᠭᠦᠯᠵᠢᠯᠡᠨ ᠬᠡᠷᠡᠭᠵᠢᠭᠦᠯᠪᠡ ᠁ ᠠᠯᠢ ᠤᠯᠠᠨ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠲᠦᠷᠭᠡᠨ ᠪᠣᠳᠠᠲᠠᠢᠵᠢᠭᠤᠯᠤᠨ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ᠎ᠳᠦ ᠨᠡᠩ ᠤᠯᠠᠨ ᠳᠡᠮᠵᠢᠯᠭᠡ ᠦᠵᠡᠭᠦᠯᠪᠡ᠃
        ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠪᠣᠯ ᠰᠢᠨ᠎ᠡ᠎ᠶᠢ ᠡᠭᠦᠳᠴᠦ ᠦᠢᠯᠡᠰ ᠪᠣᠰᠬᠠᠬᠤ᠎ᠶᠢᠨ ᠰᠢᠨ᠎ᠡ ᠬᠦᠴᠦᠨ ᠮᠥᠨ᠂ ᠲᠡᠳᠡᠨ᠎ᠦ ᠦᠢᠯᠡᠰ ᠪᠣᠰᠬᠠᠬᠤ᠎ᠶᠢ ᠳᠡᠮᠵᠢᠬᠦ ᠨᠢ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠳᠠᠬᠢᠨ᠎ᠢᠶᠠᠷ ᠨᠡᠮᠡᠭᠳᠡᠭᠦᠯᠬᠦ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ᠎ᠳᠤ ᠠᠰᠢᠭ᠍ᠲᠠᠢ ᠶᠤᠮ᠃
        ᠡᠨᠡ ᠵᠢᠯ᠎ᠡᠴᠡ ᠨᠠᠭᠠᠰᠢ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠰᠠᠢᠨ ᠰᠠᠢᠬᠠᠨ ᠦᠢᠯᠡᠰ ᠪᠣᠰᠬᠠᠬᠤ ᠣᠷᠴᠢᠨ ᠲᠣᠭᠣᠷᠢᠨ᠎ᠢ ᠪᠤᠶ ᠪᠣᠯᠭᠠᠵᠤ ᠥᠭᠬᠦ᠎ᠶᠢᠨ ᠲᠤᠰᠠᠳᠠ᠂ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢᠨ ᠲᠥᠷᠥ᠎ᠶᠢᠨ ᠪᠣᠳᠣᠯᠭ᠎ᠠ᠎ᠶᠢ ᠬᠦᠴᠦᠯᠡᠨ ᠨᠠᠢᠳᠠᠪᠤᠷᠢᠵᠢᠭᠤᠯᠵᠤ ᠂ ᠨᠥᠬᠥᠴᠡᠯ᠎ᠳᠦ ᠨᠡᠢᠴᠡᠬᠦ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤ ᠦᠢᠯᠡᠰ ᠪᠣᠰᠬᠠᠭ᠍ᠴᠢᠳ᠎ᠲᠤ ᠬᠠᠮᠤᠭ᠎ᠤᠨ ᠥᠨᠳᠥᠷ᠎ᠲᠡᠬᠡᠨ 30 ᠲᠦᠮᠡᠨ ᠲᠥᠭᠥᠷᠢᠭ᠎ᠦᠨ ᠵᠠᠰᠠᠭ᠎ᠤᠨ ᠣᠷᠳᠣᠨ᠎ᠤ ᠳᠠᠮ ᠬᠦᠦ᠎ᠲᠠᠢ ᠵᠢᠭᠡᠯᠡᠯᠭᠡ ᠣᠯᠭᠣᠵᠤ ᠂ ᠵᠢᠵᠢᠭ ᠪᠢᠴᠢᠯ ᠠᠵᠤ ᠠᠬᠤᠢᠯᠠᠯ᠎ᠳᠤ ᠬᠠᠮᠤᠭ᠎ᠤᠨ ᠥᠨᠳᠥᠷ᠎ᠲᠡᠬᠡᠨ 400 ᠲᠦᠮᠡᠨ ᠲᠥᠭᠥᠷᠢᠭ᠎ᠦᠨ ᠵᠢᠭᠡᠯᠡᠯᠭᠡ ᠣᠯᠭᠣᠵᠤ ᠂ ᠠᠩᠬ᠎ᠠ ᠤᠳᠠᠭ᠎ᠠ ᠦᠢᠯᠡᠰ ᠪᠣᠰᠬᠠᠭᠰᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠨᠥᠬᠥᠴᠡᠯ᠎ᠳᠦ ᠨᠡᠢᠴᠡᠪᠡᠯ ᠪᠠᠰᠠ ᠨᠢᠭᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠭᠤᠶᠤᠴᠢᠯᠠᠵᠤ ᠪᠣᠯᠣᠨ᠎ᠠ ; ᠦᠢᠯᠡᠰ ᠪᠣᠰᠬᠠᠬᠤ ᠨᠡᠪᠴᠢᠭᠦᠯᠬᠦ ᠠᠴᠢᠶᠠᠯᠠᠪᠤᠷᠢ᠎ᠶᠢᠨ ᠪᠦᠲᠦᠭᠡᠨ ᠪᠠᠢᠭᠤᠯᠤᠯᠲᠠ ᠬᠢᠭᠡᠳ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠯᠡᠨ ᠂ ᠲᠡᠭᠦᠰᠬᠦ ᠰᠤᠷᠤᠭ᠍ᠴᠢᠳ ᠵᠡᠷᠭᠡ ᠵᠠᠯᠠᠭᠤ ᠦᠢᠯᠡᠰ ᠪᠣᠰᠬᠠᠭ᠍ᠴᠢᠳ᠎ᠲᠤ ᠥᠪᠡᠷ᠎ᠦᠨ ᠥᠷᠲᠡᠭ᠎ᠢᠶᠡᠷ ᠳᠣᠣᠷ᠎ᠠ ᠲᠠᠯᠠᠪᠤᠷ ᠭᠠᠵᠠᠷ᠎ᠤᠨ ᠳᠡᠮᠵᠢᠯᠭᠡ ᠬᠠᠩᠭᠠᠵᠤ ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠦᠢᠯᠡᠰ ᠪᠣᠰᠬᠠᠬᠤ ᠠᠴᠢᠶᠠᠯᠠᠪᠤᠷᠢ᠎ᠶᠢᠨ ᠲᠠᠯᠠᠪᠤᠷ ᠭᠠᠵᠠᠷ᠎ᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭ᠍ᠴᠢᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠤᠷᠢᠳ᠎ᠢᠶᠠᠷ ᠰᠦᠢᠳᠬᠡᠯ ᠬᠤᠷᠢᠶᠠᠬᠤ ᠦᠭᠡᠢ᠎ᠪᠡᠷ ᠬᠠᠩᠭᠠᠨ᠎ᠠ ; ᠦᠢᠯᠡᠰ ᠪᠣᠰᠬᠠᠬᠤ ᠪᠣᠯᠪᠠᠰᠤᠷᠠᠯ᠎ᠤᠨ ᠬᠤᠸᠠᠷᠠᠨ᠎ᠢ ᠳᠡᠯᠭᠡᠷᠡᠭᠦᠯᠵᠦ ᠂ ᠣᠷᠣᠨ ᠨᠤᠲᠤᠭ᠎ᠤᠨ ᠣᠨᠴᠠᠯᠢᠭ᠍ᠲᠤ ᠦᠢᠯᠡᠰ ᠪᠣᠰᠬᠠᠬᠤ ᠪᠣᠯᠪᠠᠰᠤᠷᠠᠯ ᠥᠷᠨᠢᠭᠦᠯᠬᠦ᠎ᠶᠢ ᠳᠡᠮᠵᠢᠵᠦ ᠂ ᠪᠣᠯᠪᠠᠰᠤᠷᠠᠯ᠎ᠤᠨ ᠨᠥᠬᠥᠪᠦᠷᠢ᠎ᠶᠢ ᠨᠠᠢᠳᠠᠪᠤᠷᠢᠵᠢᠭᠤᠯᠤᠨ᠎ᠠ ; ᠬᠣᠲᠠ ᠬᠥᠳᠡᠭᠡ᠎ᠶᠢ ᠬᠠᠮᠤᠷᠤᠭᠰᠠᠨ ᠦᠢᠯᠡᠰ ᠪᠣᠰᠬᠠᠬᠤ ᠦᠢᠯᠡᠴᠢᠯᠡᠭᠡᠨ᠎ᠦ ᠲᠣᠣᠷ ᠴᠡᠭ᠎ᠢ ᠪᠦᠲᠦᠭᠡᠨ ᠪᠠᠢᠭᠤᠯᠵᠤ ᠂ 《 ᠭᠡᠷ᠎ᠦᠨ ᠡᠭᠦᠳᠡᠨ᠎ᠳᠡᠬᠢ 》 《 ᠦᠢᠯᠡᠰ ᠪᠣᠰᠬᠠᠬᠤ᠎ᠳᠤ ᠪᠠᠷ᠎ᠠ ᠪᠣᠯᠬᠤ ᠣᠷᠣᠨ ᠵᠠᠢ 》᠎ᠶᠢ ᠬᠥᠭᠵᠢᠭᠦᠯᠦᠨ ᠂ ᠪᠥᠬᠥ ᠲᠠᠯ᠎ᠠ᠎ᠶᠢᠨ ᠪᠠ ᠪᠥᠬᠥ ᠦᠶᠡᠯᠡᠯ᠎ᠦᠨ ᠬᠤᠭᠤᠴᠠᠭᠠᠨ᠎ᠤ ᠦᠢᠯᠡᠰ ᠪᠣᠰᠬᠠᠬᠤ ᠦᠢᠯᠡᠴᠢᠯᠡᠭᠡ ᠬᠠᠩᠭᠠᠨ᠎ᠠ᠃
        ᠪᠣᠯᠪᠠᠰᠤᠷᠠᠯ᠎ᠢ ᠴᠢᠩᠭᠠᠳᠬᠠᠵᠤ ᠂ ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠲᠦᠭᠦᠯᠦᠨ᠎ᠡ
        ᠣᠢᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠵᠢᠯ ᠣᠯᠭᠣᠯᠲᠠ᠎ᠶᠢ ᠠᠬᠢᠭᠤᠯᠬᠤ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠢᠨ ᠶᠡᠬᠡ ᠬᠡᠪᠴᠢᠶᠡᠨ᠎ᠦ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠵᠢᠯᠯᠠᠭ᠎ᠠ ᠥᠷᠨᠢᠭᠦᠯᠬᠦ ᠲᠤᠬᠠᠢ ᠵᠢᠯᠤᠭᠣᠳᠬᠤ ᠰᠠᠨᠠᠯ᠎ᠢ ᠳᠠᠷᠤᠮᠠᠯᠯᠠᠨ ᠲᠠᠷᠬᠠᠭᠠᠵᠤ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠲᠣᠭᠣᠷᠢᠨ᠎ᠳᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠢ ᠦᠷᠭᠦᠯᠵᠢᠯᠡᠨ ᠴᠢᠩᠭᠠᠳᠬᠠᠪᠠ ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ᠎ᠶᠢᠨ ᠬᠢᠨ ᠴᠦ᠍ 《 ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠳᠦᠬᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠶᠢ ᠶᠡᠬᠡ᠎ᠪᠡᠷ ᠥᠷᠨᠢᠭᠦᠯᠵᠡᠢ᠃
        ᠱᠠᠨᠳᠦ᠋ᠩ ᠮᠤᠵᠢ᠎ᠶᠢᠨ ᠬᠢᠨ 《 ᠰᠤᠷᠭᠠᠭᠤᠯᠢ᠎ᠶᠢᠨ ᠬᠦᠷᠢᠶᠡᠨ᠎ᠦ ᠪᠢᠴᠢᠯ ᠪᠣᠯᠪᠠᠰᠤᠷᠠᠯ  ᠤᠷ᠎ᠠ ᠮᠡᠷᠭᠡᠵᠢᠯ᠎ᠢᠶᠠᠷ ᠠᠵᠢᠯ ᠣᠯᠭᠣᠯᠲᠠ᠎ᠶᠢ ᠠᠬᠢᠭᠤᠯᠬᠤ 》 ᠲᠥᠷᠥᠯ ᠵᠦᠢᠯ᠎ᠦᠨ ᠲᠤᠷᠰᠢᠯᠲᠠ᠎ᠶᠢᠨ ᠴᠡᠭ᠎ᠤᠨ ᠠᠵᠢᠯ᠎ᠢ ᠰᠢᠨ᠎ᠡ᠎ᠪᠡᠷ ᠡᠭᠦᠳᠦᠨ ᠭᠠᠷᠭᠠᠵᠤ ᠂ ᠣᠢᠷ᠎ᠠ ᠠᠭᠠᠷ᠎ᠤᠨ ᠠᠵᠤ ᠠᠬᠤᠢ ᠂ ᠲᠣᠭᠠᠴᠢᠯᠠᠭᠰᠠᠨ ᠠᠵᠤ ᠠᠬᠤᠢ ᠂ ᠪᠣᠬᠢᠷᠲᠤᠯ ᠦᠭᠡᠢ ᠠᠵᠤ ᠠᠬᠤᠢ ᠵᠡᠷᠭᠡ ᠰᠢᠨ᠎ᠡ᠎ᠪᠡᠷ ᠬᠥᠭᠵᠢᠭᠰᠡᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠶᠢ ᠲᠣᠭᠲᠠᠭᠠᠵᠤ ᠂ 43 ᠮᠤᠵᠢ᠎ᠶᠢᠨ ᠬᠠᠷᠢᠶᠠᠲᠤ ᠶᠡᠬᠡ ᠳᠡᠭᠡᠳᠦ ᠰᠤᠷᠭᠠᠭᠤᠯᠢ ᠪᠠ ᠮᠠᠰᠲᠧᠷ᠎ᠦᠨ ᠳᠡᠭᠡᠳᠦ ᠰᠤᠷᠭᠠᠭᠤᠯᠢ᠎ᠳᠤ 85 《 ᠪᠢᠴᠢᠯ ᠪᠣᠯᠪᠠᠰᠤᠷᠠᠯ 》᠎ᠤᠨ ᠲᠥᠷᠥᠯ ᠵᠦᠢᠯ᠎ᠢ ᠨᠠᠷᠢᠨ ᠨᠢᠮᠪᠠᠢ ᠰᠢᠯᠢᠨ ᠰᠣᠩᠭᠣᠵᠤ ᠂ ᠵᠢᠯᠣᠭᠣᠴᠢ ᠦᠭᠡᠢ ᠨᠢᠰᠬᠡᠯ ᠡᠵᠡᠮᠳᠡᠬᠦ ᠂ ᠢᠨᠲᠧᠷ ᠰᠦᠯᠵᠢᠶ᠎ᠡ᠎ᠪᠡᠷ ᠡᠵᠡᠩᠨᠡᠨ ᠪᠣᠷᠣᠯᠠᠭᠤᠯᠬᠤ ᠵᠡᠷᠭᠡ ᠠᠵᠢᠯ ᠣᠯᠭᠣᠯᠲᠠ᠎ᠶᠢᠨ ᠬᠡᠲᠦ᠎ᠶᠢᠨ ᠲᠥᠯᠥᠪ᠎ᠲᠠᠢ ᠬᠢᠴᠢᠶᠡᠯ᠎ᠢ ᠭᠣᠣᠯᠳᠠᠯᠭ᠎ᠠ᠎ᠲᠠᠢ ᠨᠡᠭᠡᠭᠡᠭᠰᠡᠨ ᠪᠠᠢᠨ᠎ᠠ ᠃ 40 ᠲᠦᠷᠦᠯ ᠵᠦᠢᠯ᠎ᠢ ᠬᠢᠨᠠᠨ ᠬᠠᠷᠭᠤᠭᠤᠯᠵᠤ᠂ 1800 ᠭᠠᠷᠤᠢ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠢᠳᠡᠪᠬᠢᠵᠢᠯ᠎ᠢ ᠲᠠᠢᠴᠢᠯᠠᠵᠠᠢ᠃
        ᠴᠢᠩᠳᠣᠣ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠵᠢᠯᠣᠭᠣᠳᠤᠯᠭ᠎ᠠ ᠳᠣᠣᠷ᠎ᠠ ᠂ ᠴᠢᠩᠳᠣᠣ᠎ᠶᠢᠨ ᠭᠠᠩ ᠸᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠣᠰ ᠲᠥᠷᠥᠯ ᠵᠦᠢᠯ᠎ᠦᠨ ᠲᠤᠷᠰᠢᠯᠲᠠ᠎ᠶᠢᠨ ᠨᠢᠭᠡᠴᠢ᠎ᠪᠡᠷ ᠵᠥᠪᠰᠢᠶᠡᠷᠡᠭᠳᠡᠵᠦ ᠂ ᠳᠡᠭᠡᠳᠦ ᠰᠤᠷᠭᠠᠭᠤᠯᠢ᠎ᠶᠢᠨ 2023 ᠣᠨ᠎ᠤ ᠰᠣᠷᠣᠭ᠍ᠴᠢ ᠸᠠᠩ ᠱᠧᠩ ᠹᠠ ᠪᠣᠯ ᠳᠠᠷᠤᠢ ᠲᠡᠭᠦᠨ᠎ᠦ ᠠᠰᠢᠭ᠋ ᠬᠦᠷᠲᠡᠭᠴᠢ᠎ᠶᠢᠨ ᠨᠢᠭᠡ ᠪᠣᠯᠣᠨ᠎ᠠ ᠃ ᠸᠠᠩ ᠱᠧᠩ ᠹᠠ ᠰᠤᠷᠭᠠᠭᠤᠯᠢ᠎ᠶᠢᠨ ᠬᠠᠩᠭᠠᠭᠰᠠᠨ ᠪᠣᠯᠪᠠᠰᠤᠷᠠᠯ᠎ᠤᠨ ᠡᠬᠢ ᠪᠠᠶᠠᠯᠢᠭ᠋᠎ᠲᠤ ᠲᠦᠰᠢᠭᠯᠡᠨ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠤᠯᠤᠰ᠎ᠠᠴᠠ ᠮᠡᠳᠡᠷᠡᠭᠰᠡᠨ ᠦᠨᠡᠮᠯᠡᠯ᠎ᠢ ᠠᠮᠵᠢᠯᠲᠠᠲᠠᠢ ᠰᠢᠯᠭᠠᠨ ᠠᠪᠤᠪᠠ᠃ ᠡᠨᠡ ᠬᠦ᠌ 《 ᠦᠨ᠎ᠡ ᠴᠡᠨ᠎ᠡ᠎ᠲᠠᠢ 》 ᠦᠨᠡᠮᠯᠡᠯ᠎ᠦᠨ ᠳᠡᠭᠡᠷ᠎ᠡ ᠥᠪᠡᠷ᠎ᠦᠨ ᠴᠠᠭᠠᠷᠠᠭᠰᠠᠨ ᠶᠡᠷᠦᠩᠬᠡᠢᠯᠡᠭᠰᠡᠨ ᠬᠡᠪ ᠪᠣᠯᠪᠠᠰᠤᠷᠠᠯ᠎ᠢᠶᠠᠷ᠎ᠢᠶᠠᠨ ᠴᠢᠩᠳᠣᠣ ᠭᠠᠷᠠᠮ᠎ᠤᠨ ᠪᠦᠯᠬᠦᠮ᠎ᠳᠦ ᠤᠷᠤᠭᠰᠢᠲᠠᠢ᠎ᠪᠠᠷ ᠣᠷᠣᠵᠠᠢ᠃
        ᠡᠯ᠎ᠡ ᠭᠠᠵᠠᠷ᠎ᠤᠨ ᠬᠢᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠂ ᠰᠢᠨ᠎ᠡ ᠠᠵᠢᠯ ᠮᠡᠷᠭᠡᠵᠢᠯ ᠵᠡᠷᠭᠡ ᠲᠤᠰᠬᠠᠢ ᠪᠣᠯᠪᠠᠰᠤᠷᠠᠯ᠎ᠢ ᠵᠣᠬᠢᠶᠠᠨ ᠪᠠᠶ᠋ᠢᠭᠤᠯᠬᠤ᠎ᠶᠢᠨ ᠬᠠᠮᠲᠤ ᠠᠵᠢᠯ ᠡᠷᠢᠬᠦ ᠴᠢᠳᠠᠪᠤᠷᠢ᠎ᠶᠢᠨ ᠪᠣᠳᠠᠲᠠᠢ ᠪᠣᠯᠪᠠᠰᠤᠷᠠᠯ᠎ᠤᠨ ᠬᠤᠸᠠᠷᠠᠨ᠎ᠢ ᠳᠡᠯᠭᠡᠷᠡᠭᠦᠯᠵᠦ ᠂ ᠲᠣᠪᠴᠢ ᠨᠠᠮᠲᠠᠷ ᠪᠢᠴᠢᠬᠦ ᠂ ᠠᠵᠤ ᠠᠬᠤᠢᠯᠠᠯ᠎ᠢ ᠲᠣᠭᠣᠷᠢᠨ ᠦᠵᠡᠬᠦ ᠂ ᠠᠵᠢᠯ᠎ᠤᠨ ᠪᠠᠢᠷᠢ᠎ᠳᠦ ᠳᠠᠭᠠᠵᠤ ᠪᠣᠯᠪᠠᠰᠤᠷᠠᠬᠤ ᠵᠡᠷᠭᠡ ᠠᠷᠭ᠎ᠠ ᠬᠡᠮᠵᠢᠶ᠎ᠡ ᠠᠪᠴᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠰᠣᠩᠭᠣᠨ ᠠᠵᠢᠯ ᠣᠯᠬᠤ ᠴᠢᠳᠠᠪᠤᠷᠢ᠎ᠶᠢ ᠬᠦᠴᠦᠲᠡᠢ ᠳᠡᠭᠡᠭᠰᠢᠯᠡᠭᠦᠯᠪᠡ᠃
        ᠯᠢᠶᠣᠤᠨᠢᠩ᠎ᠳᠤ᠂ 《 ᠤᠷ᠎ᠠ ᠮᠡᠷᠭᠡᠵᠢᠯ᠎ᠢᠶᠠᠷ ᠢᠷᠡᠭᠡᠳᠦᠢ᠎ᠪᠡᠨ ᠭᠡᠷᠡᠯᠲᠦᠭᠦᠯᠬᠦ  ᠤᠷᠠᠨ ᠳᠠᠷᠬᠠᠳ ᠬᠥᠭᠵᠢᠯᠲᠡ᠎ᠶᠢ ᠠᠬᠢᠭᠤᠯᠬᠤ 》 ᠪᠣᠯᠪᠠᠰᠤᠷᠠᠯ᠎ᠤᠨ ᠠᠵᠢᠯᠯᠠᠭ᠎ᠠ᠎ᠪᠠᠷ ᠬᠥᠲᠥᠯᠥᠮᠵᠢ ᠪᠣᠯᠭᠠᠵᠤ ᠂ ᠨᠥᠬᠥᠴᠡᠯ᠎ᠳᠦ ᠨᠡᠢᠴᠡᠬᠦ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠬᠠᠨᠳᠤᠭᠤᠯᠤᠨ ᠂ ᠬᠠᠮᠤᠭ᠎ᠤᠨ ᠣᠷᠳᠣ᠌᠎ᠳᠠᠭᠠᠨ 6 ᠰᠠᠷ᠎ᠠ᠎ᠠᠴᠠ ᠬᠡᠲᠦᠷᠡᠬᠦ ᠦᠭᠡᠢ ᠲᠤᠰᠬᠠᠢ ᠮᠡᠷᠭᠡᠵᠢᠯ᠎ᠦᠨ ᠰᠣᠯᠢᠭ᠍ᠳᠠᠯ᠎ᠤᠨ ᠪᠣᠯᠪᠠᠰᠤᠷᠠᠯ᠎ᠤᠨ ᠲᠥᠷᠥᠯ ᠵᠦᠢᠯᠡᠰ᠎ᠢ ᠨᠠᠷᠢᠯᠢᠭ᠋ ᠣᠨᠣᠴᠠᠲᠠᠢ᠎ᠪᠠᠷ ᠡᠭᠦᠳᠦᠨ᠎ᠡ; ᠵᠢᠶᠠᠩᠰᠤ᠎ᠳᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠣᠷᠣᠯᠴᠠᠬᠤ᠎ᠳᠤ ᠲᠣᠬᠢᠷᠠᠬᠤ ᠰᠢᠨ᠎ᠡ ᠠᠵᠢᠯ ᠮᠡᠷᠭᠡᠵᠢᠯ᠎ᠦᠨ ᠪᠣᠯᠪᠠᠰᠤᠷᠠᠯ᠎ᠢ ᠨᠡᠭᠡᠭᠡᠨ ᠬᠥᠭᠵᠢᠭᠦᠯᠵᠦ᠂ ᠦᠢᠯᠡᠳᠪᠦᠷᠢᠯᠡᠯ ᠰᠤᠷᠭᠠᠨ ᠬᠥᠮᠦᠵᠢᠯ᠎ᠦᠨ ᠦᠨᠡᠯᠡᠯᠲᠡ ᠪᠠ ᠠᠵᠢᠯ ᠣᠯᠭᠣᠯᠲᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ 《 ᠰᠤᠷᠭᠠᠭᠤᠯᠢ ᠠᠵᠤ ᠠᠬᠤᠢᠯᠠᠯ ᠬᠠᠮᠲᠤ᠎ᠪᠠᠷ ᠪᠠᠶ᠋ᠢᠭᠤᠯᠬᠤ᠂ ᠦᠶᠡᠯᠡᠯ᠎ᠦᠨ ᠬᠡᠯᠪᠡᠷᠢ᠎ᠪᠡᠷ ᠬᠥᠮᠥᠵᠢᠭᠦᠯᠬᠦ᠂ ᠪᠠᠭ᠍ᠰᠢ ᠱᠠᠪᠢ᠎ᠶᠢᠨ ᠳᠦᠷᠢᠮ᠎ᠢᠶᠡᠷ ᠬᠠᠮᠢᠶᠠᠷᠬᠤ 》ᠠᠷᠭ᠎ᠠ ᠬᠡᠯᠪᠡᠷᠢ᠎ᠪᠡᠷ᠂ ᠨᠠᠷᠢᠯᠢᠭ᠋ ᠣᠨᠣᠴᠠᠲᠠᠢ᠎ᠪᠠᠷ ᠴᠢᠳᠠᠪᠤᠷᠢᠲᠠᠨ᠎ᠢ ᠬᠥᠮᠥᠵᠢᠭᠦᠯᠦᠨ᠎ᠡ; ᠱᠠᠨᠰᠢ᠎ᠳᠤ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠬᠠᠨᠳᠤᠭᠤᠯᠤᠭᠰᠠᠨ 《 ᠠᠵᠢᠯ ᠮᠡᠷᠭᠡᠵᠢᠯ᠎ᠦᠨ ᠪᠣᠯᠪᠠᠰᠤᠷᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ 》 ᠠᠵᠢᠯᠯᠠᠭ᠎ᠠ᠎ᠶᠢ ᠥᠷᠨᠢᠭᠦᠯᠵᠦ ᠂ ᠪᠣᠯᠪᠠᠰᠤᠷᠠᠯ᠎ᠤᠨ ᠪᠠᠢᠭᠤᠯᠤᠮᠵᠢ᠎ᠶᠢᠨ ᠰᠤᠷᠭᠠᠭᠤᠯᠢ᠎ᠶᠢᠨ ᠬᠦᠷᠢᠶᠡᠨ᠎ᠳᠦ ᠣᠷᠣᠬᠤ᠎ᠶᠢ ᠵᠣᠷᠢᠭ᠍ᠵᠢᠭᠤᠯᠵᠤ ᠂ ᠠᠵᠢᠯ ᠡᠷᠢᠬᠦ ᠪᠠ ᠠᠵᠢᠯ ᠣᠯᠬᠤ᠎ᠲᠠᠢ ᠨᠢᠭ᠍ᠲᠠ ᠬᠣᠯᠪᠣᠭ᠎ᠠ᠎ᠲᠠᠢ ᠪᠣᠯᠪᠠᠰᠤᠷᠠᠯ᠎ᠢ ᠥᠷᠨᠢᠭᠦᠯᠦᠨ᠎ᠡ᠃
        ᠬᠠᠯᠠᠭᠤᠨ ᠳᠤᠯᠠᠭᠠᠨ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠡᠷᠲᠡ ᠠᠵᠢᠯ ᠣᠯᠬᠤ ᠂ ᠰᠠᠢᠨ ᠠᠵᠢᠯ ᠣᠯᠬᠤ᠎ᠶᠢ ᠠᠬᠢᠭᠤᠯᠵᠤ ᠪᠠᠢᠨ᠎ᠠ᠃ ( ᠴᠢᠦ ᠴᠤᠤ ᠢ  ᠵᠢᠶᠠᠩ ᠰᠢᠶᠣᠣ ᠳ᠋ᠠᠨ  ᠯᠢ ᠷᠦᠢ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            