ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠦᠢᠯᠡᠰ ᠪᠣᠰᠬᠠᠬᠤ ᠤᠷᠤᠯᠳᠤᠭᠠᠨ ᠥᠨᠳᠥᠷᠯᠡᠪᠡ ᠥᠪᠥᠷ ᠮᠣᠩᠭᠣᠯ᠎ᠤᠨ ᠭᠤᠷᠪᠠᠨ ᠲᠥᠷᠥᠯ ᠵᠦᠢᠯ ᠣᠨᠴᠠ ᠢᠷᠠᠭᠤ ᠠᠯᠳᠠᠷ ᠭᠥᠷᠳᠡᠪᠡ
ᠨᠡᠶ᠋ᠢᠲᠡᠯᠡᠭᠰᠡᠨ ᠴᠠᠭ᠄ 2025-11-18

      9 ᠰᠠᠷ᠎ᠠ᠎ᠶᠢᠨ 28᠎ᠤ ᠡᠳᠦᠷ᠂ 《 ᠪᠤᠯᠤᠩ᠎ᠤᠨ ᠢᠷᠡᠭᠡᠳᠦᠢ᠎ᠶᠢ ᠡᠭᠦᠳᠴᠦ ᠭᠤᠸᠠᠩᠳᠦ᠋ᠩ᠎ᠳᠤ ᠡᠷᠳᠡᠮᠲᠡᠨ ᠴᠢᠳᠠᠪᠤᠷᠢᠲᠠᠨ᠎ᠢ ᠴᠤᠭᠯᠠᠷᠠᠭᠤᠯᠬᠤ》 ᠪᠡᠷ ᠭᠣᠣᠯ ᠰᠡᠳᠦᠪ ᠪᠣᠯᠭᠠᠭᠰᠠᠨ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠦᠢᠯᠡᠰ ᠪᠣᠰᠬᠠᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠭᠤᠸᠠᠩᠳᠦ᠋ᠩ᠎ᠦᠨ ᠹᠥᠸᠧ ᠱᠠᠨ ᠳ᠋ᠥ ᠲᠡᠭᠦᠰ ᠠᠮᠵᠢᠯᠲᠠ᠎ᠲᠠᠢ ᠥᠨᠳᠥᠷᠯᠡᠪᠡ ᠃ ᠥᠪᠥᠷ ᠮᠣᠩᠭᠣᠯ᠎ᠤᠨ 《 ᠨᠠᠢ᠍ᠮᠠᠨ ᠰᠠᠪᠠᠷᠳᠤ ᠣᠶᠣᠨ ᠴᠢᠳᠠᠪᠤᠷᠢ ︱ ᠥᠨᠳᠥᠷ ᠴᠢᠳᠠᠪᠬᠢᠲᠤ ᠵᠢᠯᠣᠭᠣᠴᠢ ᠦᠭᠡᠢ ᠯᠠᠢᠰᠧᠷ᠎ᠢᠶᠡᠷ ᠡᠪᠡᠰᠦ ᠠᠷᠢᠯᠭᠠᠬᠤ ᠮᠠᠰᠢᠨ ᠬᠥᠮᠥᠨ 》 《 ᠴᠢᠴᠠᠷᠭᠠᠨ᠎ᠠ᠎ᠶᠢᠨ ᠪᠥᠬᠥ ᠠᠵᠤ ᠦᠢᠯᠡᠰ᠎ᠦᠨ ᠬᠡᠯᠬᠢᠶᠡᠨ᠎ᠦ ᠥᠨᠳᠥᠷ ᠥᠷᠲᠡᠭᠲᠦ ᠨᠠᠷᠢᠯᠢᠭ᠋ ᠪᠣᠯᠪᠠᠰᠤᠷᠠᠭᠤᠯᠤᠯᠲᠠ 》 ᠭᠡᠬᠦ ᠬᠣᠶᠠᠷ ᠲᠥᠷᠥᠯ ᠵᠦᠢᠯ ᠨᠢ ᠲᠣᠰ ᠲᠣᠰ 《 ᠢᠳᠡᠭᠡᠨ᠎ᠦ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠣᠲᠣ᠌ ᠦᠶ᠎ᠡ᠎ᠶᠢᠨ ᠲᠠᠷᠢᠶᠠᠯᠠᠩ》᠎ᠤᠨ ᠤᠷᠤᠯᠳᠤᠭᠠᠨ᠎ᠤ ᠵᠠᠮ᠎ᠤᠨ ᠮᠥᠩᠭᠥᠨ ᠱᠠᠩᠨᠠᠯ ᠪᠠ ᠭᠠᠤᠯᠢᠨ ᠱᠠᠩᠨᠠᠯ᠎ᠢ ᠭᠥᠷᠳᠡᠵᠦ᠂ 《 ᠦᠨᠳᠦᠰᠦᠲᠡᠨ᠎ᠦ ᠣᠷᠣᠨ ᠪᠦᠰᠡ ᠠᠯᠤᠰᠯᠠᠭᠰᠠᠨ ᠮᠣᠷᠢᠨ ᠬᠤᠭᠤᠷ᠎ᠤᠨ ᠤᠷᠠᠯᠢᠭ᠋᠎ᠤᠨ ᠣᠲᠣ᠌ ᠦᠶ᠎ᠡ᠎ᠶᠢᠨ ᠤᠯᠠᠮᠵᠢᠯᠠᠭ᠍ᠴᠢ 》᠎ᠶᠢᠨ ᠲᠥᠷᠥᠯ ᠵᠦᠢᠯ ᠨᠢ 《 ᠣᠲᠣ᠌ ᠦᠶ᠎ᠡ᠎ᠶᠢᠨ ᠦᠢᠯᠡᠴᠢᠯᠡᠭᠡ ᠬᠢᠭᠡᠳ ᠰᠣᠶᠣᠯ᠎ᠤᠨ ᠪᠦᠲᠦᠭᠡᠯᠴᠢ ᠰᠡᠳᠬᠢᠮᠵᠢ 》᠎ᠶᠢᠨ ᠤᠷᠤᠯᠳᠤᠭᠠᠨ᠎ᠤ ᠵᠠᠮ᠎ᠤᠨ ᠰᠢᠯᠢᠳᠡᠭ ᠱᠠᠩᠨᠠᠯ ᠭᠥᠷᠳᠡᠪᠡ᠃
      ᠣᠢᠯᠠᠭᠠᠭᠰᠠᠨ᠎ᠢᠶᠠᠷ ᠂ ᠤᠷᠤᠯᠳᠤᠭᠠᠨ᠎ᠳᠤ ᠪᠥᠬᠥ ᠤᠯᠤᠰ᠎ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ ᠂ ᠰᠢᠶᠠᠩᠭᠠᠩ ᠣᠣᠮᠧᠨ ᠣᠷᠣᠨ ᠵᠢᠴᠢ ᠠᠮᠧᠷᠢᠺᠠ᠂ ᠠᠩᠭ᠌ᠯᠢ᠂ ᠶᠠᠫᠤᠨ ᠵᠡᠷᠭᠡ 10 ᠭᠠᠷᠤᠢ ᠤᠯᠤᠰ ᠪᠠ ᠭᠠᠵᠠᠷ ᠣᠷᠣᠨ᠎ᠤ 7146 ᠲᠥᠷᠥᠯ ᠵᠦᠢᠯ ᠣᠷᠣᠯᠴᠠᠵᠠᠢ᠃
      ᠲᠤᠰ ᠤᠳᠠᠭ᠎ᠠ᠎ᠶᠢᠨ ᠤᠷᠤᠯᠳᠤᠭᠠᠨ ᠨᠢ ᠤᠳᠤ ᠦᠶ᠎ᠡ᠎ᠶᠢᠨ ᠠᠵᠤ ᠦᠢᠯᠡᠰ᠎ᠦᠨ ᠰᠢᠰᠲᠧᠮ᠎ᠤᠨ ᠪᠠᠢᠷᠢᠰᠢᠭᠤᠯᠤᠯᠲᠠ᠎ᠶᠢᠨ ᠲᠣᠭᠣᠷᠢᠨ᠎ᠳᠤ᠂ ᠵᠣᠬᠢᠶᠠᠮᠠᠯ ᠤᠶᠤᠨ ᠴᠢᠳᠠᠪᠤᠷᠢ ᠪᠣᠯᠣᠨ ᠮᠠᠰᠢᠨ ᠬᠥᠮᠥᠨ᠂ ᠬᠤᠷᠠᠮᠠᠯ ᠴᠠᠬᠢᠯᠭᠠᠨ ᠬᠡᠯᠬᠢᠶ᠎ᠡ ᠪᠣᠯᠣᠨ ᠣᠢᠷ᠎ᠠ ᠣᠭᠲᠠᠷᠭᠤᠢ᠎ᠶᠢᠨ ᠠᠵᠤ ᠠᠬᠤᠢ᠂ ᠡᠮ ᠡᠮᠨᠡᠯᠭᠡ ᠡᠷᠡᠭᠦᠯ ᠮᠡᠨᠳᠤ ᠪᠣᠯᠣᠨ ᠠᠮᠢᠳᠤ ᠪᠣᠳᠠᠰ᠎ᠤᠨ ᠦᠢᠯᠡᠳᠬᠡᠯ᠂ ᠢᠳᠡᠭᠡᠨ᠎ᠦ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠤᠳᠤ ᠦᠶ᠎ᠡ᠎ᠶᠢᠨ ᠲᠠᠷᠢᠶᠠᠯᠠᠩ᠂ ᠤᠳᠤ ᠦᠶ᠎ᠡ᠎ᠶᠢᠨ ᠦᠢᠯᠡᠴᠢᠯᠡᠭᠡ ᠪᠣᠯᠣᠨ ᠰᠣᠶᠣᠯ᠎ᠤᠨ ᠪᠦᠲᠦᠭᠡᠯᠴᠢ ᠰᠡᠳᠬᠢᠮᠵᠢ ᠵᠡᠷᠭᠡ ᠲᠠᠪᠤᠨ ᠶᠡᠬᠡ ᠤᠷᠤᠯᠳᠤᠭᠠᠨ᠎ᠤ ᠵᠠᠮ᠎ᠢ ᠪᠠᠢᠭᠤᠯᠵᠤ᠂ ᠰᠢᠨ᠎ᠡ᠎ᠶᠢ ᠡᠭᠦᠳᠴᠦ ᠦᠢᠯᠡᠰ ᠪᠣᠰᠬᠠᠬᠤ ᠪᠣᠯᠣᠨ ᠠᠵᠤ ᠦᠢᠯᠡᠰ᠎ᠦᠨ ᠲᠡᠰ ᠳᠡᠪᠰᠢᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃
      ᠡᠨᠡ ᠵᠢᠯ᠎ᠦᠨ 5 ᠰᠠᠷ᠎ᠠ᠎ᠳᠤ ᠡᠬᠢᠯᠡᠭᠰᠡᠨ᠎ᠡᠴᠡ ᠨᠠᠭᠠᠰᠢ᠂ ᠶᠡᠬᠡ ᠤᠷᠤᠯᠳᠤᠭᠠᠨ 5 ᠰᠠᠷ᠎ᠠ᠎ᠶᠢᠨ ᠬᠤᠭᠤᠴᠠᠭ᠎ᠠ ᠶᠠᠪᠤᠭᠳᠠᠵᠤ᠂ ᠠᠩᠬᠠᠨ᠎ᠤ ᠤᠷᠤᠯᠳᠤᠭᠠᠨ᠂ ᠬᠣᠶᠠᠳᠠᠭᠢ ᠤᠷᠤᠯᠳᠤᠭᠠᠨ ᠪᠠ ᠪᠥᠬᠥ ᠤᠯᠤᠰ᠎ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠤ ᠲᠠᠰ ᠳᠠᠪᠬᠤᠷᠭ᠎ᠠ᠎ᠶᠢᠨ ᠰᠢᠯᠭᠠᠷᠠᠭᠤᠯᠤᠯᠲᠠ᠎ᠪᠠᠷ ᠳᠡᠮᠵᠢᠨ᠂ ᠪᠥᠬᠥ ᠤᠯᠤᠰ᠎ᠲᠤ ᠨᠡᠶ᠋ᠢᠲᠡ 450 ᠲᠥᠷᠥᠯ ᠵᠦᠢᠯ ᠬᠣᠶᠠᠳᠠᠭᠢ ᠤᠷᠤᠯᠳᠤᠭᠠᠨ᠎ᠳᠤ ᠣᠷᠣᠵᠤ᠂ 150 ᠲᠥᠷᠥᠯ ᠵᠦᠢᠯ ᠴᠣᠯᠭᠣᠷᠠᠨ ᠭᠠᠷᠴᠤ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠳᠡᠪᠰᠢᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠡᠶ᠋ᠢᠲᠡ 41 ᠲᠥᠷᠥᠯ ᠵᠦᠢᠯ᠎ᠢ ᠲᠠᠨᠢᠯᠴᠠᠭᠤᠯᠵᠤ ᠤᠷᠤᠯᠳᠤᠭᠠᠨ᠎ᠳᠤ ᠣᠷᠣᠯᠴᠠᠭᠤᠯᠪᠠ᠂ ᠡᠭᠦᠨ᠎ᠳᠦ 5 ᠲᠥᠷᠥᠯ ᠵᠦᠢᠯ ᠨᠢ ᠠᠮᠵᠢᠯᠲᠠ᠎ᠲᠠᠢ᠎ᠪᠠᠷ ᠲᠠᠰ ᠳᠠᠪᠰᠢᠵᠤ ᠬᠣᠶᠠᠳᠠᠭᠢ ᠤᠷᠤᠯᠳᠤᠭᠠᠨ᠎ᠳᠤ ᠣᠷᠣᠯᠴᠠᠵᠤ᠂ 3 ᠲᠥᠷᠥᠯ ᠵᠦᠢᠯ ᠨᠢ ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ᠎ᠳᠤ ᠣᠷᠣᠭᠰᠠᠨ ᠪᠠᠢᠨ᠎ᠠ ᠃
      ᠶᠡᠷᠦᠩᠬᠡᠢ ᠰᠢᠢᠳᠪᠦᠷᠢᠲᠦ ᠤᠷᠤᠯᠳᠤᠭᠠᠨ᠎ᠤ ᠬᠤᠭᠤᠴᠠᠭᠠᠨ᠎ᠳᠤ᠂ ᠦᠢᠯᠡᠰ ᠪᠣᠰᠬᠠᠬᠤ ᠲᠥᠷᠥᠯ ᠵᠦᠢᠯ᠎ᠦᠨ ᠦᠷ᠎ᠡ ᠪᠦᠲᠦᠭᠡᠯ᠎ᠦᠨ ᠦᠵᠡᠭᠦᠯᠭᠡ᠂ ᠡᠬᠢ ᠪᠠᠶᠠᠯᠢᠭ᠋᠎ᠢ ᠵᠣᠯᠭᠠᠭᠤᠯᠬᠤ᠂ ᠦᠢᠯᠡᠰ ᠪᠣᠰᠬᠠᠬᠤ ᠲᠣᠮᠣ᠌ ᠬᠢᠴᠢᠶᠡᠯ᠎ᠦᠨ ᠲᠠᠩᠬᠢᠮ ᠵᠢᠴᠢ ᠦᠢᠯᠡᠰ ᠪᠣᠰᠬᠠᠵᠤ ᠠᠵᠢᠯ ᠣᠯᠭᠣᠭᠰᠠᠨ ᠦᠷ᠎ᠡ ᠪᠦᠲᠦᠭᠡᠯ᠎ᠦᠨ ᠦᠵᠡᠭᠦᠯᠭᠡ ᠵᠡᠷᠭᠡ ᠰᠢᠷᠢᠰ ᠠᠵᠢᠯᠯᠠᠭ᠎ᠠ᠎ᠶᠢ ᠵᠡᠷᠭᠡ᠎ᠪᠡᠷ ᠡᠷᠭᠢᠯᠡᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠰᠣᠩᠭᠣᠭᠰᠠᠨ 20 ᠵᠦᠢᠯ᠎ᠦᠨ ᠦᠢᠯᠡᠰ ᠪᠣᠰᠬᠠᠭᠰᠠᠨ ᠦᠷ᠎ᠡ ᠪᠦᠲᠦᠭᠡᠯ᠎ᠦᠨ ᠦᠵᠡᠭᠦᠯᠭᠡ᠎ᠳᠦ ᠂ ᠥᠪᠥᠷ ᠮᠣᠩᠭᠣᠯ᠎ᠤᠨ ᠬᠣᠶᠠᠷ ᠲᠥᠷᠥᠯ ᠵᠦᠢᠯ ᠰᠣᠩᠭᠣᠭᠳᠠᠵᠠᠢ᠄ 《 ᠨᠠᠢ᠍ᠮᠠᠨ ᠰᠠᠪᠠᠷᠲᠤ ᠣᠶᠤᠨ ᠴᠢᠳᠠᠪᠤᠷᠢ 》 ᠨᠢ ᠲᠠᠷᠢᠶᠠᠯᠠᠩ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠦᠷᠢᠶᠡᠨ᠎ᠳᠡᠬᠢ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢᠶᠡᠷ᠎ᠢᠶᠡᠨ 《ᠢᠳᠡᠭᠡᠨ᠎ᠦ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠣᠲᠣ᠌ ᠦᠶ᠎ᠡ᠎ᠶᠢᠨ ᠲᠠᠷᠢᠶᠠᠯᠠᠩ》᠎ᠤᠨ ᠦᠵᠡᠭᠦᠯᠭᠡ᠎ᠶᠢᠨ ᠲᠣᠭᠣᠷᠢᠭ᠋᠎ᠲᠤ ᠢᠯᠡᠷᠡᠪᠡ ; 《 ᠮᠣᠷᠢᠨ ᠨᠢᠷᠤᠭᠤᠨ ᠳᠡᠭᠡᠷᠡᠬᠢ ᠴᠣᠭ ᠵᠢᠪᠬᠤᠭ᠎ᠠ》 ᠨᠢ ᠥᠪᠡᠷᠮᠢᠴᠡ ᠣᠨᠴᠠᠯᠢᠭ᠋ ᠪᠦᠬᠦᠢ ᠦᠨᠳᠦᠰᠦᠲᠡᠨ᠎ᠦ ᠰᠣᠶᠣᠯ᠎ᠤᠨ ᠠᠭᠤᠯᠬᠤᠨ᠎ᠢᠶᠠᠷ᠎ᠢᠶᠠᠨ 《 ᠣᠲᠣ᠌ ᠦᠶ᠎ᠡ᠎ᠶᠢᠨ ᠦᠢᠯᠡᠴᠢᠯᠡᠭᠡ ᠪᠠ ᠰᠣᠶᠣᠯ᠎ᠤᠨ ᠪᠦᠲᠦᠭᠡᠯᠴᠢ ᠰᠡᠳᠬᠢᠮᠵᠢ》 ᠵᠢᠨ ᠦᠵᠡᠭᠦᠯᠭᠡ᠎ᠶᠢᠨ ᠲᠣᠭᠣᠷᠢᠭ᠋᠎ᠲᠤ ᠰᠣᠩᠭᠣᠭᠳᠠᠨ ᠣᠷᠣᠵᠤ ᠂ ᠲᠤᠬᠠᠢ᠎ᠶᠢᠨ ᠲᠠᠯᠠᠪᠤᠷ᠎ᠤᠨ ᠦᠵᠡᠭᠴᠢᠳ ᠪᠠ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠳ᠎ᠦᠨ ᠥᠷᠭᠡᠨ ᠳᠡᠯᠭᠡᠷ ᠰᠠᠢᠨ ᠦᠨᠡᠯᠡᠯᠲᠡ᠎ᠶᠢ ᠣᠯᠣᠭᠰᠠᠨ ᠪᠠᠢᠨ᠎ᠠ᠃ ᠡᠭᠦᠨ᠎ᠳᠦ᠂ 《 ᠨᠠᠢ᠍ᠮᠠᠨ ᠰᠠᠪᠠᠷᠳᠤ ᠣᠶᠤᠨ ᠴᠢᠳᠠᠪᠤᠷᠢ 》᠎ᠶᠢᠨ ᠲᠥᠷᠥᠯ ᠵᠦᠢᠯ ᠨᠢ ᠮᠡᠷᠭᠡᠵᠢᠯ᠎ᠢᠶᠡᠷ ᠤᠷᠤᠢᠯᠢᠭ᠋᠂ ᠵᠠᠬ᠎ᠠ ᠳᠡᠯᠭᠡᠭᠦᠷ᠎ᠦᠨ ᠬᠡᠲᠦ᠎ᠶᠢᠨ ᠲᠥᠯᠥᠪ ᠥᠷᠭᠡᠨ ᠠᠭᠤᠳᠠᠮ ᠤᠴᠢᠷ᠎ᠠᠴᠠ ᠭᠤᠸᠠᠩᠳᠦ᠋ᠩ᠎ᠳᠦ ᠰᠠᠭᠤᠷᠢᠰᠢᠬᠤ ᠬᠠᠮᠲᠤᠷᠠᠯᠴᠠᠭᠠᠨ᠎ᠤ ᠰᠠᠨᠠᠮᠵᠢ ᠲᠣᠬᠢᠷᠠᠯᠴᠠᠭᠰᠠᠨ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            