ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ 《ᠡᠬᠢ ᠪᠠᠶᠠᠯᠢᠭ᠋᠎ᠢ ᠵᠣᠯᠭᠠᠭᠤᠯᠤᠨ ᠰᠠᠢᠨ ᠦᠢᠯᠡᠰ ᠪᠣᠰᠬᠠᠬᠤ》 ᠣᠨᠴᠠᠯᠢᠭ᠍ᠲᠤ ᠡᠬᠢ ᠪᠠᠶᠠᠯᠢᠭ᠋᠎ᠢ ᠵᠣᠯᠭᠠᠭᠤᠯᠬᠤ ᠠᠵᠢᠯᠯᠠᠭ᠎ᠠ ᠨᠢ ᠦᠢᠯᠡᠰ ᠪᠣᠰᠬᠠᠭ᠍ᠴᠢᠳ᠎ᠲᠤ ᠵᠠᠮ ᠳᠡᠪᠢᠰᠴᠦ ᠬᠥᠭᠥᠷᠭᠡ ᠲᠠᠯᠪᠢᠵᠤ ᠥᠭᠪᠡ
ᠨᠡᠶ᠋ᠢᠲᠡᠯᠡᠭᠰᠡᠨ ᠴᠠᠭ᠄ 2025-11-18

      《ᠣᠨᠴᠠᠯᠢᠭ᠍ᠲᠤ ᠡᠬᠢ ᠪᠠᠶᠠᠯᠢᠭ᠋᠎ᠢ ᠵᠣᠯᠭᠠᠭᠤᠯᠬᠤ ᠠᠵᠢᠯᠯᠠᠭ᠎ᠠ ᠨᠢ ᠲᠤᠰᠬᠠᠢ ᠰᠡᠳᠦᠪᠲᠦ ᠲᠠᠢᠯᠤᠮᠵᠢ ᠬᠢᠬᠦ᠂ ᠭᠡᠷ᠎ᠡ ᠲᠣᠭᠲᠠᠬᠤ᠂ ᠪᠣᠳᠠᠲᠠᠢ ᠭᠠᠵᠠᠷ ᠲᠤᠨᠢ ᠬᠠᠪᠰᠤᠷᠤᠨ ᠵᠢᠯᠤᠭᠣᠳᠬᠤ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ᠂ ᠮᠠᠨ᠎ᠤ ᠡᠳᠡᠭᠡᠷ ᠦᠢᠯᠡᠰ ᠪᠣᠰᠬᠠᠭ᠍ᠴᠢᠳ᠎ᠲᠤ ᠤᠨᠢᠨ ᠳᠡᠭᠡᠷ᠎ᠡ ᠨᠢ ᠪᠣᠳᠠᠲᠠᠢ᠎ᠶᠢ ᠡᠷᠬᠢᠮᠯᠡᠭᠰᠡᠨ ᠦᠢᠯᠡᠴᠢᠯᠡᠭᠡᠨ᠎ᠦ ᠳᠡᠮᠵᠢᠯᠭᠡ ᠬᠠᠩᠭᠠᠵᠠᠢ᠂ ᠦᠨᠡᠬᠡᠷ ᠰᠠᠢᠨ ᠪᠠᠢᠨ᠎ᠠ᠃ 》 9 ᠰᠠᠷ᠎ᠠ᠎ᠶᠢᠨ 25᠎ᠤ ᠡᠳᠦᠷ᠂ ᠬᠢᠩᠭᠠᠨ ᠠᠢᠮᠠᠭ᠎ᠠᠴᠠ ᠢᠷᠡᠭᠰᠡᠨ ᠦᠢᠯᠡᠰ ᠪᠣᠰᠬᠠᠭ᠍ᠴᠢᠳ᠎ᠤᠨ ᠲᠥᠯᠥᠭᠡᠯᠡᠭᠴᠢ ᠬᠠᠨ ᠺᠠᠢ ᠪᠠᠶᠠᠷᠲᠠᠢ᠎ᠪᠠᠷ ᠬᠡᠯᠡᠨ᠎ᠡ᠃
      ᠣᠢᠷ᠎ᠠ᠎ᠶᠢᠨ ᠡᠳᠦᠷ᠎ᠦᠳ᠎ᠲᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠂ ᠬᠢᠩᠭᠠᠨ ᠠᠢᠮᠠᠭ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠠᠴᠠ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠲᠠᠢ ᠬᠠᠮᠲᠤᠷᠠᠨ ᠳᠠᠭᠠᠭᠠᠨ ᠡᠷᠭᠢᠯᠡᠭᠰᠡᠨ ᠥᠪᠥᠷ ᠮᠣᠩᠭᠣᠯ᠎ᠤᠨ 《ᠤᠮᠠᠷᠠᠲᠤ ᠬᠢᠯᠢ᠎ᠶᠢ ᠴᠣᠭᠴᠠᠯᠠᠨ ᠬᠥᠭᠵᠢᠭᠦᠯᠵᠦ· ᠬᠦᠰᠡᠯ ᠵᠡᠭᠦᠳᠦ᠎ᠪᠡᠨ ᠲᠡᠷᠭᠡᠯᠰᠢᠭᠦᠯᠬᠦ ᠠᠶᠠᠯᠠᠯ᠎ᠢᠶᠠᠨ ᠡᠬᠢᠯᠡᠭᠦᠯᠬᠦ 》 ︱ 《 ᠡᠬᠢ ᠪᠠᠶᠠᠯᠢᠭ᠋᠎ᠢ ᠵᠣᠯᠭᠠᠭᠤᠯᠤᠨ ᠰᠠᠢᠨ ᠦᠢᠯᠡᠰ ᠪᠣᠰᠬᠠᠬᠤ》 ᠣᠨᠴᠠᠯᠢᠭ᠍ᠲᠤ ᠡᠬᠢ ᠪᠠᠶᠠᠯᠢᠭ᠋᠎ᠢ ᠵᠣᠯᠭᠠᠭᠤᠯᠬᠤ ᠠᠵᠢᠯᠯᠠᠭ᠎ᠠ ᠬᠢᠩᠭᠠᠨ ᠠᠢᠮᠠᠭ᠎ᠲᠤ ᠶᠠᠪᠤᠭᠳᠠᠪᠠ᠃ ᠲᠤᠬᠠᠢ᠎ᠶᠢᠨ ᠭᠠᠵᠠᠷ᠎ᠤᠨ 50 ᠭᠠᠷᠤᠢ ᠦᠢᠯᠡᠰ ᠪᠣᠰᠬᠠᠭ᠍ᠴᠢ᠎ᠶᠢᠨ ᠲᠥᠯᠥᠭᠡᠯᠡᠭᠴᠢ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ᠎ᠦ ᠪᠦᠯᠬᠦᠮ ᠵᠢᠴᠢ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ᠎ᠳᠤ ᠣᠷᠣᠯᠴᠠᠵᠠᠢ᠃
      ᠲᠣᠰ ᠤᠳᠠᠭᠠᠨ᠎ᠤ ᠠᠵᠢᠯᠯᠠᠭ᠎ᠠ᠎ᠳᠤ 《ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ᠎ᠶᠢ ᠨᠡᠪᠴᠢᠭᠦᠯᠬᠦ᠂ ᠦᠢᠯᠡᠰ ᠪᠣᠰᠬᠠᠬᠤ ᠠᠵᠢᠯᠯᠠᠭ᠎ᠠ 》 ᠵᠢᠨ ᠳᠥᠷᠪᠡᠨ ᠰᠢᠨ᠎ᠡ᠎ᠶᠢ ᠡᠭᠦᠳᠬᠦ᠎ᠶᠢ ᠬᠣᠯᠪᠤᠭᠠᠯᠠᠨ ᠳᠡᠮᠵᠢᠬᠦ ᠰᠢᠰᠲᠧᠮ᠎ᠢ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ ᠬᠢᠭᠡᠳ ᠬᠢᠩᠭᠠᠨ ᠠᠢᠮᠠᠭ᠎ᠤᠨ ᠬᠠᠮᠲᠤ᠎ᠪᠠᠷ ᠪᠠᠢᠭᠤᠯᠤᠭᠰᠠᠨ 《ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶᠢᠨ ᠴᠠᠷᠠᠰᠤᠨ ᠲᠠᠷᠢᠶᠠᠯᠠᠩ᠎ᠤᠨ ᠰᠢᠨ᠎ᠡ᠎ᠶᠢ ᠡᠭᠦᠳᠬᠦ ᠲᠥᠪ 》᠎ᠤᠨ ᠲᠠᠪᠴᠠᠩ᠎ᠳᠤ ᠲᠦᠰᠢᠭᠯᠡᠨ᠂ ᠶᠡᠬᠡ ᠳᠡᠭᠡᠳᠦ ᠰᠤᠷᠭᠠᠭᠤᠯᠢ᠎ᠶᠢᠨ ᠣᠶᠤᠨ᠎ᠤ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠪᠠᠭᠤᠯᠭᠠᠬᠤ᠎ᠶᠢ ᠲᠦᠯᠬᠢᠨ ᠠᠬᠢᠭᠤᠯᠪᠠ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠫᠷᠤᠹᠸᠰᠰᠤᠷ ᠣᠷᠣᠨ ᠪᠦᠰᠡ᠎ᠶᠢᠨ ᠨᠠᠷᠠᠲᠤ ᠲᠥᠷᠥᠯ ᠲᠡᠮᠳᠡᠭ᠎ᠢ ᠡᠭᠦᠳᠬᠦ᠂ ᠰᠢᠨ᠎ᠡ ᠵᠠᠭᠤᠴᠢᠯᠠᠭᠤᠷ᠎ᠤᠨ ᠡᠵᠡᠩᠨᠡᠯᠲᠡ ᠪᠣᠷᠣᠯᠠᠭᠤᠯᠤᠯᠲᠠ᠂ ᠰᠣᠶᠣᠯ ᠵᠢᠭᠤᠯᠴᠢᠯᠠᠯ᠎ᠤᠨ IP ᠨᠡᠭᠡᠭᠡᠨ ᠬᠥᠭᠵᠢᠭᠦᠯᠦᠯᠲᠡ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠲᠤᠰᠬᠠᠢ ᠰᠡᠳᠦᠪᠲᠦ ᠲᠠᠢᠯᠤᠮᠵᠢ ᠥᠷᠨᠢᠭᠦᠯᠵᠦ᠂ ᠦᠢᠯᠡᠰ ᠪᠣᠰᠬᠠᠭ᠍ᠴᠢᠳ᠎ᠲᠤ ᠬᠣᠰᠢᠭᠤᠷᠠᠯ ᠣᠢᠯᠠᠭᠠᠭᠳᠠᠬᠤᠨ ᠪᠠ ᠪᠣᠳᠠᠲᠠᠢ ᠪᠣᠯᠪᠠᠰᠤᠷᠠᠯ᠎ᠤᠨ ᠠᠷᠭ᠎ᠠ᠎ᠶᠢ ᠬᠠᠩᠭᠠᠪᠠ᠃ ᠡᠭᠦᠨ᠎ᠦ ᠬᠠᠮᠲᠤ᠂ ᠤᠯᠠᠨ ᠠᠵᠤ ᠠᠬᠤᠢᠯᠠᠯ᠎ᠲᠠᠢ ᠤᠯᠠᠨ ᠵᠦᠢᠯ᠎ᠦᠨ ᠬᠠᠮᠲᠤᠷᠠᠯᠴᠠᠭᠠᠨ᠎ᠤ ᠰᠠᠨᠠᠮᠵᠢ᠎ᠶᠢᠨ ᠪᠢᠴᠢᠭ᠎ᠲᠦ ᠭᠠᠷ᠎ᠤᠨ ᠦᠰᠦᠭ ᠵᠢᠷᠤᠵᠤ᠂ ᠬᠣᠢᠰᠢᠳᠠ᠎ᠶᠢᠨ ᠭᠦᠨᠵᠡᠭᠡᠢ ᠬᠠᠮᠲᠤᠷᠠᠯᠴᠠᠭ᠎ᠠ᠎ᠳᠤ ᠰᠠᠭᠤᠷᠢ ᠲᠠᠯᠪᠢᠵᠤ ᠥᠭᠪᠡ᠃ ᠡᠭᠦᠨ᠎ᠡᠴᠡ ᠭᠠᠳᠠᠨ᠎ᠠ ᠂ ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ ᠨᠠᠮ᠎ᠤᠨ ᠭᠡᠰᠢᠭᠦᠨ᠎ᠦ ᠰᠠᠢᠨ ᠳᠤᠷ᠎ᠠ᠎ᠶᠢᠨ ᠦᠢᠯᠡᠴᠢᠯᠡᠭᠡᠨ᠎ᠦ ᠪᠠᠢᠷᠢ᠎ᠶᠢ ᠵᠡᠷᠭᠡ᠎ᠪᠡᠷ ᠪᠠᠢᠭᠤᠯᠵᠤ᠂ ᠦᠢᠯᠡᠰ ᠪᠣᠰᠬᠠᠭ᠍ᠴᠢ᠎ᠳᠤ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ᠂ ᠡᠬᠢ ᠪᠠᠶᠠᠯᠢᠭ᠋᠎ᠢ ᠵᠣᠯᠭᠠᠭᠤᠯᠬᠤ ᠵᠡᠷᠭᠡ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠬᠠᠩᠭᠠᠵᠤ᠂ ᠨᠠᠮ᠎ᠤᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠦᠨᠡᠨ ᠬᠦ᠌ ᠪᠠᠳᠠᠷᠠᠭᠤᠯᠤᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠦᠨᠳᠦᠰᠦᠨ ᠱᠠᠲᠤᠨ᠎ᠤ ᠪᠣᠳᠠᠲᠤ ᠦᠷ᠎ᠡ ᠪᠦᠳᠦᠮᠵᠢ᠎ᠶᠢ ᠳᠡᠭᠡᠭᠰᠢᠯᠡᠭᠦᠯᠪᠡ᠃
      ᠵᠠᠯᠭᠠᠭᠠᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠦᠢᠯᠡᠰ ᠪᠣᠰᠬᠠᠬᠤ ᠠᠮᠢ ᠠᠬᠤᠢ᠎ᠶᠢᠨ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠰᠤᠷᠭᠠᠭᠤᠯᠢ ᠠᠵᠤ ᠠᠬᠤᠢᠯᠠᠯ᠎ᠤᠨ ᠬᠠᠮᠵᠢᠯᠴᠠᠬᠤ ᠲᠣᠭᠲᠠᠴᠠ᠎ᠶᠢ ᠴᠢᠩᠭᠠᠷᠠᠭᠤᠯᠤᠨ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠳᠠᠬᠢᠨ᠎ᠢᠶᠠᠷ ᠨᠡᠮᠡᠭᠳᠡᠭᠦᠯᠬᠦ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            