ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠺᠢᠷᠬᠢᠽᠰᠲ᠋ᠠᠨ᠎ᠤ ᠨᠡᠢᠭᠡᠮ᠎ᠦᠨ ᠪᠠᠲᠤᠯᠠᠭ᠎ᠠ᠎ᠶᠢᠨ ᠬᠡᠯᠡᠯᠴᠡᠭᠡᠷ ᠥᠨᠥᠳᠥᠷ ᠬᠦᠴᠦᠨ᠎ᠲᠠᠢ ᠪᠣᠯᠪᠠ
ᠨᠡᠶ᠋ᠢᠲᠡᠯᠡᠭᠰᠡᠨ ᠴᠠᠭ᠄ 2025-11-20

      2025 ᠣᠨ᠎ᠤ 10 ᠰᠠᠷ᠎ᠠ᠎ᠶᠢᠨ 14᠎ᠦ ᠡᠳᠦᠷ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠣᠨ ᠪᠥᠬᠥᠳᠡ ᠨᠠᠢᠷᠠᠮᠳᠠᠬᠤ ᠺᠢᠷᠬᠢᠽᠰᠲ᠋ᠠᠨ ᠤᠯᠤᠰ᠎ᠤᠨ ᠵᠠᠰᠠᠭ᠎ᠤᠨ ᠣᠷᠳᠣᠨ᠎ᠤ ᠨᠡᠢᠭᠡᠮ᠎ᠦᠨ ᠪᠠᠲᠤᠯᠠᠭ᠎ᠠ᠎ᠶᠢᠨ ᠬᠡᠯᠡᠯᠴᠡᠭᠡᠷ 》 ᠵᠢᠩᠬᠢᠨᠢ᠎ᠪᠡᠷ ᠬᠦᠴᠦᠨ ᠲᠠᠢ ᠪᠣᠯᠪᠠ᠃ ᠬᠡᠯᠡᠯᠴᠡᠭᠡᠷ᠎ᠢ ᠦᠨᠳᠦᠰᠦᠯᠡᠪᠡᠯ᠂ ᠺᠢᠷᠬᠢᠽᠰᠲ᠋ᠠᠠ ᠳᠤᠮᠳᠠᠳᠤ᠎ᠶᠢᠨ ᠲᠠᠯ᠎ᠠ᠎ᠶᠢᠨ ᠲᠣᠮᠢᠯᠠᠭᠰᠠᠨ ᠬᠥᠮᠥᠰ᠂ ᠥᠪᠡᠷ᠎ᠢᠶᠡᠨ ᠬᠥᠯᠥᠰᠦᠯᠡᠭᠰᠡᠨ ᠬᠥᠮᠥᠰ᠂ ᠲᠠᠯᠠᠢ᠎ᠶᠢᠨ ᠠᠶᠠᠯᠠᠯ᠎ᠤᠨ ᠣᠩᠭᠣᠴᠠ ᠰᠠᠯ ᠪᠣᠯᠣᠨ ᠠᠭᠠᠷ᠎ᠤᠨ ᠨᠢᠰᠦᠭᠦᠷ ᠳᠡᠭᠡᠷᠡᠬᠢ ᠬᠥᠯᠥᠰᠦᠨ ᠠᠵᠢᠯᠲᠠᠨ᠂ ᠤᠯᠠᠨ ᠤᠯᠤᠰ᠎ᠤᠨ ᠲᠡᠭᠡᠭᠡᠪᠦᠷᠢ᠎ᠶᠢᠨ ᠠᠵᠤ ᠠᠬᠤᠢᠯᠠᠯ᠎ᠤᠨ ᠠᠵᠢᠯᠲᠠᠨ᠂ ᠠᠯᠪᠠᠳᠠᠨ᠂ ᠭᠠᠳᠠᠭᠠᠳᠤ ᠬᠠᠷᠢᠯᠴᠠᠭᠠᠨ᠎ᠤ ᠡᠯᠴᠢᠨ᠎ᠦ ᠪᠦᠯᠬᠦᠮ ᠪᠣᠯᠣᠨ ᠺᠣᠨᠰᠦ᠋ᠯ᠎ᠦᠨ ᠭᠠᠵᠠᠷ᠎ᠤᠨ ᠪᠦᠷᠢᠯᠳᠦᠭᠦᠨ᠎ᠦ ᠺᠢᠷᠬᠢᠽᠰᠲ᠋ᠠᠠ᠎ᠳᠠᠬᠢ ᠨᠠᠰᠤᠲᠠᠢᠴᠤᠳ᠂ ᠵᠡᠮᠳᠡᠭᠴᠦᠳ᠂ ᠨᠥᠭᠴᠢᠭᠰᠡᠳ᠎ᠦᠨ ᠭᠡᠷ ᠪᠦᠯᠢ᠎ᠶᠢᠨ ᠳᠠᠭᠠᠳᠬᠠᠯ᠎ᠳᠤ ᠣᠷᠣᠯᠴᠠᠬᠤ ᠡᠭᠦᠷᠭᠡ᠎ᠶᠢ ᠬᠡᠯᠲᠦᠷᠢᠭᠦᠯᠦᠨ᠎ᠡ᠃ ᠮᠠᠨ᠎ᠤ ᠤᠯᠤᠰ ᠺᠢᠷᠬᠢᠽᠰᠲ᠋ᠠᠠ ᠊ᠣ ᠲᠠᠯ᠎ᠠ᠎ᠶᠢᠨ ᠳᠡᠭᠡᠷ᠎ᠡ ᠳᠤᠷᠠᠳᠤᠭᠰᠠᠨ ᠬᠥᠮᠥᠰ᠎ᠦᠨ ᠳᠤᠮᠳᠠᠳᠤ ᠤᠯᠤᠰ᠎ᠲᠠᠬᠢ ᠬᠣᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠠᠰᠠᠷᠠᠮᠵᠢ᠎ᠶᠢᠨ ᠳᠠᠭᠠᠳᠬᠠᠯ ᠪᠠ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭᠠᠳᠬᠠᠯ᠎ᠳᠤ ᠣᠷᠤᠯᠴᠠᠬᠤ ᠡᠭᠦᠷᠭᠡ᠎ᠶᠢ ᠬᠡᠯᠲᠦᠷᠢᠭᠦᠯᠦᠨ᠎ᠡ᠃
      ᠬᠡᠯᠡᠯᠴᠡᠭᠡᠷ ᠬᠦᠴᠦᠨ᠎ᠲᠠᠢ ᠪᠣᠯᠤᠭᠰᠠᠨ᠎ᠤ ᠳᠠᠷᠠᠭ᠎ᠠ ᠬᠣᠶᠠᠷ ᠤᠯᠤᠰ᠎ᠤᠨ ᠨᠥᠭᠥᠭᠡ ᠤᠯᠤᠰ᠎ᠲᠤ ᠠᠵᠢᠯᠯᠠᠵᠤ ᠪᠠᠢᠭ᠎ᠠ ᠬᠥᠮᠥᠰ᠎ᠦᠨ ᠨᠡᠢᠭᠡᠮ᠎ᠦᠨ ᠪᠠᠲᠤᠯᠠᠭ᠎ᠠ᠎ᠶᠢᠨ ᠡᠷᠬᠡ ᠠᠰᠢᠭ᠋᠎ᠢ ᠪᠦᠲᠦᠮᠵᠢᠲᠡᠶ ᠬᠠᠮᠠᠭᠠᠯᠠᠵᠤ᠂ ᠬᠣᠶᠠᠷ ᠲᠠᠯ᠎ᠠ᠎ᠶᠢᠨ ᠠᠵᠤ ᠠᠬᠤᠢᠯᠠᠯ ᠪᠠ ᠬᠥᠮᠥᠰ᠎ᠦᠨ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ ᠥᠪᠡᠷ᠎ᠦᠨ ᠥᠷᠲᠡᠭ᠎ᠢ ᠪᠠᠭᠤᠷᠠᠭᠤᠯᠵᠤ ᠂ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠷᠢᠴᠠᠭ᠎ᠠ᠎ᠶᠢ ᠤᠯᠠᠮ ᠨᠢᠭᠡ ᠠᠯᠬᠤᠮ ᠠᠬᠢᠭᠤᠯᠵᠤ᠂ ᠬᠥᠮᠥᠰ᠎ᠦᠨ ᠶᠠᠪᠤᠯᠴᠠᠭ᠎ᠠ᠎ᠳᠤ ᠲᠥᠬᠥᠮ ᠦᠵᠡᠭᠦᠯᠦᠨ᠎ᠡ᠃
      ᠮᠠᠨ᠎ᠤ ᠤᠯᠤᠰ ᠡᠭᠦᠨ᠎ᠡᠴᠡ ᠡᠮᠦᠨ᠎ᠡ ᠭᠧᠷᠮᠠᠨ᠂ ᠺᠣᠷᠢᠶᠠ᠂ ᠳ᠋ᠸᠨ᠋ᠮᠠᠷᠺ᠂ ᠹᠢᠨᠯᠠᠨᠳ᠋᠂ ᠺᠠᠨᠠᠳᠠ᠂ ᠰᠸᠢᠰ᠂ ᠬᠣᠯᠠᠨᠳ᠋᠂ ᠹᠷᠠᠨᠼᠢ᠂ ᠢᠰᠫᠠᠨᠢ᠂ ᠯᠦᠺᠰᠧᠮᠪᠦ᠋ᠷᠡᠭ᠂ ᠶᠠᠫᠤᠨ᠂ ᠰᠸᠷᠪᠢᠶ᠎ᠠ ᠵᠡᠷᠭᠡ 12 ᠤᠯᠤᠰ᠎ᠲᠠᠢ ᠬᠣᠶᠠᠷ ᠲᠠᠯ᠎ᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠬᠡᠯᠡᠯᠴᠡᠭᠡᠷ᠎ᠲᠦ ᠭᠠᠷ᠎ᠤᠨ ᠦᠰᠦᠭ ᠵᠢᠷᠤᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            