ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠡ᠎ᠶᠢᠨ ᠮᠡᠳᠡᠭᠡ ( ᠰᠣᠨᠢᠨ ᠮᠡᠳᠡᠭᠡᠨ ᠦ ᠳᠠᠮᠵᠢᠭᠤᠯᠬᠤ ᠨᠡᠪᠲᠡᠷᠡᠭᠦᠯᠭᠡ ) ᠄ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ᠂ ᠣᠯᠠᠨ ᠠᠷᠭ᠎ᠠ ᠵᠠᠮ᠎ᠢᠶᠠᠷ ᠳᠠᠯᠳᠠ ᠬᠦᠴᠦᠨ᠎ᠢ ᠠᠭᠤᠳᠠᠯᠵᠤ᠂ ᠭᠣᠣᠯᠳᠠᠯᠭ᠎ᠠ᠎ᠲᠠᠢ ᠬᠥᠮᠥᠰ᠎ᠤᠨ ᠲᠣᠭᠲᠠᠭᠤᠨ᠎ᠢᠶᠠᠷ ᠠᠵᠢᠯ ᠣᠯᠬᠤ᠎ᠶᠢ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠣᠳᠣᠬᠠᠨ᠎ᠳᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠵᠤ ᠠᠵᠢᠯ ᠣᠯᠭᠣᠯᠲᠠ᠎ᠶᠢ ᠠᠬᠢᠭᠤᠯᠬᠤ ᠠᠯᠢ ᠣᠯᠠᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠣᠯᠭᠣᠯᠲᠠ᠎ᠶᠢᠨ ᠵᠠᠬ᠎ᠠ ᠳᠡᠯᠭᠡᠭᠦᠷ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠬᠦ᠎ᠶᠢ ᠠᠬᠢᠭᠤᠯᠵᠤ ᠪᠠᠢᠨ᠎ᠠ᠃
ᠡᠨᠡ ᠬᠤᠭᠤᠴᠠᠭᠠᠨ᠎ᠳᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠬᠠᠨᠳᠤᠭᠤᠯᠤᠭᠰᠠᠨ ᠨᠠᠮᠤᠷ᠎ᠤᠨ ᠤᠯᠠᠷᠢᠯ᠎ᠤᠨ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠪᠥᠬᠥ ᠤᠯᠤᠰ᠎ᠲᠤ ᠥᠷᠨᠢᠵᠦ᠂ ᠬᠣᠶᠠᠷ ᠰᠠᠷ᠎ᠠ ᠭᠠᠷᠤᠢ᠎ᠶᠢᠨ ᠳᠣᠲᠣᠷ᠎ᠠ ᠲᠦᠮᠡ ᠭᠠᠷᠤᠢ ᠠᠵᠢᠯᠲᠠᠨ ᠡᠯᠰᠡᠬᠦ ᠴᠤᠭᠯᠠᠭᠠᠨ᠎ᠤ ᠬᠠᠩᠭᠠᠭᠰᠠᠨ ᠠᠵᠢᠯ᠎ᠤᠨ ᠪᠠᠢᠷᠢ 700 ᠲᠦᠮᠡ᠎ᠶᠢ ᠳᠠᠪᠠᠵᠠᠢ᠃ ᠰᠢᠨ᠎ᠡ ᠮᠠᠲᠧᠷᠢᠶᠠᠯ᠂ ᠬᠡᠷᠡᠯ ᠡᠯᠧᠺᠲᠷᠣᠨ ᠵᠡᠷᠭᠡ ᠰᠢᠨ᠎ᠡ᠎ᠪᠡᠷ ᠬᠥᠭᠵᠢᠭᠰᠡᠨ ᠠᠵᠤ ᠦᠢᠯᠡᠰ᠎ᠦᠨ ᠬᠠᠩᠭᠠᠭᠰᠠᠨ ᠠᠵᠢᠯ᠎ᠤᠨ ᠪᠠᠢᠷᠢ᠎ᠶᠢᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 50%᠎ᠡᠴᠡ ᠳᠡᠭᠡᠭᠰᠢ ᠨᠡᠮᠡᠭᠳᠡᠵᠦ᠂ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠦᠨ ᠠᠵᠢᠯᠲᠠᠨ ᠡᠯᠰᠡᠬᠦ ᠬᠡᠷᠡᠭᠴᠡᠭᠡ᠎ᠶᠢᠨ ᠨᠡᠮᠡᠭᠳᠡᠯ᠎ᠦᠨ ᠬᠤᠷᠳᠤᠴᠠ ᠨᠢ ᠠᠷᠪᠠᠨ᠎ᠤ ᠭᠤᠷᠪᠠᠨ ᠬᠤᠪᠢ᠎ᠶᠢ ᠳᠠᠪᠠᠵᠤ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠳ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡ ᠵᠡᠷᠭᠡ ᠨᠠᠷᠢᠨ ᠬᠤᠪᠢᠶᠠᠭᠰᠠᠨ ᠬᠦᠷᠢᠶᠡᠨ᠎ᠳᠡᠬᠢ ᠠᠵᠢᠯ᠎ᠤᠨ ᠪᠠᠢᠷᠢ᠎ᠶᠢ ᠦᠷᠭᠦᠯᠵᠢᠯᠡᠨ ᠰᠤᠯᠠᠯᠠᠨ ᠭᠠᠷᠭᠠᠪᠠ᠃
ᠡᠨᠡ ᠵᠢᠯ᠎ᠡᠴᠡ ᠨᠠᠭᠠᠰᠢ᠂ ᠤᠯᠤᠰ᠎ᠠᠴᠠ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠦᠷᠦᠭᠦᠸ᠋ ᠭᠤᠷᠪᠠᠨ ᠤᠯᠠᠷᠢᠯ᠎ᠳᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠮᠥᠩᠭᠥ᠎ᠶᠢ ᠨᠡᠶ᠋ᠢᠲᠡ 196 ᠳ᠋ᠦᠩᠰᠢᠭᠤᠷ ᠲᠥᠭᠥᠷᠢᠭ ᠲᠠᠷᠬᠠᠭᠠᠵᠤ᠂ ᠪᠣᠯᠪᠠᠰᠤᠷᠠᠯ᠎ᠢ ᠳᠡᠮᠵᠢᠬᠦ ᠵᠡᠷᠭᠡ ᠠᠵᠢᠯ ᠣᠯᠭᠣᠯᠲᠠ᠎ᠶᠢ ᠠᠬᠢᠭᠤᠯᠬᠤ ᠵᠠᠷᠤᠯᠭ᠎ᠠ᠎ᠶᠢ 166 ᠳ᠋ᠦᠩᠰᠢᠭᠤᠷ ᠲᠥᠭᠥᠷᠢᠭ ᠲᠠᠷᠬᠠᠭᠠᠵᠤ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ᠎ᠶᠢᠨ ᠪᠣᠳᠣᠯᠭ᠎ᠠ᠎ᠪᠠᠷ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠥᠪᠡᠷ᠎ᠦᠨ ᠥᠷᠲᠡᠭ᠎ᠢ 1384 ᠳ᠋ᠦᠩᠰᠢᠭᠤᠷ ᠲᠥᠭᠥᠷᠢᠭ ᠪᠠᠭᠠᠰᠬᠠᠵᠠᠢ᠃ ᠵᠢᠵᠢᠭ ᠪᠢᠴᠢᠯ ᠠᠵᠤ ᠠᠬᠤᠢᠯᠠᠯ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠵᠡᠷᠭᠡ ᠭᠣᠣᠯᠳᠠᠯᠭ᠎ᠠ᠎ᠲᠠᠢ ᠡᠲᠡᠭᠡᠳ ᠨᠢ ᠪᠠᠰᠠ ᠲᠠᠭᠠᠭᠠᠯᠳᠠᠳᠤ ᠵᠢᠭᠡᠯᠡᠯᠭᠡ᠂ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠦᠢᠯᠡᠰ ᠪᠣᠰᠬᠠᠬᠤ ᠨᠥᠬᠥᠪᠦᠷᠢ ᠵᠡᠷᠭᠡ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠭᠥᠷᠳᠡᠵᠦ ᠪᠣᠯᠣᠨ᠎ᠠ᠃ ᠵᠢᠶᠠᠩᠰᠢ᠎ᠶᠢᠨ ᠰᠢᠨ ᠢᠦᠢ᠎ᠳᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠥᠪᠡᠷ᠎ᠦᠨ ᠥᠷᠲᠡᠭ᠎ᠢᠶᠡᠷ ᠳᠣᠣᠷ᠎ᠠ ᠦᠢᠯᠡᠰ ᠪᠣᠰᠬᠠᠬᠤ᠎ᠶᠢ ᠲᠡᠳᠬᠦᠨ ᠳᠡᠮᠵᠢᠬᠦ ᠲᠥᠯᠥᠪᠯᠡᠭᠡ ᠭᠠᠷᠭᠠᠵᠤ᠂ ᠠᠵᠢᠯ ᠣᠯᠬᠤ᠎ᠳᠤ ᠬᠦᠴᠢᠷᠲᠡᠢ ᠬᠥᠮᠥᠰ᠎ᠲᠦ ᠲᠡᠳᠬᠦᠮᠵᠢ᠎ᠶᠢᠨ ᠲᠥᠰᠥᠯ ᠲᠣᠭᠲᠠᠭᠠᠨ ᠥᠭᠴᠦ᠂ ᠳᠠᠮ ᠬᠦᠦ᠎ᠲᠠᠢ ᠵᠢᠭᠡᠯᠡᠯᠭᠡ ᠪᠠ ᠰᠦᠢᠳᠬᠡᠯ ᠬᠤᠷᠢᠶᠠᠬᠤ ᠦᠭᠡᠢ ᠪᠣᠯᠪᠠᠰᠤᠷᠠᠯ ᠬᠠᠩᠭᠠᠵᠤ᠂ ᠲᠡᠳᠡᠨ᠎ᠢ ᠬᠠᠪᠰᠤᠷᠤᠨ ᠭᠡᠷ᠎ᠦᠨ ᠡᠭᠦᠳᠡᠨ ᠳ᠋ᠦ᠍ᠨᠢ ᠠᠵᠢᠯ ᠣᠯᠭᠣᠵᠤ ᠦᠢᠯᠡᠰ ᠪᠤᠰᠬᠠᠯᠬᠠᠪᠠ᠃
《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ ᠠᠵᠤ ᠦᠢᠯᠡᠰ ᠪᠣᠯᠣᠨ ᠠᠵᠢᠯ ᠣᠯᠭᠣᠯᠲᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠰᠢᠨ᠎ᠡ ᠠᠵᠢᠯ ᠮᠡᠷᠭᠡᠵᠢᠯ ᠰᠢᠨ᠎ᠡ ᠠᠵᠢᠯ᠎ᠤᠨ ᠪᠠᠢᠷᠢ᠎ᠶᠢ ᠢᠳᠡᠪᠬᠢᠲᠡᠢ᠎ᠪᠡᠷ ᠪᠣᠢᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠣᠢᠷ᠎ᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 95 ᠰᠢᠨ᠎ᠡ ᠤᠯᠤᠰ᠎ᠤᠨ ᠠᠵᠢᠯ ᠮᠡᠷᠭᠡᠵᠢᠯ᠎ᠦᠨ ᠪᠠᠷᠢᠮᠵᠢᠶ᠎ᠠ᠎ᠶᠢ ᠵᠣᠬᠢᠶᠠᠨ ᠪᠠᠢᠭᠤᠯᠤᠨ ᠪᠡᠶᠡᠯᠡᠭᠦᠯᠵᠡᠢ᠂ ᠡᠭᠦᠨ᠎ᠦ ᠳᠣᠲᠣᠷᠠᠬᠢ ᠬᠠᠭᠠᠰ ᠨᠢ ᠠᠮᠢᠳᠤᠷᠠᠯ᠎ᠤᠨ ᠦᠢᠯᠡᠴᠢᠯᠡᠭᠡᠨ᠎ᠦ ᠲᠥᠷᠥᠯ ᠪᠠᠢᠵᠤ᠂ ᠨᠠᠰᠤᠵᠢᠯ᠎ᠤᠨ ᠠᠰᠠᠷᠠᠮᠵᠢ ᠰᠤᠪᠢᠯᠠᠯᠲᠠ᠂ ᠨᠢᠯᠬ᠎ᠠ ᠬᠡᠦᠬᠡᠳ ᠰᠠᠭᠠᠲᠠᠭᠤᠯᠬᠤ ᠬᠥᠮᠦᠵᠢᠯ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠳᠤᠲᠠᠭᠳᠠᠵᠤ ᠪᠠᠢᠭ᠎ᠠ ᠴᠢᠳᠠᠪᠤᠷᠢᠲᠠᠨ᠎ᠤ ᠬᠡᠷᠡᠭᠴᠡᠭᠡ᠎ᠶᠢ ᠬᠠᠩᠭᠠᠵᠤ ᠪᠠᠢᠨ᠎ᠠ᠃ ᠠᠷᠪᠠᠨ᠎ᠤ ᠲᠦᠷᠪᠡᠨ ᠬᠤᠪᠢ ᠰᠢᠬᠠᠮ ᠨᠢ ᠲᠡᠷᠢᠭᠦᠨ᠎ᠦ ᠦᠢᠯᠡᠳᠬᠦ ᠦᠢᠯᠡᠰ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ ᠵᠡᠷᠭᠡ ᠬᠦᠷᠢᠶ᠎ᠡ᠎ᠶᠢᠨ ᠲᠣᠭᠣᠷᠢᠨ᠎ᠳᠤ᠂ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠬᠤ ᠪᠠ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭᠵᠢᠯᠲᠡ᠎ᠳᠦ ᠪᠠᠴᠢᠮ ᠬᠡᠷᠡᠭᠰᠡᠬᠦ ᠴᠢᠳᠠᠪᠤᠷᠢᠲᠠᠨ᠎ᠢ ᠬᠥᠮᠥᠵᠢᠭᠦᠯᠦᠨ ᠬᠠᠩᠭᠠᠵᠤ ᠪᠤᠢ᠃
ᠬᠠᠷᠢᠭᠤᠴᠠᠭᠰᠠᠨ ᠨᠠᠢᠷᠠᠭᠤᠯᠤᠭ᠍ᠴᠢ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠬᠡᠷᠡᠭᠯᠡᠭᠴᠢ᠎ᠶᠢᠨ ᠦᠵᠦᠭᠦᠷ