ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ ᠄ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ ᠪᠣᠳᠠᠲᠠᠢ᠎ᠪᠠᠷ ᠠᠵᠢᠯᠯᠠᠨ ᠯᠠᠪᠳᠠᠭᠤᠨ ᠬᠡᠷᠡᠭᠵᠢᠭᠦᠯᠵᠦ ᠠᠷᠠᠳ᠎ᠤᠨ ᠠᠮᠢᠳᠤᠷᠠᠯ᠎ᠳᠤ ᠡᠨᠧᠷᠭᠢ ᠣᠯᠭᠣᠨ᠎ᠠ
ᠨᠡᠶ᠋ᠢᠲᠡᠯᠡᠭᠰᠡᠨ ᠴᠠᠭ᠄ 2025-12-10

      ᠣᠢᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠢᠯᠠᠯᠲᠠ᠎ᠲᠠᠢ᠎ᠪᠠᠷ ᠬᠤᠷᠠᠯᠳᠤᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠢ ᠪᠠᠢᠷᠢᠯᠠᠭᠤᠯᠤᠨ᠂ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ 》 《 ᠣᠨᠣᠯ + ᠦᠢᠯᠡᠳᠦᠯᠭᠡ 》 ᠵᠢᠨ ᠪᠣᠰᠣᠭ᠎ᠠ ᠴᠣᠭᠴᠠᠲᠤ ᠰᠤᠷᠤᠯᠴᠠᠬᠤ ᠵᠠᠭᠪᠤᠷ᠎ᠢᠶᠠᠷ ᠳᠠᠮᠵᠢᠭᠤᠯᠤᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠠᠷᠢᠬᠢ ᠲᠣᠯᠣᠭᠠᠢ᠎ᠳᠤ᠎ᠪᠡᠨ ᠬᠠᠳᠠᠩᠰᠢᠭᠤᠯᠵᠤ ᠂ ᠭᠦᠨ ᠭᠦᠨᠵᠡᠭᠡᠢ ᠨᠠᠢᠳᠠᠪᠤᠷᠢᠵᠢᠭᠤᠯᠬᠤ᠎ᠶᠢ ᠲᠦᠯᠬᠢᠨ ᠠᠬᠢᠭᠤᠯᠵᠤ ᠂ ᠰᠤᠷᠤᠯᠴᠠᠯᠭ᠎ᠠ᠎ᠪᠠᠷ ᠠᠵᠢᠯ᠎ᠢᠶᠠᠨ ᠠᠬᠢᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ᠎ᠢ ᠨᠢᠭ᠍ᠲᠠᠷᠠᠭᠤᠯᠪᠠ᠃
      ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠳᠠᠭᠠᠭᠤᠯᠤᠨ ᠰᠤᠷᠤᠯᠴᠠᠬᠤ᠎ᠶᠢ ᠲᠡᠷᠢᠭᠦᠨ᠎ᠳᠦ ᠲᠠᠯᠪᠢᠵᠤ᠂ ᠦᠵᠡᠯ ᠰᠠᠨᠠᠭ᠎ᠠ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠃ ᠪᠦᠭᠦᠳᠡ ᠬᠤᠷᠠᠯ ᠲᠡᠭᠦᠰᠦᠭᠰᠡᠨ᠎ᠦ ᠳᠠᠷᠠᠭ᠎ᠠ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠲᠡᠷᠡ ᠳᠠᠷᠤᠢ ᠳ᠋ᠤᠨᠢ ᠬᠤᠷᠠᠯ ᠬᠤᠷᠠᠯᠳᠤᠭᠤᠯᠵᠤ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠲᠡᠷᠢᠭᠦᠨ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ 《 ᠨᠢᠭᠡᠳᠦᠭᠡᠷ ᠵᠥᠪᠯᠡᠬᠦ ᠰᠡᠳᠦᠪ 》᠎ᠤᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠪᠠ᠃ ᠬᠤᠷᠠᠯ᠎ᠠᠴᠠ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠠᠯᠪᠠᠨ ᠮᠡᠳᠡᠭᠡ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠦᠬᠦ ᠲᠢᠩᠬᠢᠮ᠎ᠦᠨ ᠰᠤᠷᠤᠯᠴᠠᠨ ᠲᠤᠭᠤᠰᠢᠯᠠᠭᠤᠯᠬᠤ ᠠᠷᠭ᠎ᠠ ᠬᠡᠮᠵᠢᠶ᠎ᠡ᠎ᠶᠢ ᠰᠢᠰᠲᠧᠮ᠎ᠲᠠᠢ ᠰᠤᠳᠤᠯᠤᠨ ᠪᠠᠢᠷᠢᠯᠠᠭᠤᠯᠵᠤ᠂ ᠤᠳᠤᠷᠢᠳᠬᠤ ᠪᠠᠭ᠎ᠤᠨ ᠪᠦᠷᠢᠯᠳᠦᠭᠦᠨ ᠲᠦᠷᠦᠭᠦᠯᠡᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠲᠦᠷᠦᠭᠦᠯᠡᠨ ᠤᠬᠠᠭᠤᠯᠤᠨ ᠲᠠᠢᠯᠪᠤᠷᠢᠯᠠᠵᠤ᠂ ᠳᠠᠭᠠᠭᠤᠯᠤᠨ ᠰᠤᠷᠤᠯᠴᠠᠬᠤ᠎ᠶᠢ ᠠᠬᠢᠭᠤᠯᠬᠤ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠪᠦᠬᠦ ᠲᠢᠩᠬᠢᠮ᠎ᠦᠨ ᠳᠡᠭᠡᠳᠦ ᠳᠣᠣᠷᠠᠳᠤ ᠱᠠᠲᠤ᠎ᠪᠠᠷ᠎ᠢᠶᠠᠨ ᠦᠳᠲᠡᠷ ᠲᠦᠷᠭᠡᠨ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃
      ᠬᠣᠶᠠᠷ ᠱᠤᠭᠤᠮ᠎ᠢᠶᠠᠷ ᠬᠣᠯᠪᠤᠭᠠᠯᠠᠨ ᠬᠥᠳᠡᠯᠦᠯᠴᠡᠵᠦ᠂ ᠰᠤᠷᠤᠯᠴᠠᠯᠭ᠎ᠠ᠎ᠶᠢᠨ ᠰᠠᠭᠤᠷᠢ᠎ᠶᠢ ᠪᠡᠬᠢᠵᠢᠭᠦᠯᠦᠨ᠎ᠡ᠃ ᠰᠤᠷᠤᠯᠴᠠᠯᠭ᠎ᠠ᠎ᠶᠢ ᠪᠦᠬᠦᠨ᠎ᠢ ᠪᠦᠷᠬᠦᠭᠦᠯᠵᠦ᠂ ᠥᠨᠴᠥᠭ ᠪᠤᠯᠤᠩ ᠦᠭᠡᠢ ᠪᠠᠢᠯᠭᠠᠬᠤ᠎ᠶᠢ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠶᠢ ᠠᠭᠤᠰᠤᠯᠴᠠᠭᠤᠯᠤᠨ ᠰᠤᠷᠤᠯᠴᠠᠬᠤ ᠰᠢᠰᠲᠧᠮ᠎ᠢ ᠪᠠᠢᠭᠤᠯᠪᠠ᠃ ᠰᠦᠯᠵᠢᠶᠡᠨ ᠳᠡᠭᠡᠷ᠎ᠡ ᠰᠤᠷᠤᠯᠴᠠᠬᠤ ᠤᠷᠢᠶᠠᠯᠠᠭ᠎ᠠ ᠭᠠᠷᠭᠠᠵᠤ᠂ ᠺᠠᠳ᠋ᠷ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠵᠤ 《 ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠬᠡᠭᠵᠢᠭᠦᠯᠬᠦ 》 ᠲᠠᠪᠴᠠᠩ᠎ᠢᠶᠠᠷ ᠳᠠᠮᠵᠢᠭᠤᠯᠤᠨ ᠪᠦᠭᠦᠳᠡ ᠬᠤᠷᠠᠯ᠎ᠤᠨ ᠠᠯᠪᠠᠨ ᠮᠡᠳᠡᠭᠡ᠎ᠶᠢ ᠰᠤᠷᠤᠯᠴᠠᠬᠤ᠂ ᠡᠷᠬᠡ ᠰᠦᠷᠲᠦ ᠲᠠᠢᠯᠤᠮᠵᠢ ᠬᠢᠬᠦ ᠵᠡᠷᠭᠡ ᠠᠭᠤᠯᠭ᠎ᠠ᠎ᠶᠢ ᠳᠠᠭᠠᠵᠦ ᠰᠤᠷᠤᠯᠴᠠᠪᠠ; ᠪᠥᠬᠥᠳᠡ ᠬᠤᠷᠠᠯ᠎ᠤᠨ ᠵᠣᠷᠢᠭ᠋ ᠰᠠᠨᠠᠭᠠᠨ᠎ᠤ ᠭᠣᠣᠯ ᠭᠣᠣᠯᠳᠠᠯᠭ᠎ᠠ᠂ ᠰᠤᠷᠤᠯᠴᠠᠬᠤ ᠭᠣᠣᠯᠳᠠᠯᠭ᠎ᠠ᠎ᠲᠠᠢ ᠵᠣᠬᠢᠶᠠᠯ ᠪᠦᠲᠦᠭᠡᠯ ᠪᠠ ᠥᠪᠡᠰᠦᠪᠡᠨ ᠰᠤᠷᠤᠯᠴᠠᠬᠤ ᠱᠠᠭᠠᠷᠳᠠᠯᠭ᠎ᠠ᠎ᠶᠢ ᠰᠦᠯᠵᠢᠶᠡᠨ ᠭᠠᠳᠠᠨ᠎ᠠ ᠲᠣᠳᠣᠷᠬᠠᠢ ᠡᠮᠬᠢᠯᠡᠵᠦ᠂ 《 ᠨᠡᠢᠭᠡᠮ᠎ᠦᠨ ᠪᠠᠲᠤᠯᠠᠭ᠎ᠠ᠎ᠶᠢᠨ ᠲᠤᠬᠠᠢ ᠰᠢ᠎ᠶᠢᠨ ᠫᠢᠩ᠎ᠤᠨ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠬᠤ 》 ᠶᠠᠪᠤᠳᠠᠯ᠎ᠢ ᠵᠠᠪᠠᠯ ᠰᠤᠷᠬᠤ ᠠᠭᠤᠯᠭ᠎ᠠ᠎ᠳᠤ ᠣᠷᠣᠭᠤᠯᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠬᠢᠭᠡᠳ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠤᠨ ᠤᠨᠤᠯ᠎ᠤᠨ ᠰᠤᠷᠤᠯᠴᠠᠯᠭ᠎ᠠ᠎ᠶᠢ ᠵᠡᠷᠭᠡ᠎ᠪᠡᠷ ᠲᠦᠯᠬᠢᠨ ᠠᠬᠢᠭᠤᠯᠵᠤ᠂ ᠬᠠᠮᠲᠤ᠎ᠪᠠᠷ ᠭᠦᠨᠵᠡᠭᠡᠢᠷᠡᠭᠦᠯᠬᠦ᠎ᠶᠢ ᠪᠡᠶᠡᠯᠡᠭᠦᠯᠦᠨ᠎ᠡ᠃
      ᠠᠵᠢᠯᠯᠠᠵᠤ ᠰᠤᠷᠤᠯᠴᠠᠬᠤ᠎ᠶᠢ ᠭᠦᠨᠵᠡᠭᠡᠢ ᠠᠭᠤᠰᠤᠯᠴᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠲᠡᠭᠡᠭᠰᠢᠯᠡᠬᠦᠯᠦᠨ᠎ᠡ᠃ ᠣᠨᠣᠯ᠎ᠤᠨ ᠰᠤᠷᠤᠯᠴᠠᠯᠭ᠎ᠠ᠎ᠶᠢ ᠭᠣᠣᠯ ᠠᠵᠢᠯ᠎ᠲᠠᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ 《 ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠲᠣᠭᠲᠠᠴᠠ᠎ᠶᠢ ᠪᠦᠷᠢᠨᠰᠢᠭᠦᠯᠬᠦ 》 《 ᠨᠡᠢᠭᠡᠮ᠎ᠦᠨ ᠪᠠᠲᠤᠯᠠᠭ᠎ᠠ᠎ᠶᠢᠨ ᠰᠢᠰᠲᠧᠮᠵᠢ᠎ᠶᠢ ᠲᠡᠭᠦᠯᠳᠡᠷᠵᠢᠭᠦᠯᠬᠦ 》 ᠵᠡᠷᠭᠡ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠺᠠᠳ᠋ᠷᠴᠤᠳ᠎ᠤᠨ ᠶᠡᠬᠡ ᠬᠢᠴᠢᠶᠡᠯ᠎ᠦᠨ ᠲᠠᠩᠬᠢᠮ᠎ᠢ ᠡᠷᠭᠢᠯᠡᠨ᠎ᠡ᠃ 《 ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠡᠷᠬᠡ ᠠᠰᠢᠭ᠋ 》 ᠵᠡᠷᠭᠡ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ᠎ᠢ ᠤᠷᠢᠵᠤ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠦᠷᠦ᠎ᠶᠢᠨ ᠪᠣᠳᠣᠯᠭ᠎ᠠ᠎ᠶᠢ ᠲᠠᠢᠯᠪᠤᠷᠢᠯᠠᠵᠤ᠂ ᠲᠤᠷᠰᠢᠯᠭ᠎ᠠ᠎ᠪᠠᠨ ᠬᠤᠪᠢᠶᠠᠯᠴᠠᠵᠤ᠂ ᠺᠠᠳ᠋ᠷ ᠠᠵᠢᠯᠲᠠᠨ ᠠᠵᠢᠯᠴᠢᠨ᠎ᠤ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠪᠡᠨ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠤᠯᠠᠨ ᠲᠦᠮᠡᠨ᠎ᠳᠦ ᠦᠢᠯᠡᠴᠢᠯᠡᠬᠦ ᠪᠣᠳᠠᠲᠤ ᠳᠠᠢ᠍ᠢᠨ᠎ᠦ ᠴᠢᠳᠠᠪᠤᠷᠢ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠡᠯ᠎ᠡ ᠲᠠᠯ᠎ᠠ᠎ᠳᠤ ᠦᠨᠡᠨ ᠬᠦ᠌ ᠲᠤᠭᠤᠰᠢᠯᠠᠭᠤᠯᠤᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            