ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ 《 ᠦᠢᠯᠡᠰ ᠪᠣᠰᠬᠠᠬᠤ᠎ᠳᠤ ᠪᠠᠷ᠎ᠠ ᠪᠣᠯᠵᠤ ᠭᠦᠶᠦᠬᠦ 》 ᠠᠵᠢᠯᠯᠠᠭ᠎ᠠ ᠨᠢ ᠨᠠᠩ ᠣᠯᠠᠨ ᠵᠠᠯᠠᠭᠤᠴᠤᠳ᠎ᠤᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠎ᠶᠢ ᠲᠡᠮᠵᠢᠨ᠎ᠡ
ᠨᠡᠶ᠋ᠢᠲᠡᠯᠡᠭᠰᠡᠨ ᠴᠠᠭ᠄ 2025-12-16

      11 ᠰᠠᠷ᠎ᠠ᠎ᠶᠢᠨ 26᠎ᠤ ᠡᠳᠦᠷ᠎ᠡᠴᠡ 30᠎ᠤ ᠡᠳᠦᠷ ᠪᠤᠯᠳᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠵᠢᠴᠢ ᠡᠯ᠎ᠡ ᠠᠢᠮᠠᠭ ᠬᠣᠲᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠬᠠᠮᠲᠤᠷᠠᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭᠠᠷ ᠬᠤᠭᠤᠴᠠᠭᠠᠨ᠎ᠤ ᠵᠠᠯᠠᠭᠤ ᠣᠶᠤᠲᠠᠳ᠎ᠤᠨ 《 ᠦᠢᠯᠡᠰ ᠪᠣᠰᠬᠠᠬᠤ᠎ᠳᠤ ᠪᠠᠷ᠎ᠠ ᠪᠣᠯᠵᠤ ᠭᠦᠶᠦᠬᠦ 》 ᠠᠵᠢᠯᠯᠠᠭ᠎ᠠ ᠨᠢ 6 ᠰᠠᠷ᠎ᠠ᠎ᠶᠢᠨ ᠬᠤᠭᠤᠴᠠᠭ᠎ᠠ᠎ᠲᠠᠢ ᠪᠥᠬᠥ ᠶᠠᠪᠤᠴᠠ᠎ᠳᠤ ᠪᠠᠷ᠎ᠠ ᠪᠣᠯᠵᠤ ᠭᠦᠶᠦᠬᠦ ᠦᠢᠯᠡᠴᠢᠯᠡᠭᠡ᠎ᠶᠢ ᠵᠢᠩᠬᠢᠨᠢ᠎ᠪᠡᠷ ᠡᠬᠢᠯᠡᠭᠦᠯᠵᠦ᠂ ᠪᠥᠬᠥ ᠣᠷᠣᠨ᠎ᠤ ᠵᠠᠯᠠᠭᠤ ᠣᠶᠤᠲᠠᠨ ᠦᠢᠯᠡᠰ ᠪᠣᠰᠬᠠᠭ᠍ᠴᠢᠳ᠎ᠲᠤ ᠦᠢᠯᠡᠰ ᠪᠣᠰᠬᠠᠬᠤ ᠪᠡᠷᠬᠡ ᠰᠡᠳᠦᠪ᠎ᠢ ᠰᠢᠢᠳᠪᠦᠷᠢᠯᠡᠬᠦ᠎ᠡᠴᠡ ᠲᠥᠷᠥᠯ ᠵᠦᠢᠯ᠎ᠦᠨ ᠦᠷᠭᠦᠯᠵᠢᠯᠡᠨ ᠬᠥᠭᠵᠢᠬᠦ᠎ᠶᠢ ᠠᠬᠢᠭᠤᠯᠬᠤ ᠬᠦᠷᠲᠡᠯᠡᠬᠢ ᠴᠢᠨᠠᠷ ᠰᠠᠢᠲᠠᠢ ᠰᠣᠯᠢᠯᠴᠠᠭᠠᠨ᠎ᠤ ᠲᠠᠪᠴᠠᠩ᠎ᠢ ᠪᠠᠢᠭᠤᠯᠵᠤ ᠥᠭᠭᠦᠭᠰᠡᠨ ᠪᠠᠢᠨ᠎ᠠ᠃
      ᠲᠤᠰ ᠤᠳᠠᠭᠠᠨ᠎ᠤ ᠠᠵᠢᠯᠯᠠᠭ᠎ᠠ ᠨᠢ 《 ᠭᠠᠷ ᠭᠠᠷ᠎ᠢᠶᠠᠨ ᠬᠣᠯᠪᠣᠯᠴᠠᠨ ᠬᠠᠮᠲᠤ᠎ᠪᠠᠷ ᠤᠷᠤᠭᠰᠢᠯᠠᠵᠤ᠂ ᠬᠦᠰᠡᠯ ᠵᠡᠭᠦᠳᠦ᠎ᠪᠡᠨ ᠲᠡᠷᠭᠡᠯᠰᠢᠭᠦᠯᠬᠦ᠎ᠪᠡᠷ ᠠᠯᠤᠰ ᠬᠣᠯᠠ ᠠᠶᠠᠯᠠᠶ᠎ᠠ 》᠎ᠪᠠᠷ ᠭᠣᠣᠯ ᠰᠡᠳᠦᠪ ᠪᠣᠯᠭᠠᠵᠤ᠂ ᠵᠠᠯᠠᠭᠤ ᠣᠶᠤᠲᠠᠳ᠎ᠤᠨ ᠦᠢᠯᠡᠰ ᠪᠣᠰᠬᠠᠬᠤ ᠲᠥᠷᠥᠯ ᠵᠦᠢᠯ᠎ᠦᠨ ᠬᠤᠪᠢᠷᠠᠭᠤᠯᠤᠯᠲᠠ᠎ᠶᠢ ᠪᠠᠢᠴᠠᠭᠠᠨ ᠣᠢᠯᠠᠭᠠᠭᠰᠠᠨ ᠰᠠᠭᠤᠷᠢᠨ ᠳᠡᠭᠡᠷ᠎ᠡ᠂ ᠰᠢᠰᠲᠧᠮᠵᠢᠭᠦᠯᠦᠭᠰᠡᠨ ᠬᠤᠳᠠᠯᠳᠤᠭᠠᠨ᠎ᠤ ᠵᠠᠭᠪᠤᠷ᠎ᠤᠨ ᠪᠣᠯᠪᠠᠰᠤᠷᠠᠯ ᠳᠤᠲᠠᠮᠠᠭ᠂ ᠮᠡᠷᠭᠡᠵᠢᠯ ᠬᠢᠭᠡᠳ ᠡᠵᠡᠩᠨᠡᠯᠲᠡ᠎ᠶᠢᠨ ᠴᠢᠳᠠᠪᠤᠷᠢ ᠳᠤᠲᠠᠮᠠᠭ᠂ ᠵᠠᠬ᠎ᠠ ᠳᠡᠯᠭᠡᠭᠦᠷ᠎ᠦᠨ ᠥᠷᠢᠰᠦᠯᠳᠦᠭᠡᠨ ᠬᠢᠭᠡᠳ ᠵᠦᠷᠢᠶᠡᠴᠢᠯᠡᠯᠳᠡ ᠳᠤᠲᠠᠮᠠᠭ᠂ ᠡᠬᠢ ᠪᠠᠶᠠᠯᠢᠭ᠋ ᠬᠢᠭᠡᠳ ᠠᠷᠭ᠎ᠠ ᠵᠠᠮ᠎ᠤᠨ ᠵᠣᠯᠭᠠᠯᠴᠠᠭ᠎ᠠ ᠰᠢᠯᠤᠭᠤᠨ ᠪᠤᠰᠤ ᠵᠡᠷᠭᠡ ᠠᠰᠠᠭᠤᠳᠠᠯ᠎ᠤᠨ ᠲᠣᠭᠣᠷᠢᠨ᠎ᠳᠤ᠂ 《 ᠰᠤᠷᠤᠯᠴᠠᠬᠤ᠂ ᠪᠣᠯᠪᠠᠰᠤᠷᠠᠬᠤ᠂ ᠬᠡᠷᠡᠭᠯᠡᠬᠦ᠂ ᠳᠠᠭᠠᠬᠤ 》 ᠳᠥᠷᠪᠡᠨ ᠶᠡᠬᠡ ᠭᠣᠣᠯ ᠭᠣᠭᠴᠣᠭ᠎ᠠ᠎ᠲᠠᠢ ᠨᠢᠭ᠍ᠲᠠ ᠤᠶᠠᠯᠳᠤᠭᠤᠯᠤᠨ᠂ 15 ᠵᠠᠯᠠᠭᠤ ᠣᠶᠤᠲᠠᠳ᠎ᠤᠨ ᠦᠢᠯᠡᠰ ᠪᠣᠰᠬᠠᠬᠤ ᠲᠥᠷᠥᠯ ᠵᠦᠢᠯ᠎ᠳᠦ ᠴᠢᠳᠠᠪᠤᠷᠢ ᠣᠯᠭᠣᠬᠤ ᠰᠢᠰᠲᠧᠮᠵᠢ᠎ᠶᠢ ᠪᠠᠢᠭᠤᠯᠵᠤ ᠥᠭᠭᠦᠨ᠎ᠡ᠃ 《 ᠰᠤᠷᠤᠯᠴᠠᠯᠭ᠎ᠠ 》 ᠨᠢ ᠤᠨᠤᠯ᠎ᠢ ᠪᠠᠲᠤᠳᠬᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠰ ᠪᠣᠰᠬᠠᠬᠤ ᠵᠠᠯᠠᠭᠤᠴᠤᠳ ᠪᠣᠯᠣᠨ ᠨᠡᠷ᠎ᠡ ᠬᠦᠨᠳᠦᠲᠦ ᠵᠢᠯᠣᠭᠣᠳᠤᠭ᠍ᠴᠢ ᠪᠠᠭ᠍ᠰᠢ ᠨᠠᠷ ᠬᠤᠳᠠᠯᠳᠤᠭᠠᠨ᠎ᠤ ᠵᠠᠭᠪᠤᠷ᠎ᠤᠨ ᠴᠣᠭᠴᠠᠯᠠᠯᠲᠠ᠂ ᠡᠯᠧᠺᠲᠷᠣᠨ ᠬᠤᠳᠠᠯᠳᠤᠭᠠᠨ᠎ᠤ ᠡᠵᠡᠩᠨᠡᠯᠲᠡ᠂ ᠡᠳ᠋᠎ᠦᠨ ᠶᠠᠪᠤᠳᠠᠯ᠎ᠤᠨ ᠲᠥᠯᠦᠪᠵᠢᠭᠦᠯᠭᠡ ᠵᠡᠷᠭᠡ ᠵᠠᠩᠭᠢᠯᠠᠭ᠎ᠠ᠎ᠶᠢᠨ ᠬᠦᠷᠢᠶ᠎ᠡ᠎ᠶᠢᠨ ᠲᠣᠭᠣᠷᠢᠨ᠎ᠳᠤ ᠲᠠᠷᠢᠬᠢ ᠲᠣᠯᠣᠭᠠᠢ᠎ᠶᠢᠨ ᠰᠢᠭᠤᠷᠭ᠎ᠠ᠂ ᠮᠥᠷᠭᠥᠯᠳᠦᠯ᠎ᠦᠨ ᠰᠢᠨ᠎ᠡ᠎ᠶᠢ ᠡᠭᠦᠳᠬᠦ ᠰᠡᠳᠬᠢᠬᠦᠢ᠎ᠶᠢ ᠥᠷᠨᠢᠭᠦᠯᠪᠡ; ᠪᠣᠳᠠᠲᠤ ᠪᠠᠢᠯᠳᠤᠭᠠᠨ᠎ᠤ ᠪᠣᠯᠪᠠᠰᠤᠷᠠᠯ᠎ᠢᠶᠠᠷ ᠭᠣᠣᠯᠳᠠᠭᠤᠯᠵᠤ᠂ ᠦᠢᠯᠡᠰ ᠪᠣᠰᠬᠠᠭ᠍ᠴᠢᠳ ᠣᠷᠣᠨ ᠨᠤᠲᠤᠭ᠎ᠤᠨ᠎ᠢᠶᠠᠨ ᠬᠡᠪ ᠲᠠᠭᠤᠷᠢᠶᠠᠯᠳᠤ ᠠᠵᠤ ᠠᠬᠤᠢᠯᠠᠯ᠎ᠤᠨ ᠲᠤᠬᠠᠢ᠎ᠶᠢᠨ ᠭᠠᠵᠠᠷ ᠲᠤᠨᠢ ᠬᠦᠷᠴᠦ᠂ ᠵᠠᠬ᠎ᠠ ᠳᠡᠯᠭᠡᠭᠦᠷ᠎ᠦᠨ ᠪᠠᠢᠳᠠᠯ᠎ᠢ ᠣᠢᠷ᠎ᠠ ᠵᠠᠢ᠎ᠠᠴᠠ ᠮᠡᠳᠡᠷᠡᠵᠦ᠂ ᠪᠣᠯᠪᠠᠰᠤᠷᠠᠩᠭᠤᠢ ᠲᠤᠷᠰᠢᠯᠭ᠎ᠠ᠎ᠶᠢ ᠰᠢᠩᠭᠡᠬᠡᠨ ᠠᠪᠬᠤ᠎ᠶᠢᠨ ᠬᠠᠮᠲᠤ ᠡᠯᠡᠰᠦᠨ ᠴᠠᠷᠠᠭ᠎ᠠ᠎ᠶᠢᠨ ᠳᠠᠭᠤᠷᠢᠶᠠᠮᠠᠯ ᠰᠣᠷᠢᠯᠲᠠ᠎ᠪᠠᠷ ᠳᠠᠮᠵᠢᠨ ᠪᠣᠳᠠᠲᠤ ᠪᠠᠢᠯᠳᠤᠭᠠᠨ᠎ᠤ ᠡᠵᠡᠩᠨᠡᠯᠲᠡ᠎ᠶᠢᠨ ᠴᠢᠳᠠᠪᠤᠷᠢ᠎ᠪᠠᠨ ᠲᠡᠭᠡᠭᠰᠢᠯᠡᠬᠦᠯᠦᠨ᠎ᠡ; 《 ᠬᠡᠷᠡᠭᠯᠡᠬᠦ 》 ᠨᠢ ᠦᠷ᠎ᠡ ᠪᠦᠲᠦᠭᠡᠯ᠎ᠢ ᠬᠤᠪᠢᠷᠠᠭᠤᠯᠬᠤ᠎ᠶᠢ ᠴᠢᠬᠤᠯᠠᠴᠢᠯᠠᠵᠤ᠂ ᠲᠦᠷᠦᠯ ᠵᠦᠢᠯ᠎ᠦᠨ ᠵᠠᠳᠠᠭᠠᠢ ᠦᠵᠡᠭᠦᠯᠭᠡ᠎ᠶᠢᠨ ᠬᠡᠯᠪᠡᠷᠢ᠎ᠪᠡᠷ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠡᠯ᠎ᠡ ᠵᠦᠢᠯ᠎ᠦᠨ ᠬᠠᠷᠠᠯᠲᠠ᠎ᠶᠢᠨ ᠦᠵᠡᠭᠳᠡᠯ᠂ ᠰᠢᠨ᠎ᠡ᠎ᠶᠢ ᠡᠭᠦᠳᠬᠦ ᠬᠢᠯᠠᠰ ᠴᠡᠭ ᠪᠣᠯᠣᠨ ᠬᠥᠭᠵᠢᠯᠲᠡ᠎ᠶᠢᠨ ᠳᠠᠯᠳᠠ ᠬᠦᠴᠦᠨ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠦᠨ᠎ᠡ; 《 ᠳᠠᠭᠠᠬᠤ 》 ᠨᠢ ᠲᠠᠷᠠᠭᠠᠴᠢ᠎ᠶᠢᠨ ᠪᠥᠬᠥ ᠶᠠᠪᠤᠴᠠ᠎ᠳᠤ ᠦᠢᠯᠡᠴᠢᠯᠡᠬᠦ᠎ᠶᠢ ᠵᠣᠯᠭᠠᠭᠤᠯᠵᠤ ᠂ ᠲᠥᠷᠥᠯ ᠵᠦᠢᠯ᠎ᠦᠨ ᠦᠷᠭᠦᠯᠵᠢᠯᠡᠨ ᠦᠰᠦᠨ ᠪᠣᠢᠵᠢᠬᠤ᠎ᠳᠤ ᠰᠠᠭᠤᠷᠢ ᠲᠠᠯᠪᠢᠵᠤ ᠥᠭᠭᠦᠨ᠎ᠡ᠃
      《 ᠦᠢᠯᠡᠰ ᠪᠣᠰᠬᠠᠬᠤ᠎ᠳᠤ ᠪᠠᠷ᠎ᠠ ᠪᠣᠯᠵᠤ ᠭᠦᠶᠦᠬᠦ 》 ᠦᠢᠯᠡᠴᠢᠯᠡᠭᠡᠨ᠎ᠦ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠲᠤᠰᠬᠠᠢ ᠮᠡᠷᠭᠡᠵᠢᠯ᠎ᠦᠨ ᠵᠢᠯᠣᠭᠣᠳᠤᠭ᠍ᠴᠢ ᠪᠠᠭ᠍ᠰᠢ᠎ᠶᠢᠨ ᠪᠦᠯᠬᠦᠮ᠎ᠢ ᠵᠣᠬᠢᠶᠠᠨ ᠪᠠᠢᠭᠤᠯᠵᠤ ᠂ ᠣᠷᠣᠨ᠎ᠤ ᠳᠣᠲᠣᠷ᠎ᠠ ᠭᠠᠳᠠᠨᠠᠬᠢ ᠦᠢᠯᠡᠰ ᠪᠣᠰᠬᠠᠬᠤ ᠬᠢᠷᠢ ᠬᠡᠮ᠎ᠲᠠᠢ 12 ᠵᠢᠯᠣᠭᠣᠳᠤᠭ᠍ᠴᠢ ᠪᠠᠭ᠍ᠰᠢ ᠪᠠ ᠪᠡᠯᠡ ᠣᠷᠣᠭᠤᠯᠤᠭ᠍ᠴᠢ᠎ᠶᠢ ᠤᠷᠢᠨ ᠣᠷᠣᠯᠴᠠᠭᠤᠯᠵᠤ᠂ ᠰᠣᠩᠭᠣᠵᠤ ᠭᠠᠷᠭᠠᠭᠰᠠᠨ 10 ᠰᠢᠯᠢᠳᠡᠭ ᠲᠥᠷᠥᠯ ᠵᠦᠢᠯ᠎ᠳᠦ 《 ᠦᠢᠯᠡᠰ ᠪᠣᠰᠬᠠᠬᠤ᠎ᠳᠤ ᠪᠠᠷ᠎ᠠ ᠪᠣᠯᠵᠤ ᠭᠦᠶᠦᠬᠦ 》 ᠠᠵᠢᠯ ᠬᠢᠵᠦ᠂ ᠵᠠᠯᠠᠭᠤ ᠣᠶᠤᠲᠠᠳ᠎ᠤᠨ ᠦᠢᠯᠡᠰ ᠪᠣᠰᠬᠠᠬᠤ ᠶᠠᠪᠤᠴᠠ᠎ᠳᠤ ᠲᠣᠬᠢᠶᠠᠯᠳᠤᠭᠰᠠᠨ ᠡᠵᠡᠩᠨᠡᠨ ᠪᠣᠷᠣᠯᠠᠭᠤᠯᠤᠯᠲᠠ᠎ᠶᠢ ᠳᠡᠯᠭᠡᠷᠡᠭᠦᠯᠬᠦ᠎ᠳᠦ ᠬᠦᠴᠢᠷ᠂ ᠨᠠᠷᠠᠲᠤ ᠲᠥᠷᠥᠯ ᠲᠡᠮᠳᠡᠭ᠎ᠢ ᠪᠦᠲᠦᠭᠡᠨ ᠪᠠᠶ᠋ᠢᠭᠤᠯᠬᠤ᠎ᠳᠤ ᠬᠦᠴᠢᠷ᠂ ᠰᠦᠯᠵᠢᠶᠡᠨ ᠡᠵᠡᠩᠨᠡᠯᠲᠡ ᠬᠦᠴᠢᠷ ᠵᠡᠷᠭᠡ ᠪᠣᠳᠠᠲᠠᠢ ᠬᠦᠴᠢᠷᠳᠡᠯ᠎ᠢ ᠨᠢ ᠰᠢᠢᠳᠪᠦᠷᠢᠯᠡᠵᠦ ᠥᠭᠭᠦᠨ᠎ᠡ᠃
      ᠵᠠᠯᠭᠠᠭᠠᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠦᠢᠯᠡᠰ ᠪᠣᠰᠬᠠᠬᠤ ᠦᠢᠯᠡᠴᠢᠯᠡᠭᠡᠨ᠎ᠦ ᠠᠵᠢᠯ᠎ᠢᠶᠠᠨ ᠦᠷᠬᠦᠯᠵᠢᠯᠡᠨ ᠭᠦᠨᠵᠡᠭᠡᠢᠷᠡᠭᠦᠯᠵᠦ᠂ ᠦᠢᠯᠡᠰ ᠪᠣᠰᠬᠠᠬᠤ᠎ᠶᠢ ᠳᠡᠮᠵᠢᠬᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠰ ᠪᠣᠰᠬᠠᠬᠤ ᠦᠢᠯᠡᠴᠢᠯᠡᠭᠡᠨ᠎ᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ 《 ᠦᠢᠯᠡᠰ ᠪᠣᠰᠬᠠᠬᠤ᠎ᠳᠤ ᠪᠠᠷ᠎ᠠ ᠪᠣᠯᠵᠤ ᠭᠦᠶᠦᠬᠦ 》 ᠦᠢᠯᠡᠴᠢᠯᠡᠭᠡᠨ᠎ᠦ ᠵᠠᠭᠪᠤᠷ᠎ᠢ ᠲᠡᠭᠦᠯᠳᠡᠷᠵᠢᠭᠦᠯᠵᠦ᠂ ᠰᠢᠨ᠎ᠡ᠎ᠶᠢ ᠡᠭᠦᠳᠦᠨ ᠦᠢᠯᠡᠰ ᠪᠣᠰᠬᠠᠬᠤ ᠦᠢᠯᠡᠴᠢᠯᠡᠭᠡᠨ᠎ᠦ ᠠᠵᠢᠯᠯᠠᠭ᠎ᠠ᠎ᠶᠢ ᠥᠷᠨᠢᠭᠦᠯᠵᠦ᠂ ᠬᠤᠳᠠᠯᠳᠤᠭᠠᠨ᠎ᠤ ᠵᠠᠭᠪᠤᠷ᠎ᠢ ᠰᠢᠯᠢᠳᠡᠭᠵᠢᠭᠦᠯᠬᠦ᠂ ᠡᠬᠢ ᠪᠠᠶᠠᠯᠢᠭ᠋᠎ᠢ ᠵᠣᠯᠭᠠᠭᠤᠯᠬᠤ᠂ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ ᠦᠷᠭᠦᠯᠵᠢᠯᠡᠨ ᠬᠦᠴᠦᠨ ᠣᠯᠭᠣᠵᠤ᠂ ᠲᠥᠷᠥᠯ ᠵᠦᠢᠯ᠎ᠦᠨ ᠪᠣᠶ᠋ᠢᠵᠢᠯᠲᠠ᠎ᠶᠢ ᠪᠠᠲᠤᠯᠠᠨ ᠬᠠᠮᠠᠭᠠᠯᠠᠵᠤ᠂ ᠨᠠᠩ ᠣᠯᠠᠨ ᠦᠢᠯᠡᠰ ᠪᠣᠰᠬᠠᠭ᠍ᠴᠢ᠎ᠳᠤ ᠨᠠᠩ ᠨᠠᠷᠢᠯᠢᠭ᠋ ᠣᠨᠣᠴᠠᠲᠠᠢ᠂ ᠰᠢᠭᠤᠳ ᠨᠡᠪᠲᠡᠷᠡᠬᠦ ᠦᠢᠯᠡᠴᠢᠯᠡᠭᠡᠨ᠎ᠦ ᠪᠠᠲᠤᠯᠠᠭ᠎ᠠ ᠬᠠᠩᠭᠠᠵᠤ᠂ ᠣᠷᠣᠨ ᠪᠦᠰᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠵᠠᠯᠠᠭᠤ ᠨᠠᠰᠤᠨ᠎ᠤ ᠬᠥᠳᠡᠯᠭᠡᠬᠦ ᠬᠦᠴᠦᠨ ᠨᠡᠮᠡᠷᠢᠯᠡᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            