ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠠᠵᠢᠯ᠎ᠤᠨ ᠦᠵᠡᠭᠦᠯᠭᠡ ᠰᠣᠯᠢᠯᠴᠠᠭ᠎ᠠ ᠭᠤᠸᠠᠩᠰᠢ᠎ᠶᠢᠨ ᠨᠠᠨᠨᠢᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-12-16

       11 ᠰᠠᠷ᠎ᠠ᠎ᠶᠢᠨ 18᠎ᠤ ᠡᠳᠦᠷ᠂ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠵᠢᠴᠢ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠬᠥᠭᠵᠢᠯᠲᠡ᠎ᠶᠢᠨ ᠶᠡᠬᠡ ᠬᠤᠷᠠᠯ᠎ᠢ ᠡᠷᠭᠢᠯᠡᠵᠦ ᠪᠠᠢᠭ᠎ᠠ ᠬᠤᠭᠤᠴᠠᠭᠠᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠠᠴᠠ ᠭᠣᠣᠯᠯᠠᠨ ᠡᠷᠭᠢᠯᠡᠵᠦ᠂ ᠳᠤᠮᠳᠠᠳᠤ ᠤᠯᠤᠰ᠎ᠤᠨ ᠠᠵᠢᠯ ᠣᠯᠭᠣᠯᠲᠠ᠎ᠶᠢᠨ ᠪᠣᠯᠪᠠᠰᠤᠷᠠᠯ᠎ᠤᠨ ᠮᠡᠷᠭᠡᠵᠢᠯ᠎ᠦᠨ ᠵᠢᠯᠣᠭᠣᠳᠤᠯᠭ᠎ᠠ᠎ᠶᠢᠨ ᠲᠥᠪ᠎ᠡᠴᠡ ᠳᠠᠭᠠᠭᠠᠨ ᠡᠷᠭᠢᠯᠡᠵᠦ᠂ ᠭᠤᠸᠠᠩᠰᠢ᠎ᠶᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠬᠠᠮᠵᠢᠯᠴᠠᠨ ᠡᠷᠬᠢᠯᠡᠭᠰᠡᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠠᠵᠢᠯ᠎ᠤᠨ ᠦᠵᠡᠭᠦᠯᠭᠡ ᠰᠣᠯᠢᠯᠴᠠᠭ᠎ᠠ ᠭᠤᠸᠠᠩᠰᠢ᠎ᠶᠢᠨ ᠨᠠᠨᠨᠢᠩ᠎ᠳᠤ ᠶᠠᠪᠤᠭᠳᠠᠪᠠ᠃ ᠪᠥᠬᠥ ᠤᠯᠤᠰ᠎ᠤᠨ 31 ᠮᠤᠵᠢ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠠᠵᠢᠯ᠎ᠤᠨ ᠬᠠᠷᠢᠭᠤᠴᠠᠯᠭᠠᠲᠠᠨ᠂ ᠦᠵᠡᠭᠦᠯᠭᠡ᠎ᠶᠢᠨ ᠠᠵᠢᠯᠲᠠᠨ ᠪᠠ ᠦᠨᠡᠯᠡᠯᠲᠡ᠎ᠶᠢᠨ ᠲᠤᠰᠬᠠᠢ ᠮᠡᠷᠭᠡᠵᠢᠯᠲᠡᠨ ᠨᠡᠶ᠋ᠢᠲᠡ 230 ᠭᠠᠷᠤᠢ ᠬᠥᠮᠥᠨ ᠣᠷᠣᠯᠴᠠᠵᠠᠢ᠃
       ᠲᠣᠰ ᠤᠳᠠᠭᠠᠨ᠎ᠤ ᠦᠵᠡᠭᠦᠯᠭᠡ ᠰᠣᠯᠢᠯᠴᠠᠭ᠎ᠠ᠎ᠶᠢᠨ ᠵᠣᠷᠢᠯᠭ᠎ᠠ ᠨᠢ ᠣᠷᠣᠨ ᠪᠦᠰᠡ ᠠᠯᠤᠰᠯᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠠᠮᠲᠤ᠎ᠪᠠᠷ ᠠᠬᠢᠭᠤᠯᠵᠤ ᠬᠠᠮᠲᠤ᠎ᠪᠠᠷ ᠤᠷᠤᠭᠰᠢᠯᠠᠬᠤ ᠲᠠᠪᠴᠠᠩ᠎ᠢ ᠪᠠᠢᠭᠤᠯᠵᠤ᠂ ᠡᠯ᠎ᠡ ᠭᠠᠵᠠᠷ᠎ᠤᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠠᠵᠢᠯ᠎ᠤᠨ ᠭᠦᠨᠵᠡᠭᠡᠢ ᠠᠭᠤᠰᠤᠯᠴᠠᠬᠤ ᠪᠠ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠎ᠶᠢ ᠠᠬᠢᠭᠤᠯᠵᠤ᠂ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠬᠦ᠎ᠶᠢᠨ ᠲᠥᠯᠥᠭᠡ ᠶᠤᠮ᠃ ᠡᠯ᠎ᠡ ᠭᠠᠵᠠᠷ᠎ᠤᠨ 《 ᠠᠵᠢᠯ ᠲᠥᠷᠥᠯ᠎ᠦᠨ ᠳᠣᠲᠣᠷᠠᠬᠢ ᠭᠠᠷᠮᠠᠭᠠᠢ ᠭᠠᠷ 》 ᠲᠤᠬᠠᠢ᠎ᠶᠢᠨ ᠲᠠᠯᠠᠪᠤᠷ᠎ᠲᠤ ᠶᠠᠷᠢᠶ᠎ᠠ ᠲᠠᠯᠪᠢᠬᠤ᠂ ᠤᠷ᠎ᠠ ᠮᠡᠷᠭᠡᠵᠢᠯ᠎ᠦᠨ ᠦᠵᠡᠭᠦᠯᠭᠡ᠂ ᠲᠣᠭᠯᠠᠯᠲᠠ ᠦᠵᠡᠭᠦᠯᠭᠡ ᠵᠡᠷᠭᠡ ᠬᠡᠯᠪᠡᠷᠢ᠎ᠪᠡᠷ ᠳᠠᠮᠵᠢᠭᠤᠯᠤᠨ᠂ ᠡᠯ᠎ᠡ ᠭᠠᠵᠠᠷ᠎ᠤᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢ ᠵᠢᠷᠤᠮᠵᠢᠭᠤᠯᠤᠨ ᠪᠣᠢᠵᠢᠭᠤᠯᠬᠤ᠂ ᠤᠷ᠎ᠠ ᠮᠡᠷᠭᠡᠵᠢᠯ᠎ᠢ ᠳᠡᠭᠡᠭᠰᠢᠯᠡᠭᠦᠯᠬᠦ᠂ ᠠᠵᠢᠯ ᠣᠯᠭᠣᠯᠲᠠ᠎ᠶᠢ ᠳᠠᠢᠴᠢᠯᠠᠬᠤ ᠪᠠ ᠦᠢᠯᠡᠰ ᠪᠣᠰᠬᠠᠬᠤ᠎ᠶᠢ ᠲᠡᠳᠬᠦᠬᠦ ᠵᠡᠷᠭᠡ ᠲᠠᠯ᠎ᠠ᠎ᠪᠠᠷ ᠬᠢ ᠰᠢᠨ᠎ᠡ᠎ᠶᠢ ᠡᠭᠦᠳᠬᠦ ᠦᠢᠯᠡᠳᠦᠯᠭᠡ᠎ᠶᠢ ᠠᠮᠢᠳᠤᠯᠢᠭ᠋᠎ᠢᠶᠠᠷ ᠢᠯᠡᠷᠡᠭᠦᠯᠪᠡ᠃ ᠦᠨᠡᠯᠡᠯᠲᠡ ᠬᠢᠬᠦ ᠲᠤᠰᠬᠠᠢ ᠮᠡᠷᠭᠡᠵᠢᠯᠲᠡᠨ ᠬᠢᠭᠡᠳ ᠦᠵᠡᠭᠦᠯᠭᠡ᠎ᠶᠢᠨ ᠠᠵᠢᠯᠲᠠᠨ ᠨᠢᠭᠤᠷᠲᠠᠨ ᠦᠨᠡᠯᠡᠯᠲᠡ ᠬᠢᠵᠦ ᠰᠠᠨᠠᠯ᠎ᠢᠶᠠᠨ ᠰᠣᠯᠢᠯᠴᠠᠵᠤ᠂ ᠡᠯ᠎ᠡ ᠭᠠᠵᠠᠷ᠎ᠤᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠪᠠᠢᠭᠤᠯᠤᠯᠲᠠ᠎ᠳᠤ ᠲᠤᠰᠬᠠᠢ ᠮᠡᠷᠭᠡᠵᠢᠯ᠎ᠦᠨ ᠵᠢᠯᠣᠭᠣᠳᠤᠯᠭ᠎ᠠ ᠪᠠ ᠰᠠᠨᠠᠭᠤᠯᠭ᠎ᠠ ᠬᠠᠩᠭᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            