12 ᠳ᠋ᠤᠭᠠᠷ ᠰᠠᠷ᠎ᠠ᠎ᠶᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠰᠢᠨ᠎ᠡ᠎ᠪᠡᠷ ᠲᠤᠰᠢᠶᠠᠯ᠎ᠳᠤ ᠭᠠᠷᠤᠭᠰᠠᠨ ᠭᠠᠵᠠᠷ᠎ᠤᠨ ᠲᠠᠰ᠎ᠤᠨ ᠺᠠᠳ᠋ᠷᠴᠤᠳ᠎ᠤᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ ᠶᠠᠪᠤᠭᠤᠯᠪᠠ᠃ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠲᠢᠩᠬᠢᠮ᠎ᠦᠨ ᠳᠡᠳ᠋ ᠳᠠᠷᠤᠭ᠎ᠠ ᠯᠢ ᠸᠧᠨ ᠭᠠᠩ ᠨᠥᠬᠥᠷ ᠬᠤᠷᠠᠯ᠎ᠳᠤ ᠣᠷᠣᠯᠴᠠᠵᠤ ᠲᠠᠩᠭᠠᠷᠢᠭ᠋ᠢ ᠬᠢᠨᠠᠬᠤ᠎ᠶᠢᠨ ᠬᠠᠮᠲᠤ ᠶᠠᠷᠢᠶ᠎ᠠ ᠲᠠᠯᠪᠢᠵᠠᠢ᠃
ᠲᠠᠩᠭᠠᠷᠢᠭ᠋᠎ᠤᠨ ᠲᠤᠬᠠᠢ᠎ᠶᠢᠨ ᠲᠠᠯᠠᠪᠠᠢ᠎ᠳᠤ ᠲᠥᠪ ᠬᠢᠴᠢᠶᠡᠩᠭᠦᠢ ᠪᠠᠢᠯ᠎ᠠ᠃ ᠲᠠᠩᠭᠠᠷᠢᠭ᠍ᠯᠠᠬᠤ ᠶᠣᠰᠣᠯᠠᠯ ᠡᠬᠢᠯᠡᠬᠦ᠎ᠳᠦ᠂ ᠪᠦᠭᠦᠳᠡᠭᠡᠷ᠎ᠢᠶᠡᠨ ᠲᠥᠪ ᠵᠣᠭᠰᠣᠵᠤ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠨ ᠳᠠᠭᠤᠯᠠᠪᠠ᠃ ᠳᠠᠷᠠᠭ᠎ᠠ᠎ᠪᠠᠷ ᠨᠢ ᠲᠠᠩᠭᠠᠷᠢᠭ᠍ᠯᠠᠭ᠍ᠴᠢ ᠤᠯᠤᠰ᠎ᠤᠨ ᠲᠤᠭ ᠪᠠ ᠤᠯᠤᠰ᠎ᠤᠨ ᠰᠦᠯᠳᠡ᠎ᠳᠦ ᠬᠠᠨᠳᠤᠨ ᠲᠠᠩᠭᠠᠷᠢᠭ᠍ᠯᠠᠪᠠ᠃
ᠦᠨᠳᠦᠰᠦᠨ ᠬᠠᠤᠯᠢ ᠪᠣᠯ ᠤᠯᠤᠰ᠎ᠤᠨ ᠦᠨᠳᠦᠰᠦ ᠪᠣᠯᠬᠤ ᠶᠡᠬᠡ ᠬᠠᠤᠯᠢ ᠮᠥᠨ᠂ ᠤᠯᠤᠰ᠎ᠢ ᠵᠠᠰᠠᠵᠤ ᠲᠦᠷᠦ᠎ᠶᠢ ᠲᠦᠪᠰᠢᠳᠬᠡᠬᠦ ᠶᠡᠷᠦᠩᠬᠡᠢ ᠳᠦᠷᠢᠮ ᠮᠥᠨ᠃ ᠦᠨᠳᠦᠰᠦᠨ ᠬᠠᠤᠯᠢ᠎ᠳᠤ ᠲᠠᠩᠭᠠᠷᠢᠭ᠍ᠯᠠᠬᠤ᠎ᠶᠢ ᠵᠣᠬᠢᠶᠠᠨ ᠪᠠᠶ᠋ᠢᠭᠤᠯᠬᠤ ᠪᠣᠯ ᠦᠨᠳᠦᠰᠦᠨ ᠬᠠᠤᠯᠢ᠎ᠶᠢᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠦᠨᠳᠦᠰᠦᠨ ᠬᠠᠤᠯᠢ᠎ᠶᠢᠨ ᠡᠷᠬᠡ ᠰᠦᠷ᠎ᠢ ᠬᠠᠮᠠᠭᠠᠯᠠᠬᠤ᠂ ᠦᠨᠳᠦᠰᠦᠨ ᠬᠠᠤᠯᠢ᠎ᠶᠢᠨ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠬᠦ᠎ᠶᠢᠨ ᠴᠢᠬᠤᠯᠠ ᠬᠡᠯᠪᠡᠷᠢ ᠮᠥᠨ᠂ ᠥᠷᠭᠡᠨ ᠤᠯᠠᠨ ᠺᠠᠳ᠋ᠷᠴᠤᠳ᠎ᠤᠨ ᠦᠨᠳᠦᠰᠦᠨ ᠬᠠᠤᠯᠢ᠎ᠳᠤ ᠦᠨᠡᠨᠴᠢ ᠰᠢᠳᠤᠷᠭᠤ᠂ ᠦᠨᠳᠦᠰᠦᠨ ᠬᠠᠤᠯᠢ᠎ᠶᠢ ᠵᠢᠷᠤᠮᠯᠠᠬᠤ᠂ ᠦᠨᠳᠦᠰᠦᠨ ᠬᠠᠤᠯᠢ᠎ᠶᠢ ᠬᠠᠮᠠᠭᠠᠯᠠᠬᠤ᠎ᠶᠢ ᠵᠣᠷᠢᠭ᠍ᠵᠢᠭᠤᠯᠤᠨ ᠬᠥᠮᠥᠵᠢᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠢᠩᠬᠢᠮ᠎ᠦᠨ ᠰᠢᠰᠲᠧᠮ᠎ᠦᠨ ᠰᠢᠨ᠎ᠡ᠎ᠪᠡᠷ ᠲᠤᠰᠢᠶᠠᠯ ᠡᠭᠦᠷᠭᠡᠯᠡᠭᠰᠡᠨ ᠭᠠᠵᠠᠷ᠎ᠤᠨ ᠳᠡᠰ᠎ᠤᠨ ᠺᠠᠳ᠋ᠷ ᠢᠮᠠᠭᠲᠠ ᠲᠠᠩᠭᠠᠷᠢᠭ᠋᠎ᠤᠨ ᠦᠭᠡ᠎ᠪᠡᠨ ᠪᠠᠲᠤ ᠴᠡᠭᠡᠵᠢᠯᠡᠵᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ ᠬᠡᠷᠡᠭᠵᠢᠭᠦᠯᠵᠦ᠂ 《 ᠬᠣᠶᠠᠷ᠎ᠢ ᠲᠣᠭᠲᠠᠭᠠᠬᠤ 》᠎ᠶᠢ ᠡᠷᠡᠰ ᠬᠠᠮᠠᠭᠠᠯᠠᠵᠤ᠂ 《 ᠬᠣᠶᠠᠷ᠎ᠢ ᠬᠠᠮᠠᠭᠠᠯᠠᠬᠤ 》᠎ᠶᠢ ᠡᠷᠡᠰ ᠪᠡᠶᠡᠯᠡᠭᠦᠯᠵᠦ᠂ ᠤᠬᠠᠮᠰᠠᠷ᠎ᠠᠴᠠ᠎ᠪᠠᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠦᠬᠦ ᠲᠠᠯ᠎ᠠ᠎ᠳᠤ ᠲᠠᠯᠪᠢᠵᠤ᠂ ᠥᠭᠡᠷᠡᠴᠢᠯᠡᠯᠲᠡ᠎ᠶᠢ ᠠᠳᠬᠤᠬᠤ᠂ ᠬᠥᠭᠵᠢᠯᠲᠡ᠎ᠶᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠡᠷᠬᠡ ᠠᠰᠢᠭ᠋᠎ᠢ ᠬᠠᠮᠠᠭᠠᠯᠠᠬᠤ᠂ ᠠᠶᠤᠯ ᠲᠦᠭᠰᠢᠭᠦᠷᠢ᠎ᠶᠢ ᠰᠡᠷᠭᠡᠢᠯᠡᠬᠦ᠎ᠶᠢ ᠪᠦᠬᠦ ᠬᠦᠴᠦᠨ᠎ᠢᠶᠡᠷ᠎ᠢᠶᠡᠨ ᠠᠳᠬᠤᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠬᠤ ᠠᠰᠠᠭᠤᠳᠠᠯ᠎ᠢ ᠴᠢᠷᠮᠠᠢᠨ ᠰᠢᠢᠳᠪᠦᠷᠢᠯᠡᠵᠦ᠂ ᠤᠬᠠᠮᠰᠠᠷ᠎ᠠᠴᠠ᠎ᠪᠠᠨ ᠦᠨᠳᠦᠰᠦᠨ ᠬᠠᠤᠯᠢ᠎ᠶᠢ ᠦᠨᠡᠨᠴᠢ ᠰᠢᠳᠤᠷᠭᠤ᠎ᠪᠠᠷ ᠡᠷᠬᠢᠮᠯᠡᠭᠴᠢ᠂ ᠤᠬᠠᠮᠰᠠᠷ᠎ᠠᠴᠠ᠎ᠪᠠᠨ ᠵᠢᠷᠤᠮᠯᠠᠭ᠍ᠴᠢ᠂ ᠡᠷᠡᠰ ᠪᠠᠲᠤ ᠬᠠᠮᠠᠭᠠᠯᠠᠭ᠍ᠴᠢ ᠪᠣᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠣᠳᠠᠲᠤ ᠦᠷ᠎ᠡ ᠪᠦᠲᠦᠮᠵᠢ᠎ᠪᠡᠷ᠎ᠢᠶᠡᠨ ᠨᠠᠮ ᠪᠠ ᠠᠷᠠᠳ ᠲᠦᠮᠡᠨ᠎ᠦ ᠢᠲᠡᠭᠡᠯ ᠪᠠ ᠬᠦᠨᠳᠦ ᠨᠠᠶ᠋ᠢᠳᠠᠯᠭ᠎ᠠ᠎ᠶᠢ ᠬᠠᠷᠢᠭᠤᠯᠤᠨ᠎ᠠ᠃
2025 ᠣᠨ᠎ᠳᠤ ᠲᠢᠩᠬᠢᠮ᠎ᠦᠨ ᠰᠢᠰᠲᠧᠮ᠎ᠦᠨ ᠰᠢᠨ᠎ᠡ᠎ᠪᠡᠷ ᠲᠤᠰᠢᠶᠠᠯ᠎ᠳᠤ ᠭᠠᠷᠤᠭᠰᠠᠨ ᠭᠠᠵᠠᠷ᠎ᠤᠨ ᠲᠠᠰ᠎ᠤᠨ ᠺᠠᠳ᠋ᠷ ᠲᠠᠩᠭᠠᠷᠢᠭ᠍ᠯᠠᠬᠤ ᠶᠣᠰᠣᠯᠠᠯ᠎ᠳᠤ ᠣᠷᠣᠯᠴᠠᠪᠠ᠃