ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠵᠢᠴᠢ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠦᠷ᠎ᠡ ᠪᠦᠲᠦᠭᠡᠯ᠎ᠦᠨ ᠬᠡᠷᠡᠯ ᠵᠢᠷᠤᠭ᠎ᠤᠨ ᠦᠵᠡᠭᠦᠯᠭᠡ ᠨᠠᠨᠨᠢᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-12-16

       11 ᠰᠠᠷ᠎ᠠ᠎ᠶᠢᠨ 18᠎ᠤ ᠡᠳᠦᠷ᠂ ᠳᠤᠮᠳᠠᠳᠤ ᠤᠯᠤᠰ᠎ᠤᠨ ᠬᠥᠳᠡᠯᠮᠦᠷᠢ᠎ᠶᠢᠨ ᠪᠠᠲᠤᠯᠠᠭ᠎ᠠ᠎ᠶᠢᠨ ᠰᠣᠨᠢᠨ᠎ᠤ ᠬᠣᠷᠢᠶ᠎ᠠ᠂ ᠰᠢᠨᠬᠤᠸᠠ ᠬᠣᠷᠢᠶᠠᠨ᠎ᠤ ᠳᠤᠮᠳᠠᠳᠤ ᠤᠯᠤᠰ᠎ᠤᠨ ᠬᠡᠷᠡᠯ ᠵᠢᠷᠤᠭ᠎ᠤᠨ ᠬᠣᠷᠢᠶ᠎ᠠ᠂ ᠭᠤᠸᠠᠩᠰᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠬᠠᠮᠲᠤᠷᠠᠨ ᠡᠷᠭᠢᠯᠡᠭᠰᠡᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠵᠢᠴᠢ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠦᠷ᠎ᠡ ᠪᠦᠲᠦᠭᠡᠯ᠎ᠦᠨ ᠬᠡᠷᠡᠯ ᠵᠢᠷᠤᠭ᠎ᠤᠨ ᠦᠵᠡᠭᠦᠯᠭᠡ ᠭᠤᠸᠠᠩᠰᠢ᠎ᠶᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠨᠠᠨᠨᠢᠩ ᠬᠣᠲᠠ᠎ᠳᠤ ᠶᠠᠪᠤᠭᠳᠠᠪᠠ᠃
       ᠭᠡᠷᠡᠯ ᠵᠢᠷᠤᠭ᠎ᠤᠨ ᠦᠵᠡᠭᠦᠯᠭᠡ ᠨᠢ ᠶᠡᠷᠦᠩᠬᠡᠢ ᠱᠦᠵᠢ ᠰᠢ᠎ᠶᠢᠨ ᠫᠢᠩ᠎ᠤᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢᠨ ᠲᠤᠬᠠᠢ ᠠᠯᠢ ᠣᠯᠠᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠠᠮᠢᠳᠤᠯᠢᠭ᠋ ᠰᠠᠢᠬᠠᠨ ᠳᠦᠷᠰᠦ ᠰᠢᠩᠭᠡᠭᠡᠯᠲᠡ᠎ᠶᠢᠨ ᠮᠠᠲᠧᠷᠢᠶᠠᠯ᠎ᠢᠶᠠᠷ ᠳᠠᠮᠵᠢᠭᠤᠯᠤᠨ᠂ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢᠨ 30 ᠵᠢᠯ᠎ᠦᠨ ᠲᠤᠷᠰᠢᠬᠢ ᠶᠡᠷᠦ ᠪᠤᠰᠤ᠎ᠶᠢᠨ ᠥᠩᠭᠡᠷᠡᠯᠲᠡ᠎ᠶᠢ ᠪᠦᠬᠦ ᠲᠠᠯ᠎ᠠ᠎ᠪᠠᠷ ᠡᠷᠭᠢᠴᠡᠭᠦᠯᠵᠡᠢ᠃
       ᠬᠡᠷᠡᠯ ᠵᠢᠷᠤᠭ᠎ᠤᠨ ᠦᠵᠡᠭᠦᠯᠭᠡ᠎ᠶᠢ 《 ᠠᠵᠢᠯ ᠣᠯᠭᠣᠯᠲᠠ᠎ᠶᠢᠨ ᠵᠠᠮ᠄ 〈 ᠠᠮᠢ ᠵᠢᠭᠤᠬᠤ ᠠᠷᠭ᠎ᠠ ᠪᠠᠷᠢᠯ 〉᠎ᠡᠴᠡ 〈 ᠪᠥᠬᠥ ᠲᠠᠯ᠎ᠠ᠎ᠪᠠᠷ ᠬᠥᠭᠵᠢᠭᠦᠯᠬᠦ 〉 ᠬᠦᠷᠲᠡᠯ᠎ᠡ 》 《 ᠤᠷ᠎ᠠ ᠮᠡᠷᠭᠡᠵᠢᠯ᠎ᠤᠨ ᠵᠠᠮ᠄ 〈 ᠪᠡᠶ᠎ᠡ᠎ᠶᠢᠨ ᠬᠥᠳᠡᠯᠮᠦᠷᠢ 〉᠎ᠡᠴᠡ 〈 ᠤᠷ᠎ᠠ ᠮᠡᠷᠭᠡᠵᠢᠯ᠎ᠢᠶᠠᠷ ᠴᠢᠳᠠᠪᠤᠷᠢᠲᠠᠨ ᠪᠣᠯᠬᠤ 〉 ᠬᠦᠷᠲᠡᠯ᠎ᠡ 》 《 ᠬᠠᠮᠵᠢᠯᠴᠠᠬᠤ ᠵᠠᠮ ᠄ 〈 ᠲᠠᠩ ᠴᠢᠭᠯᠡᠯ᠎ᠢᠶᠡᠷ ᠭᠠᠳᠠᠭ᠍ᠰᠢ ᠭᠠᠷᠭᠠᠬᠤ〉᠎ᠡᠴᠡ 〈 ᠬᠠᠮᠵᠢᠯᠴᠠᠨ ᠬᠥᠭᠵᠢᠭᠦᠯᠬᠦ 〉 ᠬᠦᠷᠲᠡᠯ᠎ᠡ 》 《 ᠭᠤᠸᠠᠩᠳᠦ᠋ᠩ ᠭᠤᠸᠠᠩᠰᠢ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ 》 ᠵᠡᠷᠭᠡ ᠳᠥᠷᠪᠡᠨ ᠬᠡᠰᠡᠭ᠎ᠲᠦ ᠬᠤᠪᠢᠶᠠᠵᠠᠢ᠃ ᠭᠣᠣᠯᠳᠠᠭᠤ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠬᠤ ᠪᠠ ᠥᠨᠳᠥᠷ ᠲᠦᠪᠰᠢᠨ᠎ᠲᠠᠢ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠠᠬᠢᠭᠤᠯᠬᠤ ᠵᠢᠴᠢ ᠭᠤᠸᠠᠩᠳᠦ᠋ᠩ ᠭᠤᠸᠠᠩᠰᠢ ᠬᠣᠶᠠᠷ ᠭᠠᠵᠠᠷ᠎ᠤᠨ ᠨᠠᠮ ᠵᠠᠰᠠᠭ᠎ᠢᠶᠠᠷ ᠭᠣᠣᠯᠯᠠᠭᠤᠯᠬᠤ᠂ ᠨᠡᠢᠭᠡᠮ᠎ᠢᠶᠡᠷ᠎ᠢᠶᠡᠨ ᠬᠠᠮᠵᠢᠯᠴᠠᠬᠤ᠂ ᠠᠵᠤ ᠦᠢᠯᠡᠰ᠎ᠢᠶᠡᠷ ᠳᠠᠢᠴᠢᠯᠠᠬᠤ᠂ ᠦᠢᠯᠡᠴᠢᠯᠡᠭᠡᠨ᠎ᠢᠶᠠᠷ ᠴᠢᠳᠠᠪᠤᠷᠢ ᠣᠯᠭᠣᠬᠤ ᠪᠠ ᠭᠤᠸᠠᠩᠳᠦ᠋ᠩ ᠭᠤᠸᠠᠩᠰᠢ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢᠨ ᠣᠷᠣᠨ ᠨᠤᠲᠤᠭ᠎ᠤᠨ ᠦᠢᠯᠡᠳᠦᠯᠭᠡ ᠵᠡᠷᠭᠡ ᠲᠠᠯ᠎ᠠ᠎ᠪᠠᠷ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃
       ᠬᠡᠷᠡᠯ ᠵᠢᠷᠤᠭ᠎ᠤᠨ ᠦᠵᠡᠭᠦᠯᠭᠡ᠎ᠳᠦ 《 ᠲᠡᠦᠬᠡ᠎ᠶᠢᠨ ᠭᠦᠨᠵᠡᠭᠡᠢᠷᠡᠯ + ᠭᠠᠵᠠᠷ ᠣᠷᠣᠨ᠎ᠤ ᠥᠷᠭᠡᠴᠡ + ᠰᠣᠶᠣᠯ᠎ᠤᠨ ᠬᠠᠯᠠᠭᠤᠨ ᠳᠤᠯᠠᠭᠠᠨ 》 ᠭᠡᠬᠦ ᠪᠣᠰᠣᠭ᠎ᠠ ᠴᠣᠭᠴᠠᠲᠤ ᠬᠦᠦᠷᠨᠢᠯ᠎ᠦᠨ ᠠᠷᠭ᠎ᠠ᠎ᠶᠢ ᠬᠡᠷᠡᠭᠯᠡᠨ᠂ 68 ᠬᠡᠷᠡᠯ ᠵᠢᠷᠤᠭ᠎ᠢ ᠨᠠᠷᠢᠯᠢᠭ᠋ ᠰᠣᠩᠭᠣᠵᠤ᠂ ᠠᠭᠤᠯᠭ᠎ᠠ ᠨᠢ ᠪᠥᠬᠥ ᠤᠯᠤᠰ᠎ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ ᠵᠢᠴᠢ 8 ᠬᠣᠣᠰ ᠬᠣᠣᠰᠯᠠᠯ ᠪᠠᠢᠭᠤᠯᠤᠨ ᠬᠠᠪᠰᠤᠷᠤᠨ ᠲᠡᠳᠬᠦᠬᠦ ᠮᠤᠵᠢ᠎ᠶᠢᠨ ᠬᠠᠮᠢᠶ᠎ᠠ ᠪᠦᠬᠦᠢ ᠦᠢᠯᠡᠳᠦᠯᠭᠡ᠎ᠶᠢ ᠬᠠᠮᠤᠷᠤᠭᠰᠠᠨ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            