ᠰᠢᠨᠬᠤᠸᠠ ᠬᠣᠷᠢᠶᠠᠨ᠎ᠤ ᠦᠬᠠᠨ᠎ᠤ 11 ᠰᠠᠷ᠎ᠠ᠎ᠶᠢᠨ 27᠎ᠤ ᠡᠳᠦᠷ᠎ᠦᠨ ᠮᠡᠳᠡᠭᠡ ᠰᠤᠷᠪᠤᠯᠵᠢᠯᠠᠭ᠍ᠴᠢ 11 ᠰᠠᠷ᠎ᠠ᠎ᠶᠢᠨ 27᠎ᠤ ᠡᠳᠦᠷ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠶᠡᠬᠡ ᠬᠤᠷᠠᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ᠂ ᠮᠠᠨ᠎ᠤ ᠤᠯᠤᠰ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ 29 ᠤᠯᠤᠰ᠎ᠤᠨ ᠲᠠᠰ᠎ᠤᠨ ᠠᠵᠤ ᠦᠢᠯᠡᠰ᠎ᠦᠨ ᠬᠦᠷᠢᠶᠡᠯᠡᠩ᠂ 36 ᠤᠯᠤᠰ᠎ᠤᠨ ᠲᠠᠰ᠎ᠤᠨ ᠴᠢᠳᠠᠪᠤᠷᠢᠲᠠᠨ᠎ᠤ ᠵᠠᠬ᠎ᠠ ᠳᠡᠯᠭᠡᠭᠦᠷ᠎ᠢ ᠪᠠᠢᠭᠤᠯᠵᠤ᠂ ᠡᠯ᠎ᠡ ᠭᠠᠵᠠᠷ᠎ᠤᠨ ᠬᠢᠨ ᠨᠢᠭᠡ ᠪᠦᠯᠦᠭ ᠥᠪᠡᠷᠮᠢᠴᠡ ᠣᠨᠴᠠᠯᠢᠭ᠋᠎ᠲᠠᠢ᠂ ᠠᠮᠢᠵᠢᠷᠠᠯ᠎ᠤᠨ ᠬᠦᠴᠦᠨ᠎ᠲᠠᠢ᠂ ᠦᠷ᠎ᠡ ᠠᠰᠢᠭ᠋᠎ᠲᠠᠢ ᠣᠷᠣᠨ ᠨᠤᠲᠤᠭ᠎ᠤᠨ ᠠᠵᠤ ᠦᠢᠯᠡᠰ᠎ᠦᠨ ᠬᠦᠷᠢᠶᠡᠯᠡᠩ᠎ᠢ ᠲᠥᠯᠥᠪᠵᠢᠭᠦᠯᠦᠨ ᠪᠠᠢᠭᠤᠯᠵᠤ᠂ ᠠᠵᠢᠯ ᠣᠯᠭᠣᠯᠲᠠ᠎ᠶᠢᠨ ᠦᠢᠯᠡᠴᠢᠯᠡᠭᠡ ᠪᠠ ᠠᠵᠤ ᠦᠢᠯᠡᠰ᠎ᠦᠨ ᠴᠢᠳᠠᠪᠤᠷᠢᠲᠠᠨ᠎ᠤ ᠲᠣᠬᠢᠷᠠᠭᠤᠯᠤᠯᠲᠠ᠎ᠪᠠᠷ ᠭᠣᠣᠯ ᠠᠭᠤᠯᠭ᠎ᠠ ᠪᠣᠯᠭᠠᠭᠰᠠᠨ ᠦᠢᠯᠡᠴᠢᠯᠡᠭᠡᠨ᠎ᠦ ᠰᠢᠰᠲᠧᠮᠵᠢ᠎ᠶᠢ ᠪᠦᠷᠢᠯᠳᠦᠭᠦᠯᠪᠡ᠃
ᠣᠢᠷ᠎ᠠ᠎ᠶᠢᠨ ᠵᠢᠯ᠎ᠡᠴᠡ ᠨᠠᠭᠠᠰᠢ᠂ ᠮᠠᠨ᠎ᠤ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠪᠥᠬᠥ ᠠᠵᠢᠯ ᠲᠥᠷᠥᠯ᠎ᠢᠶᠡᠷ᠎ᠢᠶᠡᠨ ᠵᠢᠯ ᠪᠦᠷᠢ ᠳᠤᠮᠳᠠᠴᠢ᠎ᠪᠠᠷ 3 ᠳ᠋ᠦᠩᠰᠢᠭᠤᠷ ᠬᠥᠮᠥᠨ ᠤᠳᠠᠭ᠎ᠠ᠎ᠶᠢᠨ ᠬᠥᠳᠡᠯᠮᠦᠷᠢᠴᠢᠳ᠎ᠲᠦ ᠠᠵᠢᠯ ᠣᠯᠬᠤ᠂ ᠠᠵᠢᠯ ᠰᠣᠩᠭᠣᠬᠤ ᠪᠠ ᠨᠡᠭᠦᠳᠡᠯ ᠦᠢᠯᠡᠴᠢᠯᠡᠭᠡ ᠬᠠᠩᠭᠠᠵᠤ᠂ 5000 ᠭᠠᠷᠤᠢ ᠲᠦᠮᠡᠨ ᠡᠷᠦᠬᠡ ᠤᠳᠠᠭ᠎ᠠ᠎ᠶᠢᠨ ᠬᠥᠮᠥᠨ ᠬᠡᠷᠡᠭᠯᠡᠬᠦ ᠨᠢᠭᠡᠴᠢ᠎ᠳᠦ ᠲᠤᠰᠬᠠᠢ ᠮᠡᠷᠭᠡᠵᠢᠯ᠎ᠦᠨ ᠳᠡᠮᠵᠢᠯᠭᠡ ᠬᠠᠩᠭᠠᠭᠰᠠᠨ ᠪᠠᠢᠨ᠎ᠠ᠃
ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ ᠨᠢ ᠠᠵᠤ ᠠᠬᠤᠢ᠎ᠶᠢᠨ ᠬᠥᠭᠵᠢᠯᠲᠡ ᠪᠠ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ ᠳᠡᠭᠡᠳᠦ ᠲᠠᠰ᠎ᠤᠨ ᠦᠢᠯᠡᠳᠬᠦ ᠦᠢᠯᠡᠰ᠂ ᠲᠣᠭᠠᠴᠢᠯᠠᠭᠰᠠᠨ ᠠᠵᠤ ᠠᠬᠤᠢ᠂ ᠣᠲᠣ᠌ ᠦᠶ᠎ᠡ᠎ᠶᠢᠨ ᠦᠢᠯᠡᠴᠢᠯᠡᠭᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠦᠨ ᠬᠥᠭᠵᠢᠯᠲᠡ᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ ᠬᠢᠭᠡᠳ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢ ᠵᠣᠬᠢᠴᠠᠭᠤᠯᠬᠤ ᠲᠣᠭᠲᠠᠴᠠ᠎ᠶᠢ ᠪᠠᠢᠭᠤᠯᠤᠨ᠂ ᠴᠢᠳᠠᠪᠤᠷᠢᠲᠠᠨ᠎ᠤ ᠬᠡᠯᠬᠢᠶ᠎ᠡ ᠬᠢᠭᠡᠳ ᠰᠢᠨ᠎ᠡ᠎ᠶᠢ ᠡᠭᠦᠳᠬᠦ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠬᠤ᠎ᠶᠢ ᠠᠬᠢᠭᠤᠯᠵᠤ᠂ ᠠᠵᠤ ᠦᠢᠯᠡᠰ᠎ᠦᠨ ᠬᠥᠭᠵᠢᠯᠲᠡ᠎ᠶᠢᠨ ᠶᠠᠪᠤᠴᠠ᠎ᠳᠠᠬᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠬᠦ᠎ᠳᠦ ᠬᠦᠴᠦ ᠨᠡᠮᠡᠷᠢᠯᠡᠪᠡ᠃
ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠶᠡᠬᠡ ᠬᠤᠷᠠᠯ᠎ᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠪᠣᠯᠣᠨ ᠬᠤᠪᠧᠢ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠵᠦ᠂ 11 ᠰᠠᠷ᠎ᠠ᠎ᠶᠢᠨ 28 ᠦ ᠡᠳᠦᠷ᠎ᠡᠴᠡ 29᠎ᠤ ᠡᠳᠦᠷ ᠪᠤᠯᠳᠠᠯ᠎ᠠ ᠬᠤᠪᠧᠢ ᠮᠤᠵᠢ᠎ᠶᠢᠨ ᠦᠬᠠᠨ ᠬᠤᠳᠠ᠎ᠳᠤ ᠶᠠᠪᠤᠭᠳᠠᠨ᠎ᠠ᠃
ᠳᠤᠷᠠᠳᠤᠭᠤᠰᠢᠲᠠᠢ ᠵᠦᠢᠯ ᠭᠡᠪᠡᠯ᠂ ᠶᠡᠬᠡ ᠬᠤᠷᠠᠯ᠎ᠠᠴᠠ ᠲᠡᠷᠢᠭᠦᠨ᠎ᠦ ᠦᠢᠯᠡᠳᠬᠦ ᠦᠢᠯᠡᠰ᠂ ᠬᠡᠷᠡᠯ ᠡᠯᠧᠺᠲᠷᠣᠨ᠎ᠤ ᠮᠡᠳᠡᠭᠡ ᠵᠠᠩᠭᠢ᠂ ᠲᠣᠮᠣ᠌ ᠡᠷᠡᠭᠦᠯ ᠮᠡᠨᠳᠦ᠂ ᠵᠣᠬᠢᠶᠠᠮᠠᠯ ᠣᠶᠤᠨ ᠴᠢᠳᠠᠪᠤᠷᠢ᠂ ᠣᠢᠷ᠎ᠠ ᠣᠭᠲᠠᠷᠭᠤᠢ᠎ᠶᠢᠨ ᠠᠵᠤ ᠠᠬᠤᠢ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠦᠨ ᠬᠦᠷᠢᠶᠡᠨ᠎ᠦ ᠲᠣᠭᠣᠷᠢᠨ᠎ᠳᠤ ᠠᠵᠢᠯᠲᠠᠨ ᠡᠯᠰᠡᠬᠦ ᠬᠡᠷᠡᠭᠴᠡᠭᠡ᠎ᠶᠢ ᠥᠷᠭᠡᠨ᠎ᠢᠶᠡᠷ ᠴᠤᠭᠯᠠᠭᠤᠯᠵᠤ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠭᠠᠳᠤ᠎ᠳᠤ ᠰᠤᠷᠤᠯᠴᠠᠵᠤ ᠪᠠᠢᠭ᠎ᠠ ᠰᠣᠷᠣᠭ᠍ᠴᠢ ᠵᠡᠷᠭᠡ᠎ᠳᠦ ᠬᠠᠨᠳᠤᠭᠤᠯᠤᠨ 4 ᠲᠦᠮᠡ ᠭᠠᠷᠤᠢ ᠰᠢᠯᠢᠳᠡᠭ ᠠᠵᠢᠯ᠎ᠤᠨ ᠪᠠᠢᠷᠢ᠎ᠶᠢ ᠲᠥᠪᠯᠡᠷᠡᠭᠦᠯᠦᠨ ᠬᠠᠩᠭᠠᠵᠤ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠂ ᠠᠵᠢᠯ ᠣᠯᠭᠣᠯᠲᠠ᠎ᠶᠢᠨ ᠵᠢᠯᠣᠭᠣᠳᠤᠯᠭ᠎ᠠ᠂ ᠰᠤᠷᠭᠠᠭᠤᠯᠢ ᠪᠠ ᠠᠵᠤ ᠠᠬᠤᠢᠯᠠᠯ᠎ᠤᠨ ᠵᠥᠪᠳᠡᠯᠴᠡᠭᠡ ᠵᠡᠷᠭᠡ ᠢᠵᠢ ᠪᠦᠷᠢᠳᠦᠭᠦᠯᠬᠦ ᠦᠢᠯᠡᠴᠢᠯᠡᠭᠡ᠎ᠶᠢ ᠵᠡᠷᠭᠡ᠎ᠪᠡᠷ ᠥᠷᠨᠢᠭᠦᠯᠦᠨ᠎ᠡ᠃ (ᠵᠠᠩ ᠰᠢᠶᠣᠣ ᠵᠢᠶᠧ᠂ ᠵᠠᠩ ᠶᠠᠩ)