ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭᠰᠠᠨ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ ᠭᠠᠵᠠᠷ 》᠂ 《 ᠨᠢᠭᠡ ᠪᠡᠬᠢᠯᠡᠯᠲᠡ 》 ᠶ᠋ᠢ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢᠨ ᠲᠣᠭᠣᠷᠢᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠦᠷ᠎ᠡ ᠪᠦᠲᠦᠮᠵᠢ᠎ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃
ᠲᠦᠷᠦ᠎ᠶᠢᠨ ᠪᠣᠳᠣᠯᠭ᠎ᠠ᠎ᠪᠠᠷ ᠠᠶᠠᠯᠠᠯ᠎ᠢ ᠬᠠᠮᠠᠭᠠᠯᠠᠵᠤ᠂ ᠯᠠᠪᠳᠠᠭᠤᠨ᠎ᠢᠶᠠᠷ ᠬᠤᠯᠠ ᠠᠶᠠᠯᠠᠨ᠎ᠠ᠃ ᠠᠪᠴᠠᠯᠳᠤᠭᠤᠯᠤᠨ ᠢᠵᠢ ᠪᠦᠷᠢᠳᠦᠭᠦᠯᠦᠭᠰᠡᠨ᠂ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠦᠭᠰᠡᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠪᠠᠶ᠋ᠢᠭᠤᠯᠬᠤ᠎ᠪᠠᠷ ᠬᠠᠷᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠷᠢᠳ ᠬᠣᠵᠢᠳ 《 ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ 》 《 ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠲᠠᠷᠬᠠᠭᠠᠪᠠ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠦᠨ ᠵᠠᠰᠠᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ 》᠎ᠢ ᠳᠠᠷᠤᠮᠠᠯᠯᠠᠨ ᠲᠠᠷᠬᠠᠭᠠᠵᠤ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠦᠨ ᠬᠠᠮᠢᠶᠠᠷᠤᠯᠲᠠ᠎ᠶᠢᠨ ᠠᠷᠭ᠎ᠠ 》᠎ᠶᠢ ᠲᠣᠭᠲᠠᠭᠠᠵᠤ᠂ ᠬᠥᠬᠡᠬᠣᠲᠠ᠂ ᠪᠤᠭᠤᠲᠤ᠂ ᠣᠷᠳᠣᠰ ᠵᠡᠷᠭᠡ ᠭᠠᠵᠠᠷ ᠣᠷᠣᠨ᠎ᠤ ᠬᠢᠨ ᠡᠬᠢ ᠪᠠᠶᠠᠯᠢᠭ᠋᠎ᠤᠨ ᠲᠥᠷᠥᠯᠬᠢ ᠠᠪᠢᠶᠠᠰ ᠪᠠ ᠬᠥᠭᠵᠢᠯᠲᠡ᠎ᠶᠢᠨ ᠬᠡᠷᠡᠭᠴᠡᠭᠡ᠎ᠳᠦ ᠰᠠᠭᠤᠷᠢᠯᠠᠨ᠂ ᠠᠵᠢᠯ ᠲᠥᠷᠥᠯ᠎ᠦᠨ ᠬᠥᠭᠵᠢᠯᠲᠡ᠎ᠶᠢ ᠳᠡᠮᠵᠢᠬᠦ ᠬᠡᠷᠡᠭᠵᠢᠭᠦᠯᠬᠦ ᠨᠠᠷᠢᠨ ᠳᠦᠷᠢᠮ᠎ᠢ ᠨᠡᠢᠲᠡᠯᠡᠵᠦ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠰᠢᠨ᠎ᠡ᠎ᠶᠢ ᠡᠭᠦᠳᠦᠨ ᠦᠢᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠪᠡ᠃
ᠠᠵᠢᠯ ᠲᠥᠷᠥᠯ ᠪᠤᠵᠠᠭᠠᠢᠷᠠᠵᠤ᠂ ᠬᠡᠪᠴᠢᠶ᠎ᠡ ᠨᠢ ᠳᠡᠭᠡᠭᠰᠢᠯᠡᠪᠡ᠃ 2024 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ 1292 ᠪᠠᠢᠵᠤ᠂ ᠡᠭᠦᠨ᠎ᠳᠦ ᠡᠵᠡᠩᠨᠡᠯᠲᠡ᠎ᠶᠢᠨ ᠴᠢᠨᠠᠷᠲᠠᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ 1150 ᠪᠠᠢᠵᠤ᠂ ᠠᠵᠢᠯᠯᠠᠵᠤ ᠪᠠᠢᠭ᠎ᠠ ᠬᠥᠮᠥᠨ 1.82 ᠲᠦᠮᠡ ᠪᠠᠢᠵᠤ᠂ ᠡᠵᠡᠩᠨᠡᠯᠲᠡ᠎ᠶᠢᠨ ᠣᠷᠣᠯᠭ᠎ᠠ 181 ᠳ᠋ᠦᠩᠰᠢᠭᠤᠷ ᠲᠥᠭᠥᠷᠢᠭ᠎ᠲᠦ ᠬᠦᠷᠴᠦ᠂ 《 13 · 5 》᠎ᠶᠢᠨ ᠲᠥᠯᠦᠪᠵᠢᠭᠦᠯᠭᠡ᠎ᠶᠢᠨ ᠰᠡᠭᠦᠯᠴᠢ᠎ᠶᠢᠨ ᠬᠢ᠎ᠡᠴᠡ ᠲᠣᠰ ᠲᠣᠰ 180.5% ᠂ 80.2%᠂ 129.1% ᠪᠡᠷ ᠨᠡᠮᠡᠭᠳᠡᠨ᠂ 21.4 ᠲᠦᠮᠡᠨ ᠡᠷᠦᠬᠡ ᠤᠳᠠᠭ᠎ᠠ᠎ᠶᠢᠨ ᠬᠥᠮᠥᠨ ᠬᠡᠷᠡᠭᠯᠡᠬᠦ ᠨᠢᠭᠡᠴᠢ᠎ᠳᠦ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ ᠬᠠᠩᠭᠠᠵᠤ᠂ 320 ᠲᠦᠮᠡᠨ ᠬᠥᠮᠥᠨ ᠤᠳᠠᠭ᠎ᠠ᠎ᠶᠢ ᠬᠠᠪᠰᠤᠷᠤᠨ ᠠᠵᠢᠯ ᠣᠯᠬᠤ᠂ ᠠᠵᠢᠯ ᠰᠣᠩᠭᠣᠬᠤ ᠪᠠ ᠰᠢᠯᠵᠢᠯᠲᠡ ᠬᠢᠬᠦ᠎ᠶᠢ ᠪᠡᠶᠡᠯᠡᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠵᠥᠪᠯᠡᠯᠭᠡ ᠥᠭᠬᠦ᠂ ᠳᠡᠭᠡᠳᠦ ᠵᠡᠷᠭᠡ᠎ᠶᠢᠨ ᠴᠢᠳᠠᠪᠤᠷᠢᠲᠠᠨ᠎ᠢ ᠡᠷᠢᠵᠦ ᠰᠤᠷᠪᠤᠯᠵᠢᠯᠠᠬᠤ᠂ ᠮᠡᠳᠡᠭᠡ ᠵᠠᠩᠭᠢ᠎ᠶᠢᠨ ᠵᠥᠭᠡᠯᠡᠨ ᠲᠣᠨᠣᠭ᠎ᠦᠨ ᠦᠢᠯᠡᠴᠢᠯᠡᠭᠡ ᠵᠡᠷᠭᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠨᠡᠮᠡᠭᠳᠡᠯ᠎ᠦᠨ ᠬᠡᠮᠵᠢᠶ᠎ᠡ ᠢᠯᠡᠳᠲᠡ ᠪᠣᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠢ ᠤᠯᠠᠮ ᠨᠢᠭᠡ ᠠᠯᠬᠤᠮ ᠳᠡᠭᠡᠳᠦ ᠵᠡᠷᠭᠡ᠎ᠶᠢᠨ ᠥᠷᠲᠡᠭ ᠲᠡᠢᠰᠢ ᠤᠷᠲᠤᠳᠬᠠᠪᠠ᠃
ᠪᠦᠯᠦᠭᠵᠢᠯ᠎ᠳᠦ ᠴᠢᠳᠠᠪᠤᠷᠢ ᠣᠯᠭᠣᠵᠤ᠂ ᠦᠷ᠎ᠡ ᠠᠰᠢᠭ᠋ ᠨᠢ ᠲᠣᠪᠣᠢᠮ᠎ᠠ ᠪᠣᠯᠪᠠ᠃ ᠣᠯᠠᠨ ᠲᠠᠰ ᠳᠠᠪᠬᠤᠷᠭ᠎ᠠ᠎ᠶᠢᠨ᠂ ᠣᠯᠠᠨ ᠡᠰᠢᠵᠢᠭᠰᠡᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠴᠢᠶᠠᠯᠠᠪᠤᠷᠢ᠎ᠶᠢ ᠴᠢᠷᠮᠠᠢᠨ ᠪᠣᠶ ᠪᠣᠯᠭᠠᠵᠤ᠂ ᠣᠷᠣᠨ᠎ᠤ ᠲᠥᠪ ᠬᠥᠬᠡᠬᠣᠲᠠ᠂ ᠠᠵᠤ ᠦᠢᠯᠡᠳᠪᠦᠷᠢ᠎ᠶᠢᠨ ᠴᠢᠬᠤᠯᠠ ᠪᠠᠯᠭᠠᠰᠤ ᠪᠤᠭᠤᠲᠤ᠂ ᠡᠨᠧᠷᠭᠢ᠎ᠶᠢᠨ ᠰᠠᠭᠤᠷᠢᠨ ᠭᠠᠵᠠᠷ ᠣᠷᠳᠣᠰ᠂ ᠬᠥᠮᠥᠨ ᠠᠮᠠ᠎ᠶᠢᠨ ᠲᠣᠮᠣ᠌ ᠬᠣᠲᠠ ᠤᠯᠠᠭᠠᠨᠬᠠᠳᠠ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠢ ᠪᠠᠢᠷᠢᠰᠢᠭᠤᠯᠤᠨ ᠪᠦᠲᠦᠭᠡᠨ ᠪᠠᠢᠭᠤᠯᠪᠠ᠃ 2025 ᠣᠨ᠎ᠤ 5 ᠰᠠᠷ᠎ᠠ᠎ᠳᠤ᠂ ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠭᠣᠣᠯᠳᠠᠯᠭ᠎ᠠ ᠲᠠᠢ ᠬᠠᠷᠢᠯᠴᠠᠬᠤ ᠠᠵᠤ ᠦᠢᠯᠡᠰ᠎ᠦᠨ ᠬᠦᠷᠢᠶᠡᠯᠡᠩ᠎ᠳᠦ ᠣᠷᠣᠭᠤᠯᠪᠠ᠃ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ 4 ᠠᠵᠤ ᠦᠢᠯᠡᠰ᠎ᠦᠨ ᠬᠦᠷᠢᠶᠡᠯᠡᠩ ᠨᠡᠢ᠍ᠢᠳᠡ 291 ᠰᠢᠯᠢᠳᠡᠭ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠠᠬᠤᠢᠯᠠᠯ᠎ᠳᠤ ᠰᠠᠭᠤᠷᠢᠰᠢᠵᠤ᠂ 2025 ᠣᠨ᠎ᠤ 1 ︱ 10 ᠰᠠᠷ᠎ᠠ᠎ᠶᠢᠨ ᠡᠵᠡᠩᠨᠡᠯᠲᠡ᠎ᠶᠢᠨ ᠣᠷᠣᠯᠭ᠎ᠠ 165 ᠳ᠋ᠦᠩᠰᠢᠭᠤᠷ ᠲᠥᠭᠥᠷᠢᠭ᠎ᠢ ᠳᠠᠪᠠᠵᠠᠢ᠃ ᠠᠵᠤ ᠦᠢᠯᠡᠰ᠎ᠦᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠢ ᠵᠦᠢᠯ᠎ᠦᠨ ᠪᠡᠯᠡ ᠮᠥᠩᠭᠥ ᠪᠠᠢᠭᠤᠯᠤᠨ᠂ ᠤᠯᠤᠰ᠎ᠤᠨ ᠲᠠᠰ᠎ᠤᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠳᠦ ᠲᠣᠰ ᠲᠣᠰ 1000 ᠲᠦᠮᠡᠨ ᠲᠥᠭᠥᠷᠢᠭ᠂ 500 ᠲᠦᠮᠡᠨ ᠲᠥᠭᠥᠷᠢᠭ᠎ᠦᠨ ᠳᠡᠮᠵᠢᠯᠭᠡ ᠣᠯᠭᠣᠵᠤ᠂ ᠨᠠᠷᠠᠲᠤ ᠲᠥᠷᠥᠯ ᠲᠡᠮᠳᠡᠭ᠎ᠢ ᠳᠡᠯᠭᠡᠷᠡᠭᠦᠯᠬᠦ᠂ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠂ ᠵᠠᠬ᠎ᠠ ᠳᠡᠯᠭᠡᠭᠦᠷᠴᠢᠯᠡᠨ ᠴᠢᠳᠠᠪᠤᠷᠢᠲᠠᠨ ᠣᠷᠣᠭᠤᠯᠬᠤ ᠵᠡᠷᠭᠡ ᠲᠥᠷᠥᠯ ᠵᠦᠢᠯ᠎ᠢ ᠥᠷᠨᠢᠭᠦᠯᠬᠦ᠎ᠳᠦ ᠬᠡᠷᠡᠭᠯᠡᠵᠦ᠂ ᠥᠪᠥᠷ ᠮᠣᠩᠭᠣᠯ᠎ᠳᠤ ᠰᠠᠭᠤᠷᠢᠯᠠᠭᠰᠠᠨ᠂ ᠳᠤᠮᠳᠠ ᠪᠠᠷᠠᠭᠤᠨ ᠣᠷᠣᠨ᠎ᠢ ᠬᠣᠯᠪᠣᠭᠰᠠᠨ᠂ ᠳᠤᠮᠳᠠᠳᠤ ᠮᠣᠩᠭᠣᠯ ᠣᠷᠣᠰ᠎ᠲᠤ ᠦᠢᠯᠡᠴᠢᠯᠡᠬᠦ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠲᠣᠬᠢᠷᠠᠭᠤᠯᠤᠯᠲᠠ᠎ᠶᠢᠨ ᠰᠢᠨ᠎ᠡ ᠥᠨᠳᠥᠷᠯᠢᠭ᠎ᠢ ᠴᠢᠷᠮᠠᠢᠨ ᠪᠠᠢᠭᠤᠯᠪᠠ᠃
ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠦᠢᠯᠡᠴᠢᠯᠡᠭᠡ᠎ᠶᠢ ᠲᠠᠰ ᠳᠡᠪᠰᠢᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠵᠢᠷᠤᠮᠵᠢᠭ᠍ᠰᠠᠨ ᠬᠠᠮᠢᠶᠠᠷᠤᠯᠲᠠ᠎ᠶᠢ ᠴᠢᠩᠭᠠᠳᠬᠠᠵᠤ᠂ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠡᠷᠬᠡ᠎ᠶᠢ ᠪᠥᠬᠥ ᠲᠠᠯ᠎ᠠ᠎ᠪᠠᠷ ᠳᠣᠷᠣᠭ᠍ᠰᠢ ᠪᠠᠭᠤᠯᠭᠠᠵᠤ᠂ ᠮᠡᠳᠡᠭᠦᠯᠵᠦ ᠠᠮᠠᠯᠠᠭᠤᠯᠬᠤ ᠳᠦᠷᠢᠮ᠎ᠢ ᠶᠡᠬᠡᠪᠡᠷ ᠬᠡᠷᠡᠭᠵᠢᠭᠦᠯᠦᠨ᠂ ᠪᠥᠬᠥ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠵᠥᠪᠰᠢᠶᠡᠷᠡᠯ᠂ ᠳᠠᠩᠰᠠᠯᠠᠯᠲᠠ᠂ ᠪᠢᠴᠢᠭ᠎ᠢᠶᠡᠷ ᠮᠡᠳᠡᠭᠦᠯᠬᠦ ᠵᠡᠷᠭᠡ ᠵᠦᠢᠯᠡᠰ᠎ᠦᠨ ᠶᠠᠪᠤᠴᠠ᠎ᠶᠢ ᠨᠢᠭᠡᠳᠦᠯᠲᠡᠢ᠂ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠵᠤ᠂ ᠲᠣᠰ ᠡᠳᠦᠷ ᠲᠦ᠍ᠨᠢ ᠭᠦᠢᠴᠡᠳᠬᠡᠵᠦ ᠳᠠᠭᠤᠰᠬᠠᠬᠤ᠎ᠶᠢ ᠪᠡᠶᠡᠯᠡᠭᠦᠯᠪᠡ᠃ ᠡᠷᠬᠡ ᠲᠡᠭᠰᠢ᠎ᠪᠡᠷ ᠠᠵᠢᠯ ᠣᠯᠭᠣᠬᠤ ᠪᠠ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠢᠯᠭᠠᠷᠠᠭᠤᠯᠤᠨ ᠴᠡᠭᠴᠡᠯᠡᠬᠦ ᠲᠤᠰᠬᠠᠢ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ 《 ᠪᠦᠬᠦᠨ᠎ᠢ ᠬᠠᠮᠤᠷᠤᠨ ᠵᠢᠭ᠍ᠰᠠᠭᠠᠨ ᠪᠠᠢᠴᠠᠭᠠᠬᠤ + ᠭᠣᠣᠯᠳᠠᠯᠭ᠎ᠠ᠎ᠲᠠᠢ ᠮᠠᠶᠢᠭ᠋᠎ᠤᠨ ᠱᠠᠯᠠᠪᠳᠠᠭᠤᠯᠤᠨ ᠪᠠᠢᠴᠠᠭᠠᠬᠤ + ᠬᠣᠶᠠᠷ᠎ᠢ ᠲᠣᠬᠢᠶᠠᠯᠳᠤᠯ᠎ᠢᠶᠠᠷ ᠰᠤᠭᠤᠴᠢᠨ ᠪᠠᠢᠴᠠᠭᠠᠬᠤ 》 ᠠᠵᠢᠯ᠎ᠤᠨ ᠲᠣᠭᠲᠠᠴᠠ᠎ᠶᠢ ᠪᠠᠢᠭᠤᠯᠵᠤ᠂ ᠬᠢᠨᠠᠨ ᠬᠠᠮᠢᠶᠠᠷᠬᠤ ᠲᠣᠣᠷ᠎ᠢ ᠦᠷᠭᠦᠯᠵᠢᠯᠡᠨ ᠨᠢᠭ᠍ᠲᠠ ᠰᠦᠯᠵᠢᠪᠡ᠃ 《 ᠵᠥᠪ ᠴᠢᠭᠯᠡᠯ᠎ᠢᠶᠡᠷ ᠤᠷᠮᠠᠰᠢᠭᠤᠯᠬᠤ 》 ᠠᠵᠢᠯ᠎ᠤᠨ ᠰᠤᠷᠲᠠᠯ᠎ᠤᠨ ᠴᠢᠭᠯᠡᠯ᠎ᠢ ᠪᠣᠶ ᠪᠣᠯᠭᠠᠵᠤ᠂ ᠪᠥᠬᠥ ᠣᠷᠣᠨ᠎ᠳᠤ ᠨᠡᠶ᠋ᠢᠲᠡ 78 A ᠲᠠᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠨᠡᠨᠴᠢ ᠢᠲᠡᠭᠡᠮᠵᠢ᠎ᠶᠢᠨ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ᠂ ᠠᠵᠢᠯ ᠲᠥᠷᠥᠯ᠎ᠦᠨ ᠡᠷᠡᠭᠦᠯ ᠮᠡᠨᠳᠦ᠎ᠶᠢᠨ ᠠᠮᠢ ᠠᠬᠤᠢ᠎ᠶᠢ ᠦᠷᠭᠦᠯᠵᠢᠯᠡᠨ ᠴᠣᠭᠴᠠᠯᠠᠨ ᠪᠠᠢᠭᠤᠯᠪᠠ᠃
ᠠᠵᠤ ᠦᠢᠯᠡᠰ ᠪᠠ ᠴᠢᠳᠠᠪᠤᠷᠢᠲᠠᠨ᠎ᠢ ᠬᠠᠮᠵᠢᠯᠴᠠᠭᠤᠯᠵᠤ᠂ ᠲᠣᠬᠢᠷᠠᠮᠵᠢᠲᠠᠢ ᠲᠣᠬᠢᠷᠠᠭᠤᠯᠵᠤ ᠦᠷ᠎ᠡ ᠠᠰᠢᠭ᠋᠎ᠢ ᠨᠡᠮᠡᠭᠳᠡᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ᠎ᠶᠢ ᠪᠥᠬᠥ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ ᠯᠦ᠍ᠭᠡ ᠭᠦᠨᠵᠡᠭᠡᠢ ᠬᠠᠮᠵᠢᠯᠴᠠᠬᠤ᠎ᠶᠢ ᠠᠬᠢᠭᠤᠯᠵᠤ ᠂ 5 ᠵᠢᠯ ᠳᠠᠷᠠᠭᠠᠯᠠᠨ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ 》᠎ᠢ ᠨᠠᠢᠷᠠᠭᠤᠯᠤᠨ ᠵᠣᠬᠢᠶᠠᠵᠤ ᠨᠡᠢᠲᠡᠯᠡᠨ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ ᠬᠢᠭᠡᠳ ᠬᠥᠮᠥᠨ ᠬᠡᠷᠡᠭᠯᠡᠬᠦ ᠨᠢᠭᠡᠴᠢ᠎ᠶᠢᠨ ᠥᠨᠳᠥᠷ ᠦᠷ᠎ᠡ ᠪᠦᠳᠦᠮᠵᠢᠳᠡᠢ ᠲᠥᠬᠥᠮ ᠳᠥᠲᠡ ᠨᠡᠪᠲᠡᠷᠡᠯᠴᠡᠭᠦᠯᠬᠦ ᠲᠠᠪᠴᠠᠩ᠎ᠢ ᠪᠠᠢᠭᠤᠯᠪᠠ᠃ 3 ᠵᠢᠯ ᠳᠠᠷᠠᠭᠠᠯᠠᠨ 110 ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ ᠠᠵᠤ ᠠᠬᠤᠢᠯᠠᠯ᠎ᠳᠤ ᠴᠢᠳᠠᠪᠤᠷᠢᠲᠠᠨ᠎ᠢ ᠬᠥᠮᠥᠵᠢᠭᠦᠯᠬᠦ᠎ᠶᠢ ᠱᠠᠩᠨᠠᠨ ᠬᠥᠬᠢᠭᠦᠯᠬᠦ ᠳᠡᠮᠵᠢᠯᠭᠡ ᠣᠯᠭᠣᠵᠤ᠂ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃
ᠤᠨᠢᠨ ᠳᠡᠭᠡᠷ᠎ᠡ ᠨᠢ ᠵᠣᠯᠭᠠᠭᠤᠯᠵᠤ᠂ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠬᠦᠷᠢᠶᠡᠯᠡᠩ ᠲᠣᠭᠣᠷᠢᠭ᠋᠎ᠲᠤ ᠣᠷᠣᠭᠤᠯᠬᠤ᠂ ᠨᠡᠢᠭᠡᠮ ᠲᠣᠭᠣᠷᠢᠭ᠋᠎ᠲᠤ ᠣᠷᠣᠭᠤᠯᠵᠤ ᠠᠵᠢᠯ ᠣᠯᠭᠣᠬᠤ᠎ᠶᠢ ᠠᠬᠢᠭᠤᠯᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠡᠵᠡᠩᠨᠡᠯᠲᠡ᠎ᠶᠢᠨ ᠴᠢᠨᠠᠷᠲᠠᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠂ ᠠᠵᠢᠯ ᠲᠥᠷᠥᠯ᠎ᠦᠨ ᠨᠡᠢᠭᠡᠮᠯᠢᠭ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠢ ᠵᠣᠬᠢᠶᠠᠨ ᠪᠠᠢᠭᠤᠯᠤᠨ ᠳᠠᠶ᠋ᠢᠴᠢᠯᠠᠵᠤ᠂ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠣᠣᠯᠳᠠᠯᠭ᠎ᠠ᠎ᠲᠠᠢ ᠬᠥᠮᠥᠰ᠎ᠲᠦ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠦᠢᠯᠡᠴᠢᠯᠡᠭᠡ ᠬᠠᠩᠭᠠᠪᠠ᠃ 2025 ᠣᠨ᠎ᠤ 1 ︱ 10 ᠰᠠᠷ᠎ᠠ᠎ᠳᠤ᠂ ᠪᠥᠬᠥ ᠣᠷᠣᠨ᠎ᠤ ᠡᠵᠡᠩᠨᠡᠯᠲᠡ᠎ᠶᠢᠨ ᠴᠢᠨᠠᠷᠲᠠᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠨᠤᠭᠤᠳ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ᠎ᠢ ᠨᠡᠶ᠋ᠢᠲᠡ 2000 ᠭᠠᠷᠤᠢ ᠤᠳᠠᠭ᠎ᠠ ᠡᠷᠭᠢᠯᠡᠵᠦ᠂ ᠠᠵᠢᠯᠲᠠᠨ ᠡᠯᠰᠡᠬᠦ ᠠᠵᠢᠯ᠎ᠤᠨ ᠪᠠᠢᠷᠢ᠎ᠶᠢ ᠨᠡᠶ᠋ᠢᠲᠡ 76.4 ᠲᠦᠮᠡ ᠬᠠᠩᠭᠠᠭᠰᠠᠨ ᠪᠠᠢᠨ᠎ᠠ᠃
ᠴᠢᠳᠠᠪᠤᠷᠢᠲᠠᠨ᠎ᠤ ᠬᠦᠴᠦᠨ᠎ᠢ ᠬᠤᠷᠠᠮᠳᠤᠭᠤᠯᠵᠤ᠂ ᠠᠵᠢᠯ ᠦᠢᠯᠡᠰ᠎ᠦᠨ ᠬᠥᠭᠵᠢᠯ ᠪᠠᠳᠠᠷᠠᠯ᠎ᠢ ᠪᠠᠳᠠᠷᠠᠭᠤᠯᠪᠠ᠃ 《 ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠳᠡᠭᠡᠳᠦ ᠲᠠᠰ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ 》᠎ᠶᠢ ᠬᠡᠷᠡᠭᠵᠢᠭᠦᠯᠵᠦ᠂ ᠵᠢᠯ ᠪᠦᠷᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠢᠯ ᠲᠥᠷᠥᠯ᠎ᠦᠨ ᠭᠣᠣᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ ᠨᠠᠷᠠᠲᠤ ᠶᠡᠬᠡ ᠳᠡᠭᠡᠳᠦ ᠰᠤᠷᠭᠠᠭᠤᠯᠢ ᠪᠠ ᠲᠡᠷᠢᠭᠦᠨ᠎ᠦ ᠭᠠᠵᠠᠷ ᠣᠷᠣᠨ᠎ᠳᠤ ᠣᠴᠢᠭᠤᠯᠤᠨ ᠲᠤᠰᠬᠠᠢ ᠰᠡᠳᠦᠪᠲᠦ ᠪᠣᠯᠪᠠᠰᠤᠷᠠᠯ ᠪᠠ ᠰᠢᠨᠵᠢᠯᠡᠨ ᠪᠠᠢᠴᠠᠭᠠᠯᠲᠠ ᠰᠣᠯᠢᠯᠴᠠᠭ᠎ᠠ ᠬᠢᠯᠭᠡᠵᠦ᠂ ᠠᠵᠢᠯ ᠲᠥᠷᠥᠯ᠎ᠦᠨ ᠴᠢᠳᠠᠪᠤᠷᠢᠲᠠᠨ᠎ᠢ ᠨᠡᠶ᠋ᠢᠲᠡ 800 ᠭᠠᠷᠤᠢ ᠬᠥᠮᠥᠨ ᠤᠳᠠᠭ᠎ᠠ ᠬᠥᠮᠥᠵᠢᠭᠦᠯᠪᠡ᠃ ᠥᠪᠥᠷ ᠮᠣᠩᠭᠣᠯ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠨᠡᠢᠭᠡᠮᠯᠢᠭ᠎ᠦᠨ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠪᠠᠳᠠᠷᠠᠭᠤᠯᠵᠤ᠂ ᠪᠡᠭᠡᠵᠢᠩ ᠥᠪᠥᠷ ᠮᠣᠩᠭᠣᠯ᠂ ᠱᠠᠩᠬᠠᠢ ᠥᠪᠥᠷ ᠮᠣᠩᠭᠣᠯ᠎ᠤᠨ ᠬᠠᠮᠲᠤᠷᠠᠯᠴᠠᠭᠠᠨ᠎ᠤ ᠵᠥᠪᠳᠡᠯᠴᠡᠭᠡᠷ᠎ᠲᠦ ᠲᠦᠰᠢᠭᠯᠡᠨ᠂ ᠵᠢᠯ ᠪᠦᠷᠢ ᠨᠠᠷᠠᠲᠤ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ᠎ᠦᠨ ᠪᠦᠯᠬᠦᠮ᠎ᠢ ᠤᠷᠢᠵᠤ ᠪᠥᠬᠥ ᠣᠷᠣᠨ᠎ᠤ ᠠᠵᠢᠯ ᠲᠥᠷᠥᠯ᠎ᠦᠨ ᠬᠥᠭᠵᠢᠯᠲᠡ᠂ ᠠᠵᠤ ᠦᠢᠯᠡᠰ᠎ᠦᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠳᠤ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ ᠪᠠ ᠣᠶᠤᠨ᠎ᠤ ᠳᠡᠮᠵᠢᠯᠭᠡ ᠦᠵᠡᠭᠦᠯᠪᠡ᠃
ᠰᠢᠨ᠎ᠡ ᠴᠠᠭ ᠦᠶ᠎ᠡ᠂ ᠰᠢᠨ᠎ᠡ ᠠᠶᠠᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠠᠮᠢᠵᠢᠷᠠᠯ᠎ᠤᠨ ᠬᠦᠴᠦᠨ ᠥᠷᠢᠰᠦᠯᠳᠦᠨ ᠣᠷᠭᠢᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ ᠨᠡᠩ ᠥᠭᠡᠳᠡᠷᠬᠡᠭ ᠪᠣᠯᠣᠨ᠎ᠠ᠃ ᠪᠢᠳᠡ ᠠᠵᠤ ᠠᠬᠤᠢ᠎ᠶᠢᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠬᠤ ᠪᠠ ᠦᠢᠯᠡᠴᠢᠯᠡᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠪᠠᠷ ᠭᠣᠣᠯ ᠰᠢᠵᠢᠮ ᠪᠣᠯᠭᠠᠵᠤ᠂ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠤᠳᠤᠷᠢᠳᠤᠮᠵᠢ ᠪᠣᠯᠭᠠᠵᠤ᠂ ᠠᠵᠢᠯ ᠣᠯᠭᠣᠯᠲᠠ᠎ᠶᠢᠨ ᠰᠠᠭᠤᠷᠢ᠎ᠶᠢ ᠪᠡᠬᠢᠵᠢᠭᠦᠯᠬᠦ᠂ ᠴᠢᠳᠠᠪᠤᠷᠢᠲᠠᠨ᠎ᠤ ᠬᠥᠳᠡᠯᠭᠡᠭᠦᠷ᠎ᠢ ᠬᠥᠭᠵᠢᠭᠡᠬᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠨ᠎ᠡ᠃