11 ᠳ᠋ᠦ᠍ᠭᠡᠷ ᠰᠠᠷ᠎ᠠ᠎ᠶᠢᠨ 28᠎ᠤ ᠡᠳᠦᠷ᠎ᠡᠴᠡ 29᠎ᠦ ᠡᠳᠦᠷ ᠪᠣᠯᠲᠠᠯ᠎ᠠ᠂ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠶᠡᠬᠡ ᠬᠤᠷᠠᠯ ᠬᠤᠪᠧᠢ ᠮᠤᠵᠢ᠎ᠶᠢᠨ ᠦᠬᠠᠨ ᠬᠣᠲᠠ᠎ᠳᠤ ᠶᠠᠪᠤᠭᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠦᠨ ᠪᠦᠯᠬᠦᠮ ᠶᠡᠬᠡ ᠬᠤᠷᠠᠯ᠎ᠳᠦ ᠣᠷᠣᠯᠴᠠᠪᠠ᠃
ᠲᠣᠰ ᠬᠤᠭᠤᠴᠠᠭᠠᠨ᠎ᠤ ᠶᠡᠬᠡ ᠬᠤᠷᠠᠯ ᠨᠢ 《 ᠣᠳᠣᠬᠢᠴᠢᠯᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠪᠣᠶ ᠪᠣᠯᠭᠠᠵᠤ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ 》 ᠪᠡᠷ ᠭᠣᠣᠯ ᠰᠡᠳᠦᠪ ᠪᠣᠯᠭᠠᠵᠤ᠂ 《 ᠰᠤᠳᠤᠯᠭᠠᠨ᠂ ᠬᠤᠷᠠᠯᠳᠤᠭᠠᠨ᠂ ᠴᠢᠳᠠᠪᠤᠷᠢᠲᠠᠨ᠂ ᠡᠯᠰᠡᠯᠳᠡ 》 ᠳᠥᠷᠪᠡᠨ ᠶᠡᠬᠡ ᠬᠡᠰᠡᠭ᠎ᠢᠶᠡᠷ ᠭᠣᠣᠯᠯᠠᠭᠤᠯᠤᠨ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠰᠤᠳᠤᠯᠤᠨ ᠶᠠᠷᠢᠯᠴᠠᠬᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠬᠠᠩᠭᠠᠯᠭ᠎ᠠ ᠬᠡᠷᠡᠭᠴᠡᠭᠡ᠎ᠶᠢᠨ ᠵᠥᠪᠳᠡᠯᠴᠡᠭᠡ᠂ ᠰᠢᠶᠠᠩᠭᠠᠩ ᠣᠣᠮᠧᠨ᠎ᠦ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠲᠤᠰᠬᠠᠢ ᠲᠠᠯᠠᠪᠤᠷ ᠡᠯᠰᠡᠯᠳᠡ ᠵᠡᠷᠭᠡ ᠰᠢᠷᠢᠰ ᠠᠵᠢᠯᠯᠠᠭ᠎ᠠ᠎ᠶᠢ ᠪᠠᠢᠷᠢᠯᠠᠭᠤᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠥᠬᠥ ᠬᠡᠯᠬᠢᠶ᠎ᠡ᠎ᠶᠢᠨ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠣᠶ ᠪᠣᠯᠭᠠᠪᠠ᠃
ᠲᠣᠰ ᠬᠤᠭᠤᠴᠠᠭᠠᠨ᠎ᠤ ᠶᠡᠬᠡ ᠬᠤᠷᠠᠯ᠎ᠳᠤ ᠣᠷᠣᠯᠴᠠᠭᠰᠠᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠨᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠡᠯ᠎ᠡ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠨᠡᠢᠭᠡᠮᠯᠢᠭ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠠᠬᠤᠢᠯᠠᠯ ᠵᠡᠷᠭᠡ 80 ᠭᠠᠷᠤᠢ ᠬᠥᠮᠥᠰ᠎ᠢᠶᠡᠷ ᠪᠦᠷᠢᠯᠳᠦᠪᠡ᠃ ᠶᠡᠬᠡ ᠬᠤᠷᠠᠯ᠎ᠤᠨ ᠠᠬᠤᠢ ᠲᠠᠯᠠᠪᠠᠶ᠎ᠳᠤ᠂ ᠥᠪᠥᠷ ᠮᠣᠩᠭᠣᠯ ᠣᠨᠴᠠᠯᠢᠭ᠍ᠲᠤ ᠦᠵᠡᠭᠦᠯᠭᠡ᠎ᠶᠢᠨ ᠲᠣᠭᠣᠷᠢᠭ᠋ ᠭᠠᠷᠭᠠᠵᠤ᠂ ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ ᠪᠠ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠬᠥᠲᠥᠴᠢ ᠠᠵᠤ ᠠᠬᠤᠢᠯᠠᠯ ᠵᠦᠸᠧ ᠶᠤᠸᠠᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠥᠭᠵᠢᠯᠲᠡ᠎ᠶᠢᠨ ᠪᠠᠢᠳᠠᠯ᠎ᠢ ᠳᠡᠯᠭᠡᠨ ᠦᠵᠡᠭᠦᠯᠦᠭᠰᠡᠨ ᠪᠥᠭᠡᠳ 《 ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠪᠥᠬᠥ ᠦᠵᠡᠮᠵᠢ᠂ ᠠᠵᠤ ᠦᠢᠯᠡᠰ᠎ᠦᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠂ ᠲᠣᠭᠠᠴᠢᠯᠠᠭᠰᠠᠨ ᠦᠢᠯᠡᠴᠢᠯᠡᠭᠡᠨ᠎ᠦ ᠦᠢᠯᠡᠳᠦᠯᠭᠡ᠂ ᠠᠵᠤ ᠠᠬᠤᠢᠯᠠᠯ᠎ᠤᠨ ᠠᠮᠢ ᠠᠬᠤᠢ᠎ᠶᠢ ᠲᠥᠪᠯᠡᠷᠡᠭᠦᠯᠬᠦ 》 ᠳᠥᠷᠪᠡᠨ ᠶᠡᠬᠡ ᠬᠡᠮᠵᠢᠯ᠎ᠦᠨ ᠲᠣᠭᠣᠷᠢᠨ᠎ᠳᠤ᠂ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠎ᠠᠴᠠ ᠵᠠᠬ᠎ᠠ ᠳᠡᠯᠭᠡᠭᠦᠷ᠎ᠦᠨ ᠦᠢᠯᠡᠳᠦᠯᠭᠡ᠎ᠳᠦ ᠬᠦᠷᠬᠦ ᠰᠢᠨ᠎ᠡ᠎ᠶᠢ ᠡᠭᠦᠳᠬᠦ ᠠᠷᠭ᠎ᠠ ᠵᠠᠮ᠎ᠢ ᠰᠢᠰᠲᠧᠮ᠎ᠲᠠᠢ ᠳᠡᠯᠭᠡᠨ ᠦᠵᠡᠭᠦᠯᠪᠡ᠃ 《 ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠦᠨ ᠦᠢᠯᠡᠳᠦᠯᠭᠡ ᠬᠢᠭᠡᠳ ᠪᠠᠷᠠᠯᠠᠯ 》᠂ 《 ᠵᠦᠸᠸ᠋ ᠶᠤᠸᠠᠢ ᠠᠵᠤ ᠦᠢᠯᠡᠰ ᠡᠳ᠋᠎ᠦᠨ ᠵᠠᠰᠠᠭ᠎ᠢ ᠨᠢᠭᠡ ᠴᠣᠭᠴᠠᠵᠢᠭᠤᠯᠬᠤ ᠰᠢᠰᠲᠧᠮ 》 ᠵᠡᠷᠭᠡ ᠬᠣᠶᠠᠷ ᠲᠦᠷᠦᠯ ᠵᠦᠢᠯ ᠵᠠᠳᠠᠭᠠᠢ ᠦᠵᠡᠭᠦᠯᠭᠡ ᠭᠠᠷᠭᠠᠪᠠ᠃
ᠶᠡᠬᠡ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ ᠬᠣᠷᠢᠨᠭᠡᠷ ᠰᠢᠨ᠎ᠡ ᠲᠣᠭᠣᠷᠢᠭ᠋᠎ᠤᠨ ᠲᠣᠭᠠᠴᠢᠯᠠᠭᠰᠠᠨ ᠴᠢᠳᠠᠪᠤᠷᠢᠲᠠᠨ᠎ᠤ ᠨᠡᠭᠡᠭᠡᠯᠲᠡᠲᠤ ᠬᠡᠯᠪᠡᠷᠢ᠎ᠶᠢᠨ ᠤᠯᠠᠨ ᠨᠡᠶ᠋ᠢᠲᠡ᠎ᠶᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠂ ᠪᠤᠭᠤᠲᠤ ᠬᠤᠳᠠ᠎ᠶᠢᠨ ᠪᠢ ᠼᠠᠢ AI+ ᠠᠮᠢᠳᠤᠯᠢᠭ᠋᠎ᠢᠶᠠᠷ ᠠᠵᠢᠯ ᠣᠯᠭᠣᠬᠤ ᠡᠵᠡᠩᠨᠡᠯᠲᠡ᠎ᠶᠢ ᠨᠢᠭᠡ ᠴᠣᠭᠴᠠᠵᠢᠭᠤᠯᠬᠤ ᠲᠠᠪᠴᠠᠩ᠂ ᠣᠷᠳᠣᠰ᠎ᠤᠨ ᠡᠨᠧᠷᠭᠢ ᠵᠢᠴᠢ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠂ ᠬᠥᠬᠡᠬᠣᠲᠠ᠎ᠶᠢᠨ ᠲᠣᠭᠠᠴᠢᠯᠠᠭᠰᠠᠨ ᠠᠷᠰᠠᠷ ᠠᠵᠢᠯ᠎ᠤᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠰᠢᠰᠲᠧᠮ ᠵᠡᠷᠭᠡ ᠳᠦᠷᠪᠡᠨ ᠬᠠᠮᠲᠤᠷᠠᠯᠴᠠᠭᠠᠨ᠎ᠤ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠨᠢ 5000 ᠲᠦᠮᠡᠨ ᠲᠥᠭᠥᠷᠢᠭ᠎ᠲᠦ ᠬᠦᠷᠴᠡᠢ᠃