ᠰᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶᠢᠨ 26᠎ᠤ ᠴᠠᠬᠢᠯᠭᠠᠨ ᠮᠡᠳᠡᠭᠡ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ᠳ᠋ᠤ᠌᠂ ᠠᠵᠤ ᠦᠢᠯᠡᠰ ᠪᠠ ᠠᠵᠢᠯ ᠣᠯᠭᠣᠯᠲᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠰᠢᠨ᠎ᠡ ᠠᠵᠢᠯ ᠮᠡᠷᠭᠡᠵᠢᠯ ᠰᠢᠨ᠎ᠡ ᠠᠵᠢᠯ᠎ᠤᠨ ᠪᠠᠢᠷᠢ᠎ᠶᠢ ᠢᠳᠡᠪᠬᠢᠲᠡᠢ ᠪᠣᠢᠵᠢᠭᠤᠯᠵᠤ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ᠎ᠶᠢ ᠳᠡᠮᠵᠢᠨ᠎ᠡ ᠭᠡᠵᠦ ᠳᠤᠷᠠᠳᠴᠠᠢ᠃
ᠣᠳᠣᠬᠠᠨ᠎ᠳᠤ᠂ ᠮᠠᠨ᠎ᠤ ᠤᠯᠤᠰ᠎ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠵᠠᠯᠭᠠᠭ᠎ᠠ᠎ᠪᠠᠷ ᠢᠯᠡᠷᠡᠨ ᠭᠠᠷᠴᠤ᠂ ᠰᠢᠨ᠎ᠡ ᠠᠵᠢᠯ ᠮᠡᠷᠭᠡᠵᠢᠯ ᠴᠦ᠍ ᠳᠠᠭᠠᠯᠳᠤᠨ ᠪᠣᠶ ᠪᠣᠯᠤᠭᠰᠠᠨ ᠪᠥᠭᠡᠳ ᠲᠠᠰᠤᠷᠠᠯᠲᠠ ᠦᠭᠡᠢ ᠬᠥᠭᠵᠢᠵᠦ ᠪᠠᠢᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠨᠡᠶ᠋ᠢᠲᠡ 72 ᠰᠢᠨ᠎ᠡ ᠠᠵᠢᠯ ᠲᠥᠷᠥᠯ᠎ᠢ ᠨᠡᠢᠲᠡᠯᠡᠵᠦ᠂ ᠲᠣᠭᠠᠴᠢᠯᠠᠭᠰᠠᠨ ᠠᠵᠤ ᠠᠬᠤᠢ᠂ ᠣᠲᠣ᠌ ᠦᠶ᠎ᠡ᠎ᠶᠢᠨ ᠦᠢᠯᠡᠴᠢᠯᠡᠭᠡ᠂ ᠣᠶᠤᠨᠴᠢ ᠦᠢᠯᠡᠳᠬᠦ ᠦᠢᠯᠡᠰ ᠵᠡᠷᠭᠡ ᠠᠵᠢᠯ ᠲᠥᠷᠥᠯ᠎ᠳᠦ ᠬᠣᠯᠪᠣᠭᠳᠠᠵᠠᠢ᠃
《 ᠠᠵᠤ ᠦᠢᠯᠡᠰ ᠪᠣᠯ ᠠᠵᠢᠯ ᠣᠯᠭᠣᠯᠲᠠ᠎ᠶᠢᠨ ᠰᠠᠭᠤᠷᠢ ᠮᠥᠨ᠂ ᠲᠡᠷᠡ ᠨᠢ ᠠᠵᠢᠯ ᠣᠯᠭᠣᠯᠲᠠ ᠶᠢᠨ ᠬᠡᠪᠴᠢᠶ᠎ᠡ ᠪᠣᠯᠣᠨ ᠶᠠᠰᠤ ᠴᠢᠨᠠᠷ᠎ᠢ ᠲᠣᠭᠲᠠᠭᠠᠳᠠᠭ ; ᠠᠵᠢᠯ ᠣᠯᠭᠣᠯᠲᠠ ᠪᠣᠯ ᠠᠵᠤ ᠦᠢᠯᠡᠰ᠎ᠦᠨ ᠴᠢᠬᠤᠯᠠ ᠲᠤᠯᠭᠠᠭᠤᠷᠢ ᠮᠥᠨ᠂ ᠲᠡᠷᠡ ᠨᠢ ᠠᠵᠤ ᠦᠢᠯᠡᠰ᠎ᠦᠨ ᠬᠥᠭᠵᠢᠯᠲᠡ᠎ᠳᠦ ᠬᠥᠮᠥᠨ᠎ᠦ ᠬᠦᠴᠦᠨ᠎ᠦ ᠪᠠᠲᠤᠯᠠᠭ᠎ᠠ ᠬᠠᠩᠭᠠᠳᠠᠭ᠃ ᠰᠢᠨ᠎ᠡ ᠠᠵᠢᠯ ᠮᠡᠷᠭᠡᠵᠢᠯ ᠪᠣᠯ ᠶᠠᠭ ᠮᠡᠷᠭᠡᠵᠢᠯ᠎ᠦᠨ ᠬᠤᠪᠢᠰᠤᠯᠲᠠ᠂ ᠠᠵᠤ ᠦᠢᠯᠡᠰ᠎ᠦᠨ ᠪᠦᠲᠦᠴᠡ᠎ᠶᠢᠨ ᠲᠣᠬᠢᠷᠠᠭᠤᠯᠤᠯᠲᠠ ᠵᠡᠷᠭᠡ ᠡᠯᠧᠮᠧᠨ᠋ᠲ᠎ᠦᠨ ᠶᠡᠷᠦᠩᠬᠡᠢᠯᠡᠭᠰᠡᠨ ᠦᠢᠯᠡᠳᠦᠯ᠎ᠦᠨ ᠪᠦᠲᠦᠭᠡᠭᠳᠡᠬᠦᠨ ᠮᠥᠨ᠃ 》 ᠳᠤᠮᠳᠠᠳᠤ ᠤᠯᠤᠰ᠎ᠤᠨ ᠠᠵᠢᠯᠲᠠᠨ᠎ᠤ ᠶᠠᠪᠤᠳᠠᠯ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠹᠠᠨ ᠸᠧᠢ᠂ ᠠᠵᠤ ᠦᠢᠯᠡᠰ ᠪᠣᠯᠣᠨ ᠠᠵᠢᠯ ᠣᠯᠭᠣᠯᠲᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠰᠢᠨ᠎ᠡ ᠠᠵᠢᠯ ᠮᠡᠷᠭᠡᠵᠢᠯ ᠰᠢᠨ᠎ᠡ ᠠᠵᠢᠯ᠎ᠤᠨ ᠪᠠᠢᠷᠢ᠎ᠶᠢ ᠢᠳᠡᠪᠬᠢᠲᠡᠢ ᠠᠭᠤᠳᠠᠯᠤᠨ ᠪᠣᠢᠵᠢᠭᠤᠯᠬᠤ ᠨᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠬᠥᠮᠥᠨ᠎ᠦ ᠬᠦᠴᠦᠨ᠎ᠦ ᠬᠡᠷᠡᠭᠴᠡᠭᠡ᠎ᠶᠢ ᠤᠨᠢᠨ ᠳᠡᠭᠡᠷ᠎ᠡ ᠨᠢ ᠵᠣᠯᠭᠠᠭᠤᠯᠵᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠰᠢᠢᠳᠪᠦᠷᠢᠯᠡᠬᠦ᠎ᠳᠦ ᠠᠰᠢᠭ᠍ᠲᠠᠢ᠎ᠪᠠᠷ ᠪᠠᠷᠠᠬᠤ ᠦᠭᠡᠢ ᠪᠠᠰᠠ ᠬᠥᠳᠡᠯᠮᠦᠷᠢᠴᠢᠳ᠎ᠦᠨ ᠠᠵᠢᠯ ᠣᠯᠭᠣᠯᠲᠠ᠎ᠶᠢᠨ ᠣᠷᠣᠨ ᠵᠠᠢ᠎ᠶᠢ ᠥᠷᠭᠡᠳᠬᠡᠵᠦ᠂ ᠠᠵᠢᠯ ᠣᠯᠭᠣᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠦ ᠠᠰᠢᠭ᠍ᠲᠠᠢ ᠶᠤᠮ ᠭᠡᠪᠡ᠃
ᠵᠣᠬᠢᠶᠠᠮᠠᠯ ᠣᠶᠤᠨᠲᠤ ᠲᠣᠭᠠᠴᠢᠯᠠᠭᠰᠠᠨ ᠬᠥᠮᠥᠨ᠎ᠦ ᠪᠣᠯᠪᠠᠰᠤᠷᠠᠭᠤᠯᠤᠭ᠍ᠴᠢᠠᠴᠠ ᠰᠢᠨ᠎ᠡ ᠡᠨᠧᠷᠭᠢ᠎ᠶᠢᠨ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ ᠬᠦᠷᠲᠡᠯ᠎ᠡ᠂ ᠳᠠᠬᠢᠭᠠᠳ ᠵᠢᠯᠣᠭᠣᠴᠢ ᠦᠭᠡᠢ ᠨᠢᠰᠬᠡᠯ᠎ᠦᠨ ᠪᠦᠯᠦᠭᠵᠢᠯ᠎ᠦᠨ ᠨᠢᠰᠦᠯᠲᠡ᠎ᠶᠢᠨ ᠲᠥᠯᠥᠪᠵᠢᠭᠦᠯᠦᠭᠴᠢ ᠬᠦᠷᠲᠡᠯ᠎ᠡ᠂ ᠰᠢᠨ᠎ᠡ ᠠᠵᠢᠯ ᠮᠡᠷᠭᠡᠵᠢᠯ ᠨᠢ ᠮᠡᠷᠭᠡᠵᠢᠯ᠎ᠦᠨ ᠳᠠᠪᠰᠢᠯᠳᠠ᠎ᠶᠢᠨ ᠰᠢᠨ᠎ᠡ ᠬᠠᠨᠳᠤᠰᠢ᠂ ᠠᠵᠤ ᠦᠢᠯᠡᠰ᠎ᠦᠨ ᠪᠦᠲᠦᠴᠡ᠎ᠶᠢᠨ ᠰᠢᠨ᠎ᠡ ᠬᠤᠪᠢᠷᠠᠯᠲᠠ᠂ ᠠᠵᠤ ᠠᠬᠤᠢ᠎ᠶᠢᠨ ᠬᠡᠷᠡᠭᠯᠡᠭᠡᠨ᠎ᠦ ᠠᠵᠢᠯᠯᠠᠭ᠎ᠠ᠎ᠶᠢᠨ ᠰᠢᠨ᠎ᠡ ᠡᠵᠡᠩᠨᠡᠯᠲᠡ᠎ᠶᠢᠨ ᠬᠡᠯᠪᠡᠷᠢᠳᠦ ᠳᠠᠰᠤᠷᠠᠯᠳᠠ ᠦᠭᠡᠢ ᠵᠣᠬᠢᠴᠠᠪᠠ᠃
ᠹᠠᠨ ᠸᠧᠢ ᠢᠯᠡᠷᠬᠡᠢᠯᠡᠬᠦ᠎ᠳᠡᠭᠡᠨ᠂ ᠰᠢᠨ᠎ᠡ ᠠᠵᠢᠯ ᠮᠡᠷᠭᠡᠵᠢᠯ ᠨᠢ ᠠᠵᠢᠯᠯᠠᠭ᠍ᠴᠢᠳᠲᠤ ᠨᠠᠩ ᠥᠨᠳᠥᠷ ᠤᠷ᠎ᠠ ᠮᠡᠷᠭᠡᠵᠢᠯ᠎ᠦᠨ ᠬᠡᠷᠡᠭᠴᠡᠭᠡ ᠱᠠᠭᠠᠷᠳᠠᠯᠭ᠎ᠠ ᠳᠤᠷᠠᠳᠴᠤ᠂ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ᠎ᠶᠢ ᠰᠢᠯᠢᠳᠡᠭᠵᠢᠭᠦᠯᠦᠨ᠂ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠬᠤ᠎ᠶᠢᠨ ᠬᠠᠮᠲᠤ ᠰᠢᠨ᠎ᠡ ᠠᠵᠢᠯ ᠮᠡᠷᠭᠡᠵᠢᠯ᠎ᠦᠨ ᠪᠠᠷᠢᠮᠵᠢᠶ᠎ᠠ᠎ᠶᠢ ᠲᠣᠭᠲᠠᠭᠠᠬᠤ᠎ᠶᠢ ᠲᠦᠷᠭᠡᠳᠬᠡᠵᠦ᠂ ᠤᠷ᠎ᠠ ᠮᠡᠷᠭᠡᠵᠢᠯ᠎ᠦᠨ ᠭᠡᠷᠡᠴᠢᠯᠡᠯ ᠪᠠ ᠨᠡᠢᠭᠡᠮ᠎ᠦᠨ ᠪᠠᠲᠤᠯᠠᠭ᠎ᠠ᠎ᠶᠢ ᠲᠡᠭᠦᠯᠳᠡᠷᠵᠢᠭᠦᠯᠵᠦ᠂ ᠠᠵᠤ ᠦᠢᠯᠡᠰ᠎ᠢᠶᠡᠷ ᠠᠵᠢᠯ ᠣᠯᠭᠣᠯᠲᠠ᠎ᠶᠢ ᠳᠠᠢᠴᠢᠯᠠᠬᠤ᠂ ᠠᠵᠢᠯ ᠣᠯᠭᠣᠯᠲᠠ᠎ᠪᠠᠷ ᠴᠢᠳᠠᠪᠤᠷᠢ ᠣᠯᠭᠣᠬᠤ ᠠᠵᠤ ᠦᠢᠯᠡᠰ᠎ᠦᠨ ᠰᠠᠢᠨ ᠣᠷᠴᠢᠯ᠎ᠢ ᠪᠣᠶ ᠪᠣᠯᠭᠠᠬᠤ ᠬᠡᠷᠡᠭᠲᠡᠢ ᠭᠡᠵᠡᠢ᠃
《 ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠨ᠎ᠡ ᠠᠵᠢᠯ ᠮᠡᠷᠭᠡᠵᠢᠯ᠎ᠦᠨ ᠤᠯᠤᠰ᠎ᠤᠨ ᠪᠠᠷᠢᠮᠵᠢᠶ᠎ᠠ᠎ᠶᠢᠨ ᠨᠡᠭᠡᠭᠡᠨ ᠬᠥᠭᠵᠢᠭᠦᠯᠦᠯᠲᠡ᠎ᠶᠢ ᠲᠦᠷᠭᠡᠳᠬᠡᠵᠦ ᠂ ᠬᠥᠲᠥᠴᠢ ᠠᠵᠤ ᠠᠬᠤᠢᠯᠠᠯ ᠂ ᠠᠵᠢᠯ ᠲᠥᠷᠥᠯ᠎ᠦᠨ ᠵᠣᠬᠢᠶᠠᠨ ᠪᠠᠢᠭᠤᠯᠤᠯᠲᠠ ᠵᠡᠷᠭᠡ᠎ᠶᠢ ᠵᠣᠷᠢᠭ᠍ᠵᠢᠭᠤᠯᠤᠨ ᠂ ᠰᠢᠨ᠎ᠡ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠬᠥᠲᠥᠯᠪᠦᠷᠢ ᠂ ᠵᠢᠭᠠᠬᠤ ᠮᠠᠲᠧᠷᠢᠶᠠᠯ ᠵᠡᠷᠭᠡ ᠰᠠᠭᠤᠷᠢ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠵᠦ ᠂ ᠠᠵᠢᠯ ᠲᠥᠷᠥᠯ ᠠᠵᠤ ᠠᠬᠤᠢᠯᠠᠯ᠎ᠤᠨ ᠬᠣᠯᠪᠣᠭᠳᠠᠯ ᠪᠦᠬᠦᠢ ᠬᠥᠮᠥᠰ᠎ᠦᠨ ᠰᠢᠨ᠎ᠡ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠪᠠᠭ᠍ᠰᠢ᠎ᠶᠢᠨ ᠡᠩᠨᠡᠭᠡ᠎ᠶᠢ ᠲᠡᠭᠦᠯᠳᠡᠷᠵᠢᠭᠦᠯᠬᠦ᠎ᠶᠢ ᠵᠣᠷᠢᠭ᠍ᠵᠢᠭᠤᠯᠤᠨ ᠂ ᠰᠢᠨ᠎ᠡ ᠠᠵᠢᠯ ᠮᠡᠷᠭᠡᠵᠢᠯ᠎ᠢ ᠪᠣᠯᠪᠠᠰᠤᠷᠠᠯ᠎ᠤᠨ ᠭᠣᠣᠯᠳᠠᠯᠭ᠎ᠠ᠎ᠲᠠᠢ ᠬᠦᠷᠢᠶ᠎ᠡ ᠪᠣᠯᠭᠠᠵᠤ ᠂ ᠡᠯ᠎ᠡ ᠭᠠᠵᠠᠷ᠎ᠤᠨ ᠠᠵᠢᠯ᠎ᠤᠨ ᠪᠠᠢᠷᠢ ᠪᠠ ᠬᠥᠮᠥᠨ᠎ᠦ ᠪᠠᠢᠳᠠᠯ ᠳ᠋ᠤᠨᠢ ᠵᠣᠬᠢᠴᠠᠭᠤᠯᠤᠨ ᠨᠠᠷᠢᠯᠢᠭ᠋ ᠣᠨᠣᠴᠠᠲᠠᠢ ᠪᠣᠯᠪᠠᠰᠤᠷᠠᠯ ᠥᠷᠨᠢᠭᠦᠯᠬᠦ᠎ᠶᠢ ᠵᠢᠯᠣᠭᠣᠳᠤᠨ᠎ᠠ 》 ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠳᠡᠳ᠋ ᠰᠠᠢᠳ ᠶᠠᠨ ᠴᠢᠩ ᠬᠣᠶ ᠬᠡᠯᠡᠬᠦ᠎ᠳᠡᠭᠡᠨ ᠂ ᠲᠠᠷᠠᠭᠠᠴᠢ᠎ᠶᠢᠨ ᠠᠯᠬᠤᠮ᠎ᠳᠤ ᠬᠣᠯᠪᠣᠭᠳᠠᠯ ᠪᠦᠬᠦᠢ ᠠᠵᠢᠯ᠎ᠢ ᠦᠷᠭᠦᠯᠵᠢᠯᠡᠨ ᠰᠠᠢᠲᠤᠷ ᠬᠢᠵᠦ ᠂ ᠪᠣᠯᠪᠠᠰᠤᠷᠠᠯ᠎ᠤᠨ ᠬᠠᠩᠭᠠᠯᠭ᠎ᠠ᠎ᠶᠢ ᠰᠢᠯᠢᠳᠡᠭᠵᠢᠭᠦᠯᠦᠨ ᠂ ᠬᠥᠳᠡᠯᠮᠦᠷᠢᠴᠢᠳ᠎ᠦᠨ ᠰᠢᠨ᠎ᠡ ᠠᠵᠢᠯ ᠮᠡᠷᠭᠡᠵᠢᠯ ᠡᠷᠭᠢᠯᠡᠬᠦ᠎ᠳᠦ ᠰᠠᠢᠲᠤᠷ ᠦᠢᠯᠡᠴᠢᠯᠡᠨ᠎ᠡ ᠭᠡᠵᠡᠢ ᠃ (ᠵᠠᠩ ᠰᠢᠶᠣᠣ ᠵᠢᠶᠧ)