《 ᠡᠨᠡ ᠬᠣᠶᠠᠷ ᠵᠢᠯ᠎ᠳᠦ᠂ ᠮᠠᠨ᠎ᠤ ᠠᠵᠢᠯᠲᠠᠨ ᠡᠯᠰᠡᠬᠦ ᠬᠡᠷᠡᠭᠴᠡᠭᠡ ᠵᠢᠱ᠌ᠢᠯᠲᠡ᠎ᠪᠡᠷ 5000 ᠬᠥᠮᠥᠨ᠎ᠡᠴᠡ ᠳᠠᠪᠠᠵᠤ᠂ ᠵᠥᠪᠬᠡᠨ ᠺᠣᠮᠫᠠᠨᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠰᠠᠯᠠᠭ᠎ᠠ ᠮᠥᠴᠢᠷ᠎ᠲᠦ ᠲᠦᠰᠢᠭᠯᠡᠭᠡᠳ ᠪᠡᠶᠡᠯᠡᠭᠦᠯᠬᠦ᠎ᠳᠦ ᠨᠡᠯᠢᠶᠡᠳ ᠬᠦᠴᠢᠷᠲᠡᠢ ᠪᠣᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠲᠠᠢ ᠬᠠᠮᠲᠤᠷᠠᠨ ᠠᠵᠢᠯᠯᠠᠪᠠᠯ᠂ ᠴᠢᠳᠠᠪᠤᠷᠢᠲᠠᠨ᠎ᠢ ᠲᠠᠲᠠᠬᠤ᠎ᠳᠤ ᠨᠠᠩ ᠲᠥᠬᠥᠮ ᠪᠣᠯᠬᠤ᠎ᠪᠠᠷ ᠪᠠᠷᠠᠬᠤ ᠦᠭᠡᠢ᠂ ᠴᠢᠳᠠᠪᠤᠷᠢᠲᠠᠨ᠎ᠢ ᠬᠥᠮᠥᠵᠢᠭᠦᠯᠬᠦ᠎ᠳᠦ ᠴᠦ᠍ ᠨᠠᠩ ᠲᠤᠰᠬᠠᠢ ᠮᠡᠷᠭᠡᠵᠢᠯ᠎ᠲᠠᠢ ᠪᠣᠯᠬᠤ ᠪᠣᠯᠣᠨ᠎ᠠ 》 ᠭᠡᠵᠦ ᠴᠦ ᠨᠧᠩ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ᠎ᠶᠢᠨ ᠠᠵᠢᠯᠲᠠᠨ ᠽᠧᠩ ᠰᠢᠶᠠᠩ ᠢ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠶᠡᠬᠡ ᠬᠤᠷᠠᠯ ᠳᠡᠭᠡᠷ᠎ᠡ ᠬᠡᠯᠡᠪᠡ᠃
ᠲᠣᠰ ᠤᠳᠠᠭᠠᠨ᠎ᠤ ᠶᠡᠬᠡ ᠬᠤᠷᠠᠯ 11 ᠰᠠᠷ᠎ᠠ᠎ᠶᠢᠨ 28᠎ᠤ ᠡᠳᠦᠷ᠎ᠡᠴᠡ 29᠎ᠦ ᠡᠳᠦᠷ ᠪᠣᠯᠲᠠᠯ᠎ᠠ ᠬᠤᠪᠧᠢ ᠵᠢᠨ ᠦᠬᠠᠨ᠎ᠳᠤ ᠬᠤᠷᠠᠯᠳᠤᠪᠠ᠃ ᠶᠡᠬᠡ ᠬᠤᠷᠠᠯ᠎ᠠᠴᠠ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ᠎ᠢ ᠪᠠᠢᠭᠤᠯᠵᠤ᠂ ᠨᠢᠭᠡ ᠪᠦᠯᠦᠭ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠲᠦᠷᠦᠯ ᠵᠦᠢᠯ᠎ᠢ ᠲᠥᠪᠯᠡᠷᠡᠭᠦᠯᠦᠨ ᠬᠡᠯᠡᠯᠴᠡᠭᠡᠷ ᠲᠣᠭᠲᠠᠪᠠ᠃
ᠣᠢᠷ᠎ᠠ᠎ᠶᠢᠨ ᠵᠢᠯ᠎ᠡᠴᠡ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ ᠨᠢ ᠳᠡᠭᠡᠳᠦ ᠲᠡᠰ᠎ᠤᠨ ᠦᠢᠯᠡᠳᠬᠦ ᠦᠢᠯᠡᠰ᠂ ᠲᠣᠭᠠᠴᠢᠯᠠᠭᠰᠠᠨ ᠠᠵᠤ ᠠᠬᠤᠢ᠂ ᠤᠳᠤ ᠦᠶ᠎ᠡ᠎ᠶᠢᠨ ᠦᠢᠯᠡᠴᠢᠯᠡᠭᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠢ ᠬᠥᠭᠵᠢᠭᠦᠯᠬᠦ᠂ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ᠎ᠶᠢ ᠵᠣᠬᠢᠴᠠᠭᠤᠯᠬᠤ ᠲᠣᠭᠲᠠᠴᠠ᠎ᠶᠢ ᠪᠠᠢᠭᠤᠯᠵᠤ᠂ ᠠᠵᠤ ᠦᠢᠯᠡᠰ᠎ᠦᠨ ᠬᠥᠭᠵᠢᠯᠲᠡ᠎ᠶᠢᠨ ᠶᠠᠪᠤᠴᠠ᠎ᠳᠠᠬᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠬᠦ᠎ᠳᠦ ᠬᠦᠴᠦᠨ ᠨᠡᠮᠡᠷᠢᠯᠡᠪᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠡᠴᠡ ᠨᠠᠭᠠᠰᠢ᠂ ᠪᠥᠬᠥ ᠠᠵᠢᠯ ᠲᠥᠷᠥᠯ᠎ᠢᠶᠡᠷ᠎ᠢᠶᠡᠨ ᠵᠢᠯ ᠪᠦᠷᠢ ᠳᠤᠮᠳᠠᠴᠢ᠎ᠪᠠᠷ 3 ᠳ᠋ᠦᠩᠰᠢᠭᠤᠷ ᠬᠥᠮᠥᠨ ᠤᠳᠠᠭ᠎ᠠ᠎ᠶᠢᠨ ᠬᠥᠳᠡᠯᠮᠦᠷᠢᠴᠢᠳ᠎ᠲᠦ ᠠᠵᠢᠯ ᠣᠯᠬᠤ᠂ ᠠᠵᠢᠯ ᠰᠣᠩᠭᠣᠬᠤ ᠪᠠ ᠨᠡᠭᠦᠳᠡᠯ ᠦᠢᠯᠡᠴᠢᠯᠡᠭᠡ ᠬᠠᠩᠭᠠᠵᠤ᠂ 5000 ᠭᠠᠷᠤᠢ ᠲᠦᠮᠡᠨ ᠡᠷᠦᠬᠡ ᠤᠳᠠᠭ᠎ᠠ᠎ᠶᠢᠨ ᠬᠥᠮᠥᠨ ᠬᠡᠷᠡᠭᠯᠡᠬᠦ ᠨᠢᠭᠡᠴᠢ᠎ᠳᠦ ᠲᠤᠰᠬᠠᠢ ᠮᠡᠷᠭᠡᠵᠢᠯ᠎ᠦᠨ ᠳᠡᠮᠵᠢᠯᠭᠡ ᠬᠠᠩᠭᠠᠭᠰᠠᠨ ᠪᠠᠢᠨ᠎ᠠ᠃
《 ᠪᠢᠳᠡ ᠠᠵᠢᠯ ᠡᠷᠢᠵᠦ ᠠᠵᠢᠯᠲᠠᠨ ᠡᠯᠰᠡᠬᠦ᠂ ᠦᠢᠯᠡᠰ ᠪᠣᠰᠬᠠᠬᠤ ᠵᠢᠯᠣᠭᠣᠳᠤᠯᠭ᠎ᠠ᠎ᠠᠴᠠ ᠠᠪᠤᠭᠠᠳ ᠳᠠᠩᠰᠠ ᠡᠪᠬᠡᠮᠡᠯ᠎ᠦᠨ ᠲᠣᠭ᠎ᠠ ᠪᠠᠷᠢᠮᠲᠠ᠎ᠶᠢᠨ ᠡᠵᠡᠩᠨᠡᠯᠲᠡ ᠬᠠᠮᠢᠶᠠᠷᠤᠯᠲᠠ ᠬᠦᠷᠲᠡᠯ᠎ᠡ᠂ ᠳᠠᠬᠢᠭᠠᠳ ᠰᠤᠷᠭᠠᠨ ᠬᠥᠮᠥᠵᠢᠭᠦᠯᠵᠦ ᠪᠣᠯᠪᠠᠰᠤᠷᠠᠭᠤᠯᠬᠤ᠂ ᠬᠢᠨᠠᠨ ᠰᠢᠯᠭᠠᠵᠤ ᠬᠢᠨᠠᠨ ᠲᠣᠭᠲᠠᠭᠠᠬᠤ ᠵᠡᠷᠭᠡ ᠲᠠᠯ᠎ᠠ᠎ᠪᠠᠷ ᠡᠯ᠎ᠡ ᠲᠥᠷᠥᠯ᠎ᠦᠨ ᠴᠢᠳᠠᠪᠤᠷᠢᠲᠠᠨ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠪᠦᠬᠦ ᠬᠡᠯᠬᠢᠶ᠎ᠡ᠎ᠶᠢᠨ ᠦᠢᠯᠡᠴᠢᠯᠡᠭᠡ ᠬᠠᠩᠭᠠᠨ᠎ᠠ 》 ᠭᠡᠵᠦ ᠳᠤᠮᠳᠠᠳᠤ ᠤᠯᠤᠰ᠎ᠤᠨ ᠤᠮᠠᠷᠠᠲᠤ᠎ᠶᠢᠨ ᠴᠢᠳᠠᠪᠤᠷᠢᠲᠠᠨ᠎ᠤ ᠵᠠᠬ᠎ᠠ ᠳᠡᠯᠭᠡᠭᠦᠷ᠎ᠦᠨ ᠳᠡᠳ᠋ ᠶᠡᠷᠦᠩᠬᠡᠢ ᠵᠠᠬᠢᠷᠤᠯ ᠯᠢ ᠰᠢᠨ ᠬᠡᠯᠡᠪᠡ᠃
ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ ᠪᠣᠯ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠬᠦ ᠵᠠᠩᠭᠢᠯᠠᠭ᠎ᠠ᠎ᠶᠢᠨ ᠬᠦᠴᠦᠨ ᠪᠣᠯᠣᠨ᠎ᠠ᠃ ᠭᠤᠸᠠᠩᠳᠦ᠋ᠩ᠎ᠦᠨ ᠵᠣᠣ ᠴᠢᠩᠳᠦ᠂ ᠰᠤᠷᠭᠠᠭᠤᠯᠢ ᠪᠠ ᠣᠷᠣᠨ ᠨᠤᠲᠤᠭ᠎ᠤᠨ ᠬᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠢ ᠬᠠᠮᠲᠤ᠎ᠪᠠᠷ ᠪᠠᠢᠭᠤᠯᠵᠤ᠂ ᠤᠷ᠎ᠠ ᠮᠡᠷᠭᠡᠵᠢᠯ᠎ᠦᠨ ᠪᠣᠯᠪᠠᠰᠤᠷᠠᠯ᠂ ᠨᠥᠬᠥᠪᠦᠷᠢ ᠭᠤᠶᠤᠴᠢᠯᠠᠨ ᠠᠪᠬᠤ ᠵᠡᠷᠭᠡ ᠦᠢᠯᠡᠴᠢᠯᠡᠭᠡ ᠬᠠᠩᠭᠠᠨ᠎ᠠ ; ᠵᠧᠵᠢᠶᠠᠩ᠎ᠤᠨ ᠨᠢᠩᠪᠦ᠋ᠸᠧ᠎ᠳᠦ᠂ 《 ᠲᠤᠰᠬᠠᠢ ᠨᠠᠷᠢᠯᠢᠭ᠋ ᠣᠨᠴᠠ ᠰᠢᠨ᠎ᠡ 》 ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢ ᠪᠣᠢᠵᠢᠭᠤᠯᠬᠤ᠎ᠶᠢ ᠳᠡᠯᠭᠡᠷᠡᠭᠦᠯᠵᠦ᠂ ᠠᠵᠢᠯ ᠲᠦᠷᠦᠯ᠎ᠦᠨ ᠦᠷᠳᠡᠭ᠎ᠦᠨ ᠬᠡᠯᠬᠢᠶ᠎ᠡ᠎ᠶᠢᠨ ᠳᠤᠮᠳᠠ ᠳᠡᠭᠡᠳᠦ ᠲᠦᠪᠰᠢᠨ ᠲᠡᠢᠰᠢ ᠥᠷᠭᠡᠵᠢᠬᠦ᠎ᠶᠢ ᠠᠬᠢᠭᠤᠯᠪᠠ; ᠥᠪᠥᠷ ᠮᠣᠩᠭᠣᠯ᠎ᠤᠨ ᠬᠥᠬᠡᠬᠣᠲᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠬᠦᠷᠢᠶᠡᠯᠡᠩ ᠲᠣᠭᠣᠷᠢᠭ᠋᠎ᠲᠤ ᠣᠷᠣᠭᠤᠯᠬᠤ᠂ ᠨᠡᠢᠭᠡᠮ ᠲᠣᠭᠣᠷᠢᠭ᠋᠎ᠲᠤ ᠣᠷᠣᠭᠤᠯᠬᠤ᠎ᠶᠢ ᠦᠷᠭᠦᠯᠵᠢᠯᠡᠨ ᠠᠬᠢᠭᠤᠯᠵᠤ ᠪᠠᠢᠨ᠎ᠠ ᠁ ᠡᠯ᠎ᠡ ᠭᠠᠵᠠᠷ᠎ᠤᠨ ᠬᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠢ ᠪᠤᠵᠠᠭᠠᠢᠷᠠᠭᠤᠯᠬᠤ᠎ᠶᠢ ᠦᠷᠭᠦᠯᠵᠢᠯᠡᠨ ᠰᠦᠪᠡᠭᠴᠢᠯᠡᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠵᠤ ᠪᠠᠢᠨ᠎ᠠ᠃
ᠶᠡᠬᠡ ᠬᠤᠷᠠᠯ ᠳᠡᠭᠡᠷ᠎ᠡ᠂ AI ᠲᠣᠭᠠᠴᠢᠯᠠᠭᠰᠠᠨ ᠬᠥᠮᠥᠰ᠎ᠦᠨ ᠨᠢᠭᠤᠷᠳᠠᠬᠤ ᠰᠢᠯᠭᠠᠯᠲᠠ᠂ ᠲᠣᠮᠣ᠌ ᠵᠠᠭᠪᠤᠷ᠎ᠤᠨ ᠴᠢᠳᠠᠪᠤᠷᠢᠲᠠᠨ᠎ᠢ ᠵᠣᠬᠢᠴᠠᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ᠎ᠦᠨ ᠬᠡᠷᠡᠭᠯᠡᠭᠡ ᠲᠥᠪᠯᠡᠷᠡᠩᠭᠦᠢ ᠢᠯᠡᠷᠡᠵᠦ᠂ 《 ᠭᠡᠷ᠎ᠦᠨ ᠡᠭᠦᠳᠡᠨ᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠦᠷᠳᠡᠬᠡ 》 ᠵᠢᠨ ᠣᠶᠤᠨᠲᠤ ᠦᠵᠦᠭᠦᠷ ᠲᠥᠬᠦᠭᠡᠷᠦᠮᠵᠢ ᠵᠡᠷᠭᠡ ᠨᠢ ᠬᠥᠮᠥᠰ᠎ᠦᠨ ᠠᠩᠬᠠᠷᠤᠯ᠎ᠢ ᠲᠠᠲᠠᠪᠠ᠃ ᠲᠣᠭᠠᠴᠢᠯᠠᠭᠰᠠᠨ ᠮᠡᠷᠭᠡᠵᠢᠯ᠎ᠢ ᠥᠷᠭᠡᠨ᠎ᠢᠶᠡᠷ ᠬᠡᠷᠡᠭᠯᠡᠬᠦ᠎ᠶᠢ ᠳᠠᠭᠠᠯᠳᠤᠨ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠂ ᠰᠢᠨ᠎ᠡ ᠵᠠᠭᠪᠤᠷ᠂ ᠰᠢᠨ᠎ᠡ ᠦᠢᠯᠡᠳᠬᠦᠨ ᠲᠠᠰᠤᠷᠠᠯᠲᠠ ᠦᠭᠡᠢ ᠢᠯᠡᠷᠡᠨ ᠭᠠᠷᠴᠤ ᠪᠠᠢᠨ᠎ᠠ᠃
《 ᠲᠣᠭᠠᠴᠢᠯᠠᠯᠲᠠ ᠨᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ᠎ᠳᠦ ᠰᠢᠨ᠎ᠡ᠎ᠶᠢ ᠡᠭᠦᠳᠬᠦ ᠠᠮᠢᠳᠤᠯᠢᠭ᠋ ᠬᠦᠴᠦᠨ ᠣᠯᠭᠣᠵᠠᠢ᠃ 》 ᠳᠤᠮᠳᠠᠳᠤ ᠤᠯᠤᠰ᠎ᠤᠨ ᠬᠥᠳᠡᠯᠮᠦᠷᠢ ᠪᠠ ᠨᠡᠢᠭᠡᠮ᠎ᠦᠨ ᠪᠠᠲᠤᠯᠠᠭ᠎ᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠾᠧᠦ ᠽᠧᠩ ᠶᠠᠨ᠂ ᠲᠣᠮᠣ᠌ ᠳ᠋ᠠᠢᠲ᠋ᠠ᠂ ᠣᠶᠤᠨᠴᠢ ᠢᠵᠢᠯᠢᠰᠢᠭᠦᠯᠬᠦ ᠮᠡᠷᠭᠡᠵᠢᠯ ᠪᠣᠯᠣᠨ AI ᠪᠤᠳᠤᠬᠤ ᠠᠷᠭ᠎ᠠ᠎ᠪᠠᠷ ᠰᠢᠯᠢᠨ ᠰᠣᠩᠭᠣᠬᠤ᠎ᠳᠤ ᠲᠦᠰᠢᠭᠯᠡᠵᠦ᠂ ᠠᠵᠤ ᠠᠬᠤᠢᠯᠠᠯ᠎ᠤᠨ ᠬᠢᠨ ᠶᠡᠬᠡ ᠬᠡᠮᠵᠢᠶᠡᠨ᠎ᠦ ᠴᠢᠳᠠᠪᠤᠷᠢᠲᠠᠨ᠎ᠤ ᠬᠥᠮᠥᠷᠭᠡ᠎ᠡᠴᠡ ᠲᠣᠬᠢᠷᠠᠮᠵᠢᠲᠠᠢ ᠬᠥᠮᠥᠨ᠎ᠢ ᠤᠨᠢᠨ ᠳᠡᠭᠡᠷ᠎ᠡ ᠨᠢ ᠲᠣᠭᠲᠠᠭᠠᠵᠤ᠂ ᠠᠵᠢᠯᠲᠠᠨ ᠡᠯᠰᠡᠬᠦ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠵᠡᠢ ᠭᠡᠪᠡ᠃
ᡁᠢ ᠲᠦᠩ ᠴᠢᠳᠠᠪᠤᠷᠢᠲᠠᠨ᠎ᠤ ᠬᠡᠯᠬᠢᠶ᠎ᠡ ᠪᠦᠯᠦᠭᠯᠡᠯ᠎ᠦᠨ ᠶᠡᠷᠦᠩᠬᠡᠢ ᠵᠠᠬᠢᠷᠤᠯ ᠯᠢ ᠭᠠᠩ ᠯᠢᠩ᠎ᠦᠨ ᠦᠵᠡᠬᠦ᠎ᠪᠡᠷ᠂ ᠲᠣᠭᠠᠴᠢᠯᠠᠭᠰᠠᠨ᠂ ᠣᠶᠤᠨᠴᠢᠯᠠᠭᠰᠠᠨ ᠤᠷᠤᠰᠬᠠᠯ ᠳᠣᠣᠷ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ ᠨᠢ ᠮᠡᠳᠡᠭᠡ ᠵᠠᠩᠭᠢ᠎ᠶᠢᠨ ᠵᠠᠭᠤᠴᠢ ᠪᠣᠯᠬᠤ᠎ᠪᠠᠷ ᠪᠠᠷᠠᠬᠤ ᠦᠭᠡᠢ ᠨᠠᠩ ᠴᠤ᠌ ᠣᠶᠤᠨᠴᠢ ᠵᠥᠪᠯᠡᠭᠴᠢ ᠪᠣᠯᠵᠤ᠂ AI ᠮᠡᠷᠭᠡᠵᠢᠯ᠎ᠢ ᠴᠢᠳᠠᠮᠠᠭᠠᠢ ᠬᠡᠷᠡᠭᠯᠡᠪᠡᠯ ᠠᠵᠤ ᠠᠬᠤᠢᠯᠠᠯ᠎ᠳᠤ ᠨᠠᠩ ᠰᠠᠢᠨ ᠦᠢᠯᠡᠴᠢᠯᠡᠵᠦ᠂ ᠠᠵᠢᠯ ᠣᠯᠭᠣᠯᠲᠠ᠎ᠶᠢ ᠠᠬᠢᠭᠤᠯᠵᠤ ᠴᠢᠳᠠᠨ᠎ᠠ᠃
ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠴᠥᠭᠡᠨ ᠪᠤᠰᠤ ᠠᠵᠤ ᠠᠬᠤᠢᠯᠠᠯ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠢᠳᠡᠪᠬᠢᠲᠡᠢ ᠪᠠᠢᠷᠢᠰᠢᠭᠤᠯᠵᠤ ᠂ ᠳᠡᠯᠡᠬᠡᠢᠴᠢᠯᠡᠬᠦ ᠠᠬᠢᠴᠠ ᠠᠯᠬᠤᠮ ᠠᠯᠬᠤᠮ᠎ᠢᠶᠠᠷ ᠲᠦᠷᠭᠡᠳᠴᠦ ᠪᠠᠢᠬᠤ᠎ᠶᠢ ᠬᠤᠷᠠᠯ᠎ᠤᠨ ᠲᠠᠯᠠᠪᠠᠶ᠎ᠳᠤ ᠣᠯᠵᠤ ᠬᠠᠷᠠᠵᠤ ᠪᠣᠯᠣᠨ᠎ᠠ᠃
《 ᠪᠢᠳᠡ ᠭᠠᠳᠠᠭᠠᠳᠤ᠎ᠳᠦ ᠭᠠᠷᠬᠤ ᠠᠵᠤ ᠠᠬᠤᠢᠯᠠᠯ᠎ᠳᠤ ᠪᠥᠬᠥ ᠪᠥᠮᠪᠥᠷᠴᠡᠭ᠎ᠦᠨ ᠠᠵᠢᠯᠲᠠᠨ᠎ᠤ ᠶᠠᠪᠤᠳᠠᠯ᠎ᠤᠨ ᠭᠠᠳᠠᠭ᠍ᠰᠢ ᠳᠠᠭᠠᠭᠠᠴᠢᠯᠠᠭᠤᠯᠬᠤ ᠬᠠᠮᠢᠶᠠᠷᠤᠯᠲᠠ᠂ ᠣᠯᠠᠨ ᠤᠯᠤᠰ᠎ᠤᠨ ᠴᠢᠳᠠᠪᠤᠷᠢᠲᠠᠨ᠎ᠢ ᠬᠢᠨᠠᠨ ᠰᠣᠩᠭᠣᠬᠤ᠂ ᠭᠠᠳᠠᠭᠠᠳᠤ᠎ᠳᠦ ᠭᠠᠷᠬᠤ ᠠᠵᠤ ᠠᠬᠤᠢᠯᠠᠯ᠎ᠤᠨ ᠬᠠᠮᠢᠶᠠᠷᠤᠯᠲᠠ ᠬᠢᠭᠡᠳ ᠠᠵᠢᠯᠲᠠᠨ᠎ᠤ ᠪᠣᠯᠪᠠᠰᠤᠷᠠᠯ ᠵᠡᠷᠭᠡ᠎ᠶᠢ ᠬᠠᠮᠤᠷᠤᠭᠰᠠᠨ ᠨᠢᠭᠡ ᠦᠷᠲᠡᠭᠡᠴᠢᠯᠡᠭᠰᠡᠨ ᠮᠠᠶᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ᠎ᠶᠢ ᠦᠷᠭᠦᠯᠵᠢᠯᠡᠨ ᠬᠠᠩᠭᠠᠨ᠎ᠠ 》᠃ ᠪᠡᠭᠡᠵᠢᠩ᠎ᠦᠨ ᠤᠯᠠᠨ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠬᠤᠤ ᠵᠢᠶᠧ᠂ ᠠᠵᠤ ᠠᠬᠤᠢᠯᠠᠯ ᠲᠤᠰ ᠪᠡᠶ᠎ᠡ᠎ᠶᠢᠨ ᠭᠠᠳᠠᠭᠠᠳᠤ᠎ᠳᠠᠬᠢ ᠲᠤᠬᠠᠢᠯᠠᠭᠰᠠᠨ ᠠᠵᠢᠯ᠎ᠤᠨ ᠡᠬᠢ ᠪᠠᠶᠠᠯᠢᠭ᠋᠎ᠤᠨ ᠴᠢᠳᠠᠪᠤᠷᠢ᠎ᠳᠠᠭᠠᠨ ᠲᠦᠰᠢᠭᠯᠡᠨ᠂ ᠦᠢᠯᠡᠳᠪᠦᠷᠢᠯᠡᠯ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠳᠡᠯᠡᠬᠡᠢᠵᠢᠯᠲᠡ᠎ᠶᠢᠨ ᠬᠠᠮᠢᠶ᠎ᠠ ᠪᠦᠬᠦᠢ ᠲᠠᠪᠴᠠᠩ᠎ᠢ ᠪᠠᠶ᠋ᠢᠭᠤᠯᠬᠤ᠎ᠳᠤ ᠣᠷᠣᠯᠴᠠᠵᠤ᠂ ᠴᠢᠳᠠᠪᠤᠷᠢᠲᠠᠨ᠎ᠤ ᠳᠡᠯᠡᠬᠡᠢᠵᠢᠯᠲᠡ᠎ᠶᠢᠨ ᠠᠵᠢᠯ ᠣᠯᠭᠣᠯᠲᠠ᠎ᠶᠢᠨ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠬᠡᠵᠦ ᠪᠠᠢᠨ᠎ᠠ ᠭᠡᠵᠡᠢ᠃
ᠦᠢᠯᠡᠳᠬᠦ ᠦᠢᠯᠡᠰ ᠪᠣᠯ ᠠᠵᠢᠯ ᠣᠯᠭᠣᠯᠲᠠ᠎ᠶᠢᠨ ᠴᠢᠬᠤᠯᠠ ᠬᠦᠷᠢᠶ᠎ᠡ ᠮᠥᠨ᠃ 《 ᠦᠢᠯᠡᠳᠬᠦ ᠦᠢᠯᠡᠰ᠎ᠦᠨ ᠬᠦᠷᠢᠶᠡᠨ᠎ᠳᠡᠬᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ ᠨᠢ ᠪᠦᠬᠦ ᠠᠵᠢᠯ ᠲᠥᠷᠥᠯ᠎ᠦᠨ ᠦᠢᠯᠡᠴᠢᠯᠡᠭᠡᠨ᠎ᠦ ᠶᠡᠷᠦᠩᠬᠡᠢ ᠬᠡᠮᠵᠢᠶᠡᠨ᠎ᠦ 40% ᠰᠢᠬᠠᠮ᠎ᠢ ᠡᠵᠡᠯᠡᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ ᠪᠣᠯᠣᠨ ᠦᠢᠯᠡᠳᠬᠦ ᠦᠢᠯᠡᠰ᠎ᠦᠨ ᠠᠭᠤᠰᠤᠯᠳᠤᠨ ᠬᠥᠭᠵᠢᠬᠦ ᠬᠢᠷᠢ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ ᠪᠠᠢᠨ᠎ᠠ 》 ᠭᠡᠵᠦ ᠾᠧᠦ ᠽᠧᠩ ᠶᠠᠨ ᠬᠡᠯᠡᠪᠡ᠃
ᠲᠦᠷᠦᠭᠦᠬᠡᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠡᠭᠡᠵᠢᠩ᠂ ᠲᠢᠶᠠᠨᠵᠢᠨ᠂ ᠲᠠᠩᠱᠠᠨ ᠵᠡᠷᠭᠡ 39 ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ ᠬᠢᠭᠡᠳ ᠦᠢᠯᠡᠳᠬᠦ ᠦᠢᠯᠡᠰ᠎ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ᠎ᠶᠢᠨ ᠬᠣᠲᠠ᠎ᠶᠢ ᠲᠣᠭᠲᠠᠭᠠᠪᠠ᠃ ᠡᠳᠡᠭᠡᠷ ᠬᠤᠳᠠ᠎ᠶᠢᠨ ᠬᠢᠨ ᠣᠶᠤᠨᠴᠢ ᠦᠢᠯᠡᠳᠬᠡᠯ᠂ ᠡᠯᠧᠺᠲᠷᠣᠨ ᠮᠡᠳᠡᠭᠡ ᠵᠠᠩᠭᠢ᠂ ᠰᠢᠨ᠎ᠡ ᠮᠠᠲᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠦᠢᠯᠡᠳᠬᠦ ᠦᠢᠯᠡᠰ᠎ᠦᠨ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠦᠢᠯᠡᠰ᠎ᠦᠨ ᠲᠡᠰ ᠳᠡᠪᠰᠢᠬᠦ ᠪᠠ ᠠᠵᠢᠯ ᠣᠯᠭᠣᠯᠲᠠ᠎ᠶᠢ ᠠᠬᠢᠭᠤᠯᠬᠤ ᠥᠨᠳᠥᠷ ᠪᠦᠲᠦᠮᠵᠢᠲᠡᠢ ᠬᠠᠮᠵᠢᠯᠴᠠᠯᠭ᠎ᠠ᠎ᠶᠢᠨ ᠰᠢᠨ᠎ᠡ᠎ᠶᠢ ᠡᠭᠦᠳᠬᠦ ᠠᠷᠭ᠎ᠠ ᠵᠠᠮ᠎ᠢ ᠵᠦᠷᠢᠶᠡᠴᠢᠯᠡᠨ ᠰᠦᠪᠡᠭᠴᠢᠯᠡᠵᠦ᠂ ᠦᠢᠯᠡᠳᠬᠦ ᠦᠢᠯᠡᠰ᠎ᠦᠨ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠡᠯᠧᠮᠧᠨ᠋ᠲ᠎ᠦᠨ ᠬᠠᠩᠭᠠᠯᠭ᠎ᠠ᠎ᠶᠢᠨ ᠳᠤᠲᠠᠭᠤᠳᠠᠯ᠎ᠢ ᠰᠢᠢᠳᠪᠦᠷᠢᠯᠡᠬᠦ᠎ᠳᠦ ᠬᠦᠴᠦ ᠨᠡᠮᠡᠷᠢᠯᠡᠵᠦ᠂ ᠦᠢᠯᠡᠳᠬᠦ ᠦᠢᠯᠡᠰ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠲᠦᠪᠰᠢᠨ᠎ᠢ ᠲᠡᠭᠡᠭᠰᠢᠯᠡᠬᠦᠯᠵᠦ ᠪᠠᠢᠨ᠎ᠠ᠃
ᠦᠬᠠᠨ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶᠠᠨ᠎ᠤ ᠳᠠᠷᠤᠭ᠎ᠠ ᠵᠦ᠍ ᠵᠢᠶᠠᠨ ᠬᠤᠸᠠᠨ ᠢᠯᠡᠷᠬᠡᠢᠯᠡᠬᠦ᠎ᠳᠡᠭᠡᠨ᠂ ᠲᠤᠷᠰᠢᠯᠲᠠ᠎ᠶᠢᠨ ᠬᠣᠲᠠ᠎ᠶᠢᠨ ᠨᠢᠭᠡ ᠪᠣᠯᠤᠭᠰᠠᠨ᠎ᠤ ᠬᠤᠪᠢ᠎ᠳᠤ᠂ ᠦᠬᠠᠨ ᠬᠣᠲᠠ᠎ᠶᠢᠨ ᠬᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ ᠬᠢᠭᠡᠳ 《 ᠭᠡᠷᠡᠯᠯᠢᠭ ᠭᠣᠣᠯᠲᠤ ᠬᠠᠯᠬᠠᠪᠴᠢ ᠰᠦᠯᠵᠢᠶ᠎ᠡ 》 ᠂ ᠮᠠᠰᠢᠨ ᠲᠡᠷᠭᠡ ᠦᠢᠯᠡᠳᠬᠦ᠂ ᠠᠮᠢ ᠨᠠᠰᠤ ᠡᠷᠡᠭᠦᠯ ᠮᠡᠨᠳᠦ ᠵᠡᠷᠭᠡ ᠭᠣᠣᠯᠳᠠᠯᠭ᠎ᠠ᠎ᠲᠠᠢ ᠠᠵᠤ ᠦᠢᠯᠡᠰ᠎ᠦᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠡᠬᠢ ᠰᠤᠷᠪᠤᠯᠵᠢ᠎ᠶᠢ ᠪᠣᠳᠣᠯᠬᠢᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠂ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ ᠪᠡᠯᠡ ᠮᠥᠩᠭᠥ᠎ᠶᠢᠨ ᠬᠡᠯᠬᠢᠶ᠎ᠡ ᠴᠢᠳᠠᠪᠤᠷᠢᠲᠠᠨ᠎ᠤ ᠬᠡᠯᠬᠢᠶᠡᠨ᠎ᠦ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠡᠭᠦᠨ᠎ᠦ ᠬᠠᠮᠲᠤ᠂ ᠵᠢᠯ ᠪᠦᠷᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢ ᠵᠣᠬᠢᠶᠠᠨ ᠪᠠᠢᠭᠤᠯᠤᠨ ᠡᠯ᠎ᠡ ᠲᠥᠷᠥᠯ᠎ᠦᠨ ᠠᠵᠢᠯᠲᠠᠨ ᠡᠯᠰᠡᠬᠦ ᠠᠵᠢᠯᠯᠠᠭ᠎ᠠ᠎ᠶᠢ 5000 ᠲᠠᠯᠠᠪᠤᠷ᠎ᠠᠴᠠ ᠳᠡᠭᠡᠭᠰᠢ ᠡᠷᠭᠢᠯᠡᠵᠦ᠂ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠎ᠶᠢ ᠦᠷᠭᠦᠯᠵᠢᠯᠡᠨ ᠴᠢᠩᠭᠠᠳᠬᠠᠵᠤ᠂ ᠠᠵᠢᠯ ᠣᠯᠭᠣᠯᠲᠠ᠎ᠶᠢᠨ ᠳᠠᠢᠴᠢᠯᠠᠬᠤ ᠬᠦᠴᠦᠨ᠎ᠢ ᠲᠡᠭᠡᠭᠰᠢᠯᠡᠬᠦᠯᠦᠨ᠎ᠡ ᠭᠡᠪᠡ᠃ (ᠵᠠᠩ ᠰᠢᠶᠣᠣ ᠵᠢᠶᠧ᠂ ᠵᠠᠩ ᠶᠠᠩ)