ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠥᠳᠡᠯᠮᠦᠷᠢᠯᠡᠪᠡᠯ ᠣᠯᠣᠯᠲᠠ᠎ᠲᠠᠢ 《 ᠨᠢᠭᠡ ᠵᠦᠢᠯ᠎ᠦᠨ ᠮᠡᠷᠭᠡᠵᠢᠯ᠎ᠢ ᠡᠵᠡᠮᠰᠢᠵᠦ ᠂ ᠬᠥᠮᠥᠨ᠎ᠦ ᠠᠮᠢᠳᠤᠷᠠᠯ᠎ᠢ ᠬᠡᠷᠡᠯ ᠭᠢᠯᠪᠠᠭ᠎ᠠ᠎ᠲᠠᠢ ᠪᠣᠯᠭᠠᠨ᠎ᠠ 》
ᠨᠡᠶ᠋ᠢᠲᠡᠯᠡᠭᠰᠡᠨ ᠴᠠᠭ᠄ 2025-12-03

      ᠳᠤᠰᠤᠭᠠᠭᠤᠷ ᠬᠣᠭᠣᠯᠠᠢ᠎ᠶᠢᠨ ᠬᠤᠢᠯᠠᠷᠠᠭ᠎ᠠ ᠪᠥᠭᠯᠡᠭᠡᠰᠦ᠎ᠶᠢ ᠠᠭᠠᠵᠢᠮ᠎ᠢᠶᠠᠷ ᠮᠤᠰᠬᠢᠨ ᠬᠥᠳᠡᠯᠭᠡᠵᠦ᠂ ᠣᠷᠣᠨᠵᠢᠭᠤᠯᠤᠭ᠍ᠴᠢ ᠨᠢ ᠳᠤᠰᠤᠭᠠᠭᠤᠷ ᠬᠣᠭᠣᠯᠠᠢ᠎ᠶᠢᠨ ᠦᠵᠦᠭᠦᠷ᠎ᠢᠶᠡᠷ ᠳᠠᠮᠵᠢᠨ ᠳᠤᠰᠤᠭᠠᠨ ᠭᠠᠷᠴᠤ᠂ ᠱᠣᠷᠣᠯᠵᠢᠨ ᠯᠣᠩᠬᠣᠨ᠎ᠳᠤ ᠣᠷᠣᠬᠤ ᠠᠭᠱᠠᠨ ᠵᠠᠭᠤᠷ᠎ᠠ ᠠᠭᠤᠰᠤᠮᠠᠯ᠎ᠤᠨ ᠥᠩᠭᠡ ᠨᠢ ᠬᠣᠷᠣᠮᠬᠠᠨ ᠬᠦᠷᠡᠩ ᠥᠩᠭᠡ᠎ᠡᠴᠡ᠎ᠪᠡᠨ ᠬᠥᠬᠡ ᠥᠩᠭᠡ ᠪᠣᠯᠣᠨ᠎ᠠ᠃ 《 0.01 ᠮᠢᠯᠢᠯᠢᠲᠷ᠂ ᠥᠴᠥᠬᠡᠨ ᠴᠦ᠍ ᠵᠥᠷᠢᠬᠦ ᠦᠭᠡᠢ᠃ 》 ᠾᠧᠨᠠᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠮᠡᠷᠭᠡᠵᠢᠯᠲᠡᠨ᠎ᠦ ᠳᠡᠭᠡᠳᠦ ᠰᠤᠷᠭᠠᠭᠤᠯᠢ᠎ᠶᠢᠨ ᠲᠤᠷᠰᠢᠯᠲᠠ᠎ᠶᠢᠨ ᠲᠠᠰᠤᠭ᠎ᠲᠤ᠂ 23 ᠨᠠᠰᠤᠲᠠᠢ ᠵᠢᠶᠠᠩ ᠢᠦᠢ ᠡᡁᠸ᠋ ᠰᠡᠳᠬᠢᠯ ᠬᠠᠨᠤᠮᠵᠢᠲᠠᠢ ᠢᠨᠢᠶᠡᠮᠰᠦᠭᠯᠡᠵᠦ ᠪᠠᠢᠯ᠎ᠠ᠃
      2022 ᠣᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠦᠨ ᠶᠡᠬᠡ ᠤᠷᠤᠯᠳᠤᠭᠠᠨ᠎ᠤ ᠣᠨᠴᠠᠭᠠᠢ ᠤᠷᠤᠯᠳᠤᠭᠠᠨ᠎ᠤ ᠬᠢᠮᠢ᠎ᠶᠢᠨ ᠲᠤᠷᠰᠢᠯᠲᠠ᠎ᠶᠢᠨ ᠲᠠᠰᠤᠭ᠎ᠤᠨ ᠮᠡᠷᠭᠡᠵᠢᠯ᠎ᠦᠨ ᠲᠦᠷᠦᠯ ᠵᠦᠢᠯ᠎ᠳᠦ ᠨᠢᠭᠡ ᠯᠡ ᠳᠡᠭᠡᠷ᠎ᠡ ᠮᠠᠩᠯᠠᠢᠯᠠᠵᠤ᠂ ᠮᠠᠨ᠎ᠤ ᠤᠯᠤᠰ᠎ᠤᠨ ᠲᠤᠰ ᠲᠦᠷᠦᠯ ᠵᠦᠢᠯ᠎ᠦᠨ ᠠᠯᠳᠠᠨ ᠮᠧᠳᠠᠯ᠎ᠤᠨ 《 ᠲᠡᠭ ᠰᠢᠪᠲᠤᠯᠤᠯᠲᠠ 》 ᠶ᠋ᠢ ᠪᠡᠶᠡᠯᠡᠭᠦᠯᠵᠡᠢ᠃
      ᠰᠢ᠎ᠶᠢᠨ ᠫᠢᠩ ᠶᠡᠷᠦᠩᠬᠡᠢ ᠱᠦᠵᠢ᠄《 ᠬᠥᠳᠡᠯᠮᠦᠷᠢ ᠨᠢ ᠴᠠᠭ ᠦᠶ᠎ᠡ᠎ᠶᠢᠨ ᠢᠷᠠᠭᠤ ᠬᠠᠭᠤᠳᠠᠰᠤ᠎ᠶᠢ ᠪᠢᠴᠢᠭᠯᠡᠵᠦ᠂ ᠰᠠᠢᠨ ᠰᠠᠢᠬᠠᠨ ᠢᠷᠡᠭᠡᠳᠦᠢ᠎ᠶᠢ ᠴᠢᠷᠮᠠᠢᠨ ᠴᠣᠭᠴᠠᠯᠠᠨ᠎ᠠ 》᠂ 《 ᠬᠠᠮᠲᠤ᠎ᠪᠠᠷ ᠴᠢᠨᠡᠭᠡᠯᠢᠭᠵᠢᠬᠦ᠎ᠶᠢ ᠥᠷᠭᠡᠨ ᠤᠯᠠᠨ ᠬᠥᠳᠡᠯᠮᠦᠷᠢᠴᠢᠳ᠎ᠲᠦ ᠲᠦᠰᠢᠭᠯᠡᠨ ᠪᠡᠶᠡᠯᠡᠭᠦᠯᠬᠦ ᠮᠥᠷᠲᠡᠭᠡᠨ ᠪᠠᠰᠠ ᠥᠷᠭᠡᠨ ᠤᠯᠠᠨ ᠬᠥᠳᠡᠯᠮᠦᠷᠢᠴᠢᠳ᠎ᠦᠨ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ 》 ᠭᠡᠵᠦ ᠴᠢᠬᠤᠯᠠᠴᠢᠯᠠᠵᠠᠢ᠃
      ᠵᠢᠶᠠᠩ ᠢᠦᠢ ᠾᠧ ᠥᠩᠭᠡᠷᠡᠭᠰᠡᠨ᠎ᠳᠦ ᠪᠠᠰᠠ ᠬᠥᠮᠥᠨ᠎ᠦ ᠠᠮᠢᠳᠤᠷᠠᠯ᠎ᠤᠨ ᠴᠢᠭᠯᠡᠯ᠎ᠢᠶᠠᠨ ᠠᠯᠳᠠᠵᠤ ᠥᠩᠭᠡᠷᠡᠪᠡ᠃ ᠬᠡᠳᠦᠨ ᠵᠢᠯ᠎ᠦᠨ ᠡᠮᠦᠨ᠎ᠡ᠂ ᠵᠢᠶᠠᠩ ᠢᠦᠢ ᠾᠧ ᠥᠨᠳᠥᠷ ᠳᠤᠮᠳᠠᠳᠤ᠎ᠶᠢᠨ ᠰᠢᠯᠭᠠᠯᠲᠠ᠎ᠶᠢᠨ ᠬᠢᠷᠢ ᠪᠦᠲᠦᠮᠵᠢ ᠨᠢ ᠰᠠᠨᠠᠭᠠᠨ᠎ᠳᠤ ᠬᠦᠷᠬᠦ ᠦᠭᠡᠢ᠎ᠡᠴᠡ ᠪᠣᠯᠵᠤ ᠵᠣᠷᠢᠭ᠋ ᠮᠣᠬᠣᠵᠤ᠂ ᠾᠧᠨᠠᠨ᠎ᠤ ᠨᠠᠨᠶᠠᠩ᠎ᠤᠨ ᠨᠤᠲᠤᠭ᠎ᠠᠴᠠ᠎ᠪᠠᠨ ᠰᠠᠯᠵᠤ ᠭᠤᠸᠠᠩᠳᠦ᠋ᠩ᠎ᠳᠦ ᠬᠦᠷᠴᠦ ᠭᠠᠷᠬᠤ ᠵᠠᠮ ᠡᠷᠢᠯᠬᠢᠯᠡᠭᠰᠡᠨ ᠪᠠᠢᠨ᠎ᠠ᠃
      《 ᠰᠤᠷᠤᠯᠭ᠎ᠠ᠎ᠶᠢᠨ ᠨᠠᠮᠲᠠᠷ ᠥᠨᠳᠥᠷ ᠪᠢᠰᠢ ᠪᠥᠭᠡᠳ ᠮᠡᠷᠭᠡᠵᠢᠯ ᠴᠦ᠍ ᠦᠭᠡᠢ᠂ ᠠᠵᠢᠯ᠎ᠤᠨ ᠴᠠᠯᠢᠩ ᠴᠤ᠌ ᠳᠣᠣᠷ᠎ᠠ᠂ ᠪᠤᠰᠤᠳ ᠲᠠᠯ᠎ᠠ᠎ᠶᠢᠨ ᠣᠯᠭᠣᠮᠵᠢ ᠬᠠᠷᠠᠭᠠᠯᠵᠠᠯ ᠴᠦ᠍ ᠰᠠᠨᠠᠭᠠᠨ᠎ᠳᠤ ᠬᠦᠷᠬᠦ ᠦᠭᠡᠢ ᠪᠠᠢᠨ᠎ᠠ᠃ 》 ᠬᠠᠭᠠᠰ ᠵᠢᠯ ᠪᠣᠯᠣᠭ᠎ᠠ ᠦᠭᠡᠢ᠎ᠪᠡᠷ ᠵᠢᠶᠠᠩ ᠢᠦᠢ ᠾᠧ ᠠᠵᠢᠯ᠎ᠠᠴᠠ᠎ᠪᠠᠨ ᠰᠠᠯᠵᠤ ᠭᠡᠷ᠎ᠲᠡᠬᠡᠨ ᠬᠠᠷᠢᠵᠤ᠂ ᠨᠠᠷᠢᠨ ᠬᠢᠨᠠᠮᠠᠭᠠᠢ ᠪᠣᠳᠣᠯᠬᠢᠯᠠᠭᠰᠠᠨ᠎ᠤ ᠲᠠᠷᠠᠭ᠎ᠠ᠂ ᠲᠡᠷᠡ ᠾᠧᠨᠠᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠮᠠᠰᠲᠧᠷ᠎ᠦᠨ ᠳᠡᠭᠡᠳᠦ ᠰᠤᠷᠭᠠᠭᠤᠯᠢ᠎ᠳᠤ ᠬᠦᠷᠴᠦ᠂ ᠨᠢᠭᠡ ᠵᠦᠢᠯ᠎ᠦᠨ ᠤᠷ᠎ᠠ ᠮᠡᠷᠭᠡᠵᠢᠯ ᠰᠤᠷᠬᠤ᠎ᠪᠠᠷ ᠲᠣᠭᠲᠠᠪᠠ᠃
ᠰᠢᠷᠭᠠᠭᠤ ᠬᠠᠲᠠᠭᠤᠵᠢᠯᠲᠠᠢ ᠰᠤᠷᠤᠯᠴᠠᠭᠰᠠᠨ᠎ᠤ ᠬᠠᠷᠠᠭ᠎ᠠ᠎ᠪᠠᠷ ᠵᠢᠶᠠᠩ ᠢᠦᠢ ᠾᠧ ᠰᠤᠷᠭᠠᠭᠤᠯᠢ᠎ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ᠎ᠳᠤ ᠲᠠᠲᠠᠭᠳᠠᠨ ᠣᠴᠢᠵᠠᠢ᠃ ᠡᠳᠦᠷ ᠲᠤᠳᠤᠮ᠎ᠤᠨ ᠪᠣᠯᠪᠠᠰᠤᠷᠠᠯ᠎ᠢ ᠥᠩᠭᠡᠷᠡᠭᠡᠭᠡᠳ᠂ 2022 ᠣᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠦᠨ ᠶᠡᠬᠡ ᠤᠷᠤᠯᠳᠤᠭᠠᠨ᠎ᠤ ᠣᠨᠴᠠᠭᠠᠢ ᠤᠷᠤᠯᠳᠤᠭᠠᠨ᠎ᠳᠤ᠂ ᠵᠢᠶᠠᠩ ᠢᠦᠢ ᠾᠧ ᠳᠡᠯᠡᠬᠡᠢ᠎ᠶᠢᠨ ᠡᠯ᠎ᠡ ᠭᠠᠵᠠᠷ᠎ᠠᠴᠠ ᠢᠷᠡᠭᠰᠡᠨ ᠤᠷᠤᠯᠳᠤᠭᠠᠨ᠎ᠳᠤ ᠣᠷᠣᠯᠴᠠᠭᠰᠠᠳ᠎ᠤᠨ ᠳᠤᠮᠳᠠ᠎ᠠᠴᠠ ᠴᠣᠯᠭᠣᠷᠠᠨ ᠭᠠᠷᠴᠤ᠂ ᠠᠯᠲᠠᠨ ᠮᠧᠳᠠᠯ ᠣᠯᠵᠠᠢ᠃
      《 ᠨᠢᠭᠡ ᠵᠦᠢᠯ᠎ᠦᠨ ᠮᠡᠷᠭᠡᠵᠢᠯ᠎ᠢ ᠡᠵᠡᠮᠰᠢᠵᠦ᠂ ᠬᠥᠮᠥᠨ᠎ᠦ ᠠᠮᠢᠳᠤᠷᠠᠯ᠎ᠤᠨ ᠭᠡᠷᠡᠯ ᠭᠢᠯᠪᠠᠭ᠎ᠠ᠎ᠶᠢ ᠰᠠᠴᠤᠷᠠᠭᠤᠯᠤᠨ᠎ᠠ᠃ 》 ᠣᠯᠠᠨ ᠵᠦᠢᠯ᠎ᠦᠨ ᠤᠷ᠎ᠠ ᠮᠡᠷᠭᠡᠵᠢᠯ᠎ᠦᠨ ᠤᠷᠤᠯᠳᠤᠭᠠᠨ᠎ᠳᠤ ᠣᠯᠣᠭᠰᠠᠨ ᠰᠢᠯᠢᠳᠡᠭ ᠬᠢᠷᠢ ᠪᠦᠲᠦᠮᠵᠢ ᠨᠢ ᠵᠢᠶᠠᠩ ᠢᠦᠢ ᠾᠧ᠎ᠶᠢᠨ ᠤᠷ᠎ᠠ ᠮᠡᠷᠭᠡᠵᠢᠯ᠎ᠦᠨ ᠵᠡᠷᠭᠡ ᠳᠡᠰ ᠳᠡᠪᠰᠢᠬᠦ ᠪᠠ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠬᠦ᠎ᠳᠦ ᠪᠠᠭ᠎ᠠ ᠪᠤᠰᠤ ᠬᠦᠴᠦᠨ ᠨᠡᠮᠡᠷᠢᠯᠡᠭᠰᠡᠨ ᠪᠠᠢᠨ᠎ᠠ᠃
      ᠮᠡᠷᠭᠡᠵᠢᠯ ᠪᠣᠯᠣᠨ ᠲᠤᠷᠰᠢᠯᠭ᠎ᠠ᠎ᠪᠠᠨ ᠨᠡᠩ ᠤᠯᠠᠨ ᠬᠥᠮᠥᠨ᠎ᠳᠦ ᠤᠯᠠᠮᠵᠢᠯᠠᠬᠤ᠎ᠶᠢᠨ ᠲᠥᠯᠥᠭᠡ᠂ ᠵᠢᠶᠠᠩ ᠢᠦᠢ ᠾᠧ ᠳᠡᠭᠡᠳᠦ ᠰᠤᠷᠭᠠᠭᠤᠯᠢ᠎ᠳᠠᠭᠠᠨ ᠦᠯᠡᠳᠡᠵᠦ ᠪᠠᠭᠰᠢᠯᠠᠪᠠ᠃ ᠾᠧᠨᠠᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠮᠠᠰᠲᠧᠷ᠎ᠦᠨ ᠳᠡᠭᠡᠳᠦ ᠰᠤᠷᠭᠠᠭᠤᠯᠢ᠎ᠶᠢᠨ ᠬᠠᠮᠤᠭ᠎ᠤᠨ ᠵᠠᠯᠠᠭᠤ ᠳᠡᠭᠡᠳᠦ ᠵᠡᠷᠭᠡ᠎ᠶᠢᠨ ᠯᠧᠺᠲ᠋ᠣᠷ ᠪᠣᠯᠤᠭᠰᠠᠨ᠎ᠤ ᠬᠤᠪᠢ᠎ᠳᠤ᠂ ᠵᠢᠶᠠᠩ ᠢᠦᠢ ᠡᡁᠸ᠋ ᠵᠢᠨ ᠠᠵᠢᠯ ᠨᠢ ᠲᠣᠭᠲᠠᠭᠤᠨ᠂ ᠣᠯᠭᠣᠮᠵᠢ ᠬᠦᠷᠲᠡᠭᠡᠮᠵᠢ ᠨᠢ ᠡᠯᠪᠡᠭ ᠪᠠᠢᠵᠤ᠂ ᠰᠠᠷ᠎ᠠ ᠪᠦᠷᠢ᠎ᠶᠢᠨ ᠴᠠᠯᠢᠩ ᠨᠢ ᠪᠠᠰᠠ ᠨᠢᠭᠡ ᠪᠦᠯᠦᠭ ᠦᠯᠡᠳᠡᠪᠦᠷᠢ ᠲᠠᠢ ᠪᠣᠯᠵᠤ ᠭᠡᠷ᠎ᠦᠨ ᠵᠠᠷᠤᠳᠠᠯ᠎ᠢᠶᠠᠨ ᠨᠥᠬᠥᠪᠦᠷᠢᠯᠡᠵᠦ ᠲᠡᠢᠯᠬᠦ ᠪᠣᠯᠵᠠᠢ᠃ ᠲᠤᠬᠠᠢ᠎ᠶᠢᠨ ᠭᠠᠵᠠᠷ᠎ᠤᠨ ᠵᠠᠰᠠᠭ᠎ᠤᠨ ᠣᠷᠳᠣᠨ ᠪᠠᠰᠠ ᠲᠡᠭᠦᠨ᠎ᠳᠦ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠨᠥᠬᠥᠪᠦᠷᠢ ᠣᠯᠭᠣᠵᠤ᠂ ᠴᠢᠳᠠᠪᠤᠷᠢᠲᠠᠨ᠎ᠤ ᠨᠡᠶ᠋ᠢᠲᠡ᠎ᠶᠢᠨ ᠪᠠᠢᠷᠢ ᠬᠠᠩᠭᠠᠵᠠᠢ᠃
      ᠨᠢᠭᠡᠨ ᠡᠩ᠎ᠦᠨ ᠡᠮᠡᠭᠲᠡᠢ ᠠᠵᠢᠯᠴᠢᠨ᠎ᠠᠴᠠ ᠪᠥᠬᠥ ᠤᠯᠤᠰ᠎ᠤᠨ ᠭᠤᠷᠪᠠᠨ ᠰᠠᠷ᠎ᠠ᠎ᠶᠢᠨ ᠨᠠᠢ᠍ᠮᠠᠨ᠎ᠤ ᠤᠯᠠᠭᠠᠨ ᠲᠤᠭ᠍ᠴᠢ ᠂ ᠪᠥᠬᠥ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ ᠬᠦᠷᠲᠡᠯ᠎ᠡ᠂ ᠵᠢᠶᠠᠩ ᠢᠦᠢ ᠾᠧ ᠤᠷ᠎ᠠ ᠮᠡᠷᠭᠡᠵᠢᠯ᠎ᠢᠶᠡᠷ᠎ᠢᠶᠡᠨ ᠠᠮᠢᠳᠤᠷᠠᠯ᠎ᠤᠨ ᠵᠠᠮ᠎ᠢᠶᠠᠨ ᠭᠡᠷᠡᠯᠲᠦᠭᠦᠯᠪᠡ᠃ ᠰᠢᠷᠡᠭᠡᠨ ᠳᠡᠭᠡᠷᠡᠬᠢ ᠡᠯ᠎ᠡ ᠵᠦᠢᠯ᠎ᠦᠨ ᠦᠨᠡᠮᠯᠡᠯ᠎ᠢᠶᠠᠨ ᠬᠠᠷᠠᠭᠠᠳ ᠵᠢᠶᠠᠩ ᠢᠦᠢ ᠾᠧ ᠄ 《 ᠤᠳᠠᠭᠠᠨ ᠡᠳᠦᠷ ᠵᠤᠵᠠᠭᠠᠨ ᠬᠣᠨᠣᠭ ᠤᠷ᠎ᠠ ᠮᠡᠷᠭᠡᠵᠢᠯ ᠰᠣᠷᠣᠭᠰᠠᠨ᠎ᠠᠴᠠ ᠮᠢᠨᠤ ᠠᠮᠢᠳᠤᠷᠠᠯ᠎ᠳᠤ ᠵᠦᠢᠯ ᠵᠦᠢᠯ᠎ᠦᠨ ᠪᠣᠯᠣᠯᠴᠠᠭ᠎ᠠ ᠣᠯᠭᠣᠵᠤ ᠥᠭᠭᠦᠭᠰᠡᠨ ᠶᠤᠮ 》ᠭᠡᠪᠡ᠃
      ᠨᠢᠳᠤᠨᠤᠨ ᠶᠠᠪᠤᠭᠳᠠᠭᠰᠠᠨ ᠳᠥᠴᠢᠨ ᠳᠣᠯᠣᠳᠤᠭᠠᠷ ᠬᠤᠭᠤᠴᠠᠭᠠᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠦᠨ ᠶᠡᠬᠡ ᠤᠷᠤᠯᠳᠤᠭᠠᠨ᠎ᠳᠤ᠂ ᠵᠢᠶᠠᠩ ᠢᠦᠢ ᠡᡁᠸ᠋᠎ᠶᠢᠨ ᠬᠠᠪᠰᠤᠷᠤᠨ ᠵᠢᠯᠣᠭᠣᠳᠤᠭᠰᠠᠨ ᠤᠷᠤᠯᠳᠤᠭ᠍ᠴᠢ ᠯᠦ᠍ ᠵᠢᠩ ᠢ ᠪᠠᠰᠠ ᠬᠢᠮᠢ᠎ᠶᠢᠨ ᠲᠤᠷᠰᠢᠯᠲᠠ᠎ᠶᠢᠨ ᠲᠠᠰᠤᠭ᠎ᠤᠨ ᠮᠡᠷᠭᠡᠵᠢᠯ᠎ᠦᠨ ᠲᠦᠷᠦᠯ ᠵᠦᠢᠯ᠎ᠳᠦ ᠠᠯᠳᠠᠨ ᠮᠧᠳᠠᠯ ᠣᠯᠵᠠᠢ᠃ ᠲᠡᠭᠦᠨ᠎ᠦ ᠰᠤᠷᠤᠭ᠍ᠴᠢ ᠦ᠋ ᠶᠦᠨ ᠵᠢᠶᠧ᠂ ᠶᠠᠩ ᠽᠢ ᠸᠧᠢ ᠨᠠᠷ ᠲᠡᠭᠦᠰᠦᠭᠰᠡᠨ᠎ᠦ᠎ᠪᠡᠨ ᠳᠠᠷᠠᠭ᠎ᠠ ᠤᠷᠠᠨ ᠨᠠᠷᠢᠯᠢᠭ᠋ ᠤᠷ᠎ᠠ ᠮᠡᠷᠭᠡᠵᠢᠯ᠎ᠢᠶᠡᠷ᠎ᠢᠶᠡᠨ ᠬᠠᠨᠤᠮᠵᠢᠲᠠᠶ ᠠᠵᠢᠯ ᠣᠯᠵᠠᠢ᠃
      ᠰᠢᠨ᠎ᠡ ᠴᠠᠭ ᠦᠶ᠎ᠡ᠂ ᠲᠣᠮᠣ᠌ ᠲᠠᠪᠴᠠᠩ᠎ᠳᠤ᠂ ᠨᠡᠩ ᠤᠯᠠᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠰᠢᠨ᠎ᠡ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠬᠦ᠎ᠶᠢ ᠵᠣᠷᠢᠭ᠍ᠵᠢᠭᠤᠯᠵᠤ᠂ ᠰᠢᠨ᠎ᠡ ᠬᠥᠳᠡᠯᠭᠡᠬᠦ ᠬᠦᠴᠦᠨ᠎ᠢ ᠨᠡᠮᠡᠷᠢᠯᠡᠨ᠎ᠡ᠃ ᠣᠳᠣᠬᠠᠨ᠎ᠳᠤ᠂ ᠮᠠᠨ᠎ᠤ ᠤᠯᠤᠰ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ 8000 ᠲᠦᠮᠡ᠎ᠶᠢ ᠳᠠᠪᠠᠵᠤ᠂ ᠤᠷ᠎ᠠ ᠮᠡᠷᠭᠡᠵᠢᠯ᠎ᠦᠨ ᠬᠥᠳᠡᠯᠮᠦᠷᠢᠴᠢᠨ᠎ᠦ ᠶᠡᠷᠦᠩᠬᠡᠢ ᠬᠡᠮᠵᠢᠶ᠎ᠡ 2.2 ᠳ᠋ᠦᠩᠰᠢᠭᠤᠷ᠎ᠢ ᠳᠠᠪᠠᠵᠤ᠂ ᠡᠭᠦᠨ᠎ᠳᠦ ᠥᠨᠳᠥᠷ ᠤᠷ᠎ᠠ ᠮᠡᠷᠭᠡᠵᠢᠯ᠎ᠦᠨ ᠴᠢᠳᠠᠪᠤᠷᠢᠲᠠᠨ 7200 ᠲᠦᠮᠡ᠎ᠶᠢ ᠳᠠᠪᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠬᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠎ᠳᠤ ᠪᠠᠲᠤ ᠪᠡᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠵᠠᠢ᠃
      ᠨᠠᠮᠤᠷ᠎ᠤᠨ ᠨᠡᠷᠡᠨ᠎ᠦ ᠭᠡᠷᠡᠯ ᠲᠤᠷᠰᠢᠯᠲᠠ᠎ᠶᠢᠨ ᠲᠠᠰᠤᠭ᠎ᠲᠤ ᠳᠤᠰᠤᠨ᠎ᠠ᠂ ᠵᠠᠯᠠᠭᠤ ᠨᠠᠰᠤᠨ᠎ᠤ ᠵᠢᠶᠠᠩ ᠢᠦᠢ ᠾᠧ᠎ᠶᠢᠨ ᠨᠢᠭᠤᠷ ᠳᠡᠭᠡᠷ᠎ᠡ ᠳᠤᠰᠤᠨ᠎ᠠ᠃ 《 ᠡᠨᠡ ᠬᠦ᠌ ᠲᠤᠷᠰᠢᠯᠲᠠ᠎ᠶᠢᠨ ᠲᠠᠰᠤᠭ ᠮᠢᠨᠤ ᠬᠦᠰᠡᠯ ᠵᠡᠭᠦᠳᠦ᠎ᠶᠢ ᠠᠴᠢᠶᠠᠯᠠᠵᠤ ᠪᠤᠢ᠂ ᠭᠠᠭᠴᠠᠬᠦ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠴᠢᠷᠮᠠᠢᠪᠠᠯ ᠰᠠᠢ᠍ᠢ ᠨᠡᠩ ᠰᠠᠢᠨ ᠬᠢᠵᠦ ᠲᠡᠢ᠍ᠢᠯᠦᠨ᠎ᠡ 》 ᠭᠡᠵᠦ ᠰᠢᠷᠡᠭᠡᠨ ᠳᠡᠭᠡᠷᠡᠬᠢ ᠨᠠᠷᠢᠯᠢᠭ᠋ ᠬᠡᠮᠵᠢᠭᠦᠷᠯᠢᠭ ᠪᠣᠯᠣᠨ ᠬᠢᠮᠢ᠎ᠶᠢᠨ ᠤᠷᠪᠠᠯᠵᠢ᠎ᠶᠢ ᠬᠠᠷᠠᠭᠠᠳ ᠵᠢᠶᠠᠩ ᠢᠦᠢ ᠾᠧ ᠬᠡᠯᠡᠪᠡ᠃
      《 ᠴᠢᠷᠮᠠᠢᠳᠠᠭ ᠯᠠ ᠶᠤᠮ ᠪᠣᠯ ᠡᠭᠡᠯ ᠵᠢᠷ᠎ᠦᠨ ᠬᠥᠮᠥᠨ ᠨᠢᠭᠡᠪᠦᠷᠢ ᠴᠥᠮ ᠭᠣᠢᠳᠠ ᠰᠠᠢᠬᠠᠨ ᠠᠮᠢᠳᠤᠷᠠᠯ᠎ᠲᠠᠢ ᠪᠣᠯᠵᠤ᠂ ᠶᠡᠷᠦ ᠪᠤᠰᠤ᠎ᠶᠢᠨ ᠬᠤᠪᠢ ᠨᠡᠮᠡᠷᠢ᠎ᠪᠡᠨ ᠦᠵᠡᠭᠦᠯᠵᠦ ᠴᠢᠳᠠᠨ᠎ᠠ ᠭᠡᠳᠡᠭ᠎ᠢ ᠪᠢ ᠢᠲᠡᠭᠡᠵᠦ ᠪᠠᠢᠨ᠎ᠠ᠃ 》ᠵᠢᠶᠠᠩ ᠢᠦᠢ ᠾᠧ᠎ᠶᠢᠨ ᠬᠠᠷᠠᠴᠠᠨ᠎ᠳᠤ ᠡᠷᠡᠰ ᠴᠢᠩᠭ᠎ᠠ ᠬᠦᠰᠡᠯ ᠵᠣᠷᠢᠭ᠋᠎ᠢᠶᠠᠷ ᠪᠢᠯᠬᠠᠨ᠎ᠠ᠃ ( ᠵᠠᠩ ᠸᠸᠨ ᠬᠤᠤ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            