ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠦᠷᠦᠭᠦᠦ ᠭᠤᠷᠪᠠᠨ ᠤᠯᠠᠷᠢᠯ᠎ᠳᠤ 1057 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠳᠠᠷᠠᠭᠠᠴᠢ᠎ᠶᠢᠨ ᠠᠯᠬᠤᠮ᠎ᠳᠤ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠎ᠪᠠᠷ ᠢᠩᠭᠢᠵᠦ ᠬᠦᠴᠦᠯᠡᠨ ᠴᠢᠷᠮᠠᠢᠨ᠎ᠠ
ᠨᠡᠶ᠋ᠢᠲᠡᠯᠡᠭᠰᠡᠨ ᠴᠠᠭ᠄ 2025-12-03

     ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ᠃ ᠰᠤᠷᠪᠤᠯᠵᠢᠯᠠᠭ᠍ᠴᠢ 10 ᠳ᠋ᠤᠭᠠᠷ ᠰᠠᠷ᠎ᠠ᠎ᠶᠢᠨ 29᠎ᠦ ᠡᠳᠦᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠤᠷᠠᠯᠳᠤᠭᠤᠯᠤᠭᠰᠠᠨ 2025 ᠣᠨ᠎ᠤ ᠭᠤᠷᠪᠠᠳᠤᠭᠠᠷ ᠤᠯᠠᠷᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ ᠨᠢ᠂ ᠲᠦᠷᠦᠭᠦᠸ᠋ ᠭᠤᠷᠪᠠᠨ ᠤᠯᠠᠷᠢᠯ᠎ᠳᠤ ᠮᠠᠨ᠎ᠤ ᠤᠯᠤᠰ᠎ᠤᠨ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠵᠤ᠂ 1 ︱ 9 ᠳ᠋ᠦ᠍ᠭᠡᠷ ᠰᠠᠷ᠎ᠠ᠎ᠳᠤ ᠪᠥᠬᠥ ᠤᠯᠤᠰ᠎ᠤᠨ ᠬᠣᠲᠠ ᠪᠠᠯᠭᠠᠰᠤᠨ᠎ᠤ 1057 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠭᠰᠠᠨ ᠪᠠᠢᠨ᠎ᠠ᠃ 9 ᠳ᠋ᠦ᠍ᠭᠡᠷ ᠰᠠᠷ᠎ᠠ᠎ᠳᠤ ᠬᠣᠲᠠ ᠪᠠᠯᠭᠠᠰᠤᠨ᠎ᠤ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ 5.2% ᠪᠠᠢᠵᠤ᠂ ᠲᠦᠷᠦᠭᠦᠸ᠋ ᠰᠠᠷ᠎ᠠ᠎ᠶᠢᠨ ᠬᠢ᠎ᠡᠴᠡ 0.1 ᠵᠠᠭᠤᠨ᠎ᠤ ᠨᠢᠭᠡᠴᠢ ᠪᠠᠭᠤᠷᠠᠪᠠ᠃
     ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠤ ᠵᠤᠷᠭᠠᠨ᠎ᠤ ᠳᠠᠷᠤᠭ᠎ᠠ ᠼᠦᠢ ᠫᠧᠩ ᠴᠧᠩ ᠲᠠᠨᠢᠯᠴᠠᠭᠤᠯᠬᠤ᠎ᠳᠠᠭᠠᠨ᠂ ᠠᠵᠢᠯ ᠣᠯᠭᠣᠯᠲᠠ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠪᠠᠷ ᠦᠷᠬᠦᠯᠵᠢᠯᠡᠨ ᠬᠦᠴᠦᠨ ᠨᠡᠮᠡᠷᠢᠯᠡᠪᠡ ᠃ ᠲᠦᠷᠦᠭᠦᠸ᠋ ᠭᠤᠷᠪᠠᠨ ᠤᠯᠠᠷᠢᠯ᠎ᠳᠤ ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ᠎ᠶᠢᠨ ᠪᠣᠳᠣᠯᠭ᠎ᠠ ᠨᠢ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠥᠪᠡᠷ᠎ᠦᠨ ᠥᠷᠲᠡᠭ᠎ᠢ 1384 ᠳ᠋ᠦᠩᠰᠢᠭᠤᠷ ᠲᠥᠭᠥᠷᠢᠭ ᠪᠠᠭᠠᠰᠬᠠᠵᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠪᠡᠯᠡ ᠮᠥᠩᠭᠥ᠎ᠶᠢ 196 ᠳ᠋ᠦᠩᠰᠢᠭᠤᠷ ᠲᠥᠭᠥᠷᠢᠭ ᠲᠠᠷᠬᠠᠭᠠᠵᠤ᠂ ᠪᠣᠯᠪᠠᠰᠤᠷᠠᠯ᠎ᠢ ᠳᠡᠮᠵᠢᠬᠦ ᠵᠡᠷᠭᠡ ᠠᠵᠢᠯ ᠣᠯᠭᠣᠯᠲᠠ᠎ᠶᠢ ᠠᠬᠢᠭᠤᠯᠬᠤ ᠵᠠᠷᠤᠯᠭ᠎ᠠ᠎ᠶᠢ 166 ᠳ᠋ᠦᠩᠰᠢᠭᠤᠷ ᠲᠥᠭᠥᠷᠢᠭ ᠣᠯᠭᠣᠵᠠᠢ᠃ ᠨᠢᠭᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠥᠷᠭᠡᠳᠬᠡᠬᠦ ᠨᠥᠬᠥᠪᠦᠷᠢ᠎ᠶᠢᠨ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ 14 ᠲᠦᠮᠡᠨ ᠠᠵᠤ ᠠᠬᠤᠢᠯᠠᠯ᠎ᠳᠤ 9 ᠳ᠋ᠦᠩᠰᠢᠭᠤᠷ ᠲᠥᠭᠥᠷᠢᠭ᠎ᠦᠨ ᠠᠵᠢᠯ᠎ᠤᠨ ᠪᠠᠢᠷᠢ᠎ᠶᠢ ᠥᠷᠭᠡᠳᠬᠡᠬᠦ ᠨᠥᠬᠥᠪᠦᠷᠢ ᠣᠯᠭᠣᠵᠤ᠂ 60 ᠲᠦᠮᠡᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠰᠢᠭ᠋ ᠬᠦᠷᠲᠡᠭᠡᠪᠡ᠃
     ᠡᠭᠦᠨ᠎ᠦ ᠵᠡᠷᠭᠡ᠎ᠳᠦ᠂ 2025 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ 《 ᠭᠤᠷᠪᠠ᠎ᠶᠢ ᠳᠡᠮᠵᠢᠵᠦ ᠨᠢᠭᠡ᠎ᠶᠢ ᠲᠡᠳᠬᠦᠬᠦ 》 ᠲᠥᠯᠥᠪᠯᠡᠭᠡ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠡᠯ᠎ᠡ ᠭᠠᠵᠠᠷ᠎ᠤᠨ ᠬᠢᠨ 《 ᠭᠤᠷᠪᠠ᠎ᠶᠢ ᠳᠡᠮᠵᠢᠵᠦ ᠨᠢᠭᠡ᠎ᠶᠢ ᠲᠡᠳᠬᠦᠬᠦ 》 ᠬᠥᠮᠥᠰ᠎ᠢ ᠨᠡᠶ᠋ᠢᠲᠡ 4.25 ᠲᠦᠮᠡ ᠡᠯᠰᠡᠵᠦ᠂ ᠲᠥᠪ᠎ᠦᠨ ᠡᠳ᠋᠎ᠦᠨ ᠵᠠᠰᠠᠭ᠎ᠤᠨ ᠳᠡᠮᠵᠢᠵᠦ ᠡᠯᠰᠡᠬᠦ ᠲᠥᠯᠥᠪᠯᠡᠭᠡ᠎ᠡᠴᠡ 8000 ᠭᠠᠷᠤᠢ ᠥᠷᠭᠡᠳᠬᠡᠨ ᠡᠯᠰᠡᠵᠦ᠂ ᠰᠢᠨ᠎ᠡ᠎ᠪᠡᠷ ᠡᠯᠰᠡᠭᠰᠡᠨ ᠬᠥᠮᠥᠰ᠎ᠢ ᠨᠢᠭᠡᠨᠲᠡ ᠠᠵᠢᠯ᠎ᠤᠨ ᠪᠠᠢᠷᠢ᠎ᠳᠤ ᠭᠠᠷᠭᠠᠵᠤ ᠦᠢᠯᠡᠴᠢᠯᠡᠭᠦᠯᠦᠭᠰᠡᠨ ᠪᠠᠢᠨ᠎ᠠ᠃
     ᠲᠠᠷᠠᠭᠠᠴᠢ᠎ᠶᠢᠨ ᠠᠯᠬᠤᠮ᠎ᠳᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠎ᠳᠤ ᠬᠡᠷᠬᠢᠨ ᠬᠦᠴᠦᠯᠡᠬᠦ ᠪᠣᠢ ?
     ᠼᠦᠢ ᠫᠧᠩ ᠴᠧᠩ ᠢᠯᠡᠷᠬᠡᠢᠯᠡᠬᠦ᠎ᠳᠡᠭᠡᠨ᠂ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢᠨ ᠠᠵᠢᠯ᠎ᠤᠨ ᠰᠢᠰᠲᠧᠮ᠎ᠢ ᠪᠦᠷᠢᠨᠰᠢᠭᠦᠯᠵᠦ ᠂ ᠬᠠᠨᠳᠤᠯᠭᠠᠲᠤ ᠴᠢᠨᠠᠷᠲᠠᠢ ᠳᠡᠮᠵᠢᠬᠦ ᠠᠷᠭ᠎ᠠ ᠬᠡᠮᠵᠢᠶ᠎ᠡ᠎ᠶᠢ ᠨᠡᠢᠲᠡᠯᠡᠨ ᠠᠵᠢᠯ ᠣᠯᠭᠣᠯᠲᠠ᠎ᠶᠢᠨ ᠨᠡᠮᠡᠭᠳᠡᠯ᠎ᠦᠨ ᠴᠡᠭ᠎ᠢ ᠪᠣᠢᠵᠢᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠂ ᠬᠥᠯᠥᠰᠦᠨ ᠠᠵᠢᠯᠴᠢᠨ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠂ ᠶᠡᠬᠡ ᠬᠡᠪᠴᠢᠶᠡᠨ᠎ᠦ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠠᠵᠢᠯ ᠣᠯᠭᠣᠯᠲᠠ᠎ᠶᠢᠨ ᠪᠠᠢᠳᠠᠯ᠎ᠤᠨ ᠲᠣᠭᠲᠠᠭᠤᠨ ᠪᠠᠢᠬᠤ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠨ᠎ᠠ ᠭᠡᠵᠡᠢ᠃
     ᠦᠢᠯᠡᠰ ᠪᠣᠰᠬᠠᠬᠤ ᠪᠣᠯ ᠠᠵᠢᠯ ᠣᠯᠭᠣᠯᠲᠠ᠎ᠶᠢᠨ ᠡᠬᠢ ᠰᠤᠷᠪᠤᠯᠵᠢ ᠮᠥᠨ᠃ 《 ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ᠎ᠶᠢ ᠨᠠᠩ ᠰᠠᠢᠨ ᠠᠬᠢᠭᠤᠯᠬᠤ᠎ᠶᠢᠨ ᠲᠥᠯᠥᠭᠡ᠂ ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 〈 ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ ᠨᠡᠪᠴᠢᠬᠦᠯᠦᠬᠦᠷ᠂ ᠦᠢᠯᠡᠰ ᠪᠣᠰᠬᠠᠬᠤ ᠠᠵᠢᠯᠯᠠᠭ᠎ᠠ 〉᠎ᠶᠢᠨ ᠳᠥᠷᠪᠡᠨ ᠰᠢᠨ᠎ᠡ᠎ᠶᠢ ᠡᠭᠦᠳᠬᠦ᠎ᠶᠢ ᠬᠣᠯᠪᠣᠯᠳᠤᠭᠤᠯᠤᠭᠰᠠᠨ ᠳᠡᠮᠵᠢᠯᠭᠡ᠎ᠶᠢᠨ ᠰᠢᠰᠲᠧᠮ᠎ᠢ ᠢᠳᠡᠪᠬᠢᠲᠡᠢ ᠪᠠᠢᠭᠤᠯᠵᠤ᠂ ᠪᠡᠯᠡ ᠮᠥᠩᠭᠥ᠂ ᠴᠢᠳᠠᠪᠤᠷᠢᠲᠠᠨ᠂ ᠲᠠᠯᠠᠪᠤᠷ ᠭᠠᠵᠠᠷ᠂ ᠵᠠᠬ᠎ᠠ ᠳᠡᠯᠭᠡᠭᠦᠷ ᠵᠡᠷᠭᠡ ᠡᠬᠢ ᠪᠠᠶᠠᠯᠢᠭ᠋᠎ᠢ ᠬᠤᠷᠠᠮᠳᠤᠭᠤᠯᠤᠨ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠠᠬᠢᠭᠤᠯᠬᠤ ᠣᠷᠴᠢᠨ ᠨᠥᠬᠥᠴᠡᠯ᠎ᠢ ᠪᠥᠬᠥ ᠬᠦᠴᠦᠨ᠎ᠢᠶᠡᠷ᠎ᠢᠶᠡᠨ ᠰᠢᠯᠢᠳᠡᠭᠵᠢᠭᠦᠯᠵᠦ᠂ ᠡᠯ᠎ᠡ ᠲᠥᠷᠥᠯ᠎ᠦᠨ ᠬᠥᠳᠡᠯᠮᠦᠷᠢᠴᠢᠳ᠎ᠦᠨ ᠦᠢᠯᠡᠰ ᠪᠣᠰᠬᠠᠬᠤ᠎ᠳᠤ ᠪᠥᠬᠥ ᠬᠡᠯᠬᠢᠶ᠎ᠡ᠎ᠶᠢᠨ ᠲᠤᠯᠭᠠᠭᠤᠷᠢᠯᠠᠬᠤ ᠪᠠᠲᠤᠯᠠᠭ᠎ᠠ ᠬᠠᠩᠭᠠᠨ᠎ᠠ 》 ᠭᠡᠵᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠵᠢᠯ ᠣᠯᠭᠣᠯᠲᠠ᠎ᠶᠢ ᠠᠬᠢᠭᠤᠯᠬᠤ ᠵᠤᠷᠭᠠᠨ᠎ᠤ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠬᠤᠸᠠᠩ ᠵᠢᠶᠦ᠋ᠨ ᠮᠧᠢ ᠬᠡᠯᠡᠪᠡ᠃
     ᠡᠭᠦᠨ᠎ᠳᠦ᠂ ᠰᠢᠨ᠎ᠡ᠎ᠶᠢ ᠡᠭᠦᠳᠦᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ ᠲᠤᠰᠬᠠᠢ ᠵᠦᠢᠯ᠎ᠦᠨ ᠵᠢᠭᠡᠯᠡᠯᠭᠡ᠎ᠶᠢ ᠬᠡᠷᠡᠭᠵᠢᠭᠦᠯᠵᠦ᠂ ᠠᠵᠤ ᠠᠬᠤᠢᠯᠠᠯ᠎ᠤᠨ ᠢᠲᠡᠭᠡᠮᠵᠢ ᠣᠯᠭᠣᠬᠤ ᠲᠣᠭ᠎ᠠ ᠬᠡᠮᠵᠢᠶ᠎ᠡ᠎ᠶᠢ ᠬᠠᠮᠤᠭ᠎ᠤᠨ ᠥᠨᠳᠥᠷ᠎ᠲᠡᠬᠡᠨ 5000 ᠲᠦᠮᠡᠨ ᠲᠥᠭᠥᠷᠢᠭ᠂ ᠬᠤᠪᠢ ᠬᠥᠮᠥᠨ᠎ᠦ ᠢᠲᠡᠭᠡᠮᠵᠢ ᠣᠯᠭᠣᠬᠤ ᠲᠣᠭ᠎ᠠ ᠬᠡᠮᠵᠢᠶ᠎ᠡ᠎ᠶᠢ ᠬᠠᠮᠤᠭ᠎ᠤᠨ ᠥᠨᠳᠥᠷ᠎ᠲᠡᠬᠡᠨ 1000 ᠲᠦᠮᠡᠨ ᠲᠥᠭᠥᠷᠢᠭ ᠣᠯᠭᠣᠵᠤ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠂ ᠦᠢᠯᠡᠰ ᠪᠣᠰᠬᠠᠬᠤ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠂ ᠦᠢᠯᠡᠰ ᠪᠣᠰᠬᠠᠭ᠍ᠴᠢ᠎ᠳᠤ ᠪᠡᠯᠡ ᠮᠥᠩᠭᠥ᠎ᠶᠢᠨ ᠳᠡᠮᠵᠢᠯᠭᠡ ᠬᠠᠩᠭᠠᠵᠤ᠂ ᠵᠢᠵᠢᠭ ᠪᠢᠴᠢᠯ ᠠᠵᠤ ᠠᠬᠤᠢᠯᠠᠯ᠂ ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ ᠵᠢᠴᠢ ᠭᠣᠣᠯᠳᠠᠯᠭ᠎ᠠ᠎ᠲᠠᠢ ᠬᠥᠮᠥᠰ᠎ᠤᠨ ᠦᠢᠯᠡᠰ ᠪᠣᠰᠬᠠᠬᠤ᠎ᠳᠤ ᠭᠠᠢᠯᠢ ᠲᠠᠲᠠᠪᠤᠷᠢ᠎ᠶᠢᠨ ᠬᠠᠷᠠᠭᠠᠯᠵᠠᠯ ᠦᠵᠡᠭᠦᠯᠵᠦ᠂ ᠵᠠᠰᠠᠭ ᠵᠠᠬᠢᠷᠭᠠᠨ ᠠᠵᠢᠯ ᠦᠢᠯᠡᠰ᠎ᠦᠨ ᠴᠢᠨᠠᠷᠲᠠᠢ ᠰᠦᠢᠳᠬᠡᠯ ᠬᠤᠷᠢᠶᠠᠯᠲᠠ᠎ᠶᠢ ᠬᠠᠰᠤᠵᠤ ᠬᠡᠯᠲᠦᠷᠢᠭᠦᠯᠦᠨ᠂ ᠦᠢᠯᠡᠰ ᠪᠣᠰᠬᠠᠭ᠍ᠴᠢ᠎ᠶᠢᠨ ᠳᠠᠷᠤᠭᠠᠰᠤ᠎ᠶᠢ ᠬᠥᠩᠭᠡᠯᠡᠨ᠎ᠡ᠃
     ᠣᠢᠷ᠎ᠠ᠎ᠶᠢᠨ ᠵᠢᠯ᠎ᠦᠳ᠎ᠲᠦ᠂ ᠤᠯᠠᠮ᠎ᠠᠴᠠ ᠤᠯᠠᠮ ᠣᠯᠠᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ ᠨᠢ ᠠᠵᠢᠯ ᠣᠯᠭᠣᠯᠲᠠ᠎ᠶᠢᠨ ᠬᠥᠭᠵᠢᠯᠲᠡ᠎ᠶᠢ ᠳᠠᠢᠴᠢᠯᠠᠬᠤ 《 ᠠᠯᠲᠠᠨ ᠦᠰᠦᠭᠲᠦ ᠫᠠᠢᠰᠠ 》 ᠪᠣᠯᠵᠤ ᠪᠠᠢᠨ᠎ᠠ᠃ 《 ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢ ᠬᠦᠴᠦᠯᠡᠨ ᠪᠣᠢᠵᠢᠭᠤᠯᠵᠤ ᠂ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢ ᠠᠶᠠᠨᠳᠠᠭᠠᠨ ᠡᠭᠦᠰᠬᠦ ᠴᠢᠨᠠᠷ᠎ᠠᠴᠠ ᠵᠣᠬᠢᠶᠠᠨ ᠪᠠᠢᠭᠤᠯᠤᠯᠴᠠᠬᠤ ᠲᠡᠢᠰᠢ᠂ ᠪᠦᠳᠦᠭᠦᠯᠢᠭ ᠬᠡᠯᠪᠡᠷᠢ᠎ᠡᠴᠡ ᠨᠠᠷᠢᠯᠢᠭ᠍ᠵᠢᠭᠤᠯᠬᠤ ᠲᠡᠢᠰᠢ᠂ ᠲᠥᠬᠥᠮ ᠬᠥᠳᠡᠯᠮᠦᠷᠢ ᠦᠢᠯᠡᠴᠢᠯᠡᠭᠡ᠎ᠡᠴᠡ ᠠᠵᠤ ᠦᠢᠯᠡᠰ᠎ᠦᠨ ᠠᠭᠤᠰᠤᠯᠴᠠᠯ ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠬᠥᠳᠡᠭᠡ ᠲᠣᠰᠬᠣᠨ᠎ᠤ ᠪᠥᠬᠥ ᠲᠠᠯ᠎ᠠ᠎ᠶᠢᠨ ᠬᠥᠭᠵᠢᠯ ᠮᠠᠨᠳᠤᠯ᠎ᠢ ᠲᠦᠯᠬᠢᠨ ᠠᠬᠢᠭᠤᠯᠬᠤ ᠲᠠᠯ᠎ᠠ᠎ᠪᠠᠷ ᠢᠳᠡᠪᠬᠢᠲᠡᠢ ᠦᠢᠯᠡᠳᠦᠯ ᠪᠠᠳᠠᠷᠠᠭᠤᠯᠪᠠ᠃ 》  ᠬᠤᠸᠠᠩ ᠵᠢᠶᠦ᠋ᠨ ᠮᠧᠶ ᠬᠡᠯᠡᠬᠦ᠎ᠳᠡᠭᠡᠨ᠂ ᠣᠳᠣᠬᠠᠨ᠎ᠳᠤ ᠪᠥᠬᠥ ᠤᠯᠤᠰ᠎ᠤᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢᠶᠡᠷ 6000 ᠲᠦᠮᠡ ᠰᠢᠬᠠᠮ ᠬᠥᠮᠥᠨ᠎ᠦ ᠠᠵᠢᠯ ᠣᠯᠭᠣᠯᠲᠠ᠎ᠶᠢ ᠳᠠᠶ᠋ᠢᠴᠢᠯᠠᠵᠤ ᠪᠠᠢᠨ᠎ᠠ ᠭᠡᠪᠡ᠃
     ᠲᠠᠷᠠᠭᠠᠴᠢ᠎ᠶᠢᠨ ᠠᠯᠬᠤᠮ᠎ᠳᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠴᠢᠨᠠᠷ ᠰᠠᠢᠲᠠᠢ ᠬᠥᠭᠵᠢᠯᠲᠡ᠎ᠲᠠᠢ ᠨᠢᠭ᠍ᠲᠠ ᠤᠶᠠᠯᠳᠤᠭᠤᠯᠤᠨ᠂ ᠤᠷ᠎ᠠ ᠮᠡᠷᠭᠡᠵᠢᠯ᠎ᠢ ᠨᠡᠭᠡᠭᠡᠨ ᠬᠥᠭᠵᠢᠭᠦᠯᠬᠦ᠂ ᠬᠡᠪᠴᠢᠶᠡᠵᠢᠭᠦᠯᠦᠨ ᠭᠠᠳᠠᠭ᠍ᠰᠢ ᠭᠠᠷᠭᠠᠬᠤ᠎ᠶᠢ ᠡᠷᠴᠢᠮᠵᠢᠭᠦᠯᠦᠨ᠎ᠡ᠃ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠬᠠᠮᠢᠶ᠎ᠠ ᠪᠦᠬᠦᠢ ᠮᠡᠷᠭᠡᠵᠢᠯ᠎ᠦᠨ ᠪᠣᠯᠪᠠᠰᠤᠷᠠᠯ᠎ᠢ ᠥᠷᠨᠢᠭᠦᠯᠦᠭᠰᠡᠨ ᠪᠠᠢᠪᠠᠯ᠂ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢ ᠵᠣᠬᠢᠶᠠᠨ ᠪᠠᠢᠭᠤᠯᠤᠯᠲᠠ᠎ᠲᠠᠢ᠎ᠪᠠᠷ ᠪᠣᠳᠠᠲᠠᠢᠵᠢᠭᠤᠯᠤᠨ᠎ᠠ ; ᠬᠥᠳᠡᠯᠮᠦᠷᠢ ᠬᠦᠴᠦᠨ᠎ᠦ ᠭᠠᠷᠭᠠᠯᠭ᠎ᠠ᠎ᠶᠢ ᠥᠷᠨᠢᠭᠦᠯᠦᠭᠰᠡᠨ ᠪᠠᠢᠪᠠᠯ᠂ ᠲᠣᠭᠲᠠᠭᠠᠯ ᠶᠣᠰᠣᠭᠠᠷ ᠠᠵᠢᠯ ᠣᠯᠭᠣᠬᠤ ᠪᠠ ᠦᠢᠯᠡᠰ ᠪᠣᠰᠬᠠᠬᠤ ᠦᠢᠯᠡᠴᠢᠯᠡᠭᠡᠨ᠎ᠦ ᠨᠥᠬᠥᠪᠦᠷᠢ ᠣᠯᠭᠣᠨ᠎ᠠ ; ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠠᠵᠢᠯ ᠡᠷᠬᠢᠯᠡᠭᠰᠡᠳ ᠰᠢᠨ᠎ᠡ᠎ᠶᠢ ᠡᠭᠦᠳᠦᠨ ᠦᠢᠯᠡᠰ ᠪᠣᠰᠬᠠᠵᠤ᠂ ᠨᠥᠬᠥᠴᠡᠯ᠎ᠳᠦ ᠨᠡᠢᠴᠡᠭᠰᠡᠨ ᠪᠠᠢᠪᠠᠯ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠲᠠᠭᠠᠭᠠᠠᠯᠳᠠᠳᠤ ᠵᠢᠭᠡᠯᠡᠯᠭᠡ᠎ᠶᠢᠨ ᠳᠠᠮ ᠬᠦᠦ ᠵᠡᠷᠭᠡ ᠲᠥᠷᠥ᠎ᠶᠢᠨ ᠪᠣᠳᠣᠯᠭ᠎ᠠ᠎ᠶᠢ ᠡᠳ᠋ᠯᠡᠭᠦᠯᠦᠨ᠎ᠡ᠃ ( ᠵᠠᠩ ᠰᠢᠶᠣᠣ ᠵᠢᠶᠧ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            