ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠶ᠎ᠡ —— ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠨ᠎ᠡ
ᠨᠡᠶ᠋ᠢᠲᠡᠯᠡᠭᠰᠡᠨ ᠴᠠᠭ᠄ 2025-12-03

      ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠠᠷᠠᠳ᠎ᠤᠨ ᠠᠮᠢᠳᠤᠷᠠᠯ ᠬᠠᠮᠤᠭ ᠴᠢᠬᠤᠯᠠ ᠪᠠᠢᠳᠠᠭ᠃ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》᠎ᠳᠤ 《 ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠵᠤ᠂ ᠪᠦᠬᠦ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ᠎ᠶᠢ ᠯᠠᠪᠳᠠᠭᠤᠨ᠎ᠢᠶᠠᠷ ᠲᠦᠯᠬᠢᠨ ᠠᠬᠢᠭᠤᠯᠬᠤ 》 ᠲᠤᠬᠠᠢ ᠪᠠᠢᠷᠢᠯᠠᠭᠤᠯᠤᠯᠲᠠ ᠬᠢᠵᠦ᠂ 《 ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ 》 ᠭᠡᠵᠦ ᠲᠣᠳᠣᠷᠬᠠᠢ ᠱᠠᠭᠠᠷᠳᠠᠵᠠᠢ᠃ ᠬᠣᠯᠪᠣᠭᠳᠠᠯ ᠪᠦᠬᠦᠢ ᠪᠠᠢᠷᠢᠯᠠᠭᠤᠯᠤᠯᠲᠠ ᠨᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠲᠤᠪᠤᠢ᠍ᠢᠯᠭᠠᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠤᠯᠠᠮ ᠴᠢᠨᠠᠭᠰᠢᠳᠠ ᠨᠡᠮᠡᠭᠳᠡᠭᠦᠯᠬᠦ ᠪᠣᠯᠣᠨ᠎ᠠ᠃
      《ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠯᠠᠪᠳᠠᠭᠤᠨ ᠪᠠᠲᠤᠲᠠᠢ ᠪᠣᠯᠪᠠ᠃ ᠵᠢᠯ ᠪᠦᠷᠢ᠎ᠶᠢᠨ ᠬᠤᠲᠠ ᠪᠠᠯᠭᠠᠰᠤᠨ᠎ᠤ ᠰᠢᠨ᠎ᠡ᠎ᠪᠡᠷ ᠨᠡᠮᠡᠭᠳᠡᠭᠰᠡᠨ ᠠᠵᠢᠯ ᠣᠯᠭᠣᠯᠲᠠ᠎ᠶᠢ 1200 ᠲᠦᠮᠡ᠎ᠡᠴᠡ ᠳᠡᠭᠡᠭᠰᠢ ᠬᠥᠮᠥᠨ᠎ᠳᠦ ᠲᠣᠭᠲᠠᠪᠤᠷᠢᠵᠢᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ᠎ᠢ ᠠᠵᠤ ᠠᠬᠤᠢ᠎ᠶᠢᠨ ᠨᠡᠮᠡᠭᠳᠡᠯ᠎ᠲᠠᠢ ᠦᠨᠳᠦᠰᠦᠨ᠎ᠳᠡᠭᠡᠨ ᠠᠳᠠᠯᠢ ᠠᠯᠬᠤᠮ᠎ᠲᠠᠢ ᠪᠠᠢᠯᠭᠠᠵᠤ᠂ ᠪᠦᠬᠦ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠂ ᠡᠮ ᠡᠮᠨᠡᠯᠭᠡ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠦᠷᠭᠦᠯᠵᠢᠯᠡᠨ ᠪᠡᠬᠢᠵᠢᠭᠦᠯᠪᠡ᠃ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ ᠲᠡᠢᠰᠢ ᠤᠷᠤᠭᠰᠢᠯᠠᠬᠤ᠎ᠳᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠨᠡᠩ ᠥᠷᠭᠡᠨ ᠳᠡᠯᠭᠡᠷ᠂ ᠨᠡᠩ ᠤᠯᠠᠨ ᠡᠰᠢᠴᠢᠯᠡᠭᠰᠡᠨ ᠪᠠᠢᠨ᠎ᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠳᠤᠲᠠᠭᠤᠳᠠᠯ ᠪᠠᠭᠤᠷᠠᠢ ᠲᠠᠯ᠎ᠠ᠎ᠶᠢ ᠲᠦᠷᠭᠡᠨ ᠨᠥᠬᠥᠪᠦᠷᠢᠯᠡᠵᠦ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠠᠷᠠᠳ᠎ᠤᠨ ᠠᠮᠢᠳᠤᠷᠠᠯ᠎ᠤᠨ ᠬᠡᠪ ᠴᠢᠨᠠᠷ ᠪᠣᠯᠭᠠᠨ ᠬᠤᠪᠢᠷᠠᠭᠤᠯᠬᠤ ᠬᠡᠷᠡᠭᠲᠡᠢ᠃
      ᠢᠷᠡᠭᠡᠳᠦᠢ᠎ᠶᠢ ᠪᠠᠷᠠᠯᠠᠬᠤᠶ᠎ᠠ᠂ ᠭᠠᠳᠠᠭᠠᠳᠤ ᠣᠷᠴᠢᠨ ᠬᠡᠳᠦᠢ ᠨᠠᠷᠢᠨ ᠪᠤᠳᠤᠯᠢᠶᠠᠨᠲᠠᠢ ᠪᠣᠯᠬᠤ ᠲᠤᠳᠤᠮ ᠠᠷᠠᠳ᠎ᠤᠨ ᠠᠮᠢᠳᠤᠷᠠᠯ᠎ᠤᠨ ᠠᠵᠢᠯ᠎ᠳᠤ ᠦᠨᠳᠦᠰᠦᠨ ᠵᠦᠢᠯ᠎ᠢ ᠪᠠᠲᠤᠯᠠᠬᠤ᠂ ᠨᠠᠭᠠᠲᠤ ᠵᠠᠬ᠎ᠠ᠎ᠶᠢᠨ ᠬᠣᠷᠢᠭ᠎ᠠ ᠱᠤᠭᠤᠮ᠎ᠢ ᠪᠠᠲᠤᠯᠠᠬᠤ᠎ᠶᠢ ᠲᠡᠳᠦᠢ ᠴᠢᠬᠤᠯᠠᠴᠢᠯᠠᠬᠤ ᠬᠡᠷᠡᠭᠲᠡᠢ᠃ 《 ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠂ ᠬᠥᠯᠥᠰᠦᠨ ᠠᠵᠢᠯᠴᠢᠨ ᠂ ᠴᠡᠷᠢᠭ᠎ᠡᠴᠡ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ᠎ᠶᠢ ᠲᠣᠭᠲᠠᠪᠤᠷᠢᠵᠢᠭᠤᠯᠤᠨ ᠥᠷᠭᠡᠳᠬᠡᠬᠦ 》᠎ᠡᠴᠡ 《 ᠭᠡᠷ᠎ᠲᠡᠬᠡᠨ ᠬᠣᠴᠣᠷᠤᠭᠰᠠᠨ ᠨᠠᠰᠤᠲᠠᠨ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠂ ᠵᠡᠮᠳᠡᠭᠴᠦᠳ ᠵᠡᠷᠭᠡ ᠤᠯᠠᠨ ᠲᠦᠮᠡᠨ᠎ᠦ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ 》 ᠬᠦᠷᠲᠡᠯ᠎ᠡ᠂ ᠳᠠᠬᠢᠭᠠᠳ 《 ᠭᠡᠷ ᠪᠦᠯᠢ᠎ᠶᠢᠨ ᠦᠷᠡᠵᠢᠯ᠎ᠦᠨ ᠬᠥᠮᠥᠵᠢᠭᠦᠯᠦᠯ᠎ᠦᠨ ᠥᠪᠡᠷ᠎ᠦᠨ ᠦᠷᠲᠡᠭ᠎ᠢ ᠪᠦᠲᠦᠮᠵᠢᠲᠡᠢ ᠪᠠᠭᠤᠷᠠᠭᠤᠯᠬᠤ 》 ᠬᠦᠷᠲᠡᠯ᠎ᠡ᠂ 《 ᠰᠠᠨᠠᠭᠤᠯᠭ᠎ᠠ 》 ᠨᠢ ᠠᠷᠠᠳ ᠤᠯᠠᠨ᠎ᠤ ᠬᠠᠮᠤᠭ᠎ᠠᠴᠠ ᠠᠩᠬᠠᠷᠴᠤ ᠪᠠᠢᠭ᠎ᠠ᠂ ᠬᠠᠮᠤᠭ᠎ᠤᠨ ᠰᠢᠭᠤᠳ᠂ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠲᠠᠢ ᠨᠢᠭ᠍ᠲᠠ ᠤᠶᠠᠯᠳᠤᠭᠤᠯᠵᠤ᠂ ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ ᠬᠠᠪᠰᠤᠷᠤᠨ ᠲᠡᠳᠬᠦᠬᠦ᠎ᠶᠢ ᠴᠢᠩᠭᠠᠳᠬᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠣᠣᠷ᠎ᠢ ᠦᠷᠭᠦᠯᠵᠢᠯᠡᠨ ᠨᠢᠭ᠍ᠲᠠ ᠰᠦᠯᠵᠢᠵᠦ ᠪᠡᠬᠢᠵᠢᠭᠦᠯᠦᠨ᠎ᠡ᠃
      ᠬᠥᠭᠵᠢᠯᠲᠡ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠢᠯᠡᠭᠦᠦ ᠨᠡᠩ ᠭᠣᠣᠯᠴᠢ᠎ᠪᠠᠷ ᠡᠳ᠋ᠯᠡᠭᠦᠯᠬᠦ ᠨᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ᠎ᠶᠢ ᠢᠯᠡᠷᠡᠭᠦᠯᠪᠡ᠃ 《 ᠰᠠᠨᠠᠭᠤᠯᠭ᠎ᠠ 》᠎ᠳᠤ 《 ᠣᠷᠣᠯᠭ᠎ᠠ ᠪᠠᠭᠠᠲᠠᠢ ᠬᠥᠮᠥᠰ᠎ᠤᠨ ᠣᠷᠣᠯᠭ᠎ᠠ᠎ᠶᠢ ᠪᠦᠲᠦᠮᠵᠢᠲᠡᠶ᠎ᠪᠡᠷ ᠨᠡᠮᠡᠭᠳᠡᠭᠦᠯᠵᠦ ᠂ ᠳᠤᠮᠳᠠ ᠵᠡᠷᠭᠡ᠎ᠶᠢᠨ ᠣᠷᠣᠯᠭ᠎ᠠ᠎ᠲᠠᠢ ᠬᠥᠮᠥᠰ᠎ᠤᠨ ᠬᠡᠪᠴᠢᠶ᠎ᠡ᠎ᠶᠢ ᠯᠠᠪᠳᠠᠭᠤᠨ᠎ᠢᠶᠠᠷ ᠥᠷᠭᠡᠳᠬᠡᠨ᠎ᠡ 》 《 ᠰᠦᠢᠳᠬᠡᠯ ᠬᠤᠷᠢᠶᠠᠬᠤ ᠦᠭᠡᠢ᠎ᠪᠡᠷ ᠰᠤᠷᠭᠠᠨ ᠬᠥᠮᠥᠵᠢᠭᠦᠯᠬᠦ ᠬᠡᠪᠴᠢᠶ᠎ᠡ᠎ᠶᠢ ᠯᠠᠪᠳᠠᠭᠤᠨ᠎ᠢᠶᠠᠷ ᠥᠷᠭᠡᠳᠬᠡᠨ᠎ᠡ 》 《 ᠣᠯᠠᠨ ᠨᠡᠶ᠋ᠢᠲᠡ᠎ᠶᠢᠨ ᠨᠡᠩ ᠣᠯᠠᠨ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠪᠠᠭᠤᠯᠭᠠᠬᠤ ᠂ ᠬᠥᠳᠡᠭᠡ ᠲᠣᠰᠬᠣᠨ᠎ᠳᠤ ᠪᠦᠷᠬᠦᠭᠦᠯᠬᠦ ᠂ ᠵᠠᠬ᠎ᠠ ᠬᠢᠵᠠᠭᠠᠷ ᠣᠷᠣᠨ ᠪᠣᠯᠣᠨ ᠠᠮᠢᠳᠤᠷᠠᠯ ᠨᠢ ᠬᠦᠴᠢᠷᠲᠡᠢ ᠣᠯᠠᠨ ᠲᠦᠮᠡᠨ᠎ᠳᠦ ᠬᠡᠯᠪᠡᠢᠯᠭᠡᠬᠦ᠎ᠶᠢ ᠠᠬᠢᠭᠤᠯᠤᠨ᠎ᠠ 》 ᠭᠡᠬᠦ ᠮᠡᠲᠦ᠎ᠶᠢᠨ ᠲᠣᠬᠢᠷᠠᠭᠤᠯᠤᠯᠲᠠ ᠭᠠᠷᠭᠠᠵᠠᠢ ᠃ ᠬᠠᠮᠲᠤ᠎ᠪᠠᠷ ᠴᠢᠨᠡᠭᠡᠯᠢᠭᠵᠢᠬᠦ ᠬᠠᠷᠠᠯᠲᠠ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠠᠯᠢ ᠤᠯᠠᠨ ᠪᠣᠳᠠᠲᠠᠢ ᠠᠷᠭ᠎ᠠ᠎ᠪᠠᠷ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠰᠢᠢᠳᠪᠦᠷᠢᠯᠡᠵᠦ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠨᠡᠩ ᠲᠡᠩᠴᠡᠭᠦᠷᠢᠲᠡᠢ ᠪᠣᠯᠭᠠᠵᠤ᠂ ᠠᠳᠠᠯᠢ ᠪᠤᠰᠤ ᠬᠥᠮᠥᠰ᠂ ᠠᠳᠠᠯᠢ ᠪᠤᠰᠤ ᠭᠠᠵᠠᠷ ᠣᠷᠣᠨ᠎ᠤ ᠤᠯᠠᠨ ᠲᠦᠮᠡᠨ᠎ᠳᠦ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠬᠦᠷᠲᠡᠭᠡᠨ᠎ᠡ᠃
      ᠠᠷᠠᠳ ᠤᠯᠠᠨ᠎ᠤ ᠰᠢᠨ᠎ᠡ ᠬᠦᠰᠡᠯ ᠰᠢᠨ᠎ᠡ ᠱᠠᠭᠠᠷᠳᠠᠯᠭ᠎ᠠ᠎ᠶᠢᠨ ᠡᠮᠦᠨ᠎ᠡ᠂ ᠠᠷᠠᠳ᠎ᠤᠨ ᠠᠮᠢᠳᠤᠷᠠᠯ᠎ᠤᠨ ᠳᠦᠷᠢᠮ᠎ᠦᠨ ᠪᠠᠲᠤᠯᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ 《 ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠳᠦᠷᠢᠮ᠎ᠢ ᠪᠠᠢᠭᠤᠯᠤᠨ ᠪᠦᠷᠢᠨᠰᠢᠭᠦᠯᠦᠨ᠎ᠡ 》 《 ᠦᠷᠡᠵᠢᠯ᠎ᠦᠨ ᠳᠠᠭᠠᠳᠬᠠᠯ᠎ᠤᠨ ᠳᠦᠷᠢᠮ᠎ᠢ ᠲᠡᠭᠦᠯᠳᠡᠷᠵᠢᠭᠦᠯᠦᠨ᠎ᠡ 》 《 ᠡᠮ ᠡᠮᠨᠡᠯᠭᠡ᠂ ᠡᠮ ᠡᠮᠨᠡᠯᠭᠡ᠎ᠶᠢᠨ ᠳᠠᠭᠠᠳᠬᠠᠯ᠂ ᠡᠮ ᠡᠮᠨᠡᠯᠭᠡ᠎ᠶᠢᠨ ᠬᠠᠮᠵᠢᠯᠴᠠᠨ ᠬᠥᠭᠵᠢᠬᠦ ᠪᠠ ᠵᠠᠰᠠᠬᠤ ᠲᠣᠭᠲᠠᠴᠠ᠎ᠶᠢ ᠪᠦᠷᠢᠨᠰᠢᠭᠦᠯᠦᠨ᠎ᠡ 》᠁ 《 ᠰᠠᠨᠠᠭᠤᠯᠭ᠎ᠠ 》 ᠳ᠋ᠤ᠌ ᠠᠯᠢ ᠤᠯᠠᠨ ᠰᠢᠨ᠎ᠡ ᠠᠷᠭ᠎ᠠ ᠬᠡᠮᠵᠢᠶ᠎ᠡ᠎ᠶᠢ ᠳᠤᠷᠠᠳᠴᠤ᠂ ᠳᠦᠷᠢᠮ᠎ᠦᠨ ᠳᠠᠪᠠᠭᠤᠯᠢᠭ᠋᠎ᠢ ᠲᠠᠰᠤᠷᠠᠯᠲᠠ ᠦᠭᠡᠢ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠤᠨ ᠬᠡᠪ ᠴᠢᠨᠠᠷ᠎ᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ ᠳᠤᠮᠳᠠ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠨ᠎ᠡ᠃
      ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠯ᠎ᠦᠨ ᠬᠠᠷᠠᠯᠲᠠ ᠮᠥᠨ᠃ ᠲᠦᠭ ᠲᠦᠮᠡᠨ ᠭᠡᠷ ᠪᠦᠯᠢ᠎ᠪᠡᠷ ᠰᠠᠨᠠᠭᠠᠰᠢᠷᠠᠯ ᠪᠣᠯᠭᠠᠵᠤ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢᠶᠠᠷ ᠵᠠᠷᠯᠢᠭ᠋ ᠪᠣᠯᠭᠠᠵᠤ᠂ ᠠᠷᠠᠳ᠎ᠤᠨ ᠤᠶᠤᠨ ᠤᠬᠠᠭᠠᠨ ᠠᠷᠠᠳ᠎ᠤᠨ ᠬᠦᠴᠦᠨ᠎ᠢᠶᠡᠷ ᠡᠬᠢ ᠰᠤᠷᠪᠤᠯᠵᠢ ᠪᠣᠯᠭᠠᠵᠤ᠂  《 ᠰᠠᠨᠠᠭᠤᠯᠭ᠎ᠠ 》 ᠵᠢᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠪᠠᠯ ᠨᠡᠩ ᠬᠠᠯᠠᠭᠤᠨ ᠳᠤᠯᠠᠭᠠᠨ ᠠᠷᠠᠳ᠎ᠤᠨ ᠠᠮᠢᠳᠤᠷᠠᠯ᠎ᠤᠨ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠬᠦ ᠨᠢ ᠯᠠᠪᠲᠠᠢ ᠶᠤᠮ᠃ ( ᠵᠠᠩ ᠰᠢᠶᠣᠣ ᠵᠢᠶᠧ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            