ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠯᠳᠠᠨ ᠨᠠᠮᠤᠷ ᠤᠮᠠᠷᠠᠲᠤ ᠬᠢᠯᠢ᠎ᠳᠦ ᠤᠶᠤᠨ ᠤᠬᠠᠭᠠᠨ᠎ᠢ ᠲᠠᠲᠠᠵᠤ ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠦᠨ ᠡᠷᠳᠡᠮᠲᠡᠨ ᠴᠢᠳᠠᠪᠤᠷᠢᠲᠠᠨ᠎ᠢ ᠴᠤᠭᠯᠠᠭᠤᠯᠤᠨ᠎ᠠ ︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠣᠷᠣᠨ᠎ᠤ ᠭᠠᠳᠠᠨ᠎ᠠ᠎ᠠᠴᠠ ᠡᠷᠳᠡᠮᠲᠡᠨ ᠴᠢᠳᠠᠪᠤᠷᠢᠲᠠᠨ᠎ᠢ ᠲᠠᠳᠠᠨ ᠠᠪᠴᠢᠷᠠᠬᠤ ᠪᠠᠷᠠᠭᠤᠨ ᠬᠣᠢᠲᠤ ᠣᠷᠣᠨ᠎ᠳᠡᠬᠢ ᠠᠶᠠᠯᠠᠯ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠠ
ᠨᠡᠶ᠋ᠢᠲᠡᠯᠡᠭᠰᠡᠨ ᠴᠠᠭ᠄ 2025-12-03

      2025 ᠣᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠴᠢᠳᠠᠪᠤᠷᠢᠲᠠᠨ᠎ᠤ ᠠᠵᠢᠯ᠎ᠤᠨ ᠤᠳᠤᠷᠢᠳᠬᠤ ᠳᠤᠭᠤᠢᠯᠠᠩ᠎ᠤᠨ ᠠᠵᠢᠯ᠎ᠤᠨ ᠭᠣᠣᠯᠳᠠᠯᠭ᠎ᠠ᠎ᠶᠢᠨ ᠲᠣᠬᠢᠷᠠᠭᠤᠯᠤᠯᠲᠠ ᠶᠣᠰᠣᠭᠠᠷ᠂ ᠨᠡᠩ ᠣᠯᠠᠨ ᠳᠡᠭᠡᠳᠦ ᠳᠡᠰ᠎ᠤᠨ ᠶᠡᠬᠡ ᠳᠡᠭᠡᠳᠦ ᠰᠤᠷᠭᠠᠭᠤᠯᠢ᠎ᠶᠢᠨ ᠰᠢᠯᠢᠳᠡᠭ ᠲᠡᠭᠦᠰᠬᠦ ᠰᠤᠷᠤᠭ᠍ᠴᠢᠳ᠎ᠢ ᠮᠠᠨ᠎ᠤ ᠣᠷᠣᠨ᠎ᠳᠤ ᠠᠵᠢᠯ ᠣᠯᠭᠣᠵᠤ ᠦᠢᠯᠡᠰ ᠪᠣᠰᠬᠠᠬᠤ᠎ᠪᠠᠷ ᠲᠡᠳᠡᠨ ᠠᠪᠴᠢᠷᠠᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《 ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠭᠤᠯᠵᠤ· ᠣᠶᠤᠨ ᠤᠬᠠᠭᠠᠨ᠎ᠢ ᠴᠤᠭᠯᠠᠭᠤᠯᠤᠨ ᠥᠪᠥᠷ ᠮᠣᠩᠭᠣᠯ᠎ᠢᠶᠠᠨ ᠬᠥᠭᠵᠢᠭᠦᠯᠬᠦ 》 ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠲᠠᠲᠠᠬᠤ ᠠᠵᠢᠯᠯᠠᠭ᠎ᠠ 10 ᠳ᠋ᠤᠭᠠᠷ ᠰᠠᠷ᠎ᠠ᠎ᠶᠢᠨ 13᠎ᠤ ᠡᠳᠦᠷ ᠵᠢᠩᠬᠢᠨᠢ᠎ᠪᠡᠷ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠲᠤᠰᠬᠠᠢ ᠠᠩᠭᠢ ᠤᠷᠢᠳ ᠬᠣᠵᠢᠳ 10 ᠰᠠᠷ᠎ᠠ᠎ᠶᠢᠨ 13᠎ᠤ ᠡᠳᠦᠷ᠂ 14᠎ᠦ ᠡᠳᠦᠷ᠂ 16᠎ᠤ ᠡᠳᠦᠷ ᠪᠠᠷᠠᠭᠤᠨ ᠬᠣᠢᠲᠤ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ᠎ᠳᠤ ᠲᠤᠰᠬᠠᠢ ᠠᠵᠢᠯᠲᠠᠨ ᠡᠯᠰᠡᠬᠦ ᠴᠤᠭᠯᠠᠭᠠᠨ ᠥᠷᠨᠢᠭᠦᠯᠪᠡ᠃
      《 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 》 ᠢᠨᠵᠧᠨᠧᠷᠢᠩ᠎ᠢ ᠨᠠᠢᠳᠠᠪᠤᠷᠢᠵᠢᠭᠤᠯᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠪᠣᠯᠤᠭᠰᠠᠨ᠎ᠤ ᠬᠤᠪᠢ᠎ᠳᠤ᠂ ᠲᠤᠰ ᠤᠳᠠᠭᠠᠨ᠎ᠤ ᠴᠢᠳᠠᠪᠤᠷᠢᠲᠠᠨ ᠲᠠᠳᠠᠨ ᠣᠷᠣᠭᠤᠯᠬᠤ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ 《 ᠲᠠᠪᠤᠨ ᠶᠡᠬᠡ ᠡᠭᠦᠷᠭᠡ 》 ᠪᠣᠯᠣᠨ ᠭᠣᠣᠯᠳᠠᠯᠭ᠎ᠠ ᠎ᠲᠠᠢ ᠠᠵᠤ ᠦᠢᠯᠡᠰ᠎ᠦᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠪᠣᠬᠢᠷᠲᠤᠯ ᠦᠭᠡᠢ ᠲᠠᠷᠢᠶᠠᠯᠠᠩ᠂ ᠰᠢᠨ᠎ᠡ ᠡᠨᠧᠷᠭᠢ᠂ ᠲᠣᠨᠣᠭ ᠲᠥᠬᠦᠭᠡᠷᠦᠮᠵᠢ ᠦᠢᠯᠡᠳᠬᠦ᠂ ᠲᠣᠭᠠᠴᠢᠯᠠᠭᠰᠠᠨ ᠠᠵᠤ ᠠᠬᠤᠢ᠂ ᠠᠮᠢᠳᠤ ᠪᠣᠳᠠᠰ᠎ᠤᠨ ᠡᠮ ᠦᠢᠯᠡᠳᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠡᠯᠰᠡᠬᠦ ᠲᠤᠰᠬᠠᠢ ᠲᠠᠯᠠᠪᠤᠷ᠎ᠤᠨ ᠠᠵᠢᠯᠲᠠᠨ ᠡᠯᠰᠡᠬᠦ ᠴᠤᠭᠯᠠᠭᠠᠨ᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ 》᠎ᠢ ᠡᠯᠰᠡᠨ ᠨᠠᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠭᠣᠣᠯᠳᠠᠯᠭ᠎ᠠ᠎ᠲᠠᠢ ᠠᠵᠤ ᠠᠬᠤᠢᠯᠠᠯ ᠵᠢᠴᠢ ᠡᠯ᠎ᠡ ᠠᠢᠮᠠᠭ ᠬᠣᠲᠠ᠎ᠶᠢᠨ 239 ᠬᠥᠮᠥᠨ ᠬᠡᠷᠡᠭᠯᠡᠬᠦ ᠨᠢᠭᠡᠴᠢ᠎ᠶᠢᠨ 959 ᠠᠵᠢᠯ᠎ᠤᠨ ᠪᠠᠢᠷᠢ᠎ᠶᠢᠨ 2491 ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠬᠠᠮᠤᠷᠪᠠ᠂ ᠡᠭᠦᠨ᠎ᠳᠦ ᠳ᠋ᠣᠺᠲ᠋ᠣᠷᠠᠨᠲ 1652 ᠬᠥᠮᠥᠨ᠂ ᠠᠰᠫᠢᠷᠠᠨᠲ 593 ᠬᠥᠮᠥᠨ᠂ ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠶᠢᠨ 246 ᠬᠥᠮᠥᠨ ᠪᠣᠶ᠃ 《 ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ 》᠎ᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠯᠪᠠᠨ᠎ᠤ ᠰᠦᠯᠵᠢᠶ᠎ᠡ᠂ ᠨᠡᠶ᠋ᠢᠲᠡ᠎ᠶᠢᠨ ᠳ᠋ᠤᠭᠠᠷ᠎ᠲᠤ ᠢᠯᠡ᠎ᠪᠡᠷ ᠨᠡᠢᠲᠡᠯᠡᠬᠦ᠎ᠶᠢᠨ ᠬᠠᠮᠲᠤ ᠰᠤᠷᠭᠠᠨ ᠬᠥᠮᠥᠵᠢᠯ᠎ᠦᠨ ᠶᠠᠮᠤᠨ᠎ᠢᠶᠡᠷ ᠳᠠᠮᠵᠢᠭᠤᠯᠤᠨ ᠳᠡᠯᠭᠡᠨ ᠦᠵᠡᠭᠦᠯᠬᠦ ᠳᠡᠭᠡᠳᠦ ᠰᠤᠷᠭᠠᠭᠤᠯᠢ᠎ᠳᠤ ᠲᠥᠪᠯᠡᠷᠡᠭᠦᠯᠦᠨ ᠬᠦᠷᠭᠡᠵᠦ᠂ ᠲᠤᠰᠬᠠᠢ ᠲᠠᠯᠠᠪᠤᠷ᠎ᠤᠨ ᠠᠵᠢᠯᠲᠠᠨ ᠡᠯᠰᠡᠬᠦ ᠴᠤᠭᠯᠠᠭᠠᠨ᠎ᠤ ᠣᠢᠯᠠᠭᠠᠬᠤ ᠬᠡᠪᠴᠢᠶ᠎ᠡ᠎ᠶᠢ ᠦᠨᠡᠨ ᠬᠦ᠌ ᠥᠷᠭᠡᠳᠬᠡᠵᠡᠢ᠃ ᠪᠠᠷᠠᠭᠤᠨ ᠬᠣᠢᠲᠤ ᠣᠷᠣᠨ᠎ᠤ ᠭᠤᠷᠪᠠᠨ ᠲᠠᠯᠠᠪᠤᠷ ᠲᠤᠰᠬᠠᠢ ᠲᠥᠷᠥᠯ᠎ᠦᠨ ᠠᠵᠢᠯᠲᠠᠨ ᠡᠯᠰᠡᠬᠦ ᠴᠤᠭᠯᠠᠭᠠᠨ᠎ᠳᠤ ᠨᠡᠶ᠋ᠢᠲᠡ 32 ᠰᠢᠯᠢᠳᠡᠭ ᠬᠥᠮᠥᠨ ᠬᠡᠷᠡᠭᠯᠡᠬᠦ ᠨᠢᠭᠡᠴᠢ᠎ᠶᠢ ᠡᠮᠬᠢᠯᠡᠨ ᠵᠣᠬᠢᠶᠠᠨ ᠪᠠᠢᠭᠤᠯᠵᠤ᠂ ᠭᠤᠷᠪᠠᠨ ᠳᠡᠭᠡᠳᠦ ᠰᠤᠷᠭᠠᠭᠤᠯᠢ᠎ᠳᠤ 60 ᠦᠵᠡᠭᠦᠯᠭᠡ᠎ᠶᠢᠨ ᠪᠠᠢᠷᠢ ᠲᠣᠬᠢᠷᠠᠭᠤᠯᠵᠤ᠂ ᠡᠯ᠎ᠡ ᠬᠥᠮᠥᠨ ᠬᠡᠷᠡᠭᠯᠡᠬᠦ ᠨᠢᠭᠡᠴᠢ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠦᠵᠡᠭᠦᠯᠭᠡ᠎ᠶᠢᠨ ᠪᠠᠢᠷᠢ᠎ᠶᠢᠨ ᠵᠥᠪᠯᠡᠯᠭᠡ ᠥᠭᠬᠦ᠂ ᠨᠢᠭᠡ᠎ᠶᠢ ᠨᠢᠭᠡ᠎ᠳᠦ ᠬᠠᠷᠠᠭᠠᠯᠵᠠᠭᠤᠯᠤᠨ ᠵᠥᠪᠳᠡᠯᠴᠡᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠴᠢᠳᠠᠪᠤᠷᠢᠲᠠᠨ᠎ᠲᠠᠢ ᠨᠢᠭᠤᠷᠲᠠᠨ ᠰᠠᠨᠠᠯ᠎ᠢᠶᠠᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠵᠤ᠂ 《 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 》᠎ᠪᠠᠷ ᠭᠣᠣᠯᠯᠠᠭᠤᠯᠤᠭᠰᠠᠨ ᠡᠯ᠎ᠡ ᠵᠦᠢᠯ᠎ᠦᠨ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠎ᠶᠢ ᠲᠠᠢᠯᠪᠤᠷᠢᠯᠠᠵᠤ᠂ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠲᠤ ᠥᠪᠥᠷ ᠮᠣᠩᠭᠣᠯ᠎ᠠᠴᠠ ᠢᠷᠡᠭᠰᠡᠨ ᠴᠢᠳᠠᠪᠤᠷᠢᠲᠠᠨ ᠡᠯᠰᠡᠬᠦ ᠦᠨᠡᠨᠴᠢ ᠰᠡᠳᠬᠢᠯ ᠪᠠ ᠴᠢᠳᠠᠪᠤᠷᠢᠲᠠᠨ ᠦᠯᠡᠳᠡᠭᠡᠬᠦ ᠬᠠᠯᠠᠭᠤᠨ ᠰᠡᠳᠬᠢᠯᠭᠡ᠎ᠶᠢ ᠭᠦᠢᠴᠡᠳ ᠮᠡᠳᠡᠷᠡᠭᠦᠯᠪᠡ᠃
      ᠭᠤᠷᠪᠠᠨ ᠲᠠᠯᠠᠪᠤᠷ ᠲᠤᠰᠬᠠᠢ ᠠᠵᠢᠯᠲᠠᠨ ᠡᠯᠰᠡᠬᠦ ᠠᠵᠢᠯᠯᠠᠭ᠎ᠠ᠎ᠳᠤ ᠴᠢᠩᠭ᠎ᠠ ᠲᠤᠰᠬᠠᠯ ᠭᠠᠷᠴᠤ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ 2230 ᠭᠠᠷᠤᠢ ᠬᠥᠮᠥᠨ ᠤᠳᠠᠭ᠎ᠠ ᠲᠡᠳᠡᠨ ᠠᠪᠴᠢᠷᠠᠵᠤ ᠠᠰᠠᠭᠤᠨ ᠯᠠᠪᠯᠠᠵᠤ᠂ ᠲᠤᠬᠠᠢ᠎ᠶᠢᠨ ᠲᠠᠯᠠᠪᠤᠷ᠎ᠲᠤ 578 ᠬᠥᠮᠥᠨ ᠤᠳᠠᠭ᠎ᠠ ᠠᠩᠬ᠎ᠠ ᠠᠯᠬᠤᠮ᠎ᠤᠨ ᠠᠵᠢᠯ ᠣᠯᠬᠤ ᠰᠠᠨᠠᠮᠵᠢ ᠲᠣᠬᠢᠷᠠᠯᠴᠠᠪᠠ᠂ ᠡᠭᠦᠨ᠎ᠳᠦ ᠰᠢᠨ᠎ᠡ ᠡᠨᠧᠷᠭᠢ᠎ᠶᠢᠨ ᠮᠠᠲᠧᠷᠢᠶᠠᠯ᠂ ᠮᠠᠰᠢᠨ ᠲᠣᠨᠣᠭᠯᠠᠯ ᠦᠢᠯᠡᠳᠬᠦ᠂ ᠲᠣᠮᠣ᠌ ᠳ᠋ᠠᠢᠲ᠋ᠠ᠂ ᠠᠮᠢ ᠠᠬᠤᠢ᠎ᠶᠢᠨ ᠬᠠᠮᠠᠭᠠᠯᠠᠯᠲᠠ ᠵᠡᠷᠭᠡ ᠮᠠᠨ᠎ᠤ ᠣᠷᠣᠨ᠎ᠳᠤ ᠪᠠᠴᠢᠮ ᠱᠠᠭᠠᠷᠳᠠᠭᠳᠠᠵᠤ ᠪᠠᠢᠭ᠎ᠠ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠵᠥᠩᠳᠡᠭᠡᠨ ᠪᠠᠢᠨ᠎ᠠ᠃ ᠠᠵᠢᠯᠯᠠᠭ᠎ᠠ᠎ᠶᠢᠨ ᠳᠤᠭᠤᠢᠯᠠᠩ᠎ᠤᠨ ᠲᠤᠰᠬᠠᠢ ᠰᠣᠷᠪᠤᠯᠵᠢᠯᠠᠭ᠎ᠠ᠎ᠶᠢ ᠬᠦᠯᠢᠶᠡᠬᠦ᠎ᠳᠡᠭᠡᠨ᠂ ᠪᠠᠷᠠᠭᠤᠨ ᠬᠣᠢᠲᠤ᠎ᠶᠢᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠠᠴᠠ ᠢᠷᠡᠭᠰᠡᠨ ᠤᠯᠠᠨ ᠲᠣᠭᠠᠨ᠎ᠤ ᠳ᠋ᠣᠺᠲ᠋ᠣᠷ ᠲᠡᠭᠦᠰᠦᠭᠰᠡᠨ ᠰᠣᠷᠣᠭ᠍ᠴᠢᠳ᠂ ᠥᠪᠥᠷ ᠮᠣᠩᠭᠣᠯ ᠡᠨᠧᠷᠭᠢ ᠬᠠᠳᠠᠭᠠᠯᠠᠬᠤ᠂ ᠪᠣᠳᠣᠯᠭ᠎ᠠ᠎ᠶᠢᠨ ᠴᠢᠳᠠᠪᠤᠷᠢ ᠵᠡᠷᠭᠡ ᠢᠷᠡᠭᠡᠳᠦᠢ᠎ᠶᠢᠨ ᠠᠵᠤ ᠦᠢᠯᠡᠰ᠎ᠦᠨ ᠪᠠᠢᠷᠢᠰᠢᠭᠤᠯᠤᠯᠲᠠ᠎ᠶᠢᠨ ᠲᠥᠯᠦᠪᠵᠢᠭᠦᠯᠭᠡ᠎ᠶᠢᠨ ᠲᠠᠯ᠎ᠠ᠎ᠪᠠᠷ ᠮᠠᠰᠢ ᠶᠡᠬᠡ ᠬᠥᠭᠵᠢᠯᠲᠡ᠎ᠶᠢᠨ ᠳᠠᠯᠳᠠ ᠬᠦᠴᠦᠨ᠎ᠲᠠᠢ ᠪᠠᠢᠵᠤ᠂ ᠲᠤᠰ ᠪᠡᠶ᠎ᠡ᠎ᠶᠢᠨ ᠰᠤᠳᠤᠯᠭᠠᠨ᠎ᠤ ᠴᠢᠭᠯᠡᠯ᠎ᠲᠠᠢ ᠳᠡᠭᠡᠳᠦ ᠬᠡᠮᠵᠢᠶ᠎ᠡ᠎ᠪᠡᠷ ᠨᠡᠢᠴᠡᠵᠦ᠂ ᠥᠪᠡᠷᠲᠡᠭᠡᠨ ᠵᠠᠰᠠᠬᠤ ᠣᠷᠣᠨ᠎ᠤ 《 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 》 ᠢᠨᠵᠧᠨᠧᠷᠢᠩ᠎ᠦᠨ ᠬᠠᠩᠭᠠᠭᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠳᠡᠮᠵᠢᠯᠭᠡ ᠪᠠ ᠴᠢᠳᠠᠪᠤᠷᠢᠲᠠᠨ᠎ᠳᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ ᠨᠢ ᠲᠡᠳᠡᠨ᠎ᠳᠦ ᠥᠷᠭᠡᠨ ᠠᠭᠤᠳᠠᠮ ᠬᠥᠭᠵᠢᠯᠲᠡ᠎ᠶᠢᠨ ᠢᠷᠡᠭᠡᠳᠦᠢ᠎ᠶᠢ ᠬᠠᠷᠠᠭᠤᠯᠵᠠᠢ ᠭᠡᠵᠦ ᠢᠯᠡᠳᠬᠡᠪᠡ᠃ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠠᠴᠠ ᠢᠷᠡᠭᠰᠡᠨ ᠥᠪᠥᠷ ᠮᠣᠩᠭᠣᠯ ᠨᠤᠲᠤᠭ᠎ᠲᠠᠢ ᠣᠯᠠᠩᠬᠢ ᠲᠡᠭᠦᠰᠬᠦ ᠰᠤᠷᠤᠭ᠍ᠴᠢᠳ᠎ᠤᠨ ᠬᠡᠯᠡᠬᠦ᠎ᠪᠡᠷ᠂ ᠰᠢ ᠠᠨ᠎ᠳᠤ ᠨᠤᠲᠤᠭ᠎ᠤᠨ᠎ᠢᠶᠠᠨ ᠴᠢᠳᠠᠪᠤᠷᠢᠲᠠᠨ᠎ᠢ ᠤᠷᠢᠵᠤ ᠡᠯᠰᠡᠬᠦ ᠴᠤᠭᠯᠠᠭᠠᠨ᠎ᠳᠤ ᠣᠷᠣᠯᠴᠠᠭᠰᠠᠨ ᠨᠢ ᠮᠠᠰᠢ ᠳᠣᠲᠣᠨᠣ᠌ ᠰᠠᠨᠠᠭᠳᠠᠵᠤ᠂ ᠨᠤᠲᠤᠭ᠎ᠤᠨ᠎ᠢᠶᠠᠨ ᠴᠢᠳᠠᠪᠤᠷᠢᠲᠠᠨ᠎ᠢ ᠬᠦᠨᠳᠦᠳᠬᠡᠨ ᠨᠠᠨᠳᠢᠩᠨᠠᠵᠤ ᠪᠠᠢᠬᠤ᠎ᠶᠢ ᠮᠡᠳᠡᠷᠡᠵᠦ᠂ ᠥᠪᠥᠷ ᠮᠣᠩᠭᠣᠯ᠎ᠳᠠᠭᠠᠨ ᠬᠠᠷᠢᠵᠤ ᠠᠵᠢᠯᠯᠠᠬᠤ᠂ ᠨᠤᠲᠤᠭ᠎ᠤᠨ᠎ᠢᠶᠠᠨ ᠲᠥᠯᠥᠭᠡ ᠵᠢᠳᠬᠦᠬᠦ᠎ᠳᠦ ᠳᠥᠭᠥᠮ ᠳᠥᠲᠡ ᠠᠷᠭ᠎ᠠ ᠵᠠᠮ ᠬᠠᠩᠭᠠᠵᠠᠢ ᠭᠡᠪᠡ᠃
      ᠡᠨᠡ ᠤᠳᠠᠭ᠎ᠠ᠎ᠶᠢᠨ ᠶᠡᠬᠡ ᠳᠡᠭᠡᠳᠦ ᠰᠤᠷᠭᠠᠭᠤᠯᠢ᠎ᠳᠤ ᠬᠦᠷᠴᠦ ᠴᠢᠳᠠᠪᠤᠷᠢᠲᠠᠨ ᠲᠠᠲᠠᠬᠤ ᠠᠵᠢᠯᠯᠠᠭ᠎ᠠ ᠪᠣᠯ ᠥᠪᠥᠷ ᠮᠣᠩᠭᠣᠯ᠎ᠤᠨ ᠣᠷᠣᠨ ᠪᠦᠰᠡ᠎ᠶᠢᠨ ᠴᠢᠳᠠᠪᠤᠷᠢᠲᠠᠨ᠎ᠤ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠂ 《 ᠬᠥᠮᠥᠵᠢᠭᠦᠯᠬᠦ ᠬᠡᠷᠡᠭᠯᠡᠬᠦ ᠦᠯᠡᠳᠡᠭᠡᠬᠦ 》 ᠪᠦᠬᠦ ᠬᠡᠯᠬᠢᠶ᠎ᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠰᠢᠰᠲᠧᠮ᠎ᠢ ᠪᠠᠶ᠋ᠢᠭᠤᠯᠬᠤ ᠠᠮᠢᠳᠤᠯᠢᠭ᠋ ᠦᠢᠯᠡᠳᠦᠯᠭᠡ ᠪᠣᠯᠣᠨ᠎ᠠ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ ᠨᠢ ᠶᠡᠬᠡ ᠳᠡᠭᠡᠳᠦ ᠰᠤᠷᠭᠠᠭᠤᠯᠢ ᠪᠠ ᠪᠡᠭᠡᠵᠢᠩ᠎ᠦᠨ ᠠᠵᠢᠯ ᠣᠯᠭᠣᠯᠲᠠ᠎ᠶᠢᠨ ᠵᠢᠯᠤᠭᠣᠳᠬᠤ ᠰᠠᠯᠠᠭ᠎ᠠ ᠮᠥᠴᠢᠷ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠᠢᠩᠭᠤ᠎ᠶᠢᠨ ᠠᠵᠢᠯᠯᠠᠭ᠎ᠠ᠎ᠶᠢᠨ ᠲᠣᠭᠲᠠᠴᠠ᠎ᠶᠢ ᠪᠠᠶ᠋ᠢᠭᠤᠯᠬᠤ ᠵᠡᠷᠭᠡ ᠲᠠᠯ᠎ᠠ᠎ᠪᠠᠷ ᠬᠠᠮᠲᠤ᠎ᠶᠢᠨ ᠲᠠᠨᠢᠯᠲᠠ᠎ᠲᠠᠢ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠬᠠᠮᠵᠢᠯᠴᠠᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ 《 ᠨᠠᠢᠵᠠ᠎ᠶᠢᠨ ᠲᠣᠭᠣᠷᠢᠭ᠋ 》᠎ᠢ ᠤᠯᠠᠮ ᠨᠢᠭᠡ ᠠᠯᠬᠤᠮ ᠥᠷᠭᠡᠳᠬᠡᠪᠡ᠃ 《 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 》 ᠢᠨᠵᠧᠨᠧᠷᠢᠩ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠳᠤ ᠨᠢᠭᠡ᠎ᠡᠴᠡ ᠵᠢᠷᠭᠤᠭᠠᠨ ᠲᠥᠷᠥᠯ᠎ᠦᠨ ᠴᠢᠳᠠᠪᠤᠷᠢᠲᠠᠨ᠎ᠢ 6800 ᠮᠠᠭᠠᠳᠯᠠᠨ ᠲᠣᠭᠲᠠᠭᠠᠵᠤ᠂ ᠳ᠋ᠣᠺᠲ᠋ᠣᠷ᠎ᠠᠴᠠ ᠳᠡᠭᠡᠭᠰᠢᠬᠢ ᠳᠡᠭᠡᠳᠦ ᠲᠠᠰ᠎ᠤᠨ ᠴᠢᠳᠠᠪᠤᠷᠢᠲᠠᠨ᠎ᠢ 1200 ᠰᠢᠨ᠎ᠡ᠎ᠪᠡᠷ ᠣᠷᠣᠭᠤᠯᠤᠨ ᠠᠪᠴᠢᠷᠠᠪᠠ᠃ ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ ᠭᠣᠣᠯᠳᠠᠯᠭ᠎ᠠ᠎ᠲᠠᠢ ᠠᠵᠤ ᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ᠎ᠳᠦ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠂ ᠣᠷᠣᠨ᠎ᠤ ᠭᠠᠳᠠᠨᠠᠬᠢ ᠡᠯ᠎ᠡ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ ᠯᠤᠭ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠂ ᠡᠯ᠎ᠡ ᠵᠦᠢᠯ᠎ᠦᠨ ᠴᠢᠳᠠᠪᠤᠷᠢᠲᠠᠨ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠪᠥᠬᠥ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠤ ᠬᠥᠳᠡᠯᠦᠩᠭᠦᠢ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ᠂ ᠴᠢᠳᠠᠪᠤᠷᠢᠲᠠᠨ᠎ᠤ ᠦᠢᠯᠡᠴᠢᠯᠡᠭᠡᠨ᠎ᠦ ᠠᠮᠢ ᠠᠬᠤᠢ᠎ᠶᠢ ᠰᠢᠯᠢᠳᠡᠭᠵᠢᠭᠦᠯᠵᠦ᠂ ᠡᠯ᠎ᠡ ᠲᠥᠷᠥᠯ᠎ᠦᠨ ᠴᠢᠳᠠᠪᠤᠷᠢᠲᠠᠨ᠎ᠢ ᠰᠡᠳᠬᠢᠯ ᠲᠣᠬᠢᠲᠠᠢ ᠢᠷᠡᠭᠦᠯᠵᠦ᠂ ᠰᠠᠨᠠᠭ᠎ᠠ ᠲᠠᠢᠪᠤᠭᠤ ᠠᠵᠢᠯᠯᠠᠭᠤᠯᠤᠨ᠂ ᠰᠡᠳᠬᠢᠯ ᠠᠮᠤᠷ ᠪᠠᠢᠯᠭᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠴᠢᠩᠭ᠎ᠠ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            