ᠠᠤᠭ᠎ᠠ ᠲᠥᠰᠥᠪ ᠰᠢᠨ᠎ᠡ ᠬᠠᠭᠤᠳᠠᠰᠤ᠎ᠶᠢ ᠳᠡᠯᠭᠡᠵᠦ᠂ ᠡᠷᠡᠯᠬᠡᠭᠯᠡᠨ ᠤᠷᠤᠭᠰᠢᠯᠠᠵᠤ ᠰᠢᠨ᠎ᠡ ᠠᠶᠠᠨ᠎ᠢ ᠡᠬᠢᠯᠡᠭᠦᠯᠦᠨ᠎ᠡ᠃
2025 ᠣᠨ᠎ᠤ 10 ᠰᠠᠷ᠎ᠠ᠎ᠶᠢᠨ 23᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠢᠯᠠᠯᠲᠠ᠎ᠲᠠᠢ᠎ᠪᠠᠷ ᠳᠠᠭᠤᠰᠪᠠ᠃ ᠪᠥᠬᠥᠳᠡ ᠬᠤᠷᠠᠯ᠎ᠠᠴᠠ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ( ᠳᠣᠷᠣᠭ᠍ᠰᠢ 《 ᠰᠠᠨᠠᠭᠤᠯᠭ᠎ᠠ 》 ᠭᠡᠵᠦ ᠲᠣᠪᠴᠢᠯᠠᠨ᠎ᠠ )᠎ᠶᠢ ᠬᠢᠨᠠᠨ ᠶᠠᠷᠢᠯᠴᠠᠵᠤ ᠪᠠᠲᠤᠯᠠᠪᠠ᠃ ᠣᠢᠷ᠎ᠠ᠎ᠶᠢᠨ ᠡᠳᠦᠷ᠎ᠦᠳ᠎ᠲᠦ᠂ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠺᠠᠳ᠋ᠷ ᠠᠵᠢᠯᠲᠠᠨ ᠠᠵᠢᠯᠴᠢᠨ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠤ ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠢᠰᠢᠳᠠ ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ᠂ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢ ᠥᠨᠳᠥᠷ ᠪᠠᠷᠢᠮᠵᠢᠶ᠎ᠠ᠎ᠪᠠᠷ ᠰᠠᠢᠲᠤᠷ ᠨᠠᠢᠷᠠᠭᠤᠯᠤᠨ ᠵᠣᠬᠢᠶᠠᠵᠤ ᠂ ᠠᠷᠠᠳ᠎ᠢᠶᠠᠷ ᠦᠨᠳᠦᠰᠦ ᠪᠣᠯᠭᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠠᠷᠠᠳ᠎ᠤᠨ ᠠᠮᠢᠳᠤᠷᠠᠯ᠎ᠤᠨ ᠬᠥᠭᠵᠢᠯᠲᠡ᠎ᠶᠢᠨ ᠵᠢᠷᠤᠭ ᠲᠥᠰᠥᠪ᠎ᠢ ᠰᠠᠢᠲᠤᠷ ᠵᠢᠷᠤᠭᠯᠠᠬᠤ ᠬᠡᠷᠡᠭᠲᠡᠢ ᠭᠡᠵᠦ ᠢᠯᠡᠷᠬᠡᠢᠯᠡᠵᠡᠢ᠃
ᠤᠷᠤᠭᠰᠢᠯᠠᠬᠤ ᠴᠢᠭᠯᠡᠯ᠎ᠢ ᠵᠢᠭᠠᠨ ᠵᠢᠯᠤᠭᠣᠳᠴᠤ ᠠᠷᠭ᠎ᠠ ᠵᠠᠮ᠎ᠢ ᠲᠣᠳᠣᠷᠬᠠᠢᠯᠠᠨ᠎ᠠ
《 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ᠎ᠶᠢᠨ ᠲᠣᠭᠣᠷᠢᠨ᠎ᠳᠤ ᠠᠯᠢ ᠤᠯᠠᠨ ᠰᠢᠨ᠎ᠡ ᠪᠠᠢᠷᠢᠯᠠᠭᠤᠯᠤᠯᠲᠠ ᠬᠢᠵᠦ᠂ ᠨᠡᠩ ᠥᠨᠳᠥᠷ ᠰᠢᠨ᠎ᠡ ᠱᠠᠭᠠᠷᠳᠠᠯᠭ᠎ᠠ᠎ᠶᠢ ᠳᠤᠷᠠᠳᠤᠨ ᠭᠠᠷᠭᠠᠭᠰᠠᠨ ᠨᠢ ᠬᠥᠮᠥᠰ᠎ᠢ ᠲᠤᠢᠯ᠎ᠢᠶᠠᠷ ᠤᠷᠮᠠᠰᠢᠭᠤᠯᠵᠤ᠂ ᠲᠤᠢᠯ᠎ᠢᠶᠠᠷ ᠵᠣᠷᠢᠭ᠍ᠵᠢᠭᠤᠯᠤᠭᠰᠠᠨ ᠪᠠᠢᠨ᠎ᠠ᠃ ᠪᠦᠭᠦᠳᠡ ᠬᠤᠷᠠᠯ᠎ᠠᠴᠠ ᠲᠣᠳᠣᠷᠬᠠᠢ ᠳᠤᠷᠠᠳᠤᠭᠰᠠᠨ 〈 ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠬᠦ 〉 ᠵᠡᠷᠭᠡ ᠴᠢᠬᠤᠯᠠ ᠶᠡᠬᠡ ᠡᠭᠦᠷᠭᠡ ᠨᠢ ᠪᠢᠳᠡᠨ᠎ᠦ ᠬᠣᠢᠰᠢᠳᠠ᠎ᠶᠢᠨ ᠲᠠᠪᠤᠨ ᠵᠢᠯ᠎ᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠠᠵᠢᠯ᠎ᠢ ᠯᠠᠪᠳᠠᠭᠤᠨ᠎ᠢᠶᠠᠷ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ 》 ᠭᠡᠵᠦ ᠱᠠᠨᠳᠦ᠋ᠩ ᠮᠤᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠲᠤᠤ ᠬᠡᠯᠡᠪᠡ᠃
ᠵᠠᠩ ᠲᠤᠤ ᠢᠯᠡᠷᠬᠡᠢᠯᠡᠬᠦ᠎ᠳᠡᠭᠡᠨ᠂ ᠠᠷᠠᠳ᠎ᠤᠨ ᠠᠮᠢᠳᠤᠷᠠᠯ᠎ᠤᠨ ᠴᠢᠬᠤᠯᠠ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠱᠠᠨᠳᠦ᠋ᠩ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠦ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢ ᠥᠨᠳᠥᠷ ᠪᠠᠷᠢᠮᠵᠢᠶ᠎ᠠ᠎ᠪᠠᠷ ᠨᠠᠢᠷᠠᠭᠤᠯᠤᠨ ᠵᠣᠬᠢᠶᠠᠵᠤ ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢᠨ ᠮᠤᠵᠢ ᠣᠷᠣᠨ᠎ᠤ ᠪᠦᠲᠦᠭᠡᠨ ᠪᠠᠢᠭᠤᠯᠤᠯᠲᠠ᠎ᠶᠢ ᠪᠦᠬᠦ ᠬᠦᠴᠦᠨ᠎ᠢᠶᠡᠷ ᠠᠬᠢᠭᠤᠯᠵᠤ᠂ ᠪᠦᠬᠦ ᠠᠷᠠᠳ᠎ᠢ ᠬᠠᠮᠤᠷᠤᠭᠰᠠᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠦᠷᠭᠦᠯᠵᠢᠯᠡᠨ ᠪᠦᠷᠢᠨᠰᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠯᠡᠬᠦ ᠦᠯᠡᠳᠡᠭᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠬᠥᠳᠡᠯᠮᠦᠷᠢ᠎ᠶᠢᠨ ᠬᠠᠷᠢᠴᠠᠭ᠎ᠠ᠎ᠶᠢ ᠢᠳᠡᠪᠬᠢᠲᠡᠢ ᠪᠠᠢᠭᠤᠯᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠬᠤ ᠠᠰᠠᠭᠤᠳᠠᠯ᠎ᠢ ᠬᠦᠴᠦᠯᠡᠨ ᠰᠠᠢᠲᠤᠷ ᠰᠢᠢᠳᠪᠦᠷᠢᠯᠡᠵᠦ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠮᠤᠵᠢ᠎ᠶᠢᠨ ᠪᠦᠲᠦᠭᠡᠨ ᠪᠠᠢᠭᠤᠯᠤᠯᠲᠠ᠎ᠳᠤ ᠨᠡᠩ ᠤᠯᠠᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ ᠴᠢᠳᠠᠯ᠎ᠢ ᠨᠡᠮᠡᠷᠢᠯᠡᠬᠦ᠎ᠪᠡᠷ ᠴᠢᠷᠮᠠᠢᠨ᠎ᠠ ᠭᠡᠵᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠵᠠᠢ ᠶᠢᠩ ᠵᠢᠶᠦ᠋ᠨ ᠢᠯᠡᠷᠬᠡᠢᠯᠡᠬᠦ᠎ᠳᠡᠭᠡᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠮᠥᠨ ᠂ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠳᠦ ᠦᠵᠦ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭ ᠲᠥᠯᠥᠪᠯᠡᠭᠡ ᠬᠢᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠱᠠᠭᠠᠷᠳᠠᠵᠤ᠂ ᠠᠷᠠᠳ ᠲᠦᠮᠡᠨ᠎ᠢᠶᠡᠷ ᠭᠣᠣᠯ ᠪᠣᠯᠭᠠᠭᠰᠠᠨ ᠬᠥᠭᠵᠢᠯᠲᠡ᠎ᠶᠢᠨ ᠦᠵᠡᠯ ᠰᠠᠨᠠᠭ᠎ᠠ᠎ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠬᠦ᠎ᠳᠦ ᠤᠷᠤᠭᠰᠢᠯᠠᠬᠤ ᠴᠢᠭᠯᠡᠯ᠎ᠢ ᠵᠢᠭᠠᠵᠤ ᠥᠭᠴᠡᠢ ᠭᠡᠪᠡ᠃
《 ᠪᠢᠳᠡ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ 〈 ᠠᠷᠪᠠᠨ ᠲᠠᠪᠤᠳᠤᠭᠠᠷ ᠲᠠᠪᠤᠨ ᠵᠢᠯ 〉᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠬᠥᠭᠵᠢᠯᠲᠡ᠎ᠶᠢ ᠰᠦᠪᠡᠭᠴᠢᠯᠡᠬᠦ ᠰᠡᠳᠬᠢᠴᠡ᠂ ᠠᠵᠢᠯ᠎ᠢ ᠠᠬᠢᠭᠤᠯᠬᠤ ᠠᠷᠭ᠎ᠠ ᠬᠡᠮᠵᠢᠶ᠎ᠡ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠭᠡᠷᠡᠴᠢᠯᠡᠯᠲᠡ᠎ᠶᠢ ᠪᠦᠬᠦ ᠬᠦᠴᠦᠨ᠎ᠢᠶᠡᠷ᠎ᠢᠶᠡᠨ ᠠᠳᠬᠤᠵᠤ᠂ ᠬᠥᠭᠵᠢᠯᠲᠡ᠎ᠶᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠡᠷᠬᠡ ᠠᠰᠢᠭ᠋᠎ᠢ ᠬᠠᠮᠠᠭᠠᠯᠠᠵᠤ᠂ ᠠᠶᠤᠯ ᠲᠦᠭᠰᠢᠭᠦᠷᠢ᠎ᠶᠢ ᠰᠡᠷᠭᠡᠢᠯᠡᠵᠦ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠪᠦᠬᠦ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ 》 ᠭᠡᠵᠦ ᠵᠠᠢ ᠶᠢᠩ ᠵᠢᠶᠦ᠋ᠨ ᠬᠡᠯᠡᠪᠡ᠃
ᠬᠠᠷᠠᠮᠥ᠋ᠷᠡᠨ ᠮᠤᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠠ ᠭᠤᠸᠠᠩ ᠬᠤᠸᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ ᠲᠡᠢᠰᠢ ᠤᠷᠤᠭᠰᠢᠯᠠᠬᠤ ᠰᠢᠨ᠎ᠡ ᠠᠶᠠᠨ ᠵᠠᠮ ᠳᠡᠭᠡᠷ᠎ᠡ ᠶᠠᠪᠤᠭᠳᠠᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠃ ᠶᠡᠷᠦᠩᠬᠡᠢ ᠱᠦᠵᠢ ᠰᠢ᠎ᠶᠢᠨ ᠫᠢᠩ᠎ᠤᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠬᠦᠳᠠ ᠬᠤᠷᠠᠯ᠎ᠠᠴᠠ ᠪᠠᠲᠤᠯᠠᠭᠰᠠᠨ 《 ᠰᠠᠨᠠᠭᠤᠯᠭ᠎ᠠ 》 ᠨᠢ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ ᠠᠤᠭ᠎ᠠ ᠬᠠᠷᠠᠭᠠᠰᠤ᠂ ᠰᠢᠨ᠎ᠡ᠎ᠶᠢ ᠡᠭᠦᠳᠬᠦ᠎ᠶᠢ ᠠᠷᠭᠠᠴᠠᠬᠤ ᠵᠣᠷ᠂ ᠥᠨᠢ ᠤᠳᠠᠭᠠᠨ ᠴᠢᠷᠮᠠᠢᠯᠭ᠎ᠠ ᠭᠠᠷᠭᠠᠬᠤ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠂ ᠠᠷᠠᠳ ᠲᠦᠮᠡᠨ᠎ᠳᠦ ᠪᠤᠶᠠᠨ ᠦᠢᠯᠡᠳᠬᠦ ᠦᠷᠳᠡᠭ᠎ᠦᠨ ᠬᠠᠨᠳᠤᠰᠢ᠎ᠶᠢ ᠭᠦᠢᠴᠡᠳ ᠢᠯᠡᠷᠡᠭᠦᠯᠵᠦ᠂ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠳᠦ ᠦᠵᠦ ᠲᠥᠯᠥᠪᠯᠡᠭᠡ ᠪᠣᠯᠣᠨ ᠪᠠᠢᠯᠳᠤᠬᠤ ᠪᠣᠳᠣᠯᠭ᠎ᠠ᠎ᠶᠢᠨ ᠵᠢᠷᠤᠭᠯᠠᠯ᠎ᠢ ᠲᠣᠭᠲᠠᠭᠠᠵᠠᠢ ᠭᠡᠵᠦ ᠢᠯᠡᠷᠬᠡᠢᠯᠡᠪᠡ᠃
《 ᠬᠠᠷᠠᠮᠥ᠋ᠷᠡᠨ ᠮᠤᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠪᠠᠢᠷᠢ ᠲᠣᠭᠲᠠᠭᠠᠯᠲᠠ᠎ᠪᠠᠨ ᠣᠨᠣᠪᠴᠢᠲᠠᠶ ᠡᠷᠢᠨ ᠶᠡᠬᠡ ᠲᠠᠯ᠎ᠠ᠎ᠳᠤ ᠦᠢᠯᠡᠴᠢᠯᠡᠵᠦ᠂ ᠡᠭᠦᠷᠭᠡ ᠲᠤᠰᠢᠶᠠᠯ᠎ᠢᠶᠠᠨ ᠦᠨᠡᠨᠴᠢ ᠰᠢᠳᠤᠷᠭᠤ᠎ᠪᠠᠷ ᠭᠦᠢᠴᠡᠳᠬᠡᠨ ᠠᠷᠠᠳ᠎ᠤᠨ ᠠᠮᠢᠳᠤᠷᠠᠯ᠎ᠳᠤ ᠦᠢᠯᠡᠴᠢᠯᠡᠵᠦ᠂ ᠠᠯᠤᠰ ᠬᠡᠳᠦ᠎ᠶᠢᠨ ᠬᠥᠭᠵᠢᠯᠲᠡ᠎ᠳᠦ ᠦᠢᠯᠡᠴᠢᠯᠡᠬᠦ᠎ᠪᠡᠷ ᠲᠥᠯᠥᠪᠯᠡᠵᠦ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠪᠣᠳᠠᠲᠠᠢ ᠰᠤᠷᠲᠠᠯ᠎ᠢᠶᠠᠷ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠂ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠬᠦ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠵᠡᠷᠭᠡ ᠡᠯ᠎ᠡ ᠵᠦᠢᠯ᠎ᠦᠨ ᠡᠭᠦᠷᠭᠡ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ 〈 ᠠᠷᠪᠠᠨ ᠲᠠᠪᠤᠳᠤᠭᠠᠷ ᠲᠠᠪᠤᠨ ᠵᠢᠯ 〉᠎ᠤᠨ ᠬᠤᠭᠤᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ 〈 ᠬᠠᠮᠤᠭ᠎ᠤᠨ ᠤᠮᠠᠷᠠᠲᠤ ᠣᠷᠣᠨ᠎ᠳᠤ ᠪᠠᠢᠵᠤ᠂ ᠨᠠᠮ᠎ᠤᠨ ᠲᠥᠪ ᠬᠣᠷᠢᠶ᠎ᠠ᠎ᠶᠢ ᠪᠤᠳᠤᠬᠤ 〉 ᠤᠯᠤᠰ ᠲᠦᠷᠦ᠎ᠶᠢᠨ ᠦᠨᠡᠨᠴᠢ ᠰᠢᠳᠤᠷᠭᠤ᠎ᠶᠢ ᠦᠨᠡᠨ ᠬᠦ᠌ ᠪᠠᠲᠤᠳᠬᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠬᠠᠷᠠᠮᠥ᠋ᠷᠡᠨᠢ ᠬᠦᠴᠦᠯᠡᠨ ᠠᠬᠢᠭᠤᠯᠬᠤ ᠦᠢᠯᠡᠳᠦᠯᠭᠡ ᠳᠤᠮᠳᠠ ᠬᠥᠮᠥᠨ᠎ᠦ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠱᠠ ᠭᠤᠸᠠᠩ ᠬᠤᠸᠠ ᠬᠡᠯᠡᠪᠡ᠃
ᠠᠷᠠᠳ᠎ᠤᠨ ᠠᠮᠢᠳᠤᠷᠠᠯ᠎ᠤᠨ ᠳᠤᠯᠠᠭᠠᠴᠠ᠎ᠶᠢ ᠢᠯᠡᠷᠡᠭᠦᠯᠵᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠰᠢᠨ᠎ᠡ ᠪᠠᠢᠳᠠᠯ ᠳᠣᠣᠷ᠎ᠠ ᠬᠡᠷᠬᠢᠨ ᠦᠵᠡᠬᠦ᠂ ᠬᠡᠷᠬᠢᠨ ᠰᠢᠢᠳᠪᠦᠷᠢᠯᠡᠬᠦ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠬᠣᠢᠰᠢᠳᠠ᠎ᠶᠢᠨ ᠲᠠᠪᠤᠨ ᠵᠢᠯ᠎ᠦᠨ ᠬᠥᠭᠵᠢᠯᠲᠡ᠎ᠳᠦ ᠬᠠᠷᠠᠯᠲᠠ ᠴᠢᠭᠯᠡᠯ᠎ᠢ ᠲᠣᠳᠣᠷᠬᠠᠢ ᠵᠢᠭᠠᠵᠤ᠂ ᠠᠷᠭ᠎ᠠ ᠵᠠᠮ᠎ᠢ ᠲᠣᠳᠣᠷᠬᠠᠢᠯᠠᠵᠤ᠂ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠵᠤ᠂ ᠣᠨᠴᠠᠭᠠᠢᠯᠠᠨ ᠠᠷᠠᠳ ᠲᠦᠮᠡᠨ᠎ᠢᠶᠡᠷ ᠭᠣᠣᠯ ᠪᠣᠯᠭᠠᠭᠰᠠᠨ ᠬᠥᠭᠵᠢᠯᠲᠡ᠎ᠶᠢᠨ ᠦᠵᠡᠯ ᠰᠠᠨᠠᠭ᠎ᠠ᠎ᠶᠢ ᠲᠡᠭᠦᠨ᠎ᠦ ᠳᠤᠮᠳᠠ ᠲᠤᠭᠤᠰᠢᠯᠠᠭᠤᠯᠵᠤ᠂ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠭᠦᠢᠴᠡᠳ ᠢᠯᠡᠷᠡᠭᠦᠯᠪᠡ᠃
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ 〈 ᠬᠥᠮᠥᠨ 〉᠎ᠢ ᠲᠡᠷᠢᠭᠦᠨ᠎ᠳᠦ ᠲᠠᠯᠪᠢᠵᠤ᠂ 〈 ᠨᠡᠢᠭᠡᠮ〉᠎ᠢᠶᠠᠷ ᠦᠨᠳᠦᠰᠦᠨ ᠵᠦᠢᠯ᠎ᠢ ᠪᠠᠲᠤᠯᠠᠵᠤ ᠂ ᠪᠢᠳᠡᠨ᠎ᠢ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠨᠡᠢᠭᠡᠮ ᠠᠷᠠᠳ᠎ᠤᠨ ᠠᠮᠢᠳᠤᠷᠠᠯ᠎ᠲᠠᠢ ᠰᠡᠳᠬᠢᠯ ᠵᠢᠷᠦᠬᠡ᠎ᠪᠡᠨ ᠬᠣᠯᠪᠣᠬᠤ᠎ᠶᠢ ᠱᠠᠭᠠᠷᠳᠠᠵᠤ ᠪᠠᠢᠨ᠎ᠠ 》 ᠭᠡᠵᠦ ᠴᠦᠩᠴᠢᠩ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠲᠣᠪᠴᠢᠶ᠎ᠠ᠎ᠶᠢᠨ ᠳᠠᠷᠤᠭ᠎ᠠ ᠰᠢᠶᠧ ᠯᠢ ᠭᠦᠸᠧ ᠬᠡᠯᠡᠵᠡᠢ᠃
ᠰᠢᠶᠧ ᠯᠢ ᠭᠦᠸᠧ ᠢᠯᠡᠷᠬᠡᠢᠯᠡᠬᠦ᠎ᠳᠡᠭᠡᠨ᠂ ᠲᠠᠷᠠᠭᠠᠴᠢ᠎ᠶᠢᠨ ᠠᠯᠬᠤᠮ᠎ᠳᠤ᠂ ᠴᠦᠩᠴᠢᠩ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠣᠷᠣᠯᠴᠠᠨ ᠲᠤᠭᠤᠰᠢᠯᠠᠭᠤᠯᠵᠤ᠂ ᠪᠦᠬᠦ ᠬᠣᠲᠠ᠎ᠶᠢᠨ 《 ᠵᠢᠷᠭᠤᠭᠠᠨ ᠲᠣᠭᠣᠷᠢᠭ᠋ ᠨᠢᠭᠡ ᠥᠨᠳᠥᠷᠯᠢᠭ 》᠎ᠤᠨ ᠪᠦᠲᠦᠭᠡᠨ ᠪᠠᠢᠭᠤᠯᠤᠯᠲᠠ᠎ᠳᠤ ᠰᠠᠭᠤᠷᠢᠯᠠᠵᠤ᠂ ᠬᠡᠯᠪᠡᠷᠢ᠎ᠲᠠᠢ ᠠᠴᠢᠶᠠᠯᠠᠪᠤᠷᠢ ᠪᠠ ᠪᠦᠲᠦᠮᠵᠢᠲᠡᠶ ᠭᠠᠷᠳᠠᠴᠠ᠎ᠶᠢ ᠣᠨᠣᠪᠴᠢᠲᠠᠶ ᠡᠷᠢᠨ ᠣᠯᠵᠤ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠵᠤ᠂ ᠨᠡᠩ ᠴᠢᠩᠭ᠎ᠠ ᠡᠷᠴᠢᠮ᠎ᠢᠶᠡᠷ ᠨᠡᠢᠭᠡᠮ᠎ᠦᠨ ᠳᠠᠭᠠᠳᠬᠠᠯ᠎ᠤᠨ ᠳᠦᠷᠢᠮ᠎ᠢ ᠪᠦᠷᠢᠨᠰᠢᠭᠦᠯᠵᠦ᠂ ᠨᠡᠩ ᠰᠢᠯᠢᠳᠡᠭ ᠦᠢᠯᠡᠴᠢᠯᠡᠭᠡ᠎ᠪᠡᠷ ᠴᠢᠳᠠᠪᠤᠷᠢᠲᠠᠨ᠎ᠤ ᠲᠤᠯᠭᠠᠭᠤᠷᠢᠯᠠᠯ᠎ᠢ ᠴᠢᠩᠭᠠᠳᠬᠠᠵᠤ᠂ ᠨᠡᠩ ᠴᠢᠩᠭ᠎ᠠ ᠱᠠᠭᠠᠷᠳᠠᠯᠭ᠎ᠠ᠎ᠪᠠᠷ ᠬᠥᠳᠡᠯᠮᠦᠷᠢ᠎ᠶᠢᠨ ᠬᠠᠷᠢᠴᠠᠭ᠎ᠠ᠎ᠶᠢ ᠲᠣᠭᠲᠠᠪᠤᠷᠢᠵᠢᠭᠤᠯᠬᠤ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠬᠠᠮᠲᠤ᠎ᠪᠠᠷ ᠴᠢᠨᠡᠭᠡᠯᠢᠭᠵᠢᠬᠦ ᠬᠠᠷᠠᠯᠲᠠ ᠲᠡᠢᠰᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭᠳᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠴᠦᠩᠴᠢᠩ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠤᠪᠢ ᠨᠡᠮᠡᠷᠢ᠎ᠪᠡᠨ ᠦᠵᠡᠭᠦᠯᠦᠨ᠎ᠡ ᠭᠡᠪᠡ᠃
《 ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ 〈 ᠨᠡᠢᠭᠡᠮ᠎ᠦᠨ ᠪᠠᠲᠤᠯᠠᠭ᠎ᠠ᠎ᠶᠢ ᠰᠢᠰᠲᠧᠮ᠎ᠢ ᠪᠦᠷᠢᠨᠰᠢᠭᠦᠯᠦᠨ᠎ᠡ 〉 ᠭᠡᠵᠦ ᠳᠤᠷᠠᠳᠴᠤ᠂ ᠠᠷᠠᠳ᠎ᠤᠨ ᠠᠮᠢᠳᠤᠷᠠᠯ᠎ᠤᠨ ᠠᠵᠢᠯ᠎ᠳᠤ ᠦᠨᠳᠦᠰᠦᠨ ᠵᠢᠷᠤᠮᠯᠠᠯ ᠬᠠᠩᠭᠠᠵᠠᠢ᠃ ᠪᠥᠬᠥᠳᠡ ᠬᠤᠷᠠᠯ᠎ᠠᠴᠠ ᠴᠢᠬᠤᠯᠠᠴᠢᠯᠠᠭᠰᠠᠨ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ ᠨᠢ ᠠᠷᠠᠳ᠎ᠤᠨ ᠠᠮᠢᠳᠤᠷᠠᠯ᠎ᠤᠨ ᠠᠵᠠ ᠵᠢᠷᠭᠠᠯᠳᠤ ᠠᠩᠬᠠᠷᠤᠯ᠎ᠢᠶᠠᠨ ᠲᠥᠪᠯᠡᠷᠡᠭᠦᠯᠵᠦ᠂ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠰᠢᠭᠤᠳ ᠴᠣᠬᠢᠯᠲᠠ ᠥᠭᠭᠦᠭᠰᠡᠨ᠎ᠢ ᠪᠢᠳᠡ ᠭᠦᠨᠵᠡᠭᠡᠢ ᠣᠢᠯᠠᠭᠠᠪᠠ᠃ ᠭᠠᠨᠰᠤ ᠮᠤᠵᠢ ᠪᠠᠷᠠᠭᠤᠨ ᠣᠷᠣᠨ᠎ᠤ ᠮᠤᠵᠢ ᠪᠣᠯᠤᠭᠰᠠᠨ᠎ᠤ ᠬᠤᠪᠢ᠎ᠳᠤ᠂ ᠨᠠᠩ ᠴᠤ᠌ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠬᠣᠲᠠ ᠬᠥᠳᠡᠭᠡ᠂ ᠣᠷᠣᠨ ᠪᠦᠰᠡ᠎ᠶᠢᠨ ᠪᠠᠲᠤᠯᠠᠭ᠎ᠠ ᠲᠡᠩᠴᠡᠭᠦᠷᠢ ᠦᠭᠡᠢ ᠪᠠᠢᠬᠤ ᠵᠡᠷᠭᠡ ᠠᠰᠠᠭᠤᠳᠠᠯ᠎ᠢ ᠰᠢᠢᠳᠪᠦᠷᠢᠯᠡᠵᠦ᠂ ᠬᠠᠮᠲᠤ᠎ᠪᠠᠷ ᠴᠢᠨᠡᠭᠡᠯᠢᠭᠵᠢᠬᠦ ᠰᠠᠭᠤᠷᠢ ᠥᠩᠭᠡ᠎ᠶᠢ ᠨᠠᠩ ᠢᠯᠡ ᠲᠣᠳᠣ᠌ ᠪᠣᠯᠭᠠᠬᠤ ᠬᠡᠷᠡᠭᠲᠡᠢ 》 ᠭᠡᠵᠦ ᠭᠠᠨᠰᠤ ᠮᠤᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠧᠦ ᠯᠢ ᠨᠢᠩ ᠬᠡᠯᠡᠵᠡᠢ᠃
ᠵᠧᠦ ᠯᠢ ᠨᠢᠩ ᠢᠯᠡᠷᠬᠡᠢᠯᠡᠬᠦ᠎ᠳᠡᠭᠡᠨ᠂ ᠭᠠᠨᠰᠤ ᠮᠤᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠪᠥᠬᠥᠳᠡ ᠬᠤᠷᠠᠯ᠎ᠤᠨ ᠥᠭᠡᠷᠡᠴᠢᠯᠡᠯᠲᠡ᠎ᠶᠢ ᠪᠦᠬᠦ ᠬᠦᠴᠦ᠎ᠪᠡᠷ᠎ᠢᠶᠡᠨ ᠠᠳᠬᠤᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ ᠂ ᠠᠶᠤᠯ ᠲᠦᠭᠰᠢᠭᠦᠷᠢ᠎ᠶᠢ ᠰᠡᠷᠭᠡᠢᠯᠡᠵᠦ᠂ ᠭᠠᠨᠰᠤ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠨᠡᠢᠭᠡᠮ᠎ᠦᠨ ᠪᠠᠲᠤᠯᠠᠭ᠎ᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠤᠨ᠂ ᠳᠠᠭᠠᠳᠬᠠᠯ᠎ᠳᠤ ᠣᠷᠣᠯᠴᠠᠬᠤ ᠬᠦᠷᠢᠶ᠎ᠡ ᠬᠡᠪᠴᠢᠶ᠎ᠡ᠎ᠶᠢ ᠣᠨᠣᠪᠴᠢᠲᠠᠶ ᠥᠷᠭᠡᠳᠬᠡᠵᠦ᠂ ᠣᠯᠭᠣᠮᠵᠢ᠎ᠶᠢᠨ ᠬᠢᠷᠢ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠦᠨ᠂ ᠰᠠᠭᠤᠷᠢ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢ ᠲᠠᠰᠤᠷᠠᠯᠲᠠ ᠦᠭᠡᠢ ᠴᠢᠩᠭᠠᠳᠬᠠᠵᠤ᠂ ᠭᠠᠷᠲᠠᠨ ᠭᠦᠢᠴᠡᠳᠬᠡᠬᠦ ᠦᠢᠯᠡᠴᠢᠯᠡᠭᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠨᠡᠢᠭᠡᠮ᠎ᠦᠨ ᠪᠠᠲᠤᠯᠠᠭ᠎ᠠ᠎ᠶᠢᠨ ᠪᠣᠯᠣᠮᠵᠢᠲᠤ ᠴᠢᠨᠠᠷ᠂ ᠠᠮᠤᠷ ᠲᠦᠪᠰᠢᠨ ᠴᠢᠨᠠᠷ᠂ ᠳᠥᠭᠥᠮ ᠳᠥᠲᠡ ᠴᠢᠨᠠᠷ ᠪᠠ ᠵᠢᠷᠤᠮᠵᠢᠯᠳᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠦᠨᠡᠨ ᠬᠦ᠌ ᠪᠠᠲᠤ᠂ ᠣᠨᠣᠪᠴᠢᠲᠠᠶ᠂ ᠰᠠᠢᠲᠤᠷ ᠪᠠᠲᠤᠯᠠᠬᠤ ᠬᠡᠷᠡᠭᠲᠡᠢ ᠭᠡᠪᠡ᠃
《 ᠪᠥᠬᠥᠳᠡ ᠬᠤᠷᠠᠯ᠎ᠠᠴᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠪᠦᠬᠦ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ᠎ᠶᠢ ᠯᠠᠪᠳᠠᠭᠤᠨ᠎ᠢᠶᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠨᠡ ᠨᠢ ᠪᠢᠳᠡᠨ᠎ᠦ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠠᠵᠢᠯ᠎ᠢ ᠨᠡᠩ ᠥᠨᠳᠥᠷ ᠲᠦᠪᠰᠢᠨ᠎ᠢᠶᠡᠷ ᠰᠠᠢᠲᠤᠷ ᠬᠢᠬᠦ᠎ᠳᠦ ᠦᠨᠳᠦᠰᠦᠨ ᠵᠢᠷᠤᠮᠯᠠᠯ ᠬᠠᠩᠭᠠᠵᠠᠢ 》 ᠭᠡᠵᠦ ᠵᠧᠵᠢᠶᠠᠩ ᠮᠤᠵᠢ᠎ᠶᠢᠨ ᠱᠣᠤᠰᠢᠩ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠢᠶᠠᠨ ᠶᠦᠩ ᠵᠢᠶᠦ᠋ᠨ ᠢᠯᠡᠳᠬᠡᠪᠡ᠃ ᠲᠡᠷᠡ᠂ ᠪᠦᠬᠦ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠱᠣᠤᠰᠢᠩ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠪᠣᠳᠠᠲᠠᠢ ᠲᠠᠢ ᠨᠢᠭ᠍ᠲᠠ ᠤᠶᠠᠯᠳᠤᠭᠤᠯᠤᠨ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠭᠠᠷᠳᠠᠬᠤ ᠴᠡᠭ ᠪᠠ ᠬᠦᠴᠦᠯᠡᠬᠦ ᠴᠡᠭ᠎ᠢ ᠣᠨᠣᠪᠴᠢᠲᠠᠢ ᠡᠷᠢᠵᠦ᠂ ᠠᠷᠭ᠎ᠠ ᠪᠦᠬᠦᠨ᠎ᠢ ᠰᠦᠪᠡᠭᠴᠢᠯᠡᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠤᠨ ᠥᠷᠭᠡᠳᠬᠡᠵᠦ᠂ ᠴᠢᠨᠠᠷ ᠰᠠᠢᠲᠠᠢ ᠬᠠᠮᠲᠤ᠎ᠪᠠᠷ ᠪᠠᠶᠠᠵᠢᠬᠤ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠭᠦᠨᠵᠡᠭᠡᠢ ᠬᠡᠷᠡᠭᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠡᠨᠡ ᠬᠦ᠌ ᠲᠣᠮᠣ᠌ ᠶᠠᠪᠤᠳᠠᠯ᠎ᠢ ᠭᠦᠨᠵᠡᠭᠡᠢ ᠪᠥᠭᠡᠳ ᠲᠤᠭᠤᠰᠢᠲᠠᠢ ᠬᠢᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠯ᠎ᠠ᠎ᠪᠠᠷ ᠱᠣᠤᠰᠢᠩ᠎ᠤᠨ ᠰᠢᠨ᠎ᠡ ᠵᠢᠳᠬᠦᠯ ᠴᠢᠷᠮᠠᠢᠯᠭ᠎ᠠ᠎ᠶᠢ ᠢᠯᠡᠷᠡᠭᠦᠯᠵᠦ᠂ ᠱᠣᠤᠰᠢᠩ᠎ᠤᠨ ᠨᠡᠩ ᠶᠡᠬᠡ ᠬᠦᠴᠦᠨ ᠴᠢᠳᠠᠯ᠎ᠢ ᠨᠡᠮᠡᠷᠢᠯᠡᠬᠦ᠎ᠪᠡᠷ ᠴᠢᠷᠮᠠᠢᠨ᠎ᠠ ᠭᠡᠪᠡ᠃
ᠠᠤᠭ᠎ᠠ ᠬᠠᠷᠠᠯᠲᠠ᠎ᠶᠢ ᠲᠣᠭᠲᠠᠭᠠᠵᠤ᠂ ᠲᠡᠦᠬᠡᠲᠦ ᠡᠭᠦᠷᠭᠡ᠎ᠶᠢ ᠵᠣᠷᠢᠭ᠍ᠲᠠᠢ᠎ᠪᠠᠷ ᠡᠭᠦᠷᠭᠡᠯᠡᠨ᠎ᠡ
《 〈 ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ ᠬᠠᠷᠠᠯᠲᠠ ᠮᠥᠨ 〉᠃ ᠳᠥᠷᠪᠡᠳᠦᠭᠡᠷ ᠪᠦᠬᠦᠳᠡ ᠬᠤᠷᠠᠯ᠎ᠠᠴᠠ ᠵᠢᠷᠤᠭᠯᠠᠭᠰᠠᠨ ᠠᠤᠭ᠎ᠠ ᠲᠥᠰᠥᠪ᠎ᠢ ᠡᠴᠦᠰ᠎ᠲᠡᠬᠡᠨ ᠲᠦᠭ ᠲᠦᠮᠡᠨ ᠠᠢᠯ ᠡᠷᠦᠬᠡ᠎ᠶᠢᠨ ᠡᠳᠦᠷ ᠳᠤᠳᠤᠮ᠎ᠤᠨ ᠠᠮᠢᠳᠤᠷᠠᠯ᠎ᠳᠤ ᠨᠠᠢᠳᠠᠪᠤᠷᠢᠵᠢᠭᠤᠯᠬᠤ ᠬᠡᠷᠡᠭᠲᠡᠢ᠃ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ ᠪᠣᠯ ᠠᠷᠠᠳ᠎ᠤᠨ ᠠᠮᠢᠳᠤᠷᠠᠯ᠎ᠤᠨ 〈 ᠠᠮᠤᠷ ᠲᠦᠪᠰᠢᠨ᠎ᠦ ᠲᠣᠣᠷ〉 ᠮᠥᠨ᠂ ᠳᠥᠷᠪᠡᠳᠦᠭᠡᠷ ᠪᠦᠬᠦᠳᠡ ᠬᠤᠷᠠᠯ᠎ᠤᠨ ᠳᠠᠷᠠᠭ᠎ᠠ ᠡᠨᠡ ᠬᠦ᠌ ᠲᠣᠣᠷ᠎ᠢ ᠨᠡᠩ ᠨᠢᠭ᠍ᠲᠠ ᠰᠦᠯᠵᠢᠵᠦ᠂ ᠨᠡᠩ ᠪᠠᠲᠤ ᠪᠡᠬᠢ ᠰᠦᠯᠵᠢᠬᠦ ᠪᠣᠯᠣᠨ᠎ᠠ! 》 ᠭᠡᠵᠦ ᠰᠧᠴᠤᠸᠠᠨ ᠮᠤᠵᠢ᠎ᠶᠢᠨ ᠶᠠ ᠠᠨ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠨ ᠯᠢᠶᠠᠩ ᠵᠢᠶᠦ᠋ᠨ ᠬᠡᠯᠡᠪᠡ᠃
ᠯᠢᠨ ᠯᠢᠶᠠᠩ ᠵᠢᠶᠦ᠋ᠨ ᠢᠯᠡᠷᠬᠡᠢᠯᠡᠬᠦ᠎ᠳᠡᠭᠡᠨ᠂ ᠶᠠ ᠠᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠴᠢᠳᠠᠯ᠎ᠤᠨ ᠬᠢᠷᠢ᠎ᠪᠡᠷ᠎ᠢᠶᠡᠨ ᠴᠢᠷᠮᠠᠢᠵᠤ᠂ ᠬᠢᠷᠢ ᠳᠣᠲᠣᠷ᠎ᠠ᠎ᠪᠠᠨ ᠬᠢᠵᠦ᠂ ᠨᠡᠢᠭᠡᠮ᠎ᠦᠨ ᠪᠠᠲᠤᠯᠠᠭ᠎ᠠ᠎ᠶᠢᠨ ᠠᠮᠤᠷ ᠲᠦᠪᠰᠢᠨ᠎ᠦ ᠲᠣᠣᠷ᠎ᠢ ᠨᠢᠭ᠍ᠲᠠ ᠪᠥᠭᠡᠳ ᠪᠠᠲᠤ ᠰᠦᠯᠵᠢᠵᠦ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠪᠦᠬᠦ ᠤᠯᠤᠰ᠎ᠲᠤ ᠨᠢᠭᠡᠳᠦᠯᠲᠡᠢ ᠲᠥᠯᠥᠪᠵᠢᠭᠦᠯᠬᠦ᠎ᠶᠢ ᠵᠢᠷᠤᠮᠵᠢᠭᠤᠯᠤᠨ ᠨᠠᠢᠳᠠᠪᠤᠷᠢᠵᠢᠭᠤᠯᠵᠤ᠂ ᠨᠡᠢᠭᠡᠮ᠎ᠦᠨ ᠳᠠᠭᠠᠳᠬᠠᠯ᠎ᠤᠨ ᠳᠠᠭᠠᠳᠬᠠᠯ᠎ᠳᠤ ᠣᠷᠣᠯᠴᠠᠬᠤ ᠬᠡᠪᠴᠢᠶ᠎ᠡ᠎ᠶᠢ ᠤᠨᠢᠨ ᠳᠡᠭᠡᠷ᠎ᠡ ᠨᠢ ᠥᠷᠭᠡᠳᠬᠡᠬᠦ᠎ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠬᠠᠷᠠᠭᠠᠯᠵᠠᠯ᠎ᠤᠨ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠨᠡᠢᠭᠡᠮ᠎ᠦᠨ ᠳᠠᠭᠠᠳᠬᠠᠯ᠎ᠤᠨ ᠭᠠᠷᠳᠠᠨ ᠭᠦᠢᠴᠡᠳᠬᠡᠬᠦ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ᠎ᠳᠦ ᠨᠡᠩ ᠲᠡᠩᠴᠡᠭᠦᠷᠢᠲᠡᠢ᠂ ᠨᠡᠩ ᠰᠢᠯᠢᠳᠡᠭ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠡᠳ᠋ᠯᠡᠭᠦᠯᠦᠨ᠎ᠡ ᠭᠡᠪᠡ᠃
ᠱᠠᠨᠰᠢ ᠮᠤᠵᠢ᠎ᠶᠢᠨ ᠪᠦᠦ ᠵᠢᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠲᠣᠪᠴᠢᠶᠠᠨ᠎ᠤ ᠳᠠᠷᠤᠭ᠎ᠠ ᠭᠣᠣ ᠴᠢᠩ ᠮᠢᠶᠣᠣ ᠂ ᠪᠦᠦ ᠵᠢᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠪᠦᠦ ᠵᠢᠢ ᠵᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠡᠭᠦᠷᠭᠡ᠎ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠬᠦᠴᠦ᠎ᠪᠡᠨ ᠲᠥᠪᠯᠡᠷᠡᠭᠦᠯᠦᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ ᠬᠠᠲᠠᠭᠤ ᠳᠠᠢᠯᠠᠯᠳᠤᠭᠠᠨ᠎ᠢ ᠰᠠᠢᠲᠤᠷ ᠬᠢᠵᠦ ᠂ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠦᠨ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ ᠠᠵᠢᠯ᠎ᠢ ᠴᠢᠩᠭᠠᠳᠬᠠᠵᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠬᠠᠤᠯᠢ᠎ᠪᠠᠷ ᠲᠣᠭᠲᠠᠭᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠠᠰᠤ᠎ᠶᠢ ᠬᠣᠢᠰᠢᠯᠠᠭᠤᠯᠬᠤ ᠵᠡᠷᠭᠡ ᠥᠭᠡᠷᠡᠴᠢᠯᠡᠯᠲᠡ᠎ᠶᠢ ᠯᠠᠪᠳᠠᠭᠤᠨ᠎ᠢᠶᠠᠷ ᠬᠡᠷᠡᠭᠵᠢᠭᠦᠯᠵᠦ᠂ ᠲᠣᠨᠣᠭᠯᠠᠯ ᠦᠢᠯᠡᠳᠬᠦ ᠦᠢᠯᠡᠰ᠎ᠦᠨ ᠰᠤᠳᠤᠯᠤᠨ ᠨᠡᠭᠡᠭᠡᠵᠦ ᠰᠢᠨ᠎ᠡ᠎ᠶᠢ ᠡᠭᠦᠳᠬᠦ᠎ᠲᠠᠢ ᠤᠶᠠᠯᠳᠤᠭᠤᠯᠤᠨ ᠴᠢᠳᠠᠪᠤᠷᠢᠲᠠᠨ᠎ᠢ ᠬᠥᠮᠥᠵᠢᠭᠦᠯᠦᠨ ᠦᠯᠡᠳᠡᠭᠡᠨ ᠬᠡᠷᠡᠭᠯᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠬᠦᠴᠦᠯᠡᠨ ᠪᠣᠢᠵᠢᠭᠤᠯᠤᠨ ᠪᠤᠢ ᠪᠣᠯᠭᠠᠵᠤ᠂ ᠬᠥᠳᠡᠯᠮᠦᠷᠢ᠎ᠶᠢᠨ ᠡᠷᠬᠡ᠎ᠶᠢ ᠬᠠᠮᠠᠭᠠᠯᠠᠬᠤ᠂ ᠴᠠᠯᠢᠩ ᠥᠷᠢᠲᠦᠬᠦ᠎ᠶᠢ ᠵᠠᠰᠠᠬᠤ᠂ ᠵᠠᠬᠢᠳᠠᠯ ᠰᠣᠷᠪᠤᠯᠵᠢᠯᠠᠭ᠎ᠠ᠎ᠪᠠᠷ ᠲᠣᠭᠲᠠᠭᠤᠨ ᠪᠠᠢᠳᠠᠯ᠎ᠢ ᠬᠠᠮᠠᠭᠠᠯᠠᠬᠤ᠎ᠶᠢ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ ᠪᠠ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠂ ᠤᠯᠠᠨ ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠰᠠᠢᠵᠢᠷᠠᠭᠤᠯᠤᠨ ᠳᠡᠭᠡᠭᠰᠢᠯᠡᠭᠦᠯᠬᠦ᠎ᠳᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ ᠴᠢᠳᠠᠯ᠎ᠢᠶᠡᠨ ᠨᠡᠮᠡᠷᠢᠯᠡᠨ᠎ᠡ ᠭᠡᠪᠡ᠃
《 ᠳᠤᠮᠳᠠᠳᠤ ᠤᠯᠤᠰ᠎ᠤᠨ ᠳᠤᠮᠳᠠ ᠵᠡᠷᠭᠡ᠎ᠶᠢᠨ ᠮᠠᠰᠢᠨ ᠲᠡᠷᠭᠡᠨ᠎ᠦ ᠳᠡᠭᠡᠳᠦ ᠬᠤᠷᠳᠤᠴᠠᠲᠤ ᠲᠡᠮᠦᠷ ᠵᠠᠮ᠎ᠤᠨ ᠳᠠᠷᠬᠠᠨ ᠪᠣᠯᠤᠭᠰᠠᠨ᠎ᠤ ᠬᠤᠪᠢ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠬᠤ᠎ᠪᠠᠷ ᠳᠡᠮᠵᠢᠨ᠂ ᠢᠯᠠᠩᠭᠤᠶ᠎ᠠ ᠪᠥᠬᠥᠳᠡ ᠬᠤᠷᠠᠯ᠎ᠠᠴᠠ ᠳᠤᠷᠠᠳᠤᠭᠰᠠᠨ 〈 ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭᠵᠢᠬᠦ᠎ᠶᠢ ᠲᠦᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠥᠲᠥᠯᠥᠨ ᠵᠢᠯᠣᠭᠣᠳᠤᠨ᠎ᠠ 〉 ᠭᠡᠳᠡᠭ᠎ᠢᠶᠡᠷ ᠳᠡᠮᠵᠢᠨ᠂ ᠪᠢ ᠲᠤᠬᠠᠢᠯᠠᠭᠰᠠᠨ ᠠᠵᠢᠯ᠎ᠤᠨ ᠥᠷᠲᠡᠭ᠎ᠢᠶᠡᠨ ᠳᠡᠭᠡᠳᠦ ᠬᠡᠮᠵᠢᠶ᠎ᠡ᠎ᠪᠡᠷ ᠮᠡᠳᠡᠷᠡᠭᠰᠡᠨ᠎ᠳᠡᠭᠡᠨ ᠤᠷᠮᠠᠰᠢᠨ ᠵᠣᠷᠢᠭ᠍ᠵᠢᠵᠤ᠂ ᠨᠠᠩ ᠴᠤ᠌ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠭᠰᠡᠨ᠎ᠳᠡᠭᠡᠨ ᠣᠮᠣᠭ᠍ᠰᠢᠨ ᠵᠣᠷᠢᠭ᠍ᠵᠢᠵᠤ ᠪᠠᠢᠨ᠎ᠠ 》 ᠭᠡᠵᠦ ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠰᠧ ᠹᠠᠩ ᠬᠤᠪᠢ ᠣᠷᠣᠭᠤᠯᠤᠭᠰᠠᠨ ᠺᠣᠮᠫᠠᠨᠢ᠎ᠶᠢᠨ ᠪᠦᠬᠦ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ ᠯᠢ ᠴᠢ ᠱᠢ ᠬᠡᠯᠡᠪᠡ᠃
ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠨᠢ ᠤᠷ᠎ᠠ ᠮᠡᠷᠭᠡᠵᠢᠯ᠎ᠦᠨ ᠠᠵᠢᠯᠴᠢᠳ᠎ᠲᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠂ ᠲᠡᠷᠡ ᠦᠷᠭᠦᠯᠵᠢᠯᠡᠨ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠤᠯᠠᠮᠵᠢᠯᠠᠯᠲᠤ ᠤᠷ᠎ᠠ ᠮᠡᠷᠭᠡᠵᠢᠯ ᠪᠣᠯᠣᠨ ᠣᠶᠤᠨᠴᠢ ᠮᠡᠷᠭᠡᠵᠢᠯ᠎ᠢ ᠤᠶᠠᠯᠳᠤᠭᠤᠯᠵᠤ᠂ ᠵᠠᠩᠭᠢᠯᠠᠭ᠎ᠠ᠎ᠶᠢᠨ ᠮᠡᠷᠭᠡᠵᠢᠯ᠎ᠦᠨ ᠲᠠᠯ᠎ᠠ᠎ᠪᠠᠷ ᠳᠠᠬᠢᠨᠲᠠ ᠰᠢᠪᠲᠤᠯᠤᠯᠲᠠ ᠭᠠᠷᠭᠠᠵᠤ᠂ 《 ᠤᠯᠠᠮᠵᠢᠯᠠᠬᠤ ᠬᠠᠪᠰᠤᠷᠬᠤ ᠳᠠᠭᠠᠭᠤᠯᠬᠤ 》 ᠶ᠋ᠢ ᠰᠠᠢᠲᠤᠷ ᠬᠢᠵᠦ᠂ ᠨᠠᠷᠢᠯᠢᠭ᠋ ᠤᠷ᠎ᠠ ᠮᠡᠷᠭᠡᠵᠢᠯ᠎ᠢᠶᠡᠷ 《 ᠳᠤᠮᠳᠠᠳᠤ ᠤᠯᠤᠰ᠎ᠤᠨ ᠬᠤᠷᠳᠤᠴᠠ 》 ᠶ᠋ᠢ ᠬᠠᠮᠠᠭᠠᠯᠠᠵᠤ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠤᠷᠠᠨ ᠳᠠᠷᠬᠠᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠯᠢ ᠴᠢ ᠱᠢ ᠡᠷᠡᠰ ᠪᠠᠲᠤ ᠢᠯᠡᠳᠬᠡᠵᠡᠢ᠃ ( ᠸᠠᠩ ᠶᠦᠩ )