2021 ︱ 2025 ᠣᠨ᠎ᠳᠤ᠂ ᠪᠠᠰᠠ ᠨᠢᠭᠡ ᠬᠤᠭᠤᠴᠠᠭᠠᠨ᠎ᠤ ᠲᠠᠪᠤᠨ ᠵᠢᠯ᠎ᠦᠨ ᠲᠡᠮᠡᠴᠡᠯ᠎ᠦᠨ ᠠᠶᠠᠨ ᠰᠢᠪᠲᠤᠷᠭᠠᠨ᠎ᠳᠠᠭᠠᠨ ᠣᠷᠣᠵᠤ᠂ ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ᠎ᠶᠢᠨ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ ᠤᠳᠠᠯ ᠦᠭᠡᠢ ᠳᠠᠭᠤᠰᠬᠤ ᠭᠡᠵᠦ ᠪᠠᠢᠨ᠎ᠠ᠃ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠨᠡ ᠲᠠᠪᠤᠨ ᠵᠢᠯ᠎ᠳᠦ᠂ ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠤᠨ ᠪᠠᠢᠭᠤᠯᠤᠯᠲᠠ ᠲᠦᠷᠭᠡᠨ᠎ᠦ ᠵᠠᠮ᠎ᠳᠤ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠢᠯᠡ ᠲᠣᠳᠣ᠌ ᠳᠤᠮᠳᠠᠳᠤ ᠤᠯᠤᠰ᠎ᠤᠨ ᠣᠨᠴᠠᠯᠢᠭ᠋᠎ᠲᠠᠢ᠂ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠴᠢᠳᠠᠮᠵᠢ᠎ᠪᠠᠷ ᠪᠦᠷᠢᠨ ᠲᠡᠭᠦᠯᠳᠡᠷ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠠᠮᠵᠢᠯᠲᠠ᠎ᠲᠠᠢ ᠪᠠᠢᠭᠤᠯᠪᠠ᠃
ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ᠎ᠶᠢᠨ ᠬᠣᠭᠣᠷᠣᠨᠳᠣᠬᠢ ᠵᠥᠷᠢᠴᠡᠯ᠎ᠢ ᠰᠢᠢᠳᠪᠦᠷᠢᠯᠡᠬᠦ᠎ᠶᠢᠨ ᠲᠥᠯᠥᠭᠡ᠂ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠪᠠᠢᠭᠤᠯᠤᠯᠲᠠ᠎ᠳᠤ ᠰᠢᠨ᠎ᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ 《 ᠪᠦᠬᠦ ᠠᠷᠠᠳ᠎ᠢ ᠪᠦᠷᠬᠦᠭᠰᠡᠨ᠂ ᠬᠤᠳᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠯ᠎ᠲᠠᠢ᠂ ᠦᠷᠭᠦᠯᠵᠢᠯᠡᠬᠦ ᠤᠯᠠᠨ ᠲᠡᠰ ᠳᠠᠪᠬᠤᠷᠭ᠎ᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠦᠨ᠎ᠡ 》᠂ 《 ᠦᠨᠳᠦᠰᠦᠨ ᠨᠠᠰᠤᠵᠢᠯ᠎ᠤᠨ ᠳᠠᠭᠠᠳᠬᠠᠯ᠎ᠢ ᠪᠦᠬᠦ ᠤᠯᠤᠰ᠎ᠲᠤ ᠨᠢᠭᠡᠳᠦᠯᠲᠡᠢ ᠲᠥᠯᠥᠪᠵᠢᠭᠦᠯᠬᠦ ᠳᠦᠷᠢᠮ᠎ᠢ ᠲᠡᠭᠦᠯᠳᠡᠷᠵᠢᠭᠦᠯᠦᠨ᠎ᠡ 》᠂ 《 ᠤᠯᠠᠨ ᠲᠡᠰ ᠳᠠᠪᠬᠤᠷᠭ᠎ᠠ᠎ᠶᠢᠨ᠂ ᠤᠯᠠᠨ ᠲᠤᠯᠭᠠᠭᠤᠷᠢᠲᠤ ᠨᠠᠰᠤᠵᠢᠯ᠎ᠤᠨ ᠳᠠᠭᠠᠳᠬᠠᠯ᠎ᠤᠨ ᠰᠢᠰᠲᠧᠮ᠎ᠢ ᠬᠥᠭᠵᠢᠭᠦᠯᠦᠨ᠎ᠡ 》 ᠭᠡᠵᠦ ᠲᠣᠳᠣᠷᠬᠠᠢ ᠳᠤᠷᠠᠳᠤᠨ ᠭᠠᠷᠭᠠᠵᠠᠢ᠁ ᠁ ᠲᠠᠪᠤᠨ ᠵᠢᠯ᠎ᠦᠨ ᠲᠤᠷᠰᠢ᠂ ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠪᠦᠷᠬᠦᠴᠡ᠎ᠶᠢᠨ ᠥᠷᠭᠡᠴᠡ᠂ ᠪᠠᠲᠤᠯᠠᠭ᠎ᠠ᠎ᠶᠢᠨ ᠡᠷᠴᠢᠮ᠂ ᠦᠢᠯᠡᠴᠢᠯᠡᠭᠡᠨ᠎ᠦ ᠨᠠᠷᠢᠯᠢᠭ᠋᠎ᠤᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠨᠦᠭᠦᠳ᠎ᠢᠶᠡᠷ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠪᠡ᠃
ᠨᠡᠢᠭᠡᠮ᠎ᠦᠨ ᠪᠠᠲᠤᠯᠠᠭ᠎ᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠤᠯᠠᠮ ᠲᠡᠭᠦᠯᠳᠡᠷᠵᠢᠭᠦᠯᠪᠡ
《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠡᠦᠬᠡ᠎ᠶᠢ ᠡᠷᠭᠢᠴᠡᠭᠦᠯᠬᠦᠶ᠎ᠡ᠂ ᠡᠨᠡ ᠲᠠᠪᠤᠨ ᠵᠢᠯ ᠨᠢ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠦ ᠥᠭᠡᠷᠡᠴᠢᠯᠡᠯᠲᠡ᠎ᠶᠢᠨ ᠡᠷᠴᠢᠮ᠎ᠢᠶᠡᠷ ᠬᠠᠮᠤᠭ᠎ᠤᠨ ᠶᠡᠬᠡ ᠵᠠᠩᠭᠢᠯᠠᠭ᠎ᠠ᠎ᠶᠢᠨ ᠬᠤᠭᠤᠴᠠᠭ᠎ᠠ ᠪᠣᠯᠬᠤ ᠨᠢ ᠵᠠᠢᠯᠠᠰᠢ ᠦᠭᠡᠢ ᠶᠤᠮ᠂ ᠢᠯᠡ ᠲᠣᠳᠣ᠌ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠣᠯᠵᠤ᠂ ᠲᠡᠦᠬᠡ᠎ᠶᠢᠨ ᠬᠠᠭᠤᠳᠠᠰᠤᠨ᠎ᠳᠤ ᠲᠡᠮᠳᠡᠭᠯᠡᠭᠳᠡᠬᠦ ᠨᠢ ᠯᠠᠪᠲᠠᠢ ᠶᠤᠮ᠃
2021 ᠣᠨ᠎ᠳᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ᠎ᠳᠦ᠂ ᠳᠤᠮᠳᠠᠳᠤ ᠤᠯᠤᠰ ᠊ᠣᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠠ ᠲᠣᠪᠴᠢᠶ᠎ᠠ ᠪᠦᠬᠦ ᠠᠷᠠᠳ᠎ᠢ ᠬᠠᠮᠤᠷᠤᠭᠰᠠᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠲᠤᠬᠠᠢ ᠬᠠᠮᠲᠤ᠎ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠭ᠍ᠰᠠᠨ ᠨᠢ ᠬᠡᠷᠡᠯᠳᠦ ᠴᠠᠮᠬᠠᠭ ᠡᠮᠦᠨᠡᠬᠢ ᠵᠠᠮ᠎ᠢ ᠭᠡᠷᠡᠯᠲᠦᠭᠦᠯᠬᠦ ᠲᠠᠢ ᠠᠳᠠᠯᠢ᠎ᠪᠠᠷ ᠳᠤᠮᠳᠠᠳᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠬᠥᠭᠵᠢᠯᠲᠡ᠎ᠶᠢᠨ ᠲᠡᠦᠬᠡᠨ᠎ᠳᠦ ᠬᠥᠰᠢᠶ᠎ᠡ ᠳᠤᠷᠠᠰᠬᠠᠯ᠎ᠤᠨ ᠴᠢᠨᠠᠷᠲᠠᠢ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠲᠠᠢ ᠪᠠᠢᠵᠤ᠂ ᠣᠨᠣᠯ᠂ ᠳᠦᠷᠢᠮ᠂ ᠦᠢᠯᠡᠳᠦᠯᠭᠡ ᠵᠡᠷᠭᠡ ᠭᠤᠷᠪᠠᠨ ᠲᠠᠯ᠎ᠠ᠎ᠠᠴᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ᠎ᠳᠦ ᠪᠠᠲᠤ ᠰᠠᠭᠤᠷᠢ ᠲᠠᠯᠪᠢᠵᠤ᠂ ᠴᠢᠭᠯᠡᠯ᠎ᠢ ᠲᠣᠳᠣᠷᠬᠠᠢ ᠵᠢᠭᠠᠭᠰᠠᠨ ᠪᠠᠢᠨ᠎ᠠ᠃
ᠶᠡᠷᠦᠩᠬᠡᠢ ᠱᠦᠵᠢ ᠰᠢ᠎ᠵᠢᠨ᠎ᠫᠢᠩ᠎ᠦᠨ ᠪᠠᠢᠷᠢᠭᠤᠯᠤᠯ ᠵᠢᠯᠣᠭᠣᠳᠤᠯᠭ᠎ᠠ ᠳᠣᠣᠷ᠎ᠠ᠂ 《 ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ ᠥᠭᠡᠷᠡᠴᠢᠯᠡᠯᠲᠡ ᠨᠢ ᠰᠢᠰᠲᠧᠮ᠎ᠲᠠᠢ ᠬᠤᠷᠠᠭᠤᠯᠬᠤ᠂ ᠬᠠᠮᠵᠢᠯᠴᠠᠨ ᠥᠨᠳᠥᠷ ᠪᠦᠲᠦᠮᠵᠢᠲᠡᠶ ᠪᠠᠢᠬᠤ ᠲᠠᠯ᠎ᠠ᠎ᠪᠠᠷ ᠨᠠᠩ ᠶᠡᠬᠡ ᠬᠦᠴᠦ ᠣᠷᠣᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠦᠷᠭᠦᠯᠵᠢᠯᠡᠬᠦ ᠴᠢᠨᠠᠷ ᠂ ᠬᠦᠷᠴᠦ ᠪᠣᠯᠬᠤᠢᠴᠠ ᠴᠢᠨᠠᠷ ᠂ ᠠᠮᠤᠷ ᠲᠦᠪᠰᠢᠨ ᠴᠢᠨᠠᠷ᠂ ᠳᠥᠭᠥᠮ ᠳᠥᠲᠡ ᠴᠢᠨᠠᠷ᠂ ᠵᠢᠷᠤᠮᠵᠢᠯᠳᠤ ᠴᠢᠨᠠᠷ᠎ᠢ ᠲᠠᠰᠤᠷᠠᠯᠲᠠ ᠦᠭᠡᠢ ᠴᠢᠩᠭᠠᠷᠠᠭᠤᠯᠪᠠ᠃ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠬᠠᠮᠲᠤ᠎ᠶᠢᠨ ᠲᠠᠨᠢᠯᠲᠠ᠎ᠪᠠᠨ ᠥᠷᠭᠡᠨ᠎ᠢᠶᠡᠷ ᠨᠢᠭ᠍ᠲᠠᠷᠠᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠥᠭᠡᠷᠡᠴᠢᠯᠡᠯᠲᠡ᠎ᠶᠢᠨ ᠦᠨᠡᠨ ᠪᠣᠳᠠᠲᠠᠢ ᠰᠢᠪᠲᠤᠯᠤᠯᠲᠠ᠎ᠲᠠᠢ ᠪᠣᠯᠬᠤ᠎ᠶᠢ ᠲᠦᠯᠬᠢᠨ ᠠᠬᠢᠭᠤᠯᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠪᠠ᠃
ᠨᠢᠳᠤᠨᠤᠨ᠎ᠤ 9 ᠰᠠᠷ᠎ᠠ᠎ᠶᠢᠨ 13᠎ᠤ ᠡᠳᠦᠷ᠂ ᠪᠦᠬᠦ ᠤᠯᠤᠰ ᠊ᠣᠠ ᠠᠷᠠᠳ ᠊ᠣᠠ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠵᠢᠠ ᠬᠣᠷᠢᠶᠠᠨ᠎ᠤ ᠬᠤᠷᠠᠯᠳᠤᠭᠠᠨ᠎ᠠᠴᠠ ᠬᠠᠤᠯᠢ᠎ᠪᠠᠷ ᠲᠣᠭᠲᠠᠭᠠᠭᠰᠠᠨ ᠠᠵᠢᠯ᠎ᠠᠴᠠ᠎ᠪᠠᠨ ᠠᠮᠠᠷᠠᠬᠤ ᠨᠠᠰᠤ᠎ᠶᠢ ᠠᠭᠠᠵᠢᠮ᠎ᠢᠶᠠᠷ ᠬᠣᠢᠰᠢᠯᠠᠭᠤᠯᠬᠤ ᠰᠢᠢᠳᠪᠦᠷᠢ ᠭᠠᠷᠭᠠᠪᠠ᠃ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠣᠯᠪᠣᠭᠳᠠᠬᠤ ᠡᠨᠡ ᠬᠦ᠌ ᠴᠢᠬᠤᠯᠠ ᠶᠡᠬᠡ ᠥᠭᠡᠷᠡᠴᠢᠯᠡᠯᠲᠡ ᠵᠢᠩᠬᠢᠨᠢ᠎ᠪᠡᠷ ᠡᠬᠢᠯᠡᠵᠦ᠂ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠳᠦᠷᠢᠮ᠎ᠦᠨ ᠥᠭᠡᠷᠡᠴᠢᠯᠡᠯᠲᠡ᠎ᠶᠢᠨ ᠲᠡᠦᠬᠡᠨ᠎ᠳᠦ ᠥᠩᠭᠡ ᠢᠯᠭᠠᠷᠠᠮ᠎ᠠ ᠬᠠᠭᠤᠳᠠᠰᠤ᠎ᠶᠢ ᠦᠯᠡᠳᠡᠭᠡᠭᠰᠡᠨ ᠪᠠᠢᠨ᠎ᠠ᠃
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠲᠣᠪᠴᠢ᠎ᠳᠤ ᠲᠣᠳᠣᠷᠬᠠᠢ ᠲᠣᠭᠲᠠᠭᠠᠭᠰᠠᠨ ᠴᠢᠬᠤᠯᠠ ᠶᠡᠬᠡ ᠥᠭᠡᠷᠡᠴᠢᠯᠡᠯᠲᠡ᠎ᠶᠢᠨ ᠡᠭᠦᠷᠭᠡ ᠪᠣᠯᠤᠭᠰᠠᠨ᠎ᠤ ᠬᠤᠪᠢ᠎ᠳᠤ᠂ 2022 ᠣᠨ᠎ᠤ 1 ᠰᠠᠷ᠎ᠠ᠎ᠠᠴᠠ ᠡᠬᠢᠯᠡᠨ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠪᠥᠬᠥ ᠤᠯᠤᠰ᠎ᠲᠤ ᠨᠢᠭᠡᠳᠦᠯᠲᠡᠢ ᠲᠥᠯᠥᠪᠯᠡᠨ ᠡᠬᠢᠯᠡᠨ ᠬᠡᠷᠡᠭᠵᠢᠭᠦᠯᠵᠦ᠂ ᠲᠥᠪ᠎ᠡᠴᠡ ᠲᠣᠬᠢᠷᠠᠭᠤᠯᠬᠤ ᠲᠣᠭᠲᠠᠴᠠ᠎ᠶᠢ ᠪᠠᠶ᠋ᠢᠭᠤᠯᠬᠤ᠎ᠪᠠᠷ ᠳᠠᠮᠵᠢᠭᠤᠯᠤᠨ ᠰᠠᠭᠤᠷᠢ ᠮᠥᠩᠭᠥ᠎ᠶᠢ ᠪᠥᠬᠥ ᠤᠯᠤᠰ᠎ᠲᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ᠎ᠶᠢ ᠪᠡᠶᠡᠯᠡᠭᠦᠯᠵᠦ᠂ ᠮᠤᠵᠢ᠎ᠶᠢᠨ ᠬᠣᠭᠣᠷᠣᠨᠳᠣᠬᠢ ᠰᠠᠭᠤᠷᠢ ᠮᠥᠩᠭᠥ᠎ᠶᠢᠨ ᠣᠷᠣᠯᠭ᠎ᠠ ᠵᠠᠷᠤᠯᠭ᠎ᠠ᠎ᠶᠢᠨ ᠲᠡᠩᠴᠡᠭᠦᠷᠢ᠎ᠪᠡᠨ ᠠᠯᠳᠠᠭᠰᠠᠨ ᠬᠦᠴᠢᠷ ᠠᠰᠠᠭᠤᠳᠠᠯ᠎ᠢ ᠰᠢᠢᠳᠪᠦᠷᠢᠯᠡᠨ᠂ ᠳᠠᠭᠠᠳᠬᠠᠯ᠎ᠳᠤ ᠣᠷᠣᠯᠴᠠᠭᠰᠠᠨ 10 ᠳ᠋ᠦᠩᠰᠢᠭᠤᠷ ᠭᠠᠷᠤᠢ ᠬᠥᠮᠥᠰ᠎ᠢ ᠬᠠᠮᠤᠷᠪᠠ᠃
ᠮᠠᠨ᠎ᠤ ᠤᠯᠤᠰ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠳᠦᠷᠢᠮ᠎ᠳᠦ 《 ᠪᠠᠢᠬᠤ᠎ᠠᠴᠠ ᠰᠠᠢᠵᠢᠷᠠᠬᠤ 》 ᠬᠤᠪᠢᠷᠠᠯᠲᠠ᠎ᠶᠢ ᠪᠡᠶᠡᠯᠡᠭᠦᠯᠵᠦ᠂ ᠳᠦᠷᠢᠮ᠎ᠦᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠢᠷᠡᠵᠦ᠂ ᠲᠦᠷᠦ᠎ᠶᠢᠨ ᠪᠣᠳᠣᠯᠭ᠎ᠠ᠎ᠶᠢᠨ ᠰᠢᠰᠲᠧᠮ ᠲᠠᠰᠤᠷᠠᠯᠲᠠ ᠦᠭᠡᠢ ᠲᠡᠭᠦᠯᠳᠡᠷᠵᠢᠵᠦ᠂ ᠪᠠᠭᠤᠷᠠᠢ᠎ᠶᠢ ᠲᠡᠳᠬᠦᠵᠦ ᠬᠦᠴᠢᠷᠳᠡᠯᠲᠡᠢ᠎ᠶᠢ ᠲᠤᠰᠠᠯᠠᠬᠤ᠂ ᠭᠠᠷᠲᠠᠨ ᠭᠦᠢᠴᠡᠳᠬᠡᠬᠦ ᠦᠢᠯᠡᠴᠢᠯᠡᠭᠡ᠎ᠶᠢ ᠰᠢᠯᠢᠳᠡᠭᠵᠢᠭᠦᠯᠬᠦ᠂ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ᠎ᠶᠢ ᠴᠢᠩᠭᠠᠳᠬᠠᠬᠤ᠂ ᠤᠬᠠᠭᠤᠯᠵᠤ ᠬᠥᠲᠥᠯᠥᠨ ᠵᠢᠯᠤᠭᠣᠳᠬᠤ ᠵᠡᠷᠭᠡ ᠲᠠᠯ᠎ᠠ᠎ᠪᠠᠷ ᠢᠯᠡᠳᠲᠡ ᠠᠮᠵᠢᠯᠲᠠ ᠪᠦᠲᠦᠮᠵᠢ ᠣᠯᠵᠠᠢ᠃
ᠬᠤᠪᠧᠢ ᠮᠤᠵᠢ ᠬᠤᠲᠠ ᠬᠥᠳᠡᠭᠡ᠎ᠶᠢᠨ ᠬᠣᠷᠢᠭ᠎ᠠ ᠰᠠᠭᠠᠳ᠎ᠢ ᠡᠪᠳᠡᠵᠦ᠂ ᠰᠠᠭᠤᠭᠠᠯᠢ ᠠᠷᠠᠳ᠎ᠤᠨ ᠠᠮᠢᠳᠤᠯᠢᠭ᠋᠎ᠢᠶᠠᠷ ᠠᠵᠢᠯ ᠣᠯᠣᠭᠰᠠᠳ᠎ᠤᠨ ᠬᠤᠪᠢ᠎ᠪᠠᠷ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠬᠤ᠎ᠶᠢ ᠵᠥᠪᠰᠢᠶᠡᠷᠡᠵᠦ᠂ ᠰᠠᠭᠤᠷᠢ ᠮᠥᠩᠭᠥᠨ᠎ᠦ ᠪᠡᠯᠡ ᠣᠷᠣᠭᠤᠯᠤᠯᠲᠠ᠎ᠶᠢᠨ ᠡᠵᠡᠩᠨᠡᠯᠲᠡ᠎ᠶᠢ ᠰᠦᠪᠡᠭᠴᠢᠯᠡᠵᠦ᠂ ᠬᠤᠪᠢ ᠬᠥᠮᠥᠨ᠎ᠦ ᠰᠦᠢᠳᠬᠡᠯ ᠲᠤᠰᠢᠶᠠᠬᠤ ᠪᠠᠷᠢᠮᠵᠢᠶ᠎ᠠ᠎ᠶᠢ ᠬᠥᠳᠡᠯᠦᠩᠭᠦᠢ᠎ᠪᠡᠷ ᠲᠣᠬᠢᠷᠠᠭᠤᠯᠬᠤ ᠪᠠ ᠵᠠᠰᠠᠭ᠎ᠤᠨ ᠣᠷᠳᠣᠨ᠎ᠤ ᠨᠥᠬᠥᠪᠦᠷᠢ᠎ᠶᠢ ᠵᠥᠪ ᠴᠢᠭᠯᠡᠯ᠎ᠢᠶᠡᠷ ᠤᠷᠮᠠᠰᠢᠭᠤᠯᠬᠤ ᠰᠠᠢᠨ ᠰᠠᠢᠬᠠᠨ ᠲᠣᠭᠲᠠᠴᠠ᠎ᠶᠢ ᠪᠠᠢᠭᠤᠯᠪᠠ᠃
ᠭᠠᠨᠰᠤ ᠮᠤᠵᠢ 《 ᠢᠨᠲᠧᠷ ᠰᠦᠯᠵᠢᠶ᠎ᠡ + ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠳᠠᠭᠠᠳᠬᠠᠯ 》᠎ᠤᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ᠎ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠳᠠᠭᠠᠳᠬᠠᠯ᠎ᠳᠤ ᠣᠷᠣᠯᠴᠠᠬᠤ ᠳᠠᠩᠰᠠᠯᠠᠯᠲᠠ᠎ᠶᠢ ᠪᠥᠬᠥ ᠮᠤᠵᠢ᠎ᠳᠤ ᠨᠡᠢᠳᠡᠮ ᠭᠦᠢᠴᠡᠳᠬᠡᠬᠦ ᠂ ᠭᠠᠷᠲᠠᠨ ᠭᠦᠢᠴᠡᠳᠬᠡᠬᠦ᠎ᠶᠢ 《 ᠴᠠᠭᠠᠰᠤ ᠬᠡᠷᠡᠭᠯᠡᠬᠦ ᠦᠭᠡᠢ ᠪᠣᠯᠭᠠᠬᠤ 》᠎ᠶᠢ ᠪᠡᠶᠡᠯᠡᠭᠦᠯᠵᠦ ᠂ ᠲᠣᠭ᠎ᠠ ᠪᠠᠷᠢᠮᠲᠠ᠎ᠶᠢᠨ ᠬᠠᠷᠭᠤᠭᠤᠯᠤᠯᠲᠠ᠎ᠢᠶᠠᠷ ᠳᠠᠮᠵᠢᠭᠤᠯᠤᠨ ᠨᠠᠷᠢᠯᠢᠭ᠋ ᠣᠨᠣᠴᠠᠲᠠᠢ᠎ᠪᠠᠷ ᠥᠷᠭᠡᠳᠬᠡᠬᠦ᠎ᠶᠢ ᠲᠦᠯᠬᠢᠨ ᠠᠬᠢᠭᠤᠯᠵᠤ᠂ 《 ᠪᠠᠲᠤᠯᠠᠬᠤ ᠶᠣᠰᠣᠲᠠᠢ᠎ᠶᠢ ᠨᠢ ᠴᠥᠮ ᠪᠠᠲᠤᠯᠠᠬᠤ 》᠎ᠪᠠᠷ ᠴᠢᠷᠮᠠᠢᠵᠤ ᠪᠠᠢᠨ᠎ᠠ᠃
ᠡᠨᠡ ᠵᠢᠯ᠎ᠦᠨ 5 ᠳ᠋ᠤᠭᠠᠷ ᠰᠠᠷ᠎ᠠ᠎ᠳᠤ ᠂ ᠱᠠᠩᠬᠠᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ IP ᠳᠦᠷᠢ ᠲᠥᠷᠬᠦ 《 ᠱᠠᠩᠬᠠᠢ ᠰᠢᠶᠣᠣ ᠮᠠᠨ 》᠎ᠢ ᠨᠡᠢᠲᠡᠯᠡᠪᠡ᠂ ᠡᠭᠦᠨ᠎ᠦ ᠠᠷᠤ᠎ᠳᠤ ᠱᠠᠩᠬᠠᠢ᠎ᠶᠢᠨ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠲᠤᠰᠢᠶᠠᠭᠰᠠᠨ ᠬᠠᠳᠠᠭᠠᠯᠠᠮᠵᠢ ᠨᠡᠶ᠋ᠢᠲᠡ 180 ᠳ᠋ᠦᠩᠰᠢᠭᠤᠷ ᠲᠥᠭᠥᠷᠢᠭ᠎ᠢ ᠳᠠᠪᠠᠵᠤ ᠂ ᠬᠥᠮᠥᠨ ᠳᠤᠮᠳᠠᠴᠢ᠎ᠶᠢᠨ ᠲᠤᠰᠢᠶᠠᠨ ᠬᠠᠳᠠᠭᠠᠯᠠᠭᠤᠯᠤᠭᠰᠠᠨ ᠲᠣᠭ᠎ᠠ ᠪᠠᠷᠤᠭ 1 ᠲᠦᠮᠡᠨ ᠲᠥᠭᠥᠷᠢᠭ ᠬᠦᠷᠴᠦ ᠂ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠢᠰᠲᠧᠮ᠎ᠦᠨ 《 ᠭᠤᠷᠪᠠᠳᠤᠭᠠᠷ ᠲᠤᠯᠭᠠᠭᠤᠷᠢ 》 ᠵᠢᠨ ᠭᠣᠣᠯᠯᠠᠬᠤ ᠳᠦᠷᠢᠮ ᠪᠣᠯᠤᠭᠰᠠᠨ᠎ᠤ ᠬᠤᠪᠢ᠎ᠳᠤ᠂ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ 2022 ᠣᠨ᠎ᠤ 11 ᠳ᠋ᠦ᠍ᠭᠡᠷ ᠰᠠᠷ᠎ᠠ᠎ᠳᠤ 36 ᠬᠣᠲᠠ ( ᠭᠠᠵᠠᠷ ᠣᠷᠣᠨ )᠎ᠳᠤ ᠡᠬᠢᠯᠡᠨ ᠲᠤᠷᠰᠢᠨ ᠬᠡᠷᠡᠭᠵᠢᠭᠦᠯᠵᠦ᠂ 《 ᠵᠠᠰᠠᠭ᠎ᠤᠨ ᠣᠷᠳᠣᠨ᠎ᠤ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ + ᠬᠤᠪᠢ ᠬᠥᠮᠥᠨ ᠰᠠᠢᠨ ᠳᠤᠷ᠎ᠠ᠎ᠠᠴᠠ᠎ᠪᠠᠨ ᠣᠷᠣᠯᠴᠠᠬᠤ + ᠵᠠᠬ᠎ᠠ ᠳᠡᠯᠭᠡᠭᠦᠷᠴᠢᠯᠡᠨ ᠡᠵᠡᠩᠨᠡᠬᠦ 》 ᠰᠢᠨ᠎ᠡ᠎ᠶᠢ ᠡᠭᠦᠳᠬᠦ ᠵᠠᠭᠪᠤᠷ᠎ᠢᠶᠠᠷ ᠣᠯᠠᠨ ᠲᠦᠮᠡᠨ᠎ᠳᠦ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠂ ᠠᠵᠤ ᠠᠬᠤᠢᠯᠠᠯ ( ᠠᠵᠢᠯ ᠮᠡᠷᠭᠡᠵᠢᠯ )᠎ᠤᠨ ᠣᠨ᠎ᠤ ᠮᠥᠩᠭᠥ᠎ᠡᠴᠡ ᠭᠠᠳᠠᠨᠠᠬᠢ ᠨᠠᠰᠤᠵᠢᠯ᠎ᠤᠨ ᠠᠰᠠᠷᠠᠮᠵᠢ᠎ᠶᠢᠨ ᠨᠥᠬᠥᠪᠦᠷᠢ᠎ᠶᠢᠨ 《 ᠰᠢᠨ᠎ᠡ ᠰᠣᠩᠭᠣᠯᠲᠠ 》 ᠬᠠᠩᠭᠠᠪᠠ ᠃ 2024 ᠣᠨ᠎ᠤ 12 ᠳ᠋ᠤᠭᠠᠷ ᠰᠠᠷ᠎ᠠ᠎ᠳᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ 《 ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ ᠂ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ ᠨᠢ ᠲᠤᠷᠰᠢᠯᠲᠠ᠎ᠶᠢᠨ ᠬᠣᠲᠠ᠎ᠠᠴᠠ ᠪᠥᠬᠥ ᠤᠯᠤᠰ᠎ᠲᠤ ᠳᠡᠯᠭᠡᠷᠡᠭᠦᠯᠵᠦ ᠂ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠢᠰᠲᠧᠮ᠎ᠦᠨ 《 ᠳᠦᠷᠢᠮ᠎ᠦᠨ ᠳᠤᠲᠠᠭᠤᠳᠠᠯ 》᠎ᠢ ᠲᠤᠢᠯᠪᠤᠷᠢᠲᠠᠢ ᠨᠥᠬᠥᠪᠦᠷᠢᠯᠡᠪᠡ᠃
ᠨᠡᠢᠭᠡᠮ᠎ᠦᠨ ᠪᠠᠲᠤᠯᠠᠭ᠎ᠠ᠎ᠶᠢᠨ ᠠᠮᠤᠷ ᠲᠦᠪᠰᠢᠨ᠎ᠦ ᠲᠣᠣᠷ᠎ᠢ ᠪᠠᠲᠤ ᠪᠡᠬᠢ ᠰᠦᠯᠵᠢᠵᠦ ᠥᠷᠭᠡᠨ ᠤᠯᠠᠨ ᠠᠷᠠᠳ ᠲᠦᠮᠡᠨ᠎ᠳᠦ ᠨᠡᠩ ᠨᠠᠢᠳᠠᠪᠤᠷᠢᠲᠠᠢ᠂ ᠨᠡᠩ ᠭᠦᠢᠴᠡᠳ ᠨᠡᠢᠭᠡᠮ᠎ᠦᠨ ᠪᠠᠲᠤᠯᠠᠭ᠎ᠠ᠎ᠶᠢ ᠬᠠᠩᠭᠠᠪᠠ
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠳᠡᠯᠡᠬᠡᠢ᠎ᠶᠢᠨ ᠪᠠ ᠤᠯᠤᠰ᠎ᠤᠨ ᠳᠣᠲᠣᠭᠠᠳᠤ᠎ᠶᠢᠨ ᠨᠠᠷᠢᠨ ᠪᠤᠳᠤᠯᠢᠶᠠᠨᠲᠠᠢ ᠪᠠᠢᠳᠠᠯ᠎ᠤᠨ ᠡᠮᠦᠨ᠎ᠡ᠂ ᠨᠡᠢᠭᠡᠮ᠎ᠦᠨ ᠪᠠᠲᠤᠯᠠᠭ᠎ᠠ ᠨᠢ ᠢᠮᠠᠭᠲᠠ ᠠᠷᠠᠳ ᠲᠦᠮᠡᠨ᠎ᠦ ᠬᠠᠮᠤᠭ᠎ᠠᠴᠠ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠳᠤ ᠰᠠᠭᠤᠷᠢᠯᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠣᠣᠷ᠎ᠢ ᠤᠯᠠᠮ᠎ᠠᠴᠠ ᠤᠯᠠᠮ ᠨᠢᠭ᠍ᠲᠠ ᠰᠦᠯᠵᠢᠵᠦ᠂ ᠤᠯᠠᠮ᠎ᠠᠴᠠ ᠤᠯᠠᠮ ᠪᠠᠲᠤ ᠪᠡᠬᠢ ᠪᠣᠯᠭᠠᠵᠠᠢ᠃
《 APP ᠶᠢ ᠨᠡᠭᠡᠭᠡᠵᠦ᠂ 〈 ᠠᠮᠤᠷ ᠲᠦᠪᠰᠢᠨ᠎ᠦ ᠬᠠᠮᠠᠭᠠᠯᠠᠭ᠍ᠴᠢ 〉 〈 ᠡᠨᠳᠡᠯ᠎ᠢ ᠳᠡᠭᠡᠭᠰᠢ ᠮᠡᠳᠡᠭᠦᠯᠬᠦ 〉 ᠭᠡᠰᠡᠨ ᠲᠣᠪᠴᠢ᠎ᠶᠢ ᠳᠠᠷᠤᠪᠠᠯ ᠬᠡᠷᠡᠭ ᠮᠡᠳᠡᠭᠦᠯᠵᠦ ᠪᠣᠯᠣᠨ᠎ᠠ 》᠃ ᠮᠦᠭᠳᠡᠨᠦ ᠴᠢᠩ ᠨᠢᠶᠠᠨ ᠶᠡᠬᠡ ᠵᠡᠭᠡᠯᠢ᠎ᠶᠢᠨ ᠦᠷᠳᠡᠭᠡ᠎ᠳᠦ᠂ ᠮᠧᠢ ᠲᠤᠸᠠᠨ᠎ᠤ ᠲᠦᠷᠭᠡᠨ ᠬᠦᠷᠭᠡᠭᠴᠢ ᠮᠧᠢ ᠰᠢᠨ ᠮᠢᠨ ᠠᠵᠢᠯ ᠨᠢᠭᠡᠲᠡᠨ᠎ᠳᠡᠭᠡᠨ ᠪᠣᠯᠪᠠᠰᠤᠷᠠᠩᠭᠤᠢ ᠠᠵᠢᠯᠯᠠᠭᠠᠨ᠎ᠤ ᠶᠠᠪᠤᠴᠠ᠎ᠶᠢ ᠬᠢᠵᠦ ᠦᠵᠡᠭᠦᠯᠦᠨ᠎ᠡ᠃ ᠡᠨᠡ ᠵᠢᠯ᠎ᠦᠨ 7 ᠳ᠋ᠤᠭᠠᠷ ᠰᠠᠷ᠎ᠠ᠎ᠶᠢᠨ 1᠎ᠦ ᠡᠳᠦᠷ᠂ ᠯᠢᠶᠣᠤᠨᠢᠩ ᠮᠤᠵᠢ᠎ᠶᠢᠨ ᠬᠢᠨ ᠠᠵᠢᠯ ᠮᠡᠷᠭᠡᠵᠢᠯ᠎ᠦᠨ ᠰᠢᠷᠬᠠᠲᠤᠯ᠎ᠤᠨ ᠪᠠᠲᠤᠯᠠᠭ᠎ᠠ᠎ᠶᠢᠨ ᠲᠤᠷᠰᠢᠯᠲᠠ᠎ᠶᠢ ᠡᠬᠢᠯᠡᠭᠦᠯᠵᠦ᠂ ᠳᠢ ᠳᠢ ᠠᠶᠠᠯᠠᠯ᠂ ᠮᠧᠢ ᠲᠤᠸᠠᠨ ᠵᠡᠷᠭᠡ 11 ᠲᠠᠪᠴᠠᠩ᠎ᠤᠨ ᠠᠵᠤ ᠠᠬᠤᠢᠯᠠᠯ᠎ᠢ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠪᠠ᠃
ᠲᠠᠪᠤᠨ ᠵᠢᠯ᠎ᠦᠨ ᠲᠤᠷᠰᠢ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠠᠵᠢᠯ ᠣᠯᠭᠣᠯᠲᠠ᠎ᠶᠢᠨ ᠬᠥᠮᠥᠰ ᠡᠳᠦᠷ ᠢᠷᠡᠬᠦᠶ᠎ᠡ ᠪᠤᠵᠠᠭᠠᠢᠷᠠᠵᠤ᠂ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠳᠤ ᠪᠠᠲᠤ ᠪᠡᠬᠢ 《 ᠬᠠᠮᠠᠭᠠᠯᠠᠯᠲᠠ᠎ᠶᠢᠨ ᠪᠠᠮᠪᠠᠢ 》 ᠪᠣᠰᠬᠠᠵᠤ ᠥᠭᠪᠡ ︱
2022 ᠣᠨ᠎ᠤ 7 ᠳ᠋ᠤᠭᠠᠷ ᠰᠠᠷ᠎ᠠ᠎ᠳᠤ᠂ ᠪᠡᠭᠡᠵᠢᠩ ᠱᠠᠩᠬᠠᠢ ᠵᠢᠶᠠᠩᠰᠤ ᠭᠤᠸᠠᠩᠳᠦ᠋ᠩ ᠬᠠᠢᠨᠠᠨ ᠴᠦᠩᠴᠢᠩ ᠰᠧᠴᠤᠸᠠᠨ ᠵᠡᠷᠭᠡ 7 ᠮᠤᠵᠢ ᠬᠣᠲᠠ᠎ᠶᠢᠨ ᠲᠦᠷᠦᠭᠦᠸ᠋ ᠪᠦᠯᠦᠭ᠎ᠦᠨ ᠲᠤᠷᠰᠢᠯᠲᠠ᠎ᠶᠢᠨ ᠴᠡᠭ ᠲᠦ᠍᠂ ᠭᠠᠳᠠᠭ᠍ᠰᠢ ᠭᠠᠷᠬᠤ᠂ ᠬᠣᠭᠣᠯᠠ ᠬᠦᠷᠭᠡᠬᠦ ᠵᠡᠷᠭᠡ 4 ᠠᠵᠢᠯ ᠲᠥᠷᠥᠯ᠎ᠢ ᠬᠠᠮᠤᠷᠴᠤ᠂ ᠮᠧᠢ ᠲᠤᠸᠠᠨ᠂ ᠠ᠋ ᠯᠧ ᠮᠠ ᠵᠡᠷᠭᠡ 7 ᠲᠥᠷᠥᠬᠦᠦ ᠬᠡᠰᠡᠭ᠎ᠦᠨ ᠲᠠᠪᠴᠠᠩ᠎ᠢ ᠪᠠᠭᠲᠠᠭᠠᠵᠤ᠂ ᠲᠦᠷᠭᠡᠨ ᠬᠦᠷᠭᠡᠭᠴᠢ᠂ ᠵᠢᠯᠣᠭᠣᠴᠢ ᠵᠡᠷᠭᠡ 668 ᠲᠦᠮᠡᠨ ᠠᠵᠢᠯᠯᠠᠭ᠍ᠴᠢ᠎ᠲᠠᠢ ᠬᠣᠯᠪᠣᠭᠳᠠᠨ᠂ 《 ᠲᠠᠪᠴᠠᠩ᠎ᠢᠶᠠᠷ ᠰᠦᠢᠳᠬᠡᠯ ᠲᠤᠰᠢᠶᠠᠬᠤ᠂ ᠬᠠᠭᠤᠳᠠᠰᠤ᠎ᠪᠠᠷ ᠰᠦᠢᠳᠬᠡᠯ ᠪᠤᠳᠤᠬᠤ᠂ ᠬᠠᠭᠤᠳᠠᠰᠤ ᠪᠦᠷᠢ᠎ᠶᠢ ᠵᠠᠪᠠᠯ ᠪᠠᠲᠤᠯᠠᠬᠤ 》 ᠵᠠᠭᠪᠤᠷ᠎ᠤᠨ ᠰᠢᠨ᠎ᠡ᠎ᠶᠢ ᠡᠭᠦᠳᠴᠦ᠂ ᠤᠯᠠᠮᠵᠢᠯᠠᠯᠲᠤ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠤᠨ ᠬᠥᠳᠡᠯᠮᠦᠷᠢ᠎ᠶᠢᠨ ᠬᠠᠷᠢᠴᠠᠭ᠎ᠠ᠎ᠪᠠᠷ ᠤᠷᠢᠲᠠᠯ ᠪᠣᠯᠭᠠᠬᠤ ᠬᠢᠵᠠᠭᠠᠷᠯᠠᠯ᠎ᠢ ᠡᠪᠳᠡᠪᠡ᠃
ᠭᠤᠷᠪᠠᠨ ᠵᠢᠯ᠎ᠦᠨ ᠬᠠᠢᠨ ᠰᠦᠪᠡᠭᠴᠢᠯᠡᠯᠲᠡ᠎ᠪᠡᠷ ᠳᠡᠮᠵᠢᠨ᠂ ᠡᠨᠡ ᠵᠢᠯ᠎ᠦᠨ 7 ᠳ᠋ᠤᠭᠠᠷ ᠰᠠᠷ᠎ᠠ᠎ᠶᠢᠨ 1᠎ᠦ ᠡᠳᠦᠷ᠂ ᠲᠤᠷᠰᠢᠯᠲᠠ᠎ᠶᠢᠨ ᠬᠡᠪᠴᠢᠶ᠎ᠡ᠎ᠶᠢ ᠲᠢᠶᠠᠨᠵᠢᠨ᠂ ᠾᠧᠪᠧᠢ ᠵᠡᠷᠭᠡ 17 ᠮᠤᠵᠢ ᠣᠷᠣᠨ ᠬᠦᠷᠲᠡᠯ᠎ᠡ ᠥᠷᠭᠡᠳᠬᠡᠵᠦ᠂ 《 ᠤᠯᠤᠰ᠎ᠤᠨ ᠰᠠᠭᠤᠷᠢ ᠪᠠᠷᠢᠮᠵᠢᠶ᠎ᠠ ᠲᠣᠭ᠎ᠠ + ᠣᠷᠣᠨ ᠨᠤᠲᠤᠭ᠎ᠤᠨ ᠬᠥᠳᠡᠯᠦᠩᠭᠦᠢ 》 ᠲᠣᠭᠲᠠᠴᠠ᠎ᠶᠢ ᠰᠢᠨ᠎ᠡ᠎ᠪᠡᠷ ᠨᠡᠮᠡᠭᠳᠡᠭᠦᠯᠦᠨ᠂ ᠭᠠᠵᠠᠷ ᠣᠷᠣᠨ᠎ᠤ ᠵᠥᠷᠢᠶ᠎ᠡ᠎ᠶᠢ ᠬᠠᠮᠲᠤ ᠳ᠋ᠤᠨᠢ ᠬᠠᠷᠠᠭᠠᠯᠵᠠᠵᠤ᠂ 《 ᠨᠢᠭᠡ ᠯᠡ ᠠᠳᠠᠯᠢ᠎ᠪᠠᠷ ᠱᠠᠭᠠᠷᠳᠠᠬᠤ 》᠎ᠡᠴᠡ ᠵᠠᠢᠯᠠᠰᠬᠢᠵᠡᠢ᠃
ᠬᠠᠷᠠᠭᠠᠯᠵᠠᠯ᠎ᠤᠨ ᠪᠠᠲᠤᠯᠠᠭ᠎ᠠ᠎ᠶᠢᠨ 《 ᠳᠤᠯᠠᠭᠠᠨ ᠤᠷᠤᠰᠬᠠᠯ 》 ᠦᠷᠭᠦᠯᠵᠢᠯᠡᠨ ᠣᠷᠭᠢᠯᠵᠤ ᠪᠠᠢᠨ᠎ᠠ᠃ ᠡᠨᠡ ᠵᠢᠯ᠎ᠦᠨ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠨᠠᠰᠤᠵᠢᠯ᠎ᠤᠨ ᠦᠨᠳᠦᠰᠦᠨ ᠠᠰᠠᠷᠠᠮᠵᠢ᠎ᠶᠢᠨ ᠮᠥᠩᠭᠥ᠎ᠶᠢ ᠳᠠᠬᠢᠨ 2%᠎ᠢᠶᠠᠷ ᠨᠡᠮᠡᠭᠳᠡᠭᠦᠯᠵᠦ᠂ 1.5 ᠳ᠋ᠦᠩᠰᠢᠭᠤᠷ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠲᠤ ᠠᠰᠢᠭ᠋ ᠬᠦᠷᠲᠡᠭᠡᠪᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠳᠠᠷᠤᠯᠲᠠ᠂ ᠲᠣᠭᠲᠠᠭᠠᠯᠲᠤ ᠪᠤᠰᠤ ᠴᠢᠨᠠᠷ ᠨᠡᠮᠡᠭᠳᠡᠬᠦ ᠰᠢᠯᠭᠠᠯᠲᠠ᠎ᠳᠤ ᠲᠤᠯᠭᠠᠷᠠᠭᠰᠠᠨ ᠪᠠᠢᠳᠠᠯ᠎ᠳᠤ ᠴᠤ᠌᠂ ᠮᠠᠨ᠎ᠤ ᠤᠯᠤᠰ ᠮᠥᠨ ᠬᠦ᠌ ᠲᠠᠪᠤᠨ ᠵᠢᠯ ᠳᠠᠷᠠᠭᠠᠯᠠᠨ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠳᠦ ᠲᠣᠬᠢᠷᠠᠭᠤᠯᠤᠯᠲᠠ ᠬᠢᠭᠰᠡᠨ ᠨᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠬᠠᠷᠠᠭᠤᠯᠵᠤ ᠪᠠᠢᠨ᠎ᠠ᠃
《 ᠥᠩᠭᠡᠷᠡᠭᠰᠡᠨ᠎ᠳᠦ ᠨᠡᠢᠭᠡᠮ᠎ᠦᠨ ᠳᠠᠭᠠᠳᠬᠠᠯ ᠲᠤᠰᠢᠶᠠᠬᠤ᠎ᠳᠤ ᠲᠤᠰ ᠭᠠᠵᠠᠷ᠎ᠤᠨ ᠡᠷᠦᠬᠡ ᠠᠮᠠ᠎ᠶᠢᠨ ᠳᠠᠩᠰᠠ ᠬᠡᠷᠡᠭᠲᠡᠢ ᠪᠠᠢᠵᠠᠢ ᠂ ᠣᠳᠣ᠌ ᠲᠥᠷᠥ᠎ᠶᠢᠨ ᠪᠣᠳᠣᠯᠭ᠎ᠠ᠎ᠶᠢ ᠴᠢᠯᠦᠭᠡᠲᠡᠢ ᠪᠣᠯᠭᠠᠭᠰᠠᠨ ᠪᠣᠯᠬᠣᠷ ᠭᠠᠳᠠᠨ᠎ᠠ ᠣᠷᠣᠨ᠎ᠤ ᠬᠥᠮᠥᠰ ᠴᠦ᠍ ᠲᠢᠶᠠᠨᠵᠢᠨ᠎ᠳᠤ ᠨᠡᠢᠭᠡᠮ᠎ᠦᠨ ᠳᠠᠭᠠᠳᠬᠠᠯ᠎ᠢᠶᠠᠨ ᠲᠤᠰᠢᠶᠠᠵᠤ ᠪᠣᠯᠬᠤ ᠪᠣᠯᠵᠠᠢ ᠃ 》 ᠠᠵᠢᠯ ᠣᠯᠣᠭᠰᠠᠨ ᠭᠠᠵᠠᠷ᠎ᠲᠠᠭᠠᠨ ᠳᠠᠭᠠᠳᠬᠠᠯ᠎ᠳᠤ ᠣᠷᠣᠬᠤ ᠡᠷᠦᠬᠡ ᠠᠮᠠ᠎ᠶᠢᠨ ᠬᠢᠵᠠᠭᠠᠷᠯᠠᠯ᠎ᠢ ᠪᠦᠬᠦ ᠲᠠᠯ᠎ᠠ᠎ᠪᠠᠷ ᠬᠦᠴᠦᠨ ᠦᠭᠡᠢ ᠪᠣᠯᠭᠠᠭᠰᠠ᠎ᠨᠢ ᠮᠡᠳᠡᠭᠡᠳ ᠾᠧᠪᠧᠢ ᠮᠤᠵᠢ᠎ᠶᠢᠨ ᠯᠠᠩᠹᠠᠩ ᠨᠤᠲᠤᠭ᠎ᠲᠠᠢ ᠰᠦᠯᠵᠢᠶᠡᠨ ᠪᠣᠯᠵᠣᠭᠠᠨ ᠲᠡᠷᠭᠡ᠎ᠶᠢᠨ ᠵᠢᠯᠣᠭᠣᠴᠢ ᠴᠧᠨ ᠢᠦᠢ ᠪᠠᠶᠠᠷᠯᠠᠭᠰᠠᠨ ᠰᠡᠳᠬᠢᠯ᠎ᠢᠶᠡᠨ ᠳᠠᠷᠤᠵᠤ ᠶᠠᠳᠠᠨ᠎ᠠ᠃
ᠠᠮᠢᠳᠤᠯᠢᠭ᠋᠎ᠢᠶᠠᠷ ᠠᠵᠢᠯ ᠣᠯᠣᠭᠰᠠᠳ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠬᠤ ᠨᠢ ᠲᠦᠭ ᠲᠦᠮᠡᠨ ᠭᠡᠷ ᠪᠦᠯᠢ᠎ᠶᠢᠨ ᠰᠡᠳᠬᠢᠯ᠎ᠦᠨ ᠬᠥᠪᠴᠢ᠎ᠶᠢ ᠲᠠᠲᠠᠵᠤ ᠪᠠᠢᠨ᠎ᠠ᠃ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠡᠨᠡ ᠬᠦ᠌ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂ 《 ᠨᠢᠭᠡ᠎ᠶᠢ ᠴᠢᠯᠦᠭᠡᠲᠡᠢ ᠪᠣᠯᠭᠠᠬᠤ ᠂ ᠭᠤᠷᠪᠠ᠎ᠶᠢ ᠠᠮᠢᠳᠤᠯᠢᠭ᠋ ᠪᠣᠯᠭᠠᠬᠤ 》 ᠰᠡᠳᠬᠢᠯ᠎ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠭᠠᠷᠭᠠᠪᠠ᠄ 《 ᠨᠢᠭᠡ᠎ᠶᠢ ᠴᠢᠯᠦᠭᠡᠲᠡᠢ ᠪᠣᠯᠭᠠᠬᠤ 》 ᠭᠡᠳᠡᠭ ᠨᠢ ᠳᠠᠷᠤᠢ ᠳᠠᠭᠠᠳᠬᠠᠯ᠎ᠳᠤ ᠣᠷᠣᠬᠤ ᠡᠷᠦᠬᠡ ᠠᠮᠠ᠎ᠶᠢᠨ ᠲᠠᠩᠰᠠ᠎ᠶᠢᠨ ᠬᠢᠵᠠᠭᠠᠷᠯᠠᠯ᠎ᠢ ᠨᠡᠢᠳᠡᠮ ᠬᠦᠴᠦᠨ ᠦᠭᠡᠢ ᠪᠣᠯᠭᠠᠵᠤ᠂ ᠣᠷᠣᠨ ᠪᠦᠰᠡ᠎ᠶᠢᠨ ᠪᠡᠬᠢᠯᠡᠯᠲᠡ᠎ᠶᠢ ᠡᠪᠳᠡᠬᠦ ᠶᠠᠪᠤᠳᠠᠯ ᠪᠣᠯᠣᠨ᠎ᠠ ; 《 ᠭᠤᠷᠪᠠᠨ ᠠᠮᠢᠳᠤᠯᠢᠭ᠋ 》 ᠨᠢ ᠳᠠᠭᠠᠳᠬᠠᠯ᠎ᠳᠤ ᠣᠷᠣᠯᠴᠠᠭᠰᠠᠳ᠎ᠲᠤ ᠨᠠᠩ ᠣᠯᠠᠨ ᠡᠵᠡᠨ ᠮᠡᠳᠡᠬᠦ ᠡᠷᠬᠡ ᠣᠯᠭᠣᠪᠠ —— ᠳᠠᠭᠠᠳᠬᠠᠯ᠎ᠳᠤ ᠣᠷᠤᠯᠴᠠᠬᠤ ᠭᠠᠵᠠᠷ᠎ᠢᠶᠠᠨ ᠠᠵᠢᠯ ᠣᠯᠣᠭᠰᠠᠨ ᠭᠠᠵᠠᠷ ᠪᠣᠯᠣᠨ ᠡᠷᠦᠬᠡ ᠠᠮᠠ᠎ᠶᠢᠨ ᠲᠠᠩᠰᠠ᠎ᠶᠢᠨ ᠭᠠᠵᠠᠷ᠎ᠤᠨ ᠬᠣᠭᠣᠷᠣᠨᠳᠤ ᠴᠢᠯᠦᠭᠡᠲᠡᠢ ᠥᠪᠡᠷ᠎ᠢᠶᠡᠨ ᠡᠵᠡᠨ ᠮᠡᠳᠡᠨ ᠰᠣᠩᠭᠣᠵᠤ ᠪᠣᠯᠣᠨ᠎ᠠ᠂ ᠰᠦᠢᠳᠬᠡᠯ ᠲᠤᠰᠢᠶᠠᠬᠤ ᠰᠠᠭᠤᠷᠢ ᠲᠣᠭ᠎ᠠ᠎ᠶᠢ ᠲᠤᠬᠠᠢ᠎ᠶᠢᠨ ᠭᠠᠵᠠᠷ᠎ᠤᠨ ᠳᠡᠭᠡᠳᠦ ᠳᠣᠣᠷᠠᠳᠤ ᠬᠢᠵᠠᠭᠠᠷ᠎ᠤᠨ ᠳᠣᠲᠣᠷ᠎ᠠ ᠠᠮᠢᠳᠤᠯᠢᠭ᠋᠎ᠢᠶᠠᠷ ᠲᠣᠭᠲᠠᠭᠠᠵᠤ ᠪᠣᠯᠣᠨ᠎ᠠ᠂ ᠰᠦᠢᠳᠬᠡᠯ ᠲᠤᠰᠢᠶᠠᠬᠤ ᠠᠷᠭ᠎ᠠ ᠮᠠᠶᠢᠭ᠋᠎ᠢ ᠰᠠᠷ᠎ᠠ᠎ᠪᠠᠷ᠂ ᠤᠯᠠᠷᠢᠯ᠎ᠢᠶᠠᠷ᠂ ᠵᠢᠯ᠎ᠢᠶᠡᠷ ᠭᠡᠵᠦ ᠴᠢᠯᠦᠭᠡᠲᠡᠢ ᠰᠣᠯᠢᠵᠤ ᠪᠣᠯᠣᠨ᠎ᠠ᠂ ᠠᠮᠢᠳᠤᠯᠢᠭ᠋᠎ᠢᠶᠠᠷ ᠠᠵᠢᠯ ᠣᠯᠣᠭᠰᠠᠨ ᠬᠥᠮᠥᠰ᠎ᠦᠨ ᠳᠠᠭᠠᠳᠬᠠᠯ᠎ᠳᠤ ᠣᠷᠣᠯᠴᠠᠬᠤ᠎ᠳᠤ ᠪᠥᠬᠥ ᠲᠠᠯ᠎ᠠ᠎ᠪᠠᠷ 《 ᠰᠠᠭᠠᠳ ᠦᠭᠡᠢ ᠨᠡᠪᠲᠡᠷᠡᠬᠦ ᠵᠠᠮ 》᠎ᠢ ᠨᠠᠪᠲᠠᠷᠡᠭᠦᠯᠵᠦ ᠥᠭᠪᠡ᠃
ᠲᠠᠪᠤᠨ ᠵᠢᠯ᠎ᠦᠨ ᠴᠢᠷᠮᠠᠢᠯᠭ᠎ᠠ ᠨᠢ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠠ᠃ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠳᠠᠭᠠᠳᠬᠠᠯ᠂ ᠠᠵᠢᠯ ᠠᠯᠳᠠᠯᠲᠠ᠎ᠶᠢᠨ ᠳᠠᠭᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠲᠤᠰ ᠲᠤᠰ 9.98 ᠳ᠋ᠦᠩᠰᠢᠭᠤᠷ᠂ 2.17 ᠳ᠋ᠦᠩᠰᠢᠭᠤᠷ᠂ 2.68 ᠳ᠋ᠦᠩᠰᠢᠭᠤᠷ ᠪᠠᠢᠭᠰᠠᠨ᠎ᠠᠴᠠ᠎ᠪᠠᠨ 10.72 ᠳ᠋ᠦᠩᠰᠢᠭᠤᠷ᠂ 2.46 ᠳ᠋ᠦᠩᠰᠢᠭᠤᠷ ᠬᠥᠮᠥᠨ᠂ 3.02 ᠳ᠋ᠦᠩᠰᠢᠭᠤᠷ ᠬᠥᠮᠥᠨ ᠪᠣᠯᠣᠨ ᠨᠡᠮᠡᠭᠳᠡᠵᠦ᠂ ᠭᠤᠷᠪᠠᠨ ᠪᠠᠲᠤᠯᠠᠭ᠎ᠠ᠎ᠶᠢᠨ ᠲᠣᠣᠷ᠎ᠢ ᠦᠷᠭᠦᠯᠵᠢᠯᠡᠨ ᠨᠢᠭ᠍ᠲᠠ ᠰᠦᠯᠵᠢᠪᠡ ;
ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠪᠥᠬᠥ ᠤᠯᠤᠰ᠎ᠲᠤ ᠨᠢᠭᠡᠳᠦᠯᠲᠡᠢ ᠲᠥᠯᠥᠪᠯᠡᠬᠦ ᠳᠦᠷᠢᠮ᠎ᠢ ᠬᠦᠴᠦᠨ ᠦᠭᠡᠢ ᠪᠣᠯᠭᠠᠵᠤ᠂ ᠠᠵᠢᠯ ᠠᠯᠳᠠᠯᠲᠠ᠎ᠶᠢᠨ ᠳᠠᠭᠠᠳᠬᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ᠎ᠶᠢ ᠨᠠᠢᠳᠠᠪᠤᠷᠢᠵᠢᠭᠤᠯᠤᠨ ᠂ ᠰᠠᠭᠤᠷᠢ ᠮᠥᠩᠭᠥ᠎ᠶᠢ ᠮᠤᠵᠢ᠎ᠶᠢᠨ ᠱᠠᠲᠤᠨ᠎ᠳᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ᠎ᠶᠢ ᠪᠥᠬᠥ ᠲᠠᠯ᠎ᠠ᠎ᠪᠠᠷ ᠪᠡᠶᠡᠯᠡᠭᠦᠯᠵᠦ ᠂ ᠨᠡᠢᠭᠡᠮ᠎ᠦᠨ ᠳᠠᠭᠠᠳᠬᠠᠯ᠎ᠤᠨ ᠬᠠᠷᠢᠯᠴᠠᠨ ᠲᠤᠰᠠᠯᠠᠵᠤ ᠬᠠᠷᠢᠯᠴᠠᠨ ᠲᠡᠳᠬᠦᠬᠦ ᠴᠢᠳᠠᠮᠵᠢ᠎ᠶᠢ ᠴᠢᠩᠭᠠᠷᠠᠭᠤᠯᠪᠠ;
ᠨᠠᠰᠤᠵᠢᠯ᠎ᠤᠨ ᠦᠨᠳᠦᠰᠦᠨ ᠠᠰᠠᠷᠠᠮᠵᠢ᠂ ᠠᠵᠢᠯ ᠠᠯᠳᠠᠯᠲᠠ᠂ ᠠᠵᠢᠯ᠎ᠠᠴᠠ ᠪᠣᠯᠤᠭᠰᠠᠨ ᠭᠡᠮᠲᠦᠯ ᠵᠡᠷᠭᠡ ᠭᠤᠷᠪᠠᠨ ᠵᠦᠢᠯ᠎ᠦᠨ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠶᠢᠨ ᠣᠷᠣᠯᠭ᠎ᠠ ᠵᠠᠷᠤᠯᠭ᠎ᠠ᠎ᠶᠢᠨ ᠶᠡᠷᠦᠩᠬᠡᠢ ᠬᠡᠪᠴᠢᠶ᠎ᠡ 69.27 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠨᠡᠢ᠍ᠢᠳᠡ 9.81 ᠲᠦᠮᠡᠨ ᠳ᠋ᠦᠩᠰᠢᠭᠤᠷ ᠲᠥᠭᠥᠷᠢᠭ᠎ᠦᠨ ᠦᠯᠡᠳᠡᠪᠦᠷᠢ᠎ᠲᠠᠢ ᠪᠣᠯᠵᠤ᠂ ᠨᠠᠰᠤᠵᠢᠯ᠎ᠤᠨ ᠦᠨᠳᠦᠰᠦᠨ ᠠᠰᠠᠷᠠᠮᠵᠢ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠪᠡᠯᠡ ᠣᠷᠣᠭᠤᠯᠵᠤ ᠡᠵᠡᠩᠨᠡᠬᠦ ᠬᠡᠪᠴᠢᠶ᠎ᠡ 2.6 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠪᠠᠲᠤᠯᠠᠭ᠎ᠠ᠎ᠶᠢᠨ ᠴᠢᠳᠠᠪᠤᠷᠢ᠎ᠶᠢ ᠦᠷᠭᠦᠯᠵᠢᠯᠡᠨ ᠪᠡᠬᠢᠵᠢᠭᠦᠯᠪᠡ᠃
ᠪᠥᠬᠥ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠪᠠᠢᠯᠳᠤᠬᠤ ᠪᠣᠳᠣᠯᠭ᠎ᠠ᠎ᠶᠢᠨ ᠨᠥᠭᠡᠴᠡ 2.46 ᠲᠦᠮᠡᠨ ᠳ᠋ᠦᠩᠰᠢᠭᠤᠷ ᠲᠥᠭᠥᠷᠢᠭ ᠪᠠᠢᠭᠰᠠᠨ᠎ᠠᠴᠠ᠎ᠪᠠᠨ 3.22 ᠲᠦᠮᠡᠨ ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ ᠲᠥᠪ᠎ᠦᠨ ᠲᠠᠯ᠎ᠠ᠎ᠠᠴᠠ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠬᠤᠪᠢᠶᠠᠷᠢᠯᠠᠨ ᠲᠡᠭᠦᠯᠳᠡᠷᠵᠢᠭᠦᠯᠦᠭᠰᠡᠨ ᠤᠯᠤᠰ᠎ᠤᠨ ᠥᠮᠴᠢᠯᠡᠯ᠎ᠦᠨ ᠬᠥᠷᠥᠩᠭᠡ ᠵᠢᠴᠢ ᠪᠡᠯᠡᠨ ᠵᠣᠭᠣᠰ᠎ᠤᠨ ᠠᠰᠢᠭ᠋ ᠣᠷᠣᠯᠭ᠎ᠠ 1.68 ᠲᠦᠮᠡᠨ ᠳ᠋ᠦᠩᠰᠢᠭᠤᠷ ᠲᠥᠭᠥᠷᠢᠭ ᠪᠠᠢᠭᠰᠠᠨ᠎ᠠᠴᠠ᠎ᠪᠠᠨ 2.26 ᠲᠦᠮᠡᠨ ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ ᠰᠠᠭᠤᠷᠢ ᠮᠥᠩᠭᠥ᠎ᠶᠢᠨ 《 ᠴᠥᠭᠥᠷᠥᠮ》 ᠤᠯᠠᠮ ᠶᠡᠬᠡ ᠪᠣᠯᠵᠤ᠂ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠦᠷᠭᠦᠯᠵᠢᠯᠡᠬᠦ ᠬᠥᠭᠵᠢᠯᠲᠡ᠎ᠳᠦ ᠬᠦᠴᠦᠲᠡᠢ ᠬᠥᠳᠡᠯᠭᠡᠭᠴᠢ ᠡᠨᠧᠷᠭᠢ ᠨᠡᠮᠡᠷᠢᠯᠡᠪᠡ᠃
《 〈 ᠠᠷᠪᠠᠨ ᠳᠥᠷᠪᠡᠳᠦᠭᠡᠷ ᠲᠠᠪᠤᠨ ᠵᠢᠯ 〉᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠦᠬᠦ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠣᠯᠠᠨ ᠲᠦᠮᠡᠨ᠎ᠦ 《 ᠨᠠᠰᠤᠵᠢᠯ᠎ᠤᠨ ᠠᠰᠠᠷᠠᠮᠵᠢ᠎ᠶᠢᠨ ᠮᠥᠩᠭᠥ 》 《 ᠠᠮᠢ᠎ᠪᠠᠨ ᠬᠠᠮᠠᠭᠠᠯᠠᠬᠤ ᠮᠥᠩᠭᠥ 》᠎ᠶᠢ ᠰᠠᠬᠢᠨ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥᠨ᠎ᠦ ᠬᠠᠮᠢᠶᠠᠷᠤᠯᠲᠠ᠎ᠶᠢᠨ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠂ ᠪᠡᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠮᠡᠬᠡᠯᠡᠨ ᠬᠢᠬᠠᠬᠤ ᠪᠠ ᠳᠠᠭᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠡᠷᠭᠡ᠎ᠶᠢ ᠵᠠᠯᠭᠠᠭ᠎ᠠ᠎ᠪᠠᠷ ᠥᠷᠨᠢᠭᠦᠯᠵᠦ ᠂ ᠰᠠᠭᠤᠷᠢ ᠮᠥᠩᠭᠥᠨ᠎ᠦ ᠬᠠᠮᠢᠶᠠᠷᠤᠯᠲᠠ᠎ᠶᠢᠨ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠦᠷᠭᠦᠯᠵᠢᠯᠡᠨ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠲᠥᠷᠥ᠎ᠶᠢᠨ ᠪᠣᠳᠣᠯᠭ᠎ᠠ᠂ ᠭᠠᠷᠲᠠᠨ ᠭᠦᠢᠴᠡᠳᠬᠡᠬᠦ᠂ ᠮᠡᠳᠡᠭᠡ ᠵᠠᠩᠭᠢ ᠂ ᠬᠢᠨᠠᠯᠲᠠ ᠲᠠᠯᠪᠢᠬᠤ 《 ᠳᠥᠷᠪᠡ᠎ᠶᠢ ᠨᠢᠭᠡ ᠴᠣᠭᠴᠠᠵᠢᠭᠤᠯᠬᠤ 》 ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮᠵᠢ᠎ᠶᠢ ᠬᠦᠴᠦᠯᠡᠨ ᠲᠡᠭᠦᠯᠳᠡᠷᠵᠢᠭᠦᠯᠵᠦ ᠂ ᠪᠥᠬᠥ ᠳᠠᠭᠠᠳᠬᠠᠯ᠎ᠤᠨ ᠲᠥᠷᠥᠯ ᠵᠦᠢᠯ ᠂ ᠪᠥᠬᠥ ᠬᠡᠯᠬᠢᠶ᠎ᠡ ᠂ ᠪᠥᠬᠥ ᠶᠠᠪᠤᠴᠠ᠎ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ ᠂ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠠᠮᠤᠷ ᠲᠦᠪᠰᠢᠨ ᠲᠣᠭᠲᠠᠭᠤᠨ᠎ᠢᠶᠠᠷ ᠠᠵᠢᠯᠯᠠᠬᠤ᠎ᠶᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠵᠠᠢ᠃
ᠭᠠᠷᠲᠠᠨ ᠭᠦᠢᠴᠡᠳᠬᠡᠬᠦ ᠦᠢᠯᠡᠴᠢᠯᠡᠭᠡ᠎ᠶᠢ ᠦᠷᠭᠦᠯᠵᠢᠯᠡᠨ ᠣᠶᠤᠨᠴᠢᠯᠠᠭᠰᠠᠨ ᠬᠤᠪᠢᠷᠠᠯᠲᠠ᠎ᠪᠠᠷ ᠲᠠᠰ ᠳᠡᠪᠰᠢᠭᠦᠯᠵᠦ᠂ ᠣᠯᠠᠨ ᠲᠦᠮᠡᠨ᠎ᠦ ᠵᠣᠯ ᠵᠢᠷᠭᠠᠯ᠎ᠤᠨ ᠰᠡᠳᠬᠢᠭᠳᠡᠯ ᠪᠠ ᠬᠠᠨᠤᠮᠵᠢ᠎ᠶᠢᠨ ᠬᠡᠮᠵᠢᠶ᠎ᠡ᠎ᠶᠢ ᠦᠨᠡᠨ ᠰᠡᠳᠬᠢᠯ᠎ᠡᠴᠡ᠎ᠪᠡᠨ ᠬᠦᠴᠦ ᠣᠷᠣᠭᠤᠯᠤᠨ ᠲᠠᠰᠤᠷᠠᠯᠲᠠ ᠦᠭᠡᠢ ᠳᠡᠭᠡᠭᠰᠢᠯᠡᠭᠦᠯᠪᠡ
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠨᠡᠢᠭᠡᠮ᠎ᠦᠨ ᠪᠠᠲᠤᠯᠠᠭ᠎ᠠ᠎ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠨᠢ ᠲᠣᠭᠠᠴᠢᠯᠠᠭᠰᠠᠨ ᠥᠭᠡᠷᠡᠴᠢᠯᠡᠯᠲᠡ᠎ᠪᠡᠷ ᠬᠥᠲᠥᠯᠥᠮᠵᠢ ᠪᠣᠯᠭᠠᠵᠤ᠂ 《 ᠪᠣᠳᠠᠲᠤ ᠴᠣᠭᠴᠠ᠎ᠳᠤ ᠭᠦᠢᠴᠡᠳᠬᠡᠬᠦ 》᠎ᠡᠴᠡ 《 ᠡᠭᠦᠯᠡᠨ ᠦᠵᠦᠭᠦᠷ᠎ᠦᠨ ᠠᠯᠪᠠᠨ ᠭᠡᠷ 》 ᠬᠦᠷᠲᠡᠯᠡᠬᠢ ᠭᠦᠨᠵᠡᠭᠡᠢ ᠬᠤᠪᠢᠰᠤᠯᠲᠠ᠎ᠶᠢ ᠤᠭᠲᠤᠨ ᠠᠪᠴᠢᠷᠠᠵᠤ᠂ ᠰᠢᠨ᠎ᠡ ᠴᠠᠭ ᠦᠶ᠎ᠡ᠎ᠶᠢᠨ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠲᠦᠭ ᠲᠦᠮᠡᠨ ᠣᠯᠠᠨ ᠲᠦᠮᠡᠨ᠎ᠳᠦ ᠠᠰᠢᠭ᠋ ᠬᠦᠷᠲᠡᠭᠡᠬᠦ ᠴᠠᠭ ᠦᠶ᠎ᠡ᠎ᠶᠢᠨ ᠴᠢᠩᠭ᠎ᠠ ᠲᠠᠭᠤᠨ᠎ᠢ ᠴᠢᠪᠬᠠᠳᠠᠭᠰᠠᠨ ᠪᠠᠢᠨ᠎ᠠ᠃
ᠬᠠᠷᠠᠮᠥ᠋ᠷᠡᠨ ᠮᠤᠵᠢ᠎ᠶᠢᠨ ᠬᠠᠷᠪᠢᠨ ᠬᠣᠲᠠ᠎ᠶᠢᠨ ᠳ᠋ᠣᠣ ᠯᠢ ᠲᠣᠭᠣᠷᠢᠭ᠋᠎ᠤᠨ ᠠᠷᠠᠳ᠎ᠤᠨ ᠠᠮᠢᠳᠤᠷᠠᠯ᠎ᠤᠨ ᠶᠡᠬᠡ ᠲᠠᠩᠬᠢᠮ᠎ᠳᠦ᠂ ᠠᠵᠢᠯᠲᠠᠨ ᠵᠣᠣ ᠭᠤᠸᠠᠢ 《 ᠯᠦᠩ ᠢ ᠪᠠᠨ 》 App ᠵᠢᠡᠷ ᠳᠡᠮᠵᠢᠨ ᠠᠵᠢᠯ᠎ᠠᠴᠠ᠎ᠪᠠᠨ ᠪᠠᠭᠤᠵᠤ ᠠᠮᠠᠷᠠᠬᠤ 《 ᠨᠢᠭᠡ ᠶᠠᠪᠤᠳᠠᠯ 》᠎ᠤᠨ ᠮᠡᠳᠡᠭᠦᠯᠦᠯᠲᠡ᠎ᠶᠢ ᠮᠠᠰᠢ ᠲᠦᠷᠭᠡᠨ᠎ᠢᠶᠡᠷ ᠪᠡᠶᠡᠯᠡᠭᠦᠯᠵᠦ᠂ 《 ᠣᠲᠣ᠌ ᠠᠵᠢᠯ᠎ᠠᠴᠠ᠎ᠪᠠᠨ ᠪᠠᠭᠤᠵᠤ ᠠᠮᠠᠷᠠᠬᠤ᠎ᠶᠢ ᠭᠦᠢᠴᠡᠳᠬᠡᠬᠦ᠎ᠳᠦ ᠡᠢᠮᠦ ᠠᠮᠠᠷᠬᠠᠨ ᠭᠡᠵᠦ ᠪᠤᠳᠤᠵᠤ ᠣᠯᠣᠭᠰᠠᠨ ᠦᠭᠡᠢ 》 ᠭᠡᠵᠦ ᠭᠠᠢᠬᠠᠰᠢᠷᠠᠨ ᠶᠠᠷᠢᠨ᠎ᠠ ; ᠨᠢᠩᠰᠢᠶᠠ᠎ᠶᠢᠨ ᠱᠢ ᠽᠦᠢ ᠱᠠᠨ ᠬᠣᠲᠠ᠎ᠶᠢᠨ ᠬᠣᠢ ᠨᠦᠩ ᠲᠣᠭᠣᠷᠢᠭ᠋᠎ᠲᠤ ᠬᠤᠸᠠᠩ ᠠᠪᠤᠭᠠᠢ ᠪᠦᠬᠦ ᠤᠯᠤᠰ᠎ᠤᠨ ᠨᠡᠢᠭᠡᠮ᠎ᠦᠨ ᠳᠠᠭᠠᠳᠬᠠᠯ᠎ᠤᠨ ᠨᠢᠭᠡᠳᠦᠯᠲᠡᠢ ᠮᠡᠳᠡᠭᠡ ᠵᠠᠩᠭᠢ᠎ᠶᠢᠨ ᠲᠠᠪᠴᠠᠩ ᠪᠣᠯᠣᠨ ᠨᠢᠩᠰᠢᠶᠠ᠎ᠶᠢᠨ ᠨᠡᠢᠭᠡᠮ᠎ᠦᠨ ᠳᠠᠭᠠᠳᠬᠠᠯ᠎ᠢ ᠨᠢᠭᠡ ᠴᠣᠭᠴᠠᠵᠢᠭᠤᠯᠤᠭᠰᠠᠨ ᠰᠢᠰᠲᠧᠮ᠎ᠳᠦ ᠲᠦᠰᠢᠭᠯᠡᠨ᠂ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠠᠷᠢᠴᠠᠭ᠎ᠠ᠎ᠶᠢ ᠰᠢᠯᠵᠢᠭᠦᠯᠬᠦ ᠪᠠ ᠦᠷᠭᠦᠯᠵᠢᠯᠡᠭᠦᠯᠬᠦ ᠭᠤᠶᠤᠴᠢᠯᠠᠯ᠎ᠢ ᠭᠡᠷ᠎ᠡᠴᠡ᠎ᠪᠡᠨ ᠭᠠᠷᠬᠤ ᠦᠭᠡᠢ᠎ᠪᠡᠷ ᠰᠦᠯᠵᠢᠶᠡᠨ ᠳᠡᠭᠡᠷ᠎ᠡ ᠲᠤᠰᠢᠶᠠᠭᠰᠠᠨ᠎ᠠᠴᠠ ᠮᠤᠵᠢ ᠠᠯᠤᠰᠯᠠᠨ ᠰᠢᠯᠵᠢᠭᠦᠯᠬᠦ᠎ᠶᠢ ᠪᠡᠶᠡᠯᠡᠭᠦᠯᠵᠡᠢ᠃
ᠡᠳᠡᠭᠡᠷ ᠳᠥᠭᠥᠮ ᠳᠥᠲᠡ ᠥᠩᠭᠡᠷᠡᠭᠡᠯᠲᠡ ᠪᠣᠯ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠨᠡᠢᠭᠡᠮ᠎ᠦᠨ ᠪᠠᠲᠤᠯᠠᠭ᠎ᠠ᠎ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ᠎ᠦ ᠣᠶᠤᠨᠴᠢᠯᠠᠭᠰᠠᠨ ᠬᠤᠪᠢᠷᠠᠯᠲᠠ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠭ᠎ᠠ᠎ᠶᠢᠨ ᠠᠮᠢᠳᠤᠯᠢᠭ᠋ ᠬᠤᠷᠢᠶᠠᠩᠭᠤᠢ ᠳᠦᠷᠰᠦ ᠮᠥᠨ ᠂ ᠨᠡᠩ ᠴᠤ᠌ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠭ᠎ᠠ᠎ᠶᠢᠨ ᠦᠨᠡᠨ ᠪᠣᠳᠠᠲᠠᠢ ᠵᠢᠷᠤᠭᠯᠠᠯ ᠮᠥᠨ᠃
ᠲᠠᠪᠤᠨ ᠵᠢᠯ᠎ᠦᠨ ᠲᠤᠷᠰᠢ᠂ ᠲᠣᠭᠠᠴᠢᠯᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠪᠠᠢᠭᠤᠯᠤᠯᠲᠠ᠎ᠶᠢᠨ ᠠᠵᠢᠯᠯᠠᠭ᠎ᠠ ᠭᠦᠨᠵᠡᠭᠡᠢ ᠬᠡᠷᠡᠭᠵᠢᠭᠦᠯᠦᠭᠳᠡᠵᠦ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠂ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ ᠂ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ ᠵᠢᠴᠢ ᠠᠯᠠᠭᠠᠨ ᠳᠡᠭᠡᠷᠡᠬᠢ 12333 ᠠᠷᠭ᠎ᠠ ᠵᠠᠮ᠎ᠤᠨ ᠴᠢᠳᠠᠮᠵᠢ ᠦᠷᠭᠦᠯᠵᠢᠯᠡᠨ ᠲᠡᠭᠦᠯᠳᠡᠷᠵᠢᠵᠦ᠂ 161 ᠵᠦᠢᠯ᠎ᠦᠨ ᠪᠥᠬᠥ ᠤᠯᠤᠰ᠎ᠤᠨ ᠴᠢᠨᠠᠷᠲᠠᠢ ᠦᠢᠯᠡᠴᠢᠯᠡᠭᠡᠨ᠎ᠦ 《 ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠬᠡᠬᠦ 》᠂ ᠠᠯᠠᠭᠠᠨ ᠳᠡᠭᠡᠷᠡᠬᠢ ᠪᠠ ᠰᠦᠯᠵᠢᠶᠡᠨ ᠳᠡᠭᠡᠷ᠎ᠡ ᠭᠦᠢᠴᠡᠳᠬᠡᠬᠦ ᠵᠡᠷᠭᠡ 《 ᠨᠢᠭᠤᠷᠳᠠᠬᠤ ᠦᠭᠡᠢ 》 ᠦᠢᠯᠡᠴᠢᠯᠡᠭᠡ ᠤᠯᠠᠮ᠎ᠢᠶᠠᠷ ᠭᠣᠣᠯ ᠤᠷᠤᠰᠬᠠᠯ ᠪᠣᠯᠵᠤ ᠂ ᠰᠦᠯᠵᠢᠶᠡᠨ ᠳᠡᠭᠡᠷᠡᠬᠢ ᠦᠢᠯᠡᠴᠢᠯᠡᠭᠡ 600 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ᠂ ᠪᠥᠬᠥ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠤᠨ ᠰᠦᠯᠵᠢᠶᠡᠨ ᠳᠡᠭᠡᠷ᠎ᠡ ᠭᠦᠢᠴᠡᠳᠬᠡᠭᠰᠡᠨ ᠬᠡᠮᠵᠢᠶ᠎ᠡ 70% ᠶ᠋ᠢ ᠳᠠᠪᠠᠵᠤ᠂ ᠠᠵᠢᠯ ᠶᠠᠪᠤᠳᠠᠯ ᠭᠦᠢᠴᠡᠳᠬᠡᠭᠰᠡᠨ 《 ᠰᠠᠢᠨ ᠦᠨᠡᠯᠡᠯᠲᠡ ᠥᠭᠭᠦᠭᠰᠡᠨ ᠨᠣᠷᠮ᠎ᠠ 》 ᠶᠡᠷᠦᠩᠬᠡᠢ᠎ᠳᠡᠭᠡᠨ 97% ᠶ᠋ᠢ ᠳᠠᠪᠠᠵᠠᠢ᠃
ᠪᠠᠭ᠎ᠠ ᠶᠠᠪᠤᠳᠠᠯ᠎ᠢ ᠶᠡᠬᠡ ᠶᠠᠪᠤᠳᠠᠯ ᠪᠣᠯᠭᠠᠨ ᠬᠢᠵᠦ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠶᠠᠪᠤᠳᠠᠯ᠎ᠢ ᠦᠨᠡᠨ ᠬᠦ᠌ ᠰᠢᠢᠳᠪᠦᠷᠢᠯᠡᠨ᠎ᠡ᠃ 2024 ᠣᠨ᠎ᠠᠴᠠ ᠨᠠᠭᠠᠰᠢ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠠᠵᠢᠯ᠎ᠠᠴᠠ᠎ᠪᠠᠨ ᠪᠠᠭᠤᠵᠤ ᠠᠮᠠᠷᠠᠬᠤ 《 ᠨᠢᠭᠡ ᠶᠠᠪᠤᠳᠠᠯ 》᠎ᠤᠨ ᠥᠭᠡᠷᠡᠴᠢᠯᠡᠯᠲᠡ᠎ᠶᠢ ᠪᠥᠬᠥ ᠬᠦᠴᠦᠨ᠎ᠢᠶᠡᠷ᠎ᠢᠶᠡᠨ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠲᠥᠷᠥ᠎ᠶᠢᠨ ᠪᠣᠳᠣᠯᠭ᠎ᠠ᠂ ᠲᠤᠬᠠᠢᠯᠠᠭᠰᠠᠨ ᠠᠵᠢᠯ ᠂ ᠰᠢᠰᠲᠧᠮ᠎ᠦᠨ ᠬᠠᠮᠵᠢᠯᠴᠠᠭ᠎ᠠ ᠬᠢᠭᠡᠳ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠎ᠶᠢ ᠴᠢᠩᠭᠠᠳᠬᠠᠵᠤ᠂ ᠲᠠᠷᠠᠬᠠᠢ ᠪᠤᠲᠠᠷᠬᠠᠢ ᠵᠦᠢᠯᠡᠰ᠎ᠢ 《 ᠪᠣᠭᠣᠳᠠᠯᠯᠠᠨ ᠭᠦᠢᠴᠡᠳᠬᠡᠨ᠎ᠡ 》 ; ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠦ 《 ᠪᠦᠷᠢᠨ ᠴᠢᠳᠠᠮᠵᠢᠲᠤ ᠺᠠᠷᠲ 》᠎ᠢ ᠲᠦᠯᠬᠢᠨ ᠠᠬᠢᠭᠤᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ 95 ᠵᠦᠢᠯ᠎ᠦᠨ ᠬᠡᠷᠡᠭᠯᠡᠯᠲᠡ᠎ᠶᠢ ᠪᠡᠶᠡᠯᠡᠭᠦᠯᠦᠨ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠬᠦᠷᠢᠶᠡᠨ᠎ᠳᠡᠬᠢ ᠪᠣᠳᠠᠲᠤ ᠴᠣᠭᠴᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠬᠡᠷᠡᠭᠯᠡᠯᠲᠡ᠎ᠶᠢ ᠨᠡᠢᠳᠡᠮ ᠪᠦᠷᠬᠦᠭᠦᠯᠵᠦ᠂ ᠵᠠᠮ ᠬᠠᠷᠢᠯᠴᠠᠭ᠎ᠠ᠂ ᠰᠣᠶᠣᠯ᠎ᠤᠨ ᠥᠩᠭᠡᠷᠡᠭᠡᠯᠲᠡ᠎ᠶᠢᠨ ᠬᠦᠷᠢᠶᠡᠨ᠎ᠳᠦ ᠪᠣᠶ ᠪᠦᠬᠦᠢ ᠮᠤᠵᠢ ᠣᠷᠣᠨ᠎ᠳᠤ ᠡᠬᠢᠯᠡᠨ ᠬᠡᠷᠡᠭᠯᠡᠵᠦ᠂ ᠺᠠᠷᠲ ᠡᠵᠡᠮᠰᠢᠵᠦ ᠪᠠᠢᠭ᠎ᠠ ᠬᠥᠮᠥᠨ᠎ᠦ ᠲᠣᠭ᠎ᠠ 13.9 ᠳ᠋ᠦᠩᠰᠢᠭᠤᠷ᠎ᠲᠤ ᠬᠦᠷᠴᠦ᠂ ᠡᠭᠦᠨ᠎ᠳᠦ 11 ᠳ᠋ᠦᠩᠰᠢᠭᠤᠷ ᠬᠥᠮᠥᠨ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ ᠭᠤᠶᠤᠴᠢᠯᠠᠨ ᠠᠪᠤᠭᠰᠠᠨ ᠪᠠᠢᠨ᠎ᠠ᠃
ᠲᠠᠪᠤᠨ ᠵᠢᠯ᠎ᠦᠨ ᠲᠤᠷᠰᠢ᠂ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 《 ᠨᠢᠭᠡ ᠨᠠᠰᠤ᠎ᠶᠢ ᠲᠡᠮᠳᠡᠭᠯᠡᠵᠦ᠂ ᠨᠢᠭᠡ ᠨᠠᠰᠤ᠎ᠶᠢ ᠪᠠᠲᠤᠯᠠᠵᠤ᠂ ᠨᠢᠭᠡ ᠨᠠᠰᠤᠨ᠎ᠳᠦ ᠦᠢᠯᠡᠴᠢᠯᠡᠬᠦ 》 ᠠᠮᠠᠯᠠᠯᠲᠠ᠎ᠪᠠᠨ ᠦᠢᠯᠡᠳᠦᠯᠭᠡᠵᠢᠭᠦᠯᠵᠦ᠂ 《 ᠬᠣᠲᠠ᠎ᠶᠢᠨ ᠲᠣᠭᠣᠷᠢᠭ᠋᠎ᠲᠤ 15 ᠮᠢᠨᠦ᠋ᠲ᠎ᠤᠨ ᠶᠠᠪᠠᠭᠠᠨ ᠵᠠᠢ᠂ ᠬᠥᠳᠡᠭᠡ ᠲᠣᠰᠬᠣᠨ᠎ᠳᠤ 5 ᠺᠢᠯᠣᠮᠧᠲᠷ᠎ᠢ ᠬᠠᠮᠤᠷᠬᠤ 》 ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ᠎ᠦ ᠬᠦᠷᠢᠶ᠎ᠡ ᠴᠠᠷᠠᠭ᠎ᠠ᠎ᠶᠢ ᠪᠠᠢᠭᠤᠯᠵᠤ᠂ ᠨᠡᠢᠭᠡᠮ᠎ᠦᠨ ᠳᠠᠭᠠᠳᠬᠠᠯ᠎ᠤᠨ ᠣᠶᠤᠨᠴᠢ ᠮᠠᠰᠢᠨ᠂ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠤᠨ ᠣᠶᠤᠨᠴᠢ ᠬᠢᠨᠠᠨ ᠬᠠᠷᠭᠤᠭᠤᠯᠤᠯᠲᠠ᠂ 《 ᠨᠡᠢᠭᠡᠮ᠎ᠦᠨ ᠳᠠᠭᠠᠳᠬᠠᠯ᠎ᠤᠨ ᠲᠥᠯᠥᠪᠵᠢᠭᠦᠯᠦᠭᠴᠢ 》 ᠵᠡᠷᠭᠡ ᠦᠢᠯᠡᠴᠢᠯᠡᠭᠡ᠎ᠶᠢ ᠭᠠᠷᠭᠠᠵᠤ᠂ 《 24 ᠴᠠᠭ᠎ᠲᠤ ᠡᠭᠦᠳᠡ᠎ᠪᠡᠨ ᠬᠠᠭᠠᠬᠤ ᠦᠭᠡᠢ 》 ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ᠎ᠦ ᠲᠠᠩᠬᠢᠮ᠎ᠢ ᠪᠠᠢᠭᠤᠯᠵᠤ ᠂ ᠣᠯᠠᠨ ᠲᠦᠮᠡᠨ᠎ᠳᠦ ᠨᠠᠩ ᠲᠥᠬᠥᠮ᠂ ᠨᠠᠩ ᠲᠦᠷᠭᠡᠨ ᠦᠢᠯᠡᠴᠢᠯᠡᠭᠡ ᠬᠠᠩᠭᠠᠭᠰᠠᠨ ᠪᠠᠢᠨ᠎ᠠ᠃
ᠲᠠᠪᠤᠨ ᠵᠢᠯ᠎ᠤᠨ ᠲᠤᠷᠰᠢ ᠰᠠᠯᠬᠢ ᠪᠣᠷᠣᠭᠠᠨ᠎ᠳᠤ ᠳᠠᠪᠲᠠᠭᠳᠠᠨ᠂ ᠲᠠᠪᠤᠨ ᠵᠢᠯ᠎ᠤᠨ ᠲᠤᠷᠰᠢ ᠰᠢᠷᠭᠠᠭᠤ ᠬᠠᠲᠠᠭᠤᠵᠢᠯᠲᠠᠢ ᠠᠵᠢᠯᠯᠠᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠦᠢᠯᠡᠰ 《 ᠪᠦᠷᠬᠦᠴᠡ᠎ᠶᠢ ᠨᠡᠩ ᠥᠷᠭᠡᠨ᠂ ᠪᠠᠲᠤᠯᠠᠭ᠎ᠠ᠎ᠶᠢ ᠨᠡᠩ ᠪᠣᠳᠠᠲᠠᠢ᠂ ᠦᠢᠯᠡᠴᠢᠯᠡᠭᠡ᠎ᠶᠢ ᠨᠡᠩ ᠰᠢᠯᠢᠳᠡᠭᠵᠢᠭᠦᠯᠬᠦ 》 ᠢᠳᠡᠷᠡᠭᠦᠨ ᠠᠯᠬᠤᠭ᠎ᠠ᠎ᠪᠠᠷ ᠲᠦᠭ ᠲᠦᠮᠡᠨ ᠠᠷᠠᠳ ᠤᠯᠠᠨ᠎ᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠣᠣᠷ᠎ᠢ ᠴᠣᠭᠴᠠᠯᠠᠨ ᠪᠠᠢᠭᠤᠯᠵᠠᠢ᠃
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠪᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠠᠶᠠᠯᠠᠯ᠎ᠢᠶᠠᠨ ᠡᠬᠢᠯᠡᠭᠦᠯᠬᠦ ᠲᠡᠦᠬᠡ᠎ᠶᠢᠨ ᠠᠭᠤᠯᠵᠠᠷ ᠳᠡᠭᠡᠷ᠎ᠡ ᠵᠣᠭᠰᠣᠵᠤ ᠬᠠᠷᠠᠬᠤᠶ᠎ᠠ᠂ ᠨᠡᠢᠭᠡᠮ᠎ᠦᠨ ᠪᠠᠲᠤᠯᠠᠭ᠎ᠠ᠎ᠶᠢᠨ ᠦᠢᠯᠡᠰ ᠯᠠᠪᠳᠠᠶ᠎ᠠ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠲᠡᠰ ᠳᠡᠪᠰᠢᠭᠦᠯᠵᠦ᠂ ᠠᠷᠠᠳ ᠤᠯᠠᠨ᠎ᠳᠤ ᠨᠡᠩ ᠠᠮᠤᠷ ᠲᠣᠭᠲᠠᠭᠤᠨ ᠠᠮᠢᠳᠤᠷᠠᠯ᠂ ᠨᠡᠩ ᠰᠠᠢᠬᠠᠨ ᠢᠷᠡᠭᠡᠳᠦᠢ᠎ᠶᠢ ᠡᠷᠭᠦᠨ ᠥᠭᠴᠦ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠪᠡᠬᠢ ᠠᠷᠠᠳ᠎ᠤᠨ ᠠᠮᠢᠳᠤᠷᠠᠯ᠎ᠤᠨ ᠰᠠᠭᠤᠷᠢ᠎ᠶᠢ ᠴᠣᠭᠴᠠᠯᠠᠵᠤ᠂ ᠨᠡᠩ ᠰᠦᠷ ᠳᠠᠯᠠᠢᠴᠠᠲᠠᠢ ᠬᠦᠴᠦᠨ᠎ᠢᠶᠡᠷ ᠰᠢᠨ᠎ᠡ ᠴᠠᠭ ᠦᠶ᠎ᠡ᠎ᠶᠢᠨ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ ᠪᠣᠯᠣᠨ᠎ᠠ! ( ᠶᠢᠦ ᠴᠥᠩ )