《 ᠲᠢᠶᠠᠨ ᠭᠦᠩ 》 ᠨᠢᠰᠬᠦ ᠣᠩᠭᠣᠴᠠ ᠣᠭᠲᠠᠷᠭᠤᠢ᠎ᠶᠢ ᠲᠣᠭᠣᠷᠢᠨ ᠦᠵᠡᠬᠦ᠎ᠡᠴᠡ 《 ᠬᠠᠢ ᠳ᠋ᠧᠦ 》 ᠱᠤᠩᠪᠠᠬᠤ ᠣᠩᠭᠣᠴᠠ ᠲᠠᠯᠠᠢ᠎ᠶᠢᠨ ᠬᠦᠪᠢ ᠬᠠᠢᠬᠤ ᠬᠦᠷᠲᠡᠯ᠎ᠡ᠂ ᠪᠧᠢ ᠳ᠋ᠧᠦ ᠰᠦᠯᠵᠢᠶ᠎ᠡ᠎ᠠᠴᠠ C919 ᠬᠠᠯᠢᠨ ᠨᠢᠰᠬᠦ ᠬᠦᠷᠲᠡᠯ᠎ᠡ᠂ ᠪᠦᠬᠦ ᠪᠥᠮᠪᠥᠷᠴᠡᠭ᠎ᠦᠨ ᠠᠩᠬᠠᠳᠠᠭ᠍ᠴᠢ ᠳᠥᠷᠪᠡᠳᠦᠭᠡᠷ ᠦᠶ᠎ᠡ᠎ᠶᠢᠨ ᠴᠥᠮ᠎ᠡ᠎ᠶᠢᠨ ᠴᠠᠬᠢᠯᠭᠠᠨ ᠦᠷᠳᠡᠭᠡ᠎ᠶᠢᠨ ᠬᠤᠳᠠᠯᠳᠤᠭᠠᠨ᠎ᠤ ᠲᠡᠭᠡᠭᠡᠪᠦᠷᠢ ᠠᠰᠢᠭ᠍ᠯᠠᠯᠲᠠ᠎ᠳᠤ ᠣᠷᠣᠭᠰᠠᠨ᠎ᠠᠴᠠ ᠰᠢᠨ᠎ᠡ ᠡᠨᠧᠷᠭᠢ᠎ᠶᠢᠨ ᠮᠠᠰᠢᠨ ᠲᠡᠷᠭᠡ ᠪᠦᠬᠦ ᠪᠥᠮᠪᠥᠷᠴᠡᠭ᠎ᠲᠦ ᠮᠠᠩᠯᠠᠢᠯᠠᠬᠤ ᠬᠦᠷᠲᠡᠯ᠎ᠡ ᠁ ᠳᠤᠮᠳᠠᠳᠤ᠎ᠶᠢᠨ ᠤᠶᠤᠨ ᠤᠬᠠᠭᠠᠨ᠎ᠢ ᠢᠯᠡᠷᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ᠎ᠦᠨ ᠪᠠᠢᠷᠢᠰᠢᠯ ᠨᠢ ᠪᠦᠬᠦ ᠪᠥᠮᠪᠥᠷᠴᠡᠭ᠎ᠦᠨ ᠰᠢᠨ᠎ᠡ᠎ᠶᠢ ᠡᠭᠦᠳᠬᠦ ᠵᠢᠷᠤᠭ᠎ᠤᠨ ᠵᠢᠭ᠍ᠰᠠᠯ ᠳᠡᠭᠡᠷ᠎ᠡ ᠰᠢᠨ᠎ᠡ ᠴᠠᠭ ᠦᠶ᠎ᠡ᠎ᠶᠢᠨ ᠳᠣᠷᠣᠨᠠᠳᠠᠬᠢᠨ᠎ᠤ ᠭᠠᠢᠬᠠᠮᠰᠢᠭ᠋᠎ᠢ ᠲᠠᠰᠤᠷᠠᠯᠳᠠ ᠦᠭᠡᠢ ᠪᠢᠴᠢᠭᠯᠡᠨ᠎ᠡ᠃
ᠤᠯᠤᠰ᠎ᠢᠶᠠᠨ ᠮᠠᠨᠳᠤᠭᠤᠯᠵᠤ ᠤᠯᠤᠰ᠎ᠢᠶᠠᠨ ᠬᠦᠴᠦᠷᠬᠡᠭᠵᠢᠭᠦᠯᠬᠦ᠎ᠳᠦ ᠴᠢᠳᠠᠪᠤᠷᠢᠲᠠᠨ᠎ᠢᠶᠠᠷ ᠰᠠᠭᠤᠷᠢ ᠪᠣᠯᠭᠠᠨ᠎ᠠ᠃ 《 ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢᠲᠠᠨ᠎ᠤ ᠬᠦᠴᠦᠨ᠎ᠢ ᠲᠦᠷᠭᠡᠨ ᠪᠠᠶ᠋ᠢᠭᠤᠯᠬᠤ 》 《 ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ 》 《 ᠴᠢᠳᠠᠪᠤᠷᠢᠲᠠᠨ᠎ᠢ ᠪᠦᠬᠦ ᠲᠠᠯ᠎ᠠ᠎ᠪᠠᠷ ᠬᠥᠮᠥᠵᠢᠭᠦᠯᠵᠦ᠂ ᠣᠷᠣᠭᠤᠯᠤᠨ ᠠᠪᠴᠢᠷᠠᠵᠤ᠂ ᠰᠠᠢᠲᠤᠷ ᠬᠡᠷᠡᠭᠯᠡᠬᠦ 》᠁ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠠᠯᠢ ᠤᠯᠠᠨ ᠴᠢᠬᠤᠯᠠ ᠥᠭᠦᠯᠡᠯᠲᠡ ᠬᠢᠵᠦ᠂ ᠰᠢᠨ᠎ᠡ ᠴᠠᠭ ᠦᠶ᠎ᠡ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ᠎ᠢ ᠰᠠᠢᠲᠤᠷ ᠬᠢᠬᠦ᠎ᠳᠦ ᠦᠨᠳᠦᠰᠦᠨ ᠵᠢᠷᠤᠮᠯᠠᠯ ᠬᠠᠩᠭᠠᠵᠠᠢ᠃
ᠲᠠᠪᠤᠨ ᠵᠢᠯ᠎ᠦᠨ ᠲᠤᠷᠰᠢ ᠂ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠮᠠᠨ᠎ᠤ ᠤᠯᠤᠰ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ ᠨᠢ ᠨᠠᠮ ᠪᠠ ᠤᠯᠤᠰ᠎ᠤᠨ ᠭᠣᠣᠯ ᠡᠭᠦᠷᠭᠡ᠎ᠲᠠᠢ ᠨᠢᠭ᠍ᠲᠠ ᠤᠶᠠᠯᠳᠤᠭᠤᠯᠤᠨ ᠂ ᠨᠠᠷᠢᠯᠢᠭ᠋ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠬᠦ ᠪᠠ ᠰᠢᠰᠲᠧᠮ᠎ᠦᠨ ᠴᠢᠨᠠᠷᠲᠠᠢ ᠥᠭᠡᠷᠡᠴᠢᠯᠡᠯᠲᠡ ᠬᠢᠬᠦ᠎ᠪᠡᠷ ᠳᠠᠮᠵᠢᠭᠤᠯᠤᠨ ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠴᠢᠳᠠᠪᠤᠷᠢᠲᠠᠨ᠎ᠤ ᠰᠠᠭᠤᠷᠢ᠎ᠶᠢ ᠪᠡᠬᠢᠵᠢᠭᠦᠯᠪᠡ ᠃
ᠡᠨᠡ ᠲᠠᠪᠤᠨ ᠵᠢᠯ᠎ᠳᠦ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ ᠴᠢᠳᠠᠪᠤᠷᠢᠲᠠᠨ᠎ᠢ ᠤᠯᠤᠰ᠎ᠤᠨ ᠪᠠᠴᠢᠮ ᠬᠡᠷᠡᠭᠴᠡᠭᠡ᠎ᠲᠠᠢ ᠭᠠᠵᠠᠷ᠎ᠲᠤ ᠬᠥᠲᠥᠯᠥᠨ ᠣᠷᠣᠭᠤᠯᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠦᠢᠯᠡᠴᠢᠯᠡᠭᠡ ᠨᠢ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠰᠢᠨ᠎ᠡ ᠳᠡᠭᠡᠭᠰᠢᠯᠡᠯᠲᠡ᠎ᠶᠢ ᠪᠡᠶᠡᠯᠡᠭᠦᠯᠬᠦ᠎ᠶᠢ ᠪᠠᠲᠤᠯᠠᠪᠠ᠃
ᠡᠨᠡ ᠲᠠᠪᠤᠨ ᠵᠢᠯ᠎ᠳᠦ᠂ ᠮᠠᠨ᠎ᠤ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠡᠩᠨᠡᠭᠡ ᠬᠥᠭᠵᠢᠨ ᠪᠤᠵᠠᠭᠠᠢᠷᠠᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠮᠡᠳᠡᠯᠭᠡ᠎ᠶᠢ ᠰᠢᠨᠡᠳᠬᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠲᠣᠭᠠᠴᠢᠯᠠᠭᠰᠠᠨ ᠮᠡᠷᠭᠡᠵᠢᠯ᠎ᠦᠨ ᠢᠨᠵᠧᠨᠧᠷ᠎ᠢ ᠬᠥᠮᠥᠵᠢᠭᠦᠯᠬᠦ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠥᠨᠳᠥᠷ᠎ᠲᠦ ᠠᠪᠠᠷᠢᠨ ᠰᠢᠨ᠎ᠡ᠎ᠶᠢ ᠡᠭᠦᠳᠬᠦ᠎ᠳᠦ ᠰᠢᠨ᠎ᠡ ᠮᠡᠷᠭᠡᠵᠢᠯ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠪᠠᠲᠤ ᠪᠡᠬᠢ ᠰᠠᠭᠤᠷᠢ ᠲᠤᠯᠭᠠᠭᠤᠷᠢ ᠲᠠᠢ ᠪᠣᠯᠣᠭᠰᠠᠨ ᠪᠠᠢᠨ᠎ᠠ᠃
ᠡᠨᠡ ᠲᠠᠪᠤᠨ ᠵᠢᠯ᠎ᠳᠦ᠂ ᠴᠢᠳᠠᠪᠤᠷᠢᠲᠠᠨ᠎ᠤ ᠦᠨᠡᠯᠡᠯᠲᠡ᠎ᠶᠢᠨ ᠥᠭᠡᠷᠡᠴᠢᠯᠡᠯᠲᠡ᠎ᠶᠢ ᠡᠪᠳᠡᠬᠦ ᠪᠠ ᠪᠠᠶ᠋ᠢᠭᠤᠯᠬᠤ᠎ᠶᠢ ᠵᠡᠷᠭᠡ᠎ᠪᠡᠷ ᠠᠳᠬᠤᠬᠤ᠎ᠶᠢ ᠪᠡᠶᠡᠯᠡᠭᠦᠯᠵᠦ᠂ ᠴᠢᠳᠠᠪᠤᠷᠢᠲᠠᠨ᠎ᠤ ᠬᠥᠭᠵᠢᠯᠲᠡ᠎ᠶᠢᠨ ᠲᠣᠭᠲᠠᠴᠠ᠎ᠶᠢᠨ 《 ᠠᠷᠬᠠᠭ ᠭᠡᠮ 》 《 ᠨᠡᠭᠦᠳᠡᠯ ᠪᠡᠬᠢᠯᠡᠯᠲᠡ》᠎ᠶᠢ ᠨᠢᠭᠡ ᠨᠢᠭᠡ᠎ᠪᠡᠷ ᠡᠪᠳᠡᠵᠦ᠂ ᠴᠢᠳᠠᠪᠤᠷᠢᠲᠠᠨ᠎ᠤ ᠰᠢᠨ᠎ᠡ᠎ᠶᠢ ᠡᠭᠦᠳᠬᠦ ᠦᠢᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠪᠠ᠃
᠁ ᠁
ᠨᠢᠭᠡᠨ ᠰᠠᠯᠠᠭ᠎ᠠ ᠰᠦᠷ ᠳᠠᠯᠠᠢᠴᠠᠲᠠᠢ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠶᠡᠬᠡ ᠴᠡᠷᠢᠭ ᠥᠭᠡᠷᠡᠴᠢᠯᠡᠯᠲᠡ᠎ᠶᠢᠨ ᠳᠠᠷᠪᠠᠭᠤᠯ᠎ᠢ ᠡᠵᠡᠮᠳᠡᠵᠦ᠂ ᠰᠢᠨ᠎ᠡ᠎ᠶᠢ ᠡᠭᠦᠳᠬᠦ᠎ᠪᠡᠷ ᠠᠵᠢᠯᠯᠠᠭᠠᠨ᠎ᠤ ᠰᠡᠯᠢᠭᠦᠷ᠎ᠢᠶᠡᠨ ᠪᠣᠯᠭᠠᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ ᠵᠠᠮ᠎ᠢᠶᠠᠷ ᠳᠠᠪᠠᠯᠭᠠᠨ᠎ᠢ ᠰᠥᠷᠦᠨ ᠤᠷᠤᠭᠰᠢᠯᠠᠵᠤ ᠪᠠᠢᠨ᠎ᠠ᠃
ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠨ ᠪᠠᠲᠤᠯᠠᠵᠤ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠲᠤᠯᠬᠤ ᠴᠡᠭ᠎ᠢ ᠪᠣᠰᠬᠠᠨ᠎ᠠ
9 ᠰᠠᠷ᠎ᠠ᠎ᠶᠢᠨ 12᠎ᠤᠨ ᠡᠳᠦᠷ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠪᠡᠭᠡᠵᠢᠩ᠎ᠦᠨ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠤ ᠥᠨᠳᠥᠷᠯᠢᠭ᠎ᠦᠨ ᠪᠦᠲᠦᠭᠡᠨ ᠪᠠᠢᠭᠤᠯᠤᠯᠲᠠ᠎ᠶᠢ ᠭᠣᠣᠯᠳᠠᠯᠭ᠎ᠠ᠎ᠲᠠᠢ ᠳᠡᠮᠵᠢᠬᠦ ᠭᠣᠣᠯᠳᠠᠯᠭ᠎ᠠ᠎ᠲᠠᠢ ᠲᠥᠷᠥᠯ ᠵᠦᠢᠯ ᠪᠣᠯᠤᠭᠰᠠᠨ᠎ᠤ ᠬᠤᠪᠢ᠎ᠳᠤ ᠂ 《 ᠪᠡᠭᠡᠵᠢᠩ ᠬᠣᠲᠠ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ ᠭᠠᠷᠴᠠᠭ ( 2005 ᠣᠨ᠎ᠤ ᠬᠡᠪᠯᠡᠯ ) 》᠎ᠢ ᠨᠡᠢᠲᠡᠯᠡᠪᠡ ᠃
ᠲᠠᠪᠤᠨ ᠵᠢᠯ᠎ᠦᠨ ᠲᠤᠷᠰᠢ᠂ ᠥᠨᠳᠥᠷ ᠲᠦᠪᠰᠢᠨ ᠪᠦᠬᠦᠢ ᠴᠢᠳᠠᠪᠤᠷᠢᠲᠠᠨ᠎ᠤ ᠥᠨᠳᠥᠷᠯᠢᠭ᠎ᠦᠨ ᠪᠦᠲᠦᠭᠡᠨ ᠪᠠᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠪᠡᠷ ᠭᠣᠣᠯᠳᠠᠭᠤᠯᠵᠤ᠂ ᠮᠠᠨ᠎ᠤ ᠤᠯᠤᠰ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠢᠵᠢᠯ ᠠᠯᠬᠤᠮ᠎ᠢᠶᠠᠷ ᠰᠦᠪᠡᠭᠴᠢᠯᠡᠵᠦ᠂ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠲᠤᠯᠬᠤ ᠴᠡᠭ᠎ᠢ ᠴᠣᠭᠴᠠᠯᠠᠨ ᠪᠠᠢᠭᠤᠯᠪᠠ᠃
ᠪᠡᠭᠡᠵᠢᠩ᠂ ᠱᠠᠩᠬᠠᠢ᠂ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠥᠨᠳᠥᠷ ᠲᠦᠪᠰᠢᠨ᠎ᠦ ᠴᠢᠳᠠᠪᠤᠷᠢᠲᠠᠨ᠎ᠤ ᠥᠨᠳᠥᠷᠯᠢᠭ᠎ᠦᠨ ᠪᠦᠲᠦᠭᠡᠨ ᠪᠠᠢᠭᠤᠯᠤᠯᠲᠠ ᠬᠦᠷ ᠬᠥᠭᠵᠢᠶᠡᠨ᠎ᠲᠠᠢ ᠶᠠᠪᠤᠭᠳᠠᠵᠤ᠂ ᠪᠦᠬᠦ ᠪᠥᠮᠪᠥᠷᠴᠡᠭ᠎ᠦᠨ ᠬᠡᠪᠴᠢᠶᠡᠨ᠎ᠳᠡᠬᠢ ᠰᠢᠯᠢᠳᠡᠭ ᠴᠢᠳᠠᠪᠤᠷᠢᠲᠠᠨ ᠪᠣᠯᠣᠨ ᠤᠯᠠᠨ ᠤᠯᠤᠰ᠎ᠤᠨ ᠳᠦᠷᠢᠮ᠎ᠢ ᠰᠠᠢᠨ ᠮᠡᠳᠡᠳᠡᠭ ᠦᠯᠡᠮᠵᠢ ᠤᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠪᠠᠴᠢᠮ ᠱᠠᠭᠠᠷᠳᠠᠵᠤ ᠪᠠᠢᠨ᠎ᠠ᠃ ᠳᠡᠯᠡᠬᠡᠢ᠎ᠶᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ᠎ᠶᠢ ᠡᠭᠦᠳᠬᠦ ᠥᠨᠳᠥᠷᠯᠢᠭ᠎ᠢ ᠲᠦᠷᠭᠡᠪᠴᠢᠯᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠮᠠᠨ᠎ᠤ ᠤᠯᠤᠰ ᠠᠯᠢ ᠤᠯᠠᠨ ᠪᠠᠲᠤᠯᠠᠭ᠎ᠠ᠎ᠶᠢᠨ ᠲᠦᠷᠦ᠎ᠶᠢᠨ ᠪᠣᠳᠣᠯᠭ᠎ᠠ᠎ᠶᠢ ᠲᠣᠭᠲᠠᠭᠠᠨ ᠬᠡᠷᠡᠭᠵᠢᠭᠦᠯᠵᠦ᠂ ᠪᠡᠭᠡᠵᠢᠩ᠂ ᠱᠠᠩᠬᠠᠢ᠂ ᠶᠡᠬᠡ ᠪᠤᠯᠤᠩ᠎ᠤᠨ ᠣᠷᠣᠨ᠎ᠤ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠤ ᠥᠨᠳᠥᠷᠯᠢᠭ᠎ᠢ ᠪᠠᠶ᠋ᠢᠭᠤᠯᠬᠤ᠎ᠶᠢ ᠳᠡᠮᠵᠢᠪᠡ᠃
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠪᠡᠭᠡᠵᠢᠩ᠂ ᠱᠠᠩᠬᠠᠢ᠂ ᠶᠡᠬᠡ ᠪᠤᠯᠤᠩ᠎ᠤᠨ ᠣᠷᠣᠨ ᠯᠤᠭ᠎ᠠ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠡᠯᠡᠯᠴᠡᠭᠡᠷ/ ᠰᠠᠨᠠᠮᠵᠢ᠎ᠶᠢᠨ ᠪᠢᠴᠢᠭ᠎ᠲᠦ ᠭᠠᠷᠤᠨ ᠦᠰᠦᠭ ᠵᠢᠷᠤᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠳᠠᠪᠠᠭᠤᠯᠢᠭ᠋ ᠡᠬᠢ ᠪᠠᠶᠠᠯᠢᠭ᠋᠎ᠢ ᠲᠥᠪᠯᠡᠷᠡᠭᠦᠯᠦᠨ ᠲᠣᠬᠢᠷᠠᠭᠤᠯᠵᠤ᠂ ᠬᠣᠯᠪᠣᠭᠳᠠᠯ ᠪᠦᠬᠦᠢ ᠭᠠᠵᠠᠷ ᠣᠷᠣᠨ᠎ᠢ ᠵᠢᠯᠣᠭᠣᠳᠤᠨ ᠥᠭᠡᠷᠡᠴᠢᠯᠡᠯᠲᠡ᠎ᠶᠢᠨ ᠲᠤᠷᠰᠢᠯᠲᠠ᠎ᠶᠢ ᠡᠮᠬᠢ ᠵᠢᠷᠤᠮ᠎ᠲᠠᠢ᠎ᠪᠠᠷ ᠥᠷᠨᠢᠭᠦᠯᠪᠡ᠃ ᠪᠡᠭᠡᠵᠢᠩ᠎ᠢ ᠵᠢᠯᠣᠭᠣᠳᠤᠨ ᠣᠯᠠᠨ ᠤᠯᠤᠰ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠦᠨᠡᠯᠡᠯᠲᠡ᠎ᠶᠢ ᠥᠷᠨᠢᠭᠦᠯᠪᠡ ; ᠱᠠᠩᠬᠠᠢ᠎ᠳᠤ ᠠᠵᠢᠯ ᠮᠡᠷᠭᠡᠵᠢᠯ᠎ᠦᠨ ᠬᠢᠷᠢ ᠬᠡᠮ᠎ᠢ ᠤᠯᠠᠨ ᠤᠯᠤᠰ ( ᠬᠢᠯᠢ᠎ᠶᠢᠨ ᠭᠠᠳᠠᠨᠠᠬᠢ ) ᠮᠡᠳᠡᠷᠡᠬᠦ ᠲᠣᠭᠲᠠᠴᠠ᠎ᠶᠢ ᠰᠦᠪᠡᠭᠴᠢᠯᠡᠨ ᠲᠡᠭᠦᠯᠳᠡᠷᠵᠢᠭᠦᠯᠬᠦ᠂ ᠤᠷᠤᠯᠳᠤᠭᠠᠨ᠎ᠤ ᠶᠠᠪᠤᠳᠠᠯ᠎ᠢ ᠬᠥᠲᠥᠯᠥᠨ ᠳᠠᠭᠠᠭᠤᠯᠬᠤ᠎ᠪᠠᠷ ᠲᠣᠭᠠᠴᠢᠯᠠᠭᠰᠠᠨ ᠴᠢᠳᠠᠪᠤᠷᠢᠲᠠᠨ᠎ᠢ ᠰᠣᠩᠭᠣᠨ ᠬᠥᠮᠥᠵᠢᠭᠦᠯᠬᠦ᠎ᠶᠢ ᠠᠬᠢᠭᠤᠯᠬᠤ᠂ ᠣᠷᠣᠨ ᠨᠤᠲᠤᠭ᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠮᠡᠷᠭᠡᠵᠢᠯᠲᠡᠨ᠎ᠦ ᠰᠢᠨ᠎ᠡ᠎ᠶᠢ ᠡᠭᠦᠳᠬᠦ ᠶᠡᠬᠡ ᠬᠢᠴᠢᠶᠡᠯ᠎ᠦᠨ ᠲᠠᠩᠬᠢᠮ ᠡᠷᠬᠢᠯᠡᠬᠦ ᠵᠡᠷᠭᠡ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠬᠠᠮᠢᠶᠠᠷᠤᠯᠲᠠ ᠦᠢᠯᠡᠴᠢᠯᠡᠭᠡᠨ᠎ᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠡᠭᠦᠷᠭᠡ ᠥᠭᠪᠡ ; ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠤ ᠥᠨᠳᠥᠷᠯᠢᠭ ᠭᠠᠵᠠᠷ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠰᠢᠶᠠᠩᠭᠠᠩ ᠣᠣᠮᠧᠨ᠎ᠦ ᠲᠤᠰᠬᠠᠢ ᠮᠡᠷᠭᠡᠵᠢᠯ᠎ᠦᠨ ᠬᠥᠮᠥᠰ᠎ᠦᠨ ᠶᠡᠬᠡ ᠪᠤᠯᠤᠩ᠎ᠤᠨ ᠣᠷᠣᠨ᠎ᠤ ᠳᠣᠲᠣᠷ᠎ᠠ ᠠᠵᠢᠯ ᠡᠷᠬᠢᠯᠡᠬᠦ ᠬᠦᠷᠢᠶ᠎ᠡ ᠬᠡᠪᠴᠢᠶ᠎ᠡ᠎ᠶᠢ ᠥᠷᠭᠡᠳᠬᠡᠵᠦ᠂ ᠰᠢᠶᠠᠩᠭᠠᠩ ᠣᠣᠮᠧᠨ᠎ᠦ ᠵᠠᠯᠠᠭᠤᠴᠤᠳ᠎ᠤᠨ ᠰᠢᠨ᠎ᠡ᠎ᠶᠢ ᠡᠭᠦᠳᠦᠨ ᠦᠢᠯᠡᠰ ᠪᠣᠰᠬᠠᠬᠤ ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠰᠢᠶᠠᠩᠭᠠᠩ ᠣᠣᠮᠧᠨ᠎ᠦ ᠵᠠᠯᠠᠭᠤᠴᠤᠳ᠎ᠤᠨ ᠭᠤᠸᠠᠩᠳᠦ᠋ᠩ ᠰᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠳᠤ ᠠᠵᠢᠯ ᠣᠯᠵᠤ ᠦᠢᠯᠡᠰ ᠪᠣᠰᠬᠠᠬᠤ᠎ᠶᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ᠎ᠢ ᠨᠡᠢᠲᠡᠯᠡᠪᠡ᠃
ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠨᠢ ᠮᠥᠨ ᠴᠢᠨᠠᠷ ᠴᠢᠳᠠᠪᠤᠷᠢᠲᠠᠨ᠎ᠤ ᠬᠥᠳᠡᠯᠭᠡᠭᠦᠷ ᠪᠣᠯᠣᠨ᠎ᠠ ᠃ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ᠎ᠲᠠᠢ ᠨᠢᠭ᠍ᠲᠠ ᠤᠶᠠᠯᠳᠤᠭᠤᠯᠤᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠪᠠᠨ ᠴᠢᠩᠭᠠᠳᠬᠠᠵᠤ᠂ ᠴᠢᠳᠠᠪᠤᠷᠢᠲᠠᠨ᠎ᠤ ᠲᠥᠷᠥᠯ ᠵᠦᠢᠯᠡᠰ᠎ᠢ ᠬᠡᠷᠡᠭᠵᠢᠭᠦᠯᠬᠦ᠂ ᠴᠢᠳᠠᠪᠤᠷᠢᠲᠠᠨ᠎ᠤ ᠲᠦᠷᠦ᠎ᠶᠢᠨ ᠪᠣᠳᠣᠯᠭ᠎ᠠ᠎ᠶᠢ ᠲᠣᠭᠲᠠᠭᠠᠬᠤ᠂ ᠥᠭᠡᠷᠡᠴᠢᠯᠡᠯᠲᠡ᠎ᠶᠢᠨ ᠲᠤᠷᠰᠢᠯᠲᠠ᠎ᠶᠢ ᠲᠦᠯᠬᠢᠨ ᠠᠬᠢᠭᠤᠯᠬᠤ ᠵᠡᠷᠭᠡ ᠲᠠᠯ᠎ᠠ᠎ᠪᠠᠷ ᠳᠡᠮᠵᠢᠬᠦ ᠡᠷᠴᠢᠮ᠎ᠢᠶᠡᠨ ᠴᠢᠩᠭᠠᠷᠠᠭᠤᠯᠪᠠ᠃
ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠳᠡᠭᠡᠳᠦ ᠳᠣᠣᠷᠠᠳᠤ ᠱᠠᠲᠤ ᠬᠣᠯᠪᠤᠭᠠᠯᠠᠨ ᠬᠥᠳᠡᠯᠦᠯᠴᠡᠵᠦ ᠂ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ᠎ᠶᠢᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ᠬᠥᠮᠥᠨ ᠬᠡᠷᠡᠭᠯᠡᠬᠦ ᠨᠢᠭᠡᠴᠢ ᠵᠡᠷᠭᠡ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠦᠢᠯᠡᠳᠦᠯ᠎ᠢ ᠴᠢᠩᠭᠠᠷᠠᠭᠤᠯᠵᠤ ᠂ ᠴᠢᠳᠠᠪᠤᠷᠢᠲᠠᠨ᠎ᠤ ᠰᠢᠯᠵᠢᠯᠲᠡ᠎ᠶᠢᠨ ᠪᠡᠬᠢᠯᠡᠯᠲᠡ᠎ᠶᠢ ᠨᠡᠪᠲᠡᠷᠡᠭᠦᠯᠦᠨ ᠂ ᠴᠢᠳᠠᠪᠤᠷᠢᠲᠠᠨ᠎ᠤ ᠡᠬᠢ ᠪᠠᠶᠠᠯᠢᠭ᠋᠎ᠤᠨ ᠵᠦᠢ ᠵᠣᠬᠢᠰᠲᠠᠢ ᠡᠮᠬᠢ ᠵᠢᠷᠤᠮ᠎ᠲᠠᠢ ᠰᠢᠯᠵᠢᠯᠲᠡ᠎ᠶᠢ ᠠᠬᠢᠭᠤᠯᠵᠤ ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠲᠥᠷᠥᠯ ᠵᠦᠢᠯᠡᠰ ᠪᠠ ᠪᠠᠴᠢᠮ ᠪᠠᠢᠳᠠᠯ᠎ᠢ ᠠᠷᠭᠠᠴᠠᠬᠤ ᠴᠢᠬᠤᠯᠠ ᠶᠡᠬᠡ ᠪᠡᠷᠬᠡ ᠰᠡᠳᠦᠪ᠎ᠢ ᠰᠢᠢᠳᠪᠦᠷᠢᠯᠡᠬᠦ ᠲᠥᠷᠥᠯ ᠵᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠂ ᠵᠠᠷᠯᠠᠯ ᠨᠡᠢᠲᠡᠯᠡᠵᠦ ᠮᠠᠩᠯᠠᠢᠯᠠᠭᠤᠯᠬᠤ ᠂ ᠤᠷᠤᠯᠳᠤᠭᠠᠨ ᠤᠷᠤᠯᠳᠤᠭᠤᠯᠬᠤ ᠵᠡᠷᠭᠡ ᠳᠦᠷᠢᠮ᠎ᠢ ᠬᠡᠷᠡᠭᠵᠢᠭᠦᠯᠪᠡ ᠃
ᠵᠢᠶᠠᠩᠰᠤ ᠮᠤᠵᠢ᠎ᠶᠢᠨ ᠬᠢᠨ ᠳᠡᠭᠡᠳᠦ ᠲᠡᠰ ᠳᠠᠪᠬᠤᠷᠭ᠎ᠠ᠎ᠶᠢᠨ ᠴᠢᠳᠠᠪᠤᠷᠢᠲᠠᠨ᠎ᠤ ᠦᠢᠯᠡᠰ᠎ᠦᠨ ᠣᠷᠣᠨ ᠲᠣᠭ᠎ᠠ᠎ᠶᠢᠨ 《 ᠡᠷᠭᠢᠯᠲᠡ᠎ᠶᠢᠨ ᠲᠠᠲᠠᠭᠠᠯ 》᠎ᠤᠨ ᠲᠣᠭᠲᠠᠴᠠ᠎ᠶᠢ ᠪᠠᠢᠭᠤᠯᠵᠤ᠂ ᠵᠠᠩᠭᠢᠯᠠᠭ᠎ᠠ᠎ᠶᠢᠨ ᠬᠦᠷᠢᠶᠡᠨ᠎ᠳᠡᠬᠢ ᠴᠢᠳᠠᠪᠤᠷᠢᠲᠠᠨ᠎ᠢ ᠣᠷᠣᠭᠤᠯᠤᠨ ᠣᠷᠣᠨ ᠲᠣᠭ᠎ᠠ᠎ᠶᠢ ᠬᠡᠷᠡᠭᠯᠡᠬᠦ ᠪᠡᠷᠬᠡ ᠰᠡᠳᠦᠪ᠎ᠢ ᠡᠪᠳᠡᠪᠡ ; ᠴᠦᠩᠴᠢᠩ᠎ᠦᠨ ᠬᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠂ ᠴᠢᠳᠠᠪᠤᠷᠢᠲᠠᠨ᠎ᠤ ᠦᠢᠯᠡᠳᠦᠯᠴᠡᠯ᠎ᠢᠶᠡᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠬᠠᠷᠢᠯᠴᠠᠨ ᠲᠣᠮᠢᠯᠠᠵᠤ ᠠᠵᠢᠯ᠎ᠤᠨ ᠪᠠᠢᠷᠢ ᠣᠷᠣᠯᠠᠨ ᠬᠥᠮᠥᠵᠢᠭᠦᠯᠬᠦ᠎ᠶᠢ ᠰᠦᠪᠡᠭᠴᠢᠯᠡᠪᠡ; ᠴᠧᠩᠳᠦ᠋᠎ᠳᠦ 《 ᠷᠦᠩ ᠴᠧᠩ ᠬᠣᠲᠠ᠎ᠶᠢᠨ ᠰᠣᠳᠣᠨ ᠴᠢᠳᠠᠪᠤᠷᠢᠲᠠᠨ᠎ᠤ ᠲᠥᠯᠥᠪᠯᠡᠭᠡ 》 ᠵᠢᠨ ᠰᠢᠯᠭᠠᠷᠠᠭᠰᠠᠨ ᠢᠨᠵᠧᠨᠧᠷ᠎ᠦᠨ ᠲᠥᠷᠥᠯ ᠵᠦᠢᠯ᠎ᠢ ᠥᠷᠨᠢᠭᠦᠯᠪᠡ ᠃
ᠲᠣᠭᠲᠠᠴᠠ᠎ᠶᠢᠨ ᠪᠠᠲᠤᠯᠠᠭ᠎ᠠ᠎ᠲᠠᠢ᠂ ᠲᠠᠪᠴᠠᠩ᠎ᠤᠨ ᠲᠤᠯᠭᠠᠭᠤᠷᠢᠯᠠᠯ᠎ᠲᠠᠢ᠂ ᠲᠣᠭ᠎ᠠ ᠲᠣᠮᠰᠢ ᠦᠭᠡᠢ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠨᠢᠭᠡᠳᠦᠭᠡᠷ ᠹᠷᠣᠨᠲ᠎ᠲᠤ ᠬᠦᠷᠴᠦ᠂ ᠰᠢᠨ᠎ᠡ᠎ᠶᠢ ᠡᠭᠦᠳᠴᠦ ᠭᠠᠪᠢᠶ᠎ᠠ ᠪᠠᠶ᠋ᠢᠭᠤᠯᠬᠤ᠎ᠪᠠᠷ ᠴᠢᠷᠮᠠᠢᠪᠠ᠃
ᠦᠨᠳᠦᠰᠦᠲᠡᠨ᠎ᠢᠶᠡᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠬᠣᠨ᠎ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠪᠠᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠴᠢᠳᠠᠪᠤᠷᠢᠲᠠᠨ ᠠᠵᠢᠯᠲᠠᠨ᠎ᠤ ᠴᠥᠭᠡᠨ ᠲᠣᠭᠠᠲᠤ ᠦᠨᠳᠦᠰᠦᠲᠡᠨ᠎ᠦ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠣᠨᠴᠠᠭᠠᠶ ᠬᠥᠮᠥᠵᠢᠭᠦᠯᠬᠦ ᠠᠵᠢᠯ᠎ᠢ ᠦᠷᠭᠦᠯᠵᠢᠯᠡᠨ ᠥᠷᠨᠢᠭᠦᠯᠵᠦ ᠂ ᠲᠤᠰᠬᠠᠢ ᠮᠡᠷᠭᠡᠵᠢᠯᠲᠡᠨ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠦᠢᠯᠡᠴᠢᠯᠡᠬᠦ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠬᠥᠳᠡᠭᠡ ᠲᠣᠰᠬᠣᠨ᠎ᠤ ᠴᠢᠳᠠᠪᠤᠷᠢᠲᠠᠨ᠎ᠤ ᠠᠵᠢᠯ᠎ᠤᠨ ᠪᠠᠢᠭᠤᠯᠤᠯ ᠲᠣᠭᠲᠠᠴᠠ᠎ᠶᠢᠨ ᠰᠢᠨ᠎ᠡ᠎ᠶᠢ ᠡᠭᠦᠳᠴᠦ ᠂ ᠰᠢᠶᠠᠨ᠎ᠠᠴᠠ ᠳᠣᠷᠣᠭ᠍ᠰᠢᠬᠢ ᠦᠨᠳᠦᠰᠦᠨ ᠱᠠᠲᠤᠨ᠎ᠤ ᠮᠡᠷᠭᠡᠵᠢᠯ᠎ᠦᠨ ᠴᠣᠯᠠ᠎ᠶᠢᠨ 《 ᠬᠠᠨᠳᠤᠯᠭ᠎ᠠ᠎ᠲᠠᠢ᠎ᠪᠠᠷ ᠦᠨᠡᠯᠡᠬᠦ ᠂ ᠬᠠᠨᠳᠤᠯᠭ᠎ᠠ᠎ᠲᠠᠢ᠎ᠪᠠᠷ ᠬᠡᠷᠡᠭᠯᠡᠬᠦ 》 ᠠᠵᠢᠯᠯᠠᠭ᠎ᠠ ᠥᠷᠨᠢᠭᠦᠯᠬᠦ᠎ᠶᠢ ᠳᠡᠮᠵᠢᠵᠦ ᠂ ᠬᠡᠰᠡᠭ ᠭᠠᠵᠠᠷ ᠣᠷᠣᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠰᠢᠯᠭᠠᠯᠲᠠ᠎ᠳᠤ ᠲᠤᠰᠠᠭᠠᠷ ᠨᠢ ᠬᠢᠷᠢ ᠲᠡᠩᠴᠡᠬᠦ ᠪᠠᠷᠢᠮᠵᠢᠶ᠎ᠠ᠎ᠶᠢ ᠵᠠᠭᠠᠭᠯᠠᠨ ᠲᠣᠭᠲᠠᠭᠠᠬᠤ ᠬᠡᠯᠪᠡᠢᠯᠭᠡᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ ᠂ ᠨᠠᠩ ᠣᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠳᠡᠭᠡ ᠲᠣᠰᠬᠣᠨ ᠲᠡᠢᠰᠢ ᠬᠥᠲᠥᠯᠵᠦ ᠰᠢᠨ᠎ᠡ᠎ᠶᠢ ᠡᠭᠦᠳᠦᠨ ᠦᠢᠯᠡᠰ ᠪᠣᠰᠬᠠᠯᠭᠠᠪᠠ ᠃
2023 ᠣᠨ᠎ᠳᠤ ᠂ ᠲᠤᠷᠰᠢᠯᠲᠠ᠎ᠶᠢᠨ ᠠᠵᠢᠯ᠎ᠢ ᠥᠷᠨᠢᠭᠦᠯᠦᠭᠰᠡᠨ ᠰᠠᠭᠤᠷᠢᠨ ᠳᠡᠭᠡᠷ᠎ᠡ ᠂ ᠲᠤᠰᠠᠭᠠᠷ ᠨᠢ ᠵᠠᠭᠠᠭ ᠲᠣᠭᠲᠠᠭᠠᠬᠤ ᠲᠥᠷᠥ᠎ᠶᠢᠨ ᠪᠣᠳᠣᠯᠭ᠎ᠠ᠎ᠶᠢᠨ ᠲᠠᠰ ᠳᠡᠪᠰᠢᠬᠦ᠎ᠶᠢ ᠬᠡᠷᠡᠭᠵᠢᠭᠦᠯᠵᠦ ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ ᠪᠠ ᠳᠥᠷᠪᠡᠨ ᠮᠤᠵᠢ᠎ᠶᠢᠨ ᠲᠥᠪᠡᠳ᠎ᠲᠦ ᠬᠣᠯᠪᠣᠭᠳᠠᠬᠤ ᠵᠧᠦ ᠰᠢᠶᠠᠨ᠎ᠢ ᠬᠡᠪᠴᠢᠶᠡᠨ᠎ᠳᠦ ᠣᠷᠣᠭᠤᠯᠵᠠᠢ ᠃ ᠬᠤᠪᠢ᠎ᠶᠢ ᠠᠭᠤᠵᠢᠭᠤ ᠲᠠᠯᠪᠢᠬᠤ ᠪᠣᠯᠪᠠᠴᠤ ᠶᠠᠰᠤ ᠴᠢᠨᠠᠷ᠎ᠢ ᠪᠠᠭᠤᠷᠠᠭᠤᠯᠬᠤ ᠦᠭᠡᠢ ᠪᠠᠢᠵᠤ ᠂ ᠠᠵᠢᠯ ᠮᠡᠷᠭᠡᠵᠢᠯ᠎ᠦᠨ ᠪᠣᠯᠪᠠᠰᠤᠷᠠᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ᠎ᠢ ᠴᠢᠩᠭᠠᠳᠬᠠᠬᠤ᠎ᠪᠠᠷ ᠳᠠᠮᠵᠢᠭᠤᠯᠤᠨ ᠂ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠳᠡᠭᠡᠭᠰᠢᠯᠡᠭᠦᠯᠬᠦ ᠵᠠᠮ᠎ᠢ ᠨᠠᠪᠲᠠᠷᠡᠭᠦᠯᠵᠦ ᠂ 《 ᠴᠢᠳᠠᠪᠤᠷᠢᠲᠠᠨ᠎ᠢ ᠳᠣᠷᠣᠭ᠍ᠰᠢ ᠪᠠᠭᠤᠯᠭᠠᠬᠤ 》 ᠪᠠ 《 ᠶᠠᠰᠤ ᠴᠢᠨᠠᠷ᠎ᠢ ᠳᠡᠭᠡᠭᠰᠢᠯᠡᠭᠦᠯᠬᠦ 》 ᠬᠣᠶᠠᠷ ᠲᠠᠯ᠎ᠠ᠎ᠪᠠᠷ᠎ᠢᠶᠠᠨ ᠴᠥᠮ ᠠᠰᠢᠭ᠋ ᠭᠥᠷᠳᠡᠬᠦ᠎ᠶᠢ ᠪᠡᠶᠡᠯᠡᠭᠦᠯᠪᠡ ᠃
ᠶᠦᠨᠨᠠᠨ 《 ᠵᠠᠭᠤᠨ ᠲᠤᠰᠬᠠᠢ ᠮᠡᠷᠭᠡᠵᠢᠯᠲᠡᠨ ᠶᠦᠨᠨᠠᠨ᠎ᠳᠤ ᠣᠴᠢᠬᠤ 》 《 ᠵᠠᠭᠤᠨ ᠲᠤᠰᠬᠠᠢ ᠮᠡᠷᠭᠡᠵᠢᠯᠲᠡᠨ ᠬᠥᠳᠡᠭᠡ ᠲᠣᠰᠬᠣᠨ᠎ᠳᠤ ᠣᠴᠢᠬᠤ 》 ᠵᠡᠷᠭᠡ ᠴᠢᠳᠠᠪᠤᠷᠢᠲᠠᠨ᠎ᠤ ᠦᠢᠯᠡᠴᠢᠯᠡᠭᠡᠨ᠎ᠦ ᠰᠢᠷᠢᠰ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠪᠡ ; ᠴᠦᠩᠴᠢᠩ᠎ᠦᠨ ᠬᠢᠨ ᠴᠠᠯᠢᠩ ᠬᠥᠯᠥᠰᠦ᠎ᠶᠢ ᠤᠷᠮᠠᠰᠢᠭᠤᠯᠬᠤ ᠠᠷᠭ᠎ᠠ ᠬᠡᠮᠵᠢᠶ᠎ᠡ ᠨᠡᠢᠲᠡᠯᠡᠵᠦ ᠂ ᠠᠵᠢᠯ ᠦᠢᠯᠡᠰ᠎ᠦᠨ ᠨᠢᠭᠡᠴᠢ᠎ᠶᠢᠨ ᠡᠯ᠎ᠡ ᠲᠥᠷᠥᠯ᠎ᠦᠨ ᠴᠢᠳᠠᠪᠤᠷᠢᠲᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ᠎ᠶᠢ ᠳᠡᠮᠵᠢᠨ ᠵᠣᠷᠢᠭ᠍ᠵᠢᠭᠤᠯᠪᠠ ; ᠴᠢᠩᠳᠣᠣ᠎ᠶᠢᠨ ᠬᠢᠨ ᠵᠠᠯᠠᠭᠤᠴᠤᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ᠎ᠶᠢ ᠠᠬᠢᠭᠤᠯᠬᠤ᠎ᠳᠤ ᠳᠦᠷᠢᠮ᠎ᠦᠨ ᠴᠢᠨᠠᠷᠲᠠᠢ ᠲᠣᠬᠢᠷᠠᠭᠤᠯᠤᠯᠲᠠ ᠬᠢᠵᠦ᠂ ᠮᠡᠷᠭᠡᠵᠢᠯ᠎ᠦᠨ ᠴᠣᠯᠠ ᠣᠯᠣᠭᠰᠠᠨ ᠰᠢᠨ᠎ᠡ ᠮᠠᠶᠢᠭ᠋᠎ᠤᠨ ᠠᠵᠢᠯ ᠮᠡᠷᠭᠡᠵᠢᠯ᠎ᠦᠨ ᠲᠠᠷᠢᠶᠠᠴᠢᠳ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠬᠥᠭᠵᠢᠯᠲᠡ᠎ᠶᠢ ᠳᠡᠮᠵᠢᠬᠦ 16 ᠲᠦᠷᠤ᠎ᠶᠢᠨ ᠪᠣᠳᠣᠯᠭ᠎ᠠ᠎ᠶᠢ ᠨᠡᠢᠲᠡᠯᠡᠪᠡ ᠁ ᠠᠯᠢ ᠤᠯᠠᠨ ᠠᠵᠢᠯᠯᠠᠭ᠎ᠠ᠎ᠶᠢᠨ ᠠᠴᠢᠶᠠᠯᠠᠪᠤᠷᠢ᠂ ᠠᠯᠢ ᠤᠯᠠᠨ ᠳᠦᠷᠢᠮ᠎ᠦᠨ ᠰᠢᠨ᠎ᠡ᠎ᠶᠢ ᠡᠭᠦᠳᠴᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠣᠷᠭᠣᠭ ᠴᠢᠳᠠᠪᠤᠷᠢᠲᠠᠨ᠎ᠤ ᠬᠥᠳᠡᠯᠭᠡᠬᠦ ᠬᠦᠴᠦᠨ ᠨᠡᠮᠡᠷᠢᠯᠡᠵᠡᠢ᠃
ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠠᠮᠢᠭ᠎ᠠ ᠬᠦᠷᠪᠡᠯ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ ᠳᠠᠷᠤᠢ ᠲᠡᠨᠳᠡ ᠬᠦᠷᠴᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ᠎ᠤᠨ ᠦᠢᠯᠡᠴᠢᠯᠡᠭᠡ ᠨᠢ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠰᠢᠨ᠎ᠡ ᠳᠡᠭᠡᠭᠰᠢᠯᠡᠯᠲᠡ᠎ᠲᠠᠢ ᠪᠣᠯᠬᠤ᠎ᠶᠢ ᠪᠠᠲᠤᠯᠠᠨ᠎ᠠ᠃
ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢ᠎ᠶᠢ ᠰᠢᠯᠢᠳᠡᠭᠵᠢᠭᠦᠯᠵᠦ ᠵᠣᠷᠢᠭ᠍ᠲᠠᠢ᠎ᠪᠠᠷ ᠠᠵᠢᠯᠯᠠᠵᠤ ᠰᠢᠨ᠎ᠡ᠎ᠶᠢ ᠡᠭᠦᠳᠦᠭᠰᠡᠨ ᠦᠯᠢᠭᠡᠷ᠎ᠢ ᠪᠢᠴᠢᠭᠯᠡᠨ᠎ᠡ
ᠰᠢᠨ᠎ᠡ ᠴᠠᠭ ᠦᠶ᠎ᠡ᠎ᠳᠦ᠂ ᠰᠢᠨ᠎ᠡ᠎ᠶᠢ ᠡᠭᠦᠳᠬᠦ ᠪᠣᠯ ᠴᠢᠨᠠᠷ ᠰᠠᠢᠲᠠᠢ ᠬᠥᠭᠵᠢᠯᠲᠡ᠎ᠶᠢᠨ ᠵᠢᠷᠤᠭ ᠲᠥᠰᠥᠪ ᠳᠡᠭᠡᠷᠡᠬᠢ ᠭᠤᠶᠤ ᠰᠠᠢᠬᠠᠨ ᠭᠣᠣᠯ ᠥᠩᠭᠡ ᠠᠶᠠᠰ ᠪᠣᠯᠣᠨ᠎ᠠ᠃
ᠲᠤᠰᠬᠠᠢ ᠮᠡᠷᠭᠡᠵᠢᠯ᠎ᠦᠨ ᠴᠢᠳᠠᠪᠤᠷᠢᠲᠠᠨ ᠪᠣᠯ ᠰᠢᠨ᠎ᠡ᠎ᠶᠢ ᠡᠭᠦᠳᠬᠦ ᠭᠣᠣᠯ ᠬᠦᠴᠦᠨ ᠮᠥᠨ᠂ ᠤᠯᠤᠰ ᠣᠷᠣᠨ᠎ᠤ ᠰᠢᠨ᠎ᠡ᠎ᠶᠢ ᠡᠭᠦᠳᠬᠦ ᠰᠢᠰᠲᠧᠮ᠎ᠦᠨ ᠪᠦᠬᠦᠯᠢ ᠴᠣᠭᠴᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ ᠳᠤᠮᠳᠠ ᠪᠠᠢᠷᠢ ᠰᠠᠭᠤᠷᠢ ᠨᠢ ᠲᠣᠪᠣᠢᠮ᠎ᠠ᠂ ᠦᠢᠯᠡᠳᠦᠯ ᠨᠢ ᠴᠢᠬᠤᠯᠠ ᠪᠠᠢᠳᠠᠭ᠃ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ᠎ᠢ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠬᠥᠭᠵᠢᠯᠲᠡ᠎ᠶᠢᠨ ᠪᠦᠬᠦ ᠲᠠᠯ᠎ᠠ᠎ᠳᠤ ᠠᠭᠤᠰᠤᠯᠴᠠᠭᠤᠯᠤᠨ ᠠᠷᠭ᠎ᠠ ᠰᠦᠪᠡᠭᠴᠢᠯᠡᠨ ᠠᠬᠢᠭᠤᠯᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢᠲᠠᠨ᠎ᠤ ᠬᠦᠴᠦᠨ᠎ᠢ ᠪᠠᠶ᠋ᠢᠭᠤᠯᠬᠤ᠎ᠶᠢ ᠬᠦᠴᠦᠯᠡᠨ ᠲᠦᠷᠭᠡᠳᠬᠡᠪᠡ᠃
ᠰᠠᠭᠤᠷᠢ ᠰᠤᠳᠤᠯᠭᠠᠨ᠎ᠢ ᠴᠢᠩᠭᠠᠳᠬᠠᠬᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ ᠵᠡᠷᠭᠡ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠶᠢ ᠰᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠠᠰᠠᠭ᠎ᠤᠨ ᠣᠷᠳᠣᠨ᠎ᠤ ᠣᠨᠴᠠ ᠨᠡᠮᠡᠭᠦᠷᠢ᠎ᠶᠢᠨ ᠳᠦᠷᠢᠮ᠎ᠢ ᠰᠢᠯᠢᠳᠡᠭᠵᠢᠭᠦᠯᠦᠨ ᠬᠡᠷᠡᠭᠵᠢᠭᠦᠯᠵᠦ᠂ ᠡᠭᠦᠨ᠎ᠢᠶᠡᠷ ᠰᠠᠭᠤᠷᠢ ᠪᠣᠯᠭᠠᠭᠰᠠᠨ᠂ ᠪᠦᠲᠦᠴᠡ ᠨᠢ ᠵᠦᠢ ᠵᠣᠬᠢᠰᠲᠠᠢ᠂ ᠱᠠᠲᠤ ᠳᠠᠷᠠᠭᠠᠯᠠᠯ᠎ᠢ ᠵᠣᠯᠭᠠᠭᠤᠯᠤᠭᠰᠠᠨ ᠳᠡᠭᠡᠳᠦ ᠲᠡᠰ᠎ᠤᠨ ᠴᠢᠳᠠᠪᠤᠷᠢᠲᠠᠨ᠎ᠢ ᠰᠢᠯᠢᠨ ᠰᠣᠩᠭᠣᠵᠤ ᠬᠥᠮᠥᠵᠢᠭᠦᠯᠬᠦ ᠰᠢᠰᠲᠧᠮ᠎ᠢ ᠲᠦᠷᠭᠡᠪᠴᠢᠯᠡᠨ ᠪᠤᠢ ᠪᠣᠯᠭᠠᠪᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠵᠠᠰᠠᠭ᠎ᠤᠨ ᠣᠷᠳᠣᠨ᠎ᠤ ᠣᠨᠴᠠ ᠨᠡᠮᠡᠭᠦᠷᠢ᠎ᠶᠢ ᠬᠦᠷᠲᠡᠵᠦ ᠪᠠᠢᠭ᠎ᠠ ᠲᠦᠮᠡ ᠰᠢᠬᠠᠮ ᠬᠥᠮᠥᠨ᠎ᠢ ᠰᠢᠨ᠎ᠡ᠎ᠪᠡᠷ ᠰᠣᠩᠭᠣᠨ ᠬᠥᠮᠥᠵᠢᠭᠦᠯᠵᠦ᠂ ᠳᠦᠷᠢᠮ᠎ᠢ ᠬᠡᠷᠡᠭᠵᠢᠭᠦᠯᠦᠭᠡᠳ ᠥᠷᠭᠡᠨ ᠤᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠂ ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠤᠷᠮᠠᠰᠢᠭᠤᠯᠤᠨ ᠵᠢᠯᠤᠭᠣᠳᠬᠤ ᠦᠢᠯᠡᠳᠦᠯ᠎ᠢ ᠲᠠᠰᠤᠷᠠᠯᠳᠠ ᠦᠭᠡᠢ ᠴᠢᠩᠭᠠᠷᠠᠭᠤᠯᠪᠠ᠃
ᠰᠢᠨᠵᠢᠯᠡᠬᠦ ᠤᠬᠠᠭᠠᠨ ᠮᠡᠷᠭᠡᠵᠢᠯ᠎ᠦᠨ ᠵᠠᠯᠠᠭᠤ ᠴᠢᠳᠠᠪᠤᠷᠢᠲᠠᠨ ᠪᠣᠯ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢᠲᠠᠨ᠎ᠤ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃ 《 〈 ᠠᠷᠪᠠᠨ ᠳᠥᠷᠪᠡᠳᠦᠭᠡᠷ ᠲᠠᠪᠤᠨ ᠵᠢᠯ 〉᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠭᠣᠣᠯᠳᠠᠯᠭ᠎ᠠ ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠫᠤᠰᠲ ᠳ᠋ᠣᠺᠲ᠋ᠣᠷ᠎ᠤᠨ ᠰᠤᠳᠤᠯᠭᠠᠨ᠎ᠤ ᠨᠡᠭᠦᠳᠡᠯ ᠥᠷᠲᠡᠭᠡ ᠂ ᠠᠵᠢᠯ᠎ᠤᠨ ᠥᠷᠲᠡᠭᠡᠨ᠎ᠦ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ ᠂ 〈 ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠲᠥᠯᠥᠪᠯᠡᠭᠡ 〉᠎ᠪᠡᠷ ᠭᠣᠣᠯᠳᠠᠯᠭ᠎ᠠ ᠪᠣᠯᠭᠠᠭᠰᠠᠨ ᠤᠯᠤᠰ᠎ᠠᠴᠠ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯᠲᠠᠨ᠎ᠢ ᠲᠤᠰᠠᠯᠠᠬᠤ ᠲᠥᠯᠥᠪᠯᠡᠭᠡ ᠪᠠ ᠫᠤᠰᠲ ᠳ᠋ᠣᠺᠲ᠋ᠣᠷ᠎ᠤᠨ ᠤᠯᠤᠰ ( ᠬᠢᠯᠢ )᠎ᠦᠨ ᠭᠠᠳᠠᠭᠠᠳᠤ ᠰᠣᠯᠢᠯᠴᠠᠭᠠᠨ᠎ᠤ ᠲᠥᠷᠥᠯ ᠵᠦᠢᠯ᠎ᠢ ᠰᠢᠯᠢᠳᠡᠭᠵᠢᠭᠦᠯᠦᠨ ᠬᠡᠷᠡᠭᠵᠢᠭᠦᠯᠵᠦ ᠂ ᠪᠥᠬᠥ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ᠎ᠢ ᠡᠷᠭᠢᠯᠡᠵᠦ ᠂ ᠥᠨᠳᠥᠷ ᠬᠢᠷᠢ ᠲᠦᠪᠰᠢᠨ ᠪᠦᠬᠦᠢ ᠰᠣᠯᠢᠯᠴᠠᠨ ᠳᠡᠯᠭᠡᠨ ᠦᠵᠡᠭᠦᠯᠬᠦ ᠪᠠ 《 ᠵᠠᠷᠯᠠᠯ ᠨᠡᠢᠲᠡᠯᠡᠵᠦ ᠮᠠᠩᠯᠠᠢᠯᠠᠭᠤᠯᠬᠤ 》 ᠲᠠᠪᠴᠠᠩ᠎ᠢ ᠪᠠᠢᠭᠤᠯᠤᠨ ᠂ ᠫᠤᠰᠲ ᠳ᠋ᠣᠺᠲ᠋ᠣᠷ᠎ᠤᠨ ᠵᠠᠷᠤᠳᠠᠯ᠎ᠤᠨ ᠣᠯᠠᠨ ᠡᠰᠢᠲᠦ ᠣᠷᠣᠭᠤᠯᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ ᠂ ᠫᠤᠰᠲ ᠳ᠋ᠣᠺᠲ᠋ᠣᠷ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ ᠂ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯᠲᠠᠨ᠎ᠢ 18 ᠲᠦᠮᠡᠨ ᠬᠥᠮᠥᠨ ᠰᠢᠨ᠎ᠡ᠎ᠪᠡᠷ ᠡᠯᠰᠡᠵᠦ ᠂ 《 ᠠᠷᠪᠠᠨ ᠭᠤᠷᠪᠠᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠢ᠎ᠡᠴᠡ 64% ᠨᠡᠮᠡᠭᠳᠡᠭᠦᠯᠵᠡᠢ ᠃
ᠬᠣᠶᠠᠷ ᠬᠤᠭᠤᠴᠠᠭᠠᠨ᠎ᠤ ᠪᠥᠬᠥ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ᠎ᠳᠤ ᠨᠡᠶ᠋ᠢᠲᠡ 1.1 ᠲᠦᠮᠡ ᠭᠠᠷᠤᠢ ᠪᠦᠯᠬᠦᠮ ᠂ 5 ᠲᠦᠮᠡᠨ ᠬᠥᠮᠥᠨ᠎ᠢ ᠲᠡᠳᠡᠨ ᠣᠷᠣᠯᠴᠠᠭᠤᠯᠵᠠᠢ ᠃ ᠳ᠋ᠤᠸᠠᠨ ᠮᠦ᠍ ᠶᠠᠨ ᠰᠢᠦᠢ ᠵᠢᠨ ᠪᠦᠯᠬᠦᠮ᠎ᠦᠨ ᠰᠤᠳᠤᠯᠤᠨ ᠦᠢᠯᠡᠳᠦᠭᠰᠡᠨ ᠳᠦᠷᠰᠦ ᠪᠦᠲᠦᠭᠡᠬᠦ ᠭᠡᠷᠡᠯ ᠵᠢᠭ᠍ᠰᠠᠯ᠎ᠤᠨ ᠴᠢᠫ᠎ᠢ ᠬᠤᠸᠠ ᠸᠧᠢ᠎ᠶᠢᠨ ᠭᠠᠷ ᠤᠲᠠᠰᠤᠨ᠎ᠳᠤ ᠠᠮᠵᠢᠯᠲᠠ᠎ᠲᠠᠢ ᠬᠡᠷᠡᠭᠯᠡᠵᠦ᠂ ᠲᠤᠰ ᠴᠢᠫ᠎ᠢ ᠬᠡᠷᠡᠭᠯᠡᠭᠡᠨ᠎ᠦ ᠡᠯᠧᠺᠲᠷᠣᠨ᠎ᠤ ᠬᠦᠷᠢᠶᠡᠨ᠎ᠳᠦ ᠪᠦᠬᠦ ᠪᠥᠮᠪᠥᠷᠴᠡᠭ᠎ᠲᠦ ᠠᠩᠬ᠎ᠠ ᠤᠳᠠᠭ᠎ᠠ ᠬᠡᠷᠡᠭᠯᠡᠬᠦ᠎ᠶᠢ ᠪᠡᠶᠡᠯᠡᠭᠦᠯᠵᠡᠢ; ᠵᠠᠩ ᠵᠢᠶᠦ᠋ᠨ᠎ᠦ ᠪᠦᠯᠬᠦᠮ᠎ᠦᠨ ᠰᠤᠳᠤᠯᠤᠨ ᠨᠡᠭᠡᠭᠡᠭᠰᠡᠨ 《 ᠰᠢᠭ᠌ᠰᠢᠨ ᠬᠤᠪᠢᠶᠠᠬᠤ ᠬᠡᠯᠪᠡᠷᠢ᠎ᠶᠢᠨ ᠨᠡᠭᠦᠷᠡᠰᠦᠲᠥ᠋ᠷᠥᠭᠴᠢ 》 ᠪᠢᠯᠢᠭ ᠲᠤᠢᠯ᠎ᠤᠨ ᠮᠠᠲᠧᠷᠢᠶᠠᠯ ᠨᠢ ᠪᠦᠬᠦ ᠪᠥᠮᠪᠥᠷᠴᠡᠭ᠎ᠦᠨ ᠥᠨᠳᠥᠷ ᠡᠨᠧᠷᠭᠢᠲᠦ ᠨᠢᠭ᠍ᠲᠠᠴᠠ᠎ᠲᠠᠢ ᠨᠠᠲᠷᠢ ᠢᠶᠤᠨ᠎ᠤ ᠴᠡᠨᠡᠭ᠎ᠦᠨ ᠨᠡᠭᠦᠷᠡᠰᠦᠲᠥ᠋ᠷᠥᠭᠴᠢ᠎ᠶᠢᠨ ᠪᠢᠯᠢᠭ ᠲᠤᠢᠯ᠎ᠤᠨ ᠮᠠᠲᠧᠷᠢᠶᠠᠯ᠎ᠤᠨ ᠬᠣᠭᠣᠰᠤᠨ᠎ᠢ ᠨᠥᠬᠥᠪᠦᠷᠢᠯᠡᠪᠡ; ᠱᠠᠨᠳᠦ᠋ᠩ ᠶᠡᠬᠡ ᠰᠤᠷᠭᠠᠭᠤᠯᠢ᠎ᠶᠢᠨ ᠮᠦ᠍ ᠸᠧᠢ ᠸᠧᠢ ᠨᠠᠨᠦᠮᠧᠲᠷ᠎ᠤᠨ ᠮᠡᠷᠭᠡᠵᠢᠯ᠎ᠢᠶᠡᠷ 《 ᠨᠠᠷᠢᠯᠢᠭ᠋ ᠣᠨᠣᠴᠠᠲᠠᠢ᠎ᠪᠠᠷ ᠵᠠᠮᠴᠢᠯᠠᠵᠤ 》 ᠂ ᠥᠮᠡᠨ᠎ᠢ ᠡᠰᠡᠷᠭᠦᠴᠡᠬᠦ ᠡᠮ᠎ᠢ ᠥᠮᠡᠨᠦ ᠡᠰᠲᠦ ᠨᠠᠩ ᠲᠥᠪᠯᠡᠷᠡᠩᠭᠦᠢ ᠦᠢᠯᠡᠳᠦᠯ ᠦᠵᠡᠬᠦᠯᠬᠦ ᠪᠣᠯᠭᠠᠪᠠ ᠃
ᠴᠠᠬᠢᠮ ᠰᠤᠳᠤᠯᠤᠨ ᠦᠢᠯᠡᠳᠬᠦ᠎ᠡᠴᠡ ᠵᠣᠬᠢᠶᠠᠮᠠᠯ ᠤᠶᠤᠨ ᠴᠢᠳᠠᠪᠤᠷᠢ ᠬᠦᠷᠲᠡᠯ᠎ᠡ᠂ ᠰᠢᠨ᠎ᠡ ᠡᠨᠧᠷᠭᠢ᠎ᠡᠴᠡ ᠠᠮᠢᠳᠤ ᠪᠣᠳᠠᠰ᠎ᠤᠨ ᠡᠮ ᠡᠮᠨᠡᠯᠭᠡ ᠬᠦᠷᠲᠡᠯ᠎ᠡ᠂ ᠨᠢᠭᠡ ᠪᠦᠯᠦᠭ 《 ᠬᠠᠲᠠᠭᠤ ᠴᠥᠮ᠎ᠡ 》 ᠤᠷᠤᠯᠳᠤᠭᠠᠨ᠎ᠳᠤ ᠣᠷᠣᠯᠴᠠᠬᠤ ᠲᠦᠷᠦᠯ ᠵᠦᠢᠯ᠎ᠢ ᠶᠠᠰᠤ ᠴᠢᠨᠠᠷ ᠲᠠᠢ᠎ᠪᠠᠷ ᠶᠠᠪᠤᠭᠳᠠᠭᠤᠯᠵᠤ᠂ ᠰᠢᠨ᠎ᠡ᠎ᠶᠢ ᠡᠭᠦᠳᠬᠦ ᠲᠡᠢᠰᠢ ᠬᠥᠭᠵᠢᠭᠦᠯᠪᠡ; ᠲᠤᠷᠰᠢᠯᠲᠠ᠎ᠶᠢᠨ ᠲᠠᠰᠤᠭ᠎ᠠᠴᠠ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ ᠬᠦᠷᠲᠡᠯ᠎ᠡ᠂ ᠰᠠᠭᠤᠷᠢ ᠰᠤᠳᠤᠯᠭᠠᠨ᠎ᠠᠴᠠ ᠮᠡᠷᠭᠡᠵᠢᠯ᠎ᠦᠨ ᠬᠡᠷᠡᠭᠯᠡᠭᠡ ᠬᠦᠷᠲᠡᠯ᠎ᠡ᠂ ᠳᠡᠯᠡᠬᠡᠢ᠎ᠳᠦ ᠥᠷᠢᠰᠦᠯᠳᠦᠬᠦ ᠬᠦᠴᠦᠨ᠎ᠲᠠᠢ ᠳᠡᠭᠡᠳᠦ ᠲᠡᠰ ᠳᠠᠪᠬᠤᠷᠭ᠎ᠠ᠎ᠶᠢᠨ ᠰᠢᠨ᠎ᠡ᠎ᠶᠢ ᠡᠭᠦᠳᠬᠦ ᠬᠡᠯᠪᠡᠷᠢ᠎ᠶᠢᠨ ᠵᠠᠯᠠᠭᠤ ᠴᠢᠳᠠᠪᠤᠷᠢᠲᠠᠨ᠎ᠤ ᠡᠩᠨᠡᠭᠡ ᠪᠠᠢᠳᠠᠯ᠎ᠢ ᠳᠠᠭᠠᠨ ᠪᠤᠢ ᠪᠣᠯᠵᠤ᠂ ᠠᠵᠠ ᠵᠠᠪᠰᠢᠶᠠᠨ᠎ᠢ ᠳᠠᠭᠠᠨ ᠪᠤᠢ ᠪᠣᠯᠤᠭᠰᠠᠨ ᠪᠠᠢᠨ᠎ᠠ᠃
ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠳᠣᠲᠣᠭᠠᠳᠤ ᠱᠠᠭᠠᠷᠳᠠᠯᠭ᠎ᠠ ᠪᠠ ᠬᠦᠴᠦᠯᠡᠬᠦ ᠴᠡᠭ ᠮᠥᠨ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠣᠭᠠᠴᠢᠯᠠᠭᠰᠠᠨ ᠠᠵᠤ ᠦᠢᠯᠡᠰᠵᠢᠯᠲᠡ ᠪᠣᠯᠣᠨ ᠠᠵᠤ ᠦᠢᠯᠡᠰ᠎ᠦᠨ ᠲᠣᠭᠠᠴᠢᠯᠠᠭᠰᠠᠨ ᠬᠥᠭᠵᠢᠯᠲᠡ᠎ᠶᠢᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠵᠤ᠂ ᠪᠤᠰᠤᠳ ᠨᠠᠢ᠍ᠮᠠᠨ ᠰᠠᠯᠠᠭ᠎ᠠ ᠮᠥᠴᠢᠷ᠎ᠲᠠᠢ ᠬᠠᠮᠲᠤᠷᠠᠨ ᠲᠣᠭᠠᠴᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠲᠦᠷᠭᠡᠳᠬᠡᠵᠦ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢ ᠲᠤᠯᠭᠠᠭᠤᠷᠢᠯᠠᠬᠤ ᠭᠤᠷᠪᠠᠨ ᠵᠢᠯ᠎ᠦᠨ ᠠᠵᠢᠯᠯᠠᠭ᠎ᠠ᠎ᠶᠢᠨ ᠲᠥᠰᠥᠯ᠎ᠢ ᠨᠡᠢᠲᠡᠯᠡᠨ ᠬᠡᠷᠡᠭᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠬᠡᠷᠡᠭᠴᠡᠭᠡ᠎ᠳᠦ ᠵᠣᠬᠢᠴᠠᠭᠰᠠᠨ ᠭᠠᠷᠮᠠᠭᠠᠢ ᠢᠨᠵᠧᠨᠧᠷ ᠪᠣᠯᠣᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢᠭ᠎ᠠ ᠴᠢᠳᠠᠪᠤᠷᠢᠲᠠᠨ᠎ᠢ ᠶᠡᠬᠡᠪᠡᠷ ᠬᠥᠮᠥᠵᠢᠭᠦᠯᠪᠡ᠃ ᠡᠯ᠎ᠡ ᠭᠠᠵᠠᠷ᠎ᠤᠨ ᠬᠢᠨ ᠲᠣᠭᠠᠴᠢᠯᠠᠭᠰᠠᠨ ᠮᠡᠷᠭᠡᠵᠢᠯ᠎ᠦᠨ ᠢᠨᠵᠧᠨᠧᠷ᠎ᠢ ᠬᠥᠮᠥᠵᠢᠭᠦᠯᠬᠦ ᠲᠦᠷᠦᠯ ᠵᠦᠢᠯ᠎ᠢ ᠢᠳᠡᠪᠬᠢᠲᠡᠢ ᠠᠬᠢᠭᠤᠯᠵᠤ᠂ ᠤᠯᠠᠨ ᠭᠠᠵᠠᠷ᠎ᠤᠨ ᠬᠢᠨ ᠬᠤᠷᠠᠮᠠᠯ ᠴᠠᠬᠢᠯᠭᠠᠨ ᠬᠡᠯᠬᠢᠶ᠎ᠡ᠂ ᠺᠸᠠᠨ᠋ᠲ᠎ᠤᠨ ᠮᠡᠳᠡᠭᠡ ᠵᠠᠩᠭᠢ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠲᠣᠭᠠᠴᠢᠯᠠᠭᠰᠠᠨ ᠠᠵᠤ ᠠᠬᠤᠢ᠎ᠶᠢᠨ ᠬᠦᠷᠢᠶᠡᠨ᠎ᠦ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯ᠎ᠢ ᠨᠡᠮᠡᠨ ᠪᠠᠢᠭᠤᠯᠵᠤ᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ᠎ᠢ ᠨᠡᠮᠡᠷᠢᠯᠡᠪᠡ᠃
ᠰᠢᠨ᠎ᠡ ᠠᠶᠠᠨ ᠵᠠᠮ᠎ᠳᠤ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠡᠭᠦᠷᠭᠡ ᠨᠢ ᠰᠢᠨ᠎ᠡ ᠴᠢᠳᠠᠪᠤᠷᠢ᠎ᠶᠢ ᠬᠦᠰᠡᠨ ᠱᠠᠭᠠᠷᠳᠠᠵᠤ ᠪᠠᠢᠨ᠎ᠠ᠃
ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠮᠡᠳᠡᠯᠭᠡ᠎ᠶᠢ ᠰᠢᠨᠡᠳᠬᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠳᠡᠭᠡᠳᠦ ᠵᠡᠷᠭᠡ᠎ᠶᠢᠨ ᠰᠤᠳᠤᠯᠤᠨ ᠰᠤᠷᠤᠯᠴᠠᠬᠤ ᠲᠥᠷᠥᠯ ᠵᠦᠢᠯᠡᠰ᠎ᠢ 1500 ᠰᠢᠬᠠᠮ ᠬᠤᠭᠤᠴᠠᠭ᠎ᠠ ᠡᠷᠬᠢᠯᠡᠵᠦ᠂ 80 ᠲᠤᠰᠬᠠᠢ ᠮᠡᠷᠭᠡᠵᠢᠯ᠎ᠦᠨ ᠠᠵᠢᠯᠲᠠᠨ᠎ᠤ ᠦᠷᠭᠦᠯᠵᠢᠯᠡᠭᠰᠡᠨ ᠰᠤᠷᠭᠠᠨ ᠬᠥᠮᠦᠵᠢᠯ᠎ᠦᠨ ᠰᠠᠭᠤᠷᠢᠨ ᠭᠠᠵᠠᠷ᠎ᠢ ᠰᠢᠨ᠎ᠡ᠎ᠪᠡᠷ ᠪᠠᠢᠭᠤᠯᠵᠤ᠂ ᠳᠡᠭᠡᠳᠦ ᠲᠡᠰ᠎ᠤᠨ ᠪᠠᠴᠢᠮ ᠬᠡᠷᠡᠭᠴᠡᠭᠡ᠎ᠲᠠᠢ ᠪᠠ ᠳᠤᠲᠠᠭᠳᠠᠵᠤ ᠪᠠᠢᠭ᠎ᠠ ᠴᠢᠳᠠᠪᠤᠷᠢᠲᠠᠨ᠎ᠢ 600 ᠭᠠᠷᠤᠢ ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠤ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠵᠣᠬᠢᠶᠠᠮᠠᠯ ᠤᠶᠤᠨ᠎ᠤ ᠶᠡᠷᠦᠩᠬᠡᠢᠯᠡᠭᠰᠡᠨ ᠪᠣᠯᠪᠠᠰᠤᠷᠠᠯ᠎ᠤᠨ ᠰᠤᠷᠭᠠᠨ ᠬᠥᠮᠦᠵᠢᠯ᠎ᠢ ᠪᠠᠢᠷᠢᠯᠠᠭᠤᠯᠤᠨ ᠥᠷᠨᠢᠭᠦᠯᠵᠦ᠂ 7.5 ᠳ᠋ᠦᠩᠰᠢᠭᠤᠷ ᠭᠠᠷᠤᠢ ᠬᠥᠮᠥᠨ ᠤᠳᠠᠭ᠎ᠠ᠎ᠶᠢ ᠦᠷᠭᠦᠯᠵᠢᠯᠡᠭᠰᠡᠨ ᠰᠤᠷᠭᠠᠨ ᠬᠥᠮᠦᠵᠢᠯ᠎ᠳᠦ ᠣᠷᠣᠯᠴᠠᠬᠤ᠎ᠶᠢ ᠲᠠᠢ᠍ᠢᠴᠢᠯᠠᠪᠠ᠃
ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠵᠤ ᠢᠷᠡᠭᠰᠡᠳ ᠪᠣᠯ ᠤᠯᠤᠰ᠎ᠤᠨ ᠬᠣᠪᠣᠷ ᠨᠠᠨᠳᠢᠨ ᠴᠢᠳᠠᠪᠤᠷᠢᠲᠠᠨ᠎ᠤ ᠡᠬᠢ ᠪᠠᠶᠠᠯᠢᠭ᠋ ᠮᠥᠨ᠃ 《 ᠭᠠᠳᠠᠭᠠᠳᠤ᠎ᠳᠤ ᠰᠤᠷᠤᠯᠴᠠᠭᠰᠠᠳ᠎ᠤᠨ ᠠᠵᠢᠯ᠎ᠢ ᠰᠠᠢᠲᠤᠷ ᠬᠢᠬᠦ ᠶᠠᠪᠤᠳᠠᠯ᠎ᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶᠡᠷ ᠤᠯᠤᠰ ᠣᠷᠣᠨ᠎ᠢᠶᠠᠨ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠪᠠ ᠴᠢᠳᠠᠪᠤᠷᠢᠲᠠᠨ᠎ᠢᠶᠠᠷ ᠤᠯᠤᠰ ᠣᠷᠣᠨ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢᠨ ᠴᠢᠬᠤᠯᠠ ᠡᠭᠦᠷᠭᠡ ᠪᠣᠯᠭᠠᠬᠤ ᠬᠡᠷᠡᠭᠲᠡᠢ 》 ᠭᠡᠵᠦ ᠶᠡᠷᠦᠩᠬᠡᠢ ᠱᠦᠵᠢ ᠰᠢ᠎ᠶᠢᠨ ᠫᠢᠩ ᠭᠠᠳᠠᠭᠠᠳᠤ᠎ᠳᠤ ᠰᠤᠷᠤᠯᠴᠠᠭᠰᠠᠳ᠎ᠲᠤ ᠰᠢᠨ᠎ᠡ ᠪᠠᠢᠷᠢ ᠲᠣᠭᠲᠠᠭᠠᠯᠲᠠ ᠣᠯᠭᠣᠪᠠ ᠃
《 〈 ᠠᠷᠪᠠᠨ ᠳᠥᠷᠪᠡᠳᠦᠭᠡᠷ ᠲᠠᠪᠤᠨ ᠵᠢᠯ 〉᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠭᠠᠳᠠᠭᠠᠳᠤ᠎ᠳᠤ ᠰᠤᠷᠤᠯᠴᠠᠭᠰᠠᠨ ᠳᠡᠭᠡᠳᠦ ᠲᠡᠰ᠎ᠤᠨ ᠴᠢᠳᠠᠪᠤᠷᠢᠲᠠᠨ᠎ᠤ ᠤᠯᠤᠰ᠎ᠲᠠᠭᠠᠨ ᠪᠤᠴᠠᠵᠤ ᠢᠷᠡᠬᠦ᠎ᠶᠢ ᠲᠤᠰᠠᠯᠠᠬᠤ ᠲᠥᠷᠥᠯ ᠵᠦᠢᠯᠡᠰ᠂ ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠵᠤ ᠢᠷᠡᠭᠰᠡᠳ᠎ᠦᠨ ᠦᠢᠯᠡᠰ ᠪᠣᠰᠬᠠᠬᠤ᠎ᠶᠢ ᠳᠡᠮᠵᠢᠬᠦ ᠲᠥᠯᠥᠪᠯᠡᠭᠡ᠂ ᠭᠠᠳᠠᠭᠠᠳᠤ᠎ᠳᠤ ᠰᠤᠷᠤᠯᠴᠠᠭᠰᠠᠳ᠎ᠤᠨ ᠤᠯᠤᠰ᠎ᠲᠠᠭᠠᠨ ᠦᠢᠯᠡᠴᠢᠯᠡᠬᠦ ᠠᠵᠢᠯᠯᠠᠭ᠎ᠠ᠎ᠶᠢᠨ ᠲᠥᠯᠥᠪᠯᠡᠭᠡ ᠵᠡᠷᠭᠡ ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠵᠤ ᠢᠷᠡᠬᠦ ᠭᠣᠣᠯᠳᠠᠯᠭ᠎ᠠ᠎ᠲᠠᠢ ᠲᠥᠷᠥᠯ ᠵᠦᠢᠯᠡᠰ᠎ᠢ ᠭᠦᠨᠵᠡᠭᠡᠢ ᠬᠡᠷᠡᠭᠵᠢᠭᠦᠯᠵᠦ᠂ ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠵᠤ ᠢᠷᠡᠭᠰᠡᠨ ᠴᠢᠳᠠᠪᠤᠷᠢᠲᠠᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ᠂ ᠠᠷᠪᠠᠨ ᠰᠠᠯᠠᠭ᠎ᠠ ᠮᠥᠴᠢᠷ᠎ᠲᠠᠢ ᠬᠠᠮᠲᠤᠷᠠᠨ 《 ᠭᠠᠳᠠᠭᠠᠳᠤ᠎ᠳᠤ ᠰᠤᠷᠤᠯᠴᠠᠭᠰᠠᠳ᠎ᠤᠨ ᠤᠯᠤᠰ᠎ᠲᠠᠭᠠᠨ ᠪᠤᠴᠠᠵᠤ ᠢᠷᠡᠬᠦ ᠦᠢᠯᠡᠴᠢᠯᠡᠭᠡᠨ᠎ᠦ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠰᠠᠨᠠᠯ 》᠎ᠶᠢ ᠲᠣᠭᠲᠠᠭᠠᠪᠠ ᠃ ᠭᠠᠳᠠᠭᠠᠳᠤ᠎ᠳᠤ ᠰᠤᠷᠤᠯᠴᠠᠭᠰᠠᠳ᠎ᠤᠨ ᠦᠢᠯᠡᠰ ᠪᠣᠰᠬᠠᠬᠤ ᠬᠦᠷᠢᠶᠡᠯᠡᠩ᠎ᠢ ᠨᠢᠭᠡᠨᠲᠡ 374 ᠪᠠᠢᠭᠤᠯᠪᠠ᠃ ᠱᠠᠨᠳᠦ᠋ᠩ᠎ᠦᠨ ᠭᠠᠳᠠᠭᠠᠳᠤ ᠵᠥᠪᠳᠡᠯᠴᠡᠭᠡᠨ᠎ᠦ ᠬᠤᠷᠠᠯ ᠂ ᠭᠤᠸᠠᠩᠵᠧᠦ᠎ᠶᠢᠨ ᠭᠠᠳᠠᠭᠠᠳᠤ ᠠᠷᠠᠯᠵᠢᠶᠠᠨ᠎ᠤ ᠬᠤᠷᠠᠯ ᠂ ᠳ᠋ᠠᠯᠢᠶᠠᠨ᠎ᠤ ᠭᠠᠳᠠᠭᠠᠳᠤ ᠡᠭᠦᠳᠦᠯᠲᠡ᠎ᠶᠢᠨ ᠭᠠᠷᠠᠭ ᠂ ᠨᠠᠨᠵᠢᠩ᠎ᠤᠨ ᠨᠢᠩᠪᠦ᠋ᠸᠧ᠎ᠶᠢᠨ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠭᠠᠷᠠᠭ ᠂ ᠰᠦᠵᠧᠦ᠎ᠶᠢᠨ ᠰᠣᠳᠣᠨ ᠴᠢᠳᠠᠪᠤᠷᠢᠲᠠᠨ᠎ᠤ ᠦᠢᠯᠡᠰ ᠪᠣᠰᠬᠠᠬᠤ ᠭᠠᠷᠠᠭ ᠵᠡᠷᠭᠡ ᠨᠢᠭᠡ ᠪᠦᠯᠦᠭ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠠᠵᠢᠯᠯᠠᠭ᠎ᠠ ᠨᠢ ᠤᠯᠤᠰ᠎ᠤᠨ ᠳᠣᠲᠣᠭᠠᠳᠤ ᠭᠠᠳᠠᠭᠠᠳᠤ᠎ᠳᠤ ᠠᠯᠳᠠᠷᠰᠢᠪᠠ ᠃ ᠡᠸᠦ᠋ᠷᠦᠫᠡ ᠠᠮᠧᠷᠢᠺᠠ᠎ᠶᠢᠨ ᠬᠠᠮᠲᠤ ᠰᠤᠷᠤᠯᠭᠠᠲᠠᠨ᠎ᠤ ᠡᠪᠯᠡᠯ᠎ᠦᠨ ᠨᠡᠢᠲᠡᠯᠡᠭᠰᠡᠨ 《 ᠳᠤᠮᠳᠠᠳᠤ ᠤᠯᠤᠰ᠎ᠤᠨ ᠭᠠᠳᠠᠭᠠᠳᠤ᠎ᠳᠤ ᠰᠤᠷᠤᠯᠴᠠᠬᠤ ᠰᠤᠷᠤᠭ᠍ᠴᠢᠳ᠎ᠤᠨ ᠬᠥᠭᠵᠢᠯᠲᠡ᠎ᠶᠢᠨ ᠮᠡᠳᠡᠭᠦᠯᠦᠯᠲᠡ ( 2024 ︱ 2025 ) 》 ᠡᠴᠡ ᠦᠵᠡᠪᠡᠯ᠂ ᠳᠤᠮᠳᠠᠳᠤ ᠤᠯᠤᠰ᠎ᠤᠨ ᠭᠠᠳᠠᠭᠠᠳᠤ᠎ᠳᠤ ᠰᠤᠷᠤᠯᠴᠠᠬᠤ ᠰᠤᠷᠤᠭ᠍ᠴᠢᠳ᠎ᠤᠨ ᠰᠢᠨ᠎ᠡ᠎ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠤᠯᠤᠰ᠎ᠲᠠᠭᠠᠨ ᠪᠤᠴᠠᠵᠤ ᠬᠥᠭᠵᠢᠬᠦ ᠬᠦᠰᠡᠯ ᠡᠷᠡᠮᠡᠯᠵᠡᠯ ᠤᠯᠠᠮ᠎ᠠᠴᠠ ᠤᠯᠠᠮ ᠴᠢᠩᠭᠠᠷᠠᠵᠤ᠂ ᠮᠠᠨ᠎ᠤ ᠤᠯᠤᠰ ᠰᠢᠨ᠎ᠡ ᠵᠠᠭᠤᠨ᠎ᠳᠤ ᠭᠠᠳᠠᠭᠠᠳᠤ᠎ᠠᠴᠠ ᠪᠤᠴᠠᠭᠰᠠᠳ᠎ᠤᠨ ᠬᠠᠮᠤᠭ᠎ᠤᠨ ᠶᠡᠬᠡ ᠤᠷᠤᠰᠬᠠᠯ᠎ᠢ ᠤᠭᠲᠤᠨ ᠠᠪᠴᠢᠷᠠᠵᠠᠢ᠃
ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨᠲᠠᠨ᠎ᠠᠴᠠ ᠰᠢᠨᠵᠢᠯᠡᠬᠦ ᠤᠬᠠᠭᠠᠨ ᠮᠡᠷᠭᠡᠵᠢᠯ᠎ᠦᠨ ᠵᠠᠯᠠᠭᠤ ᠴᠢᠳᠠᠪᠤᠷᠢᠲᠠᠨ ᠬᠦᠷᠲᠡᠯ᠎ᠡ᠂ ᠳᠡᠭᠡᠳᠦ ᠲᠡᠰ ᠳᠠᠪᠬᠤᠷᠭ᠎ᠠ᠎ᠶᠢᠨ ᠪᠠᠴᠢᠮ ᠬᠡᠷᠡᠭᠴᠡᠭᠡ᠎ᠲᠠᠢ ᠬᠣᠪᠣᠷ ᠴᠤᠬᠠᠭ ᠴᠢᠳᠠᠪᠤᠷᠢᠲᠠᠨ᠎ᠠᠴᠠ ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠵᠤ ᠢᠷᠡᠭᠰᠡᠨ ᠴᠢᠳᠠᠪᠤᠷᠢᠲᠠᠨ ᠬᠦᠷᠲᠡᠯ᠎ᠡ᠂ ᠬᠡᠪᠴᠢᠶ᠎ᠡ᠎ᠪᠡᠷ ᠠᠤᠭ᠎ᠠ ᠶᠡᠬᠡ᠂ ᠬᠡᠪ ᠴᠢᠨᠠᠷ ᠰᠢᠯᠢᠳᠡᠭ᠂ ᠪᠦᠲᠦᠴᠡ ᠰᠢᠯᠢᠳᠡᠭᠵᠢᠭᠰᠡᠨ᠂ ᠦᠢᠯᠡᠳᠦᠯ ᠲᠣᠪᠣᠢᠮ᠎ᠠ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ ᠶᠠᠭ ᠰᠠᠢᠬᠠᠨ ᠬᠤᠷᠠᠨ ᠴᠤᠭᠯᠠᠷᠠᠵᠤ ᠪᠤᠢ ︱ ᠲᠡᠳᠡ ᠪᠣᠯ ᠰᠢᠨᠵᠢᠯᠡᠬᠦ ᠤᠬᠠᠭᠠᠨ ᠮᠡᠷᠭᠡᠵᠢᠯ᠎ᠦᠨ ᠪᠣᠭᠣᠮᠲᠠ ᠰᠢᠪᠲᠤᠯᠬᠤ ᠬᠣᠰᠢᠭᠤᠴᠢ ᠴᠡᠷᠢᠭ᠂ ᠠᠵᠤ ᠦᠢᠯᠡᠰ᠎ᠦᠨ ᠳᠡᠰ ᠳᠡᠪᠰᠢᠬᠦ᠎ᠶᠢᠨ ᠲᠤᠯᠭᠠᠭᠤᠷᠢ ᠬᠦᠴᠦᠨ ᠮᠥᠨ᠂ ᠨᠡᠩ ᠴᠤ᠌ ᠰᠢᠨ᠎ᠡ ᠴᠠᠭ ᠦᠶ᠎ᠡ᠎ᠶᠢᠨ ᠬᠠᠮᠤᠭ᠎ᠤᠨ ᠭᠢᠯᠠᠯᠵᠠᠭᠰᠠᠨ ᠤᠳᠤᠨ ᠮᠡᠴᠢᠳ ᠮᠥᠨ᠃
ᠲᠤᠷᠰᠢᠯᠲᠠ᠎ᠶᠢᠨ ᠲᠠᠰᠤᠭ᠎ᠤᠨ ᠰᠥᠨᠢᠵᠢᠨ ᠭᠡᠷᠡᠯᠳᠦᠬᠦ ᠳ᠋ᠧᠩ᠎ᠦᠨ ᠭᠡᠷᠡᠯ᠎ᠡᠴᠡ ᠦᠢᠯᠡᠳᠪᠦᠷᠢ᠎ᠶᠢᠨ ᠲᠠᠰᠤᠭ᠎ᠤᠨ ᠨᠢᠭ᠍ᠲᠠ᠎ᠠᠴᠠ ᠨᠢᠭ᠍ᠲᠠ ᠪᠠᠢᠬᠤ᠎ᠶᠢ ᠡᠷᠬᠢᠮᠯᠡᠬᠦ ᠬᠦᠷᠲᠡᠯ᠎ᠡ᠂ ᠲᠣᠭᠠᠴᠢᠯᠠᠭᠰᠠᠨ ᠠᠵᠤ ᠠᠬᠤᠢ᠎ᠶᠢᠨ ᠡᠭᠦᠯᠡᠨ ᠡᠭᠦᠳᠦᠯᠲᠡ᠎ᠡᠴᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠠᠷᠢᠶᠠᠨ ᠭᠠᠵᠠᠷ᠎ᠤᠨ ᠦᠢᠯᠡᠳᠦᠯᠭᠡ᠎ᠶᠢ ᠬᠠᠢᠨ ᠰᠦᠪᠡᠭᠴᠢᠯᠡᠬᠦ ᠬᠦᠷᠲᠡᠯ᠎ᠡ︱ ᠴᠢᠳᠠᠪᠤᠷᠢᠲᠠᠨ ᠨᠢᠭᠡᠪᠦᠷᠢ᠎ᠶᠢᠨ ᠲᠡᠮᠡᠴᠡᠯ ᠨᠢ ᠴᠥᠮ ᠤᠯᠤᠰ᠎ᠢᠶᠠᠨ ᠬᠦᠴᠦᠷᠬᠡᠭᠵᠢᠭᠦᠯᠬᠦ᠎ᠶᠢᠨ ᠰᠠᠭᠤᠷᠢ᠎ᠶᠢ ᠴᠣᠭᠴᠠᠯᠠᠵᠤ ᠪᠤᠢ; ᠤᠳᠠᠭ᠎ᠠ ᠪᠦᠷᠢ᠎ᠶᠢᠨ ᠰᠢᠨ᠎ᠡ᠎ᠶᠢ ᠡᠭᠦᠳᠬᠦ ᠰᠢᠪᠲᠤᠯᠤᠯᠲᠠ ᠨᠢ ᠴᠥᠮ ᠴᠠᠭ ᠦᠶ᠎ᠡ᠎ᠶᠢᠨ ᠭᠠᠯ ᠪᠠᠮᠪᠠᠷ᠎ᠢ ᠠᠰᠠᠭᠠᠵᠤ ᠪᠠᠢᠨ᠎ᠠ ! ᠳᠡᠯᠡᠬᠡᠢ᠎ᠶᠢᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠵᠣᠬᠢᠶᠠᠨ ᠪᠠᠢᠭᠤᠯᠤᠯᠲᠠ ᠵᠡᠷᠭᠡ᠎ᠶᠢᠨ ᠨᠡᠢᠲᠡᠯᠡᠭᠰᠡᠨ ᠪᠦᠬᠦ ᠪᠥᠮᠪᠥᠷᠴᠡᠭ᠎ᠦᠨ ᠰᠢᠨ᠎ᠡ᠎ᠶᠢ ᠡᠭᠦᠳᠦᠭᠰᠡᠨ ᠵᠢᠭᠠᠯᠲᠠ ᠲᠣᠭ᠎ᠠ᠎ᠶᠢᠨ ᠮᠡᠳᠡᠭᠦᠯᠦᠯᠲᠡ᠎ᠳᠦ ᠬᠠᠷᠠᠭᠤᠯᠤᠭᠰᠠᠨ᠎ᠢᠶᠠᠷ᠂ ᠮᠠᠨ᠎ᠤ ᠤᠯᠤᠰ᠎ᠤᠨ ᠨᠡᠷᠡᠰ᠎ᠦᠨ ᠵᠢᠭ᠍ᠰᠠᠭᠠᠯᠲᠠ 2021 ᠣᠨ᠎ᠳᠤ 12 ᠳ᠋ᠤᠭᠠᠷ᠎ᠲᠤ ᠪᠠᠢᠭᠰᠠᠨ᠎ᠠᠴᠠ᠎ᠪᠠᠨ 2025 ᠣᠨ᠎ᠳᠤ 10 ᠳ᠋ᠤᠭᠠᠷ᠎ᠲᠤ ᠣᠷᠣᠵᠤ᠂ ᠠᠩᠬ᠎ᠠ ᠤᠳᠠᠭ᠎ᠠ ᠪᠦᠬᠦ ᠪᠥᠮᠪᠥᠷᠴᠡᠭ᠎ᠦᠨ ᠡᠮᠦᠨ᠎ᠡ ᠠᠷᠪᠠ᠎ᠳᠤ ᠣᠷᠣᠵᠠᠢ᠃
ᠪᠡᠬᠢᠯᠡᠯᠲᠡ᠎ᠶᠢ ᠡᠪᠳᠡᠨ ᠰᠢᠨ᠎ᠡ ᠪᠠᠷᠢᠮᠵᠢᠶ᠎ᠠ ᠲᠣᠭᠲᠠᠭᠠᠵᠤ ᠴᠢᠳᠠᠪᠤᠷᠢᠲᠠᠨ᠎ᠤ ᠠᠮᠢᠳᠤᠯᠢᠭ᠋ ᠬᠦᠴᠦᠨ᠎ᠢ ᠬᠥᠭᠵᠢᠭᠡᠨ᠎ᠡ
ᠯᠢᠶᠣᠤᠨᠢᠩ᠎ᠤᠨ ᠳ᠋ᠠᠯᠢᠶᠠᠨ᠎ᠤ ᠷᠦᠢ ᡂᠢ ᠢᠳᠡᠭᠡᠨ᠎ᠦ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠢᠨᠵᠧᠨᠧᠷ ᠯᠢᠦ ᠪᠥᠸᠧ᠎ᠶᠢᠨ ᠰᠤᠷᠤᠯᠭ᠎ᠠ᠎ᠶᠢᠨ ᠨᠠᠮᠲᠠᠷ ᠥᠨᠳᠥᠷ ᠪᠢᠰᠢ ᠴᠤ᠌ ᠵᠢᠯ ᠪᠦᠷᠢ ᠠᠵᠤ ᠠᠬᠤᠢᠯᠠᠯ᠎ᠳᠤ ᠮᠢᠩᠭᠠᠨ ᠲᠦᠮᠡᠨ ᠲᠥᠭᠥᠷᠢᠭ᠎ᠦᠨ ᠠᠰᠢᠭ᠋ ᠣᠯᠭᠣᠬᠤ ᠬᠤᠪᠢ ᠨᠡᠮᠡᠷᠢ᠎ᠪᠡᠷ᠎ᠢᠶᠡᠨ ᠳᠡᠭᠡᠳᠦ ᠵᠡᠷᠭᠡ᠎ᠶᠢᠨ ᠢᠨᠵᠧᠨᠧᠷ᠎ᠢᠶᠡᠷ ᠦᠨᠡᠯᠡᠭᠳᠡᠪᠡ; ᠨᠠᠨᠵᠢᠩ᠎ᠤᠨ ᠤᠢ ᠰᠢᠭᠤᠢ᠎ᠶᠢᠨ ᠶᠡᠬᠡ ᠰᠤᠷᠭᠠᠭᠤᠯᠢ᠎ᠶᠢᠨ ᠪᠠᠭ᠍ᠰᠢ ᠵᠢᠶᠠᠩ ᠬᠤᠸᠠ ᠰᠦᠩ ᠨᠢᠭᠡ ᠴᠦ᠍ ᠥᠭᠦᠯᠡᠯ ᠨᠡᠢᠲᠡᠯᠡᠭᠦᠯᠦᠭᠰᠡᠨ ᠦᠭᠡᠢ᠂ ᠵᠢᠭᠠᠨ ᠰᠤᠷᠭᠠᠯᠲᠠ᠎ᠶᠢᠨ ᠠᠵᠢᠯ᠎ᠤᠨ ᠭᠠᠷᠮᠠᠭᠠᠢ ᠠᠮᠵᠢᠯᠲᠠ᠎ᠪᠠᠷ᠎ᠢᠶᠠᠨ ᠫᠷᠤᠹᠧᠰᠰᠤᠷ᠎ᠢᠶᠠᠷ ᠦᠨᠡᠯᠡᠭᠳᠡᠪᠡ᠃
《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠂ ᠮᠡᠷᠭᠡᠵᠢᠯ᠎ᠦᠨ ᠴᠣᠯᠠ ᠰᠢᠯᠭᠠᠷᠠᠭᠤᠯᠬᠤ ᠪᠠᠷᠢᠮᠵᠢᠶ᠎ᠠ ᠂ ᠰᠤᠷᠤᠯᠭ᠎ᠠ᠎ᠶᠢᠨ ᠨᠠᠮᠲᠠᠷ᠎ᠤᠨ ᠱᠠᠩᠨᠠᠯ ᠵᠡᠷᠭᠡ ᠬᠢᠵᠠᠭᠠᠷᠯᠠᠬᠤ ᠴᠢᠨᠠᠷᠲᠠᠢ ᠨᠥᠬᠥᠴᠡᠯ ᠵᠢᠴᠢ ᠦᠨᠡᠯᠡᠬᠦ ᠲᠣᠭᠲᠠᠴᠠ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ ᠂ ᠡᠪᠳᠡᠬᠦ ᠪᠠ ᠪᠠᠶ᠋ᠢᠭᠤᠯᠬᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠨ ᠂ ᠰᠤᠷᠤᠯᠭ᠎ᠠ᠎ᠶᠢᠨ ᠨᠠᠮᠲᠠᠷ ᠂ ᠬᠢᠷᠢ ᠬᠡᠮ ᠂ ᠥᠭᠦᠯᠡᠯ ᠂ ᠱᠠᠩᠨᠠᠯ᠎ᠤᠨ ᠵᠦᠢᠯ᠎ᠢ ᠯᠡ ᠦᠨᠡᠯᠡᠬᠦ ᠬᠠᠨᠳᠤᠰᠢ᠎ᠶᠢ ᠶᠡᠬᠡᠪᠡᠷ ᠥᠭᠡᠷᠡᠴᠢᠯᠡᠵᠦ ᠂ 27 ᠴᠤᠪᠤᠷᠠᠯ᠎ᠤᠨ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠪᠡᠶᠡᠯᠡᠭᠦᠯᠵᠦ ᠂ ᠮᠡᠷᠭᠡᠵᠢᠯ᠎ᠦᠨ ᠴᠣᠯᠠ ᠰᠢᠯᠭᠠᠷᠠᠭᠤᠯᠬᠤ ᠬᠠᠮᠢᠶᠠᠷᠤᠯᠲᠠ ᠵᠡᠷᠭᠡ ᠶᠡᠷᠦᠩᠬᠡᠢᠯᠡᠭᠰᠡᠨ ᠴᠢᠨᠠᠷᠲᠠᠢ ᠢᠵᠢ ᠪᠦᠷᠢᠳᠦᠭᠦᠯᠬᠦ ᠲᠥᠷᠥ᠎ᠶᠢᠨ ᠪᠣᠳᠣᠯᠭ᠎ᠠ᠎ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ ᠃ ᠴᠢᠳᠠᠪᠤᠷᠢᠲᠠᠨ᠎ᠤ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭᠵᠢᠭᠡᠵᠦ ᠂ ᠲᠣᠬᠢᠷᠠᠭᠤᠯᠤᠯᠲᠠ ᠨᠢ ᠵᠦᠢ ᠵᠣᠬᠢᠰᠲᠠᠢ ᠂ ᠦᠨᠡᠯᠡᠯᠲᠡ ᠨᠢ ᠰᠢᠨᠵᠢᠯᠡᠬᠦ ᠤᠬᠠᠭᠠᠨᠴᠢ ᠂ ᠬᠠᠮᠢᠶᠠᠷᠤᠯᠲᠠ ᠨᠢ ᠵᠢᠷᠤᠮᠵᠢᠭ᠍ᠰᠠᠨ ᠰᠢᠨ᠎ᠡ ᠴᠠᠭ ᠦᠶ᠎ᠡ᠎ᠶᠢᠨ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠰᠢᠰᠲᠧᠮ᠎ᠢ ᠦᠨᠳᠦᠰᠦᠨ᠎ᠳᠡᠭᠡᠨ ᠪᠦᠷᠢᠯᠳᠦᠭᠦᠯᠵᠡᠢ ᠃
ᠰᠢᠨ᠎ᠡ᠎ᠶᠢ ᠡᠭᠦᠳᠬᠦ ᠴᠢᠳᠠᠪᠤᠷᠢ ᠂ ᠶᠠᠰᠤ ᠴᠢᠨᠠᠷ ᠂ ᠪᠣᠳᠠᠲᠤ ᠦᠷ᠎ᠡ ᠪᠦᠲᠦᠮᠵᠢ ᠂ ᠬᠤᠪᠢ ᠨᠡᠮᠡᠷᠢ ᠨᠢ ᠢᠳᠡᠭ ᠢᠳᠡᠭ᠎ᠢᠶᠡᠷ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠤ ᠦᠨᠡᠯᠡᠯᠲᠡ᠎ᠶᠢᠨ 《 ᠰᠢᠨ᠎ᠡ ᠬᠡᠮᠵᠢᠭᠦᠷ 》 ᠪᠣᠯᠵᠤ ᠪᠠᠢᠨ᠎ᠠ ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠭᠣᠣᠯᠳᠠᠭᠤ ᠲᠡᠳᠡᠨ᠎ᠦ ᠰᠤᠳᠤᠯᠭᠠᠨ᠎ᠤ ᠦᠷ᠎ᠡ ᠪᠦᠲᠦᠭᠡᠯ ᠨᠢ ᠶᠡᠬᠡ ᠪᠠᠭ᠎ᠠ ᠡᠰᠡᠬᠦ᠎ᠶᠢ ᠦᠵᠡᠨ᠎ᠡ ; ᠡᠷᠡᠭᠦᠯ ᠬᠠᠮᠠᠭᠠᠯᠠᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠳᠤ ᠭᠣᠣᠯᠳᠠᠭᠤ ᠡᠮᠴᠢᠯᠡᠭᠡᠨ᠎ᠦ ᠦᠢᠯᠡᠳᠦᠯᠭᠡ᠎ᠶᠢᠨ ᠴᠢᠳᠠᠪᠤᠷᠢ᠎ᠶᠢᠨ ᠦᠨᠡᠯᠡᠯᠲᠡ᠎ᠶᠢ ᠳᠣᠪᠣᠶ᠋ᠢᠯᠭᠠᠵᠤ ᠂ ᠡᠪᠡᠳᠴᠢᠨ ᠦᠵᠡᠵᠦ ᠳᠡᠶ᠋ᠢᠯᠬᠦ ᠂ ᠡᠪᠡᠳᠴᠢᠨ ᠦᠵᠡᠵᠦ ᠴᠢᠳᠠᠬᠤ ᠂ ᠡᠪᠡᠳᠴᠢᠨ ᠵᠠᠰᠠᠵᠤ ᠲᠡᠢᠯᠬᠦ᠎ᠶᠢ ᠡᠮᠴᠢᠯᠡᠭᠡᠨ᠎ᠦ ᠡᠮᠨᠡᠯᠭᠡ᠎ᠶᠢᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢᠨ ᠦᠨᠡᠯᠡᠯᠲᠡ᠎ᠶᠢᠨ ᠭᠣᠣᠯ ᠠᠭᠤᠯᠭ᠎ᠠ ᠪᠣᠯᠭᠠᠨ᠎ᠠ ; ᠡᠯ᠎ᠡ ᠲᠦᠷᠦᠯ᠎ᠦᠨ ᠪᠠᠭ᠍ᠰᠢ᠎ᠳᠤ ᠭᠣᠣᠯᠳᠠᠭᠤ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠴᠢᠳᠠᠪᠤᠷᠢ ᠪᠣᠯᠣᠨ ᠠᠵᠢᠯ᠎ᠤᠨ ᠠᠮᠵᠢᠯᠲᠠ᠎ᠶᠢ ᠲᠤᠪᠤᠢ᠍ᠢᠯᠭᠠᠨᠠ ᠁
ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠳᠡᠭᠡᠳᠦ ᠳᠣᠣᠷᠠᠳᠤ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠵᠦ ᠂ ᠭᠤᠸᠠᠩᠳᠦ᠋ᠩ ᠮᠤᠵᠢ᠎ᠶᠢᠨ ᠬᠢᠨ ᠪᠥᠬᠥ ᠮᠤᠵᠢ᠎ᠳᠤ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠦᠨ ᠳᠦᠷᠢᠮ᠎ᠢ ᠳᠡᠯᠭᠡᠷᠡᠭᠦᠯᠵᠦ ᠂ ᠡᠯ᠎ᠡ ᠮᠡᠷᠭᠡᠵᠢᠯ᠎ᠦᠨ ᠴᠣᠯᠠ᠎ᠶᠢᠨ ᠴᠤᠪᠤᠷᠠᠯ᠎ᠤᠨ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠦᠨ ᠲᠣᠳᠣᠷᠬᠠᠢ ᠬᠠᠭᠤᠳᠠᠰᠤ ᠪᠠᠢᠭᠤᠯᠪᠠ ; ᠪᠡᠭᠡᠵᠢᠩ ᠬᠣᠲᠠ᠎ᠶᠢᠨ ᠬᠢᠨ ᠳᠡᠭᠡᠳᠦ ᠲᠠᠰ᠎ᠤᠨ ᠪᠠᠴᠢᠮ ᠬᠡᠷᠡᠭᠴᠡᠭᠡ᠎ᠲᠠᠢ ᠪᠠᠴᠢᠮ ᠳᠤᠲᠠᠭᠳᠠᠵᠤ ᠪᠠᠢᠭ᠎ᠠ ᠣᠨᠴᠠᠭᠠᠶ ᠤᠷᠠᠨ ᠰᠠᠢᠬᠠᠨ᠎ᠤ ᠴᠢᠳᠠᠪᠤᠷᠢᠲᠠᠨ᠎ᠤ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠶᠢ ᠮᠠᠭᠠᠳᠯᠠᠨ ᠲᠣᠭᠲᠠᠭᠠᠬᠤ ᠠᠷᠭ᠎ᠠ᠎ᠶᠢ ᠨᠡᠢᠲᠡᠯᠡᠪᠡ ; ᠬᠤᠪᠧᠢ ᠮᠤᠵᠢ᠎ᠶᠢᠨ ᠲᠡᠰ᠎ᠤᠨ ᠲᠤᠷᠰᠢᠯᠲᠠ᠎ᠶᠢᠨ ᠲᠠᠰᠤᠭ ᠪᠣᠯᠣᠨ ᠬᠡᠰᠡᠭ ᠭᠠᠵᠠᠷ ᠣᠷᠣᠨ᠎ᠳᠤ ᠪᠠᠴᠢᠮ ᠬᠡᠷᠡᠭᠴᠡᠭᠡ᠎ᠲᠠᠢ᠂ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠤᠷᠢᠲᠠᠨ᠎ᠳᠤ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠶᠢᠨ ᠣᠨᠴᠠᠭᠠᠢ ᠬᠢᠨᠠᠨ ᠲᠣᠭᠲᠠᠭᠠᠬᠤ ᠬᠤᠷᠠᠯ᠎ᠢ ᠵᠣᠬᠢᠶᠠᠨ ᠪᠠᠢᠭᠤᠯᠵᠤ ᠥᠭᠴᠡᠢ ᠁
ᠡᠭᠦᠨ᠎ᠦ ᠵᠡᠷᠭᠡ᠎ᠳᠦ ᠬᠥᠮᠥᠨ ᠬᠡᠷᠡᠭᠯᠡᠬᠦ ᠭᠣᠣᠯ ᠴᠣᠭᠴᠠ᠎ᠶᠢᠨ ᠡᠵᠡᠨ ᠮᠡᠳᠡᠬᠦ ᠡᠷᠬᠡ᠎ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ ᠂ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠡᠷᠬᠡ᠎ᠶᠢ ᠵᠣᠬᠢᠰᠲᠠᠢ᠎ᠪᠠᠷ ᠳᠣᠷᠣᠭ᠍ᠰᠢ ᠪᠠᠭᠤᠯᠭᠠᠵᠤ ᠂ ᠴᠢᠳᠠᠪᠤᠷᠢᠲᠠᠨ ᠤᠷᠢᠬᠤ ᠂ ᠦᠨᠡᠯᠡᠬᠦ ᠂ ᠰᠢᠯᠵᠢᠭᠦᠯᠬᠦ ᠵᠡᠷᠭᠡ ᠬᠢᠨᠠᠨ ᠵᠥᠪᠰᠢᠶᠡᠷᠡᠬᠦ ᠤᠴᠢᠷ ᠶᠠᠪᠤᠳᠠᠯ᠎ᠢ ᠢᠯᠭᠠᠷᠠᠭᠤᠯᠤᠨ ᠳᠢᠭᠯᠡᠵᠦ ᠵᠢᠷᠤᠮᠵᠢᠭᠤᠯᠪᠠ ᠃
ᠵᠧᠵᠢᠶᠠᠩ ᠰᠢᠨ᠎ᠡ ᠬᠡᠯᠪᠡᠷᠢ᠎ᠶᠢᠨ ᠰᠤᠳᠤᠯᠤᠨ ᠨᠡᠭᠡᠭᠡᠬᠦ ᠪᠠᠢᠭᠤᠯᠤᠮᠵᠢ᠎ᠪᠠᠷ ᠭᠣᠣᠯ ᠪᠣᠯᠭᠠᠨ ᠮᠡᠷᠭᠡᠵᠢᠯ᠎ᠦᠨ ᠴᠣᠯᠠ ᠲᠣᠭᠲᠠᠭᠠᠬᠤ ᠤᠷᠢᠬᠤ ᠥᠭᠡᠷᠡᠴᠢᠯᠡᠯᠲᠡ᠎ᠶᠢ ᠠᠬᠢᠭᠤᠯᠵᠤ᠂ ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠳᠤ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ ᠲᠣᠭᠲᠠᠭᠠᠬᠤ ᠤᠷᠢᠬᠤ ᠡᠷᠬᠡ ᠪᠠ ᠨᠡᠢᠭᠡᠮᠴᠢᠯᠡᠭᠰᠡᠨ ᠬᠢᠨᠠᠨ ᠲᠣᠭᠲᠠᠭᠠᠬᠤ ᠡᠷᠬᠡ᠎ᠶᠢ ᠣᠯᠭᠣᠪᠠ; ᠬᠤᠪᠧᠢ ᠮᠤᠵᠢ᠎ᠳᠤ ᠳᠠᠪᠠᠭᠤᠯᠢᠭ᠋ ᠠᠵᠤ ᠦᠢᠯᠡᠰ᠎ᠦᠨ ᠳᠠᠭᠠᠭᠤᠯᠤᠭ᠍ᠴᠢ ᠠᠵᠤ ᠠᠬᠤᠢᠯᠠᠯ᠎ᠳᠤ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠡᠷᠬᠡ ᠣᠯᠭᠣᠪᠠ; ᠭᠤᠸᠠᠩᠳᠦ᠋ᠩ᠎ᠦᠨ ᠬᠢᠨ ᠪᠥᠬᠥ ᠮᠤᠵᠢ᠎ᠳᠤ ᠠᠯᠪᠠᠨ᠎ᠤ ᠪᠤᠰᠤ ᠴᠢᠳᠠᠪᠤᠷᠢᠲᠠᠨ᠎ᠤ ᠮᠡᠷᠭᠡᠵᠢᠯ᠎ᠦᠨ ᠴᠣᠯᠠ ᠰᠢᠭᠤᠳ ᠮᠡᠳᠡᠭᠦᠯᠬᠦ ᠴᠡᠭ᠎ᠢ 300 ᠭᠠᠷᠤᠢ ᠭᠠᠷᠭᠠᠵᠤ᠂ ᠠᠯᠪᠠᠨ᠎ᠤ ᠪᠤᠰᠤ ᠬᠦᠷᠢᠶᠡᠨ᠎ᠳᠡᠬᠢ ᠮᠡᠷᠭᠡᠵᠢᠯ᠎ᠦᠨ ᠴᠣᠯᠠ ᠮᠡᠳᠡᠭᠦᠯᠬᠦ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠪᠡ; ᠴᠢᠩᠳᠣᠣ 《 ᠲᠤᠰᠬᠠᠢ ᠨᠠᠷᠢᠯᠢᠭ᠋ ᠣᠨᠴᠠ ᠰᠢᠨ᠎ᠡ 》 ᠠᠵᠤ ᠠᠬᠤᠢᠯᠠᠯ᠎ᠤᠨ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ᠎ᠦᠨ ᠴᠣᠯᠠ᠎ᠶᠢ ᠰᠢᠯᠭᠠᠷᠠᠭᠤᠯᠤᠨ ᠲᠠᠨᠢᠯᠴᠠᠭᠤᠯᠬᠤ ᠳᠦᠷᠢᠮ᠎ᠢ ᠬᠡᠷᠡᠭᠵᠢᠭᠦᠯᠪᠡ᠃
ᠠᠩᠭ᠌ᠯᠢ᠎ᠳᠤ ᠣᠯᠠᠨ ᠵᠢᠯ᠎ᠦᠨ ᠰᠣᠷᠣᠯᠴᠠᠵᠤ ᠠᠵᠢᠯᠯᠠᠭᠰᠠᠨ ᠲᠤᠷᠰᠢᠯᠭ᠎ᠠ ᠵᠢᠴᠢ ᠠᠩᠭ᠌ᠯᠢ᠎ᠶᠢᠨ ᠢᠨᠵᠧᠨᠧᠷᠢᠩ᠎ᠦᠨ ᠮᠡᠷᠭᠡᠵᠢᠯ᠎ᠦᠨ ᠰᠢᠨᠵᠢᠯᠡᠭᠡᠨ᠎ᠦ ᠨᠡᠢᠭᠡᠮᠯᠢᠭ ( IET )᠎ᠤᠨ ᠣᠨᠴᠠ ᠵᠥᠪᠰᠢᠶᠡᠷᠡᠭᠰᠡᠨ ᠢᠨᠵᠧᠨᠧᠷ᠎ᠦᠨ ᠠᠵᠢᠯ ᠮᠡᠷᠭᠡᠵᠢᠯ᠎ᠦᠨ ᠬᠢᠷᠢ ᠬᠡᠮ᠎ᠳᠡᠭᠡᠨ ᠲᠦᠰᠢᠭᠯᠡᠨ ᠂ ᠮᠧᠶ ᠶᠢᠨ ᠪᠦᠦ ᠰᠦᠯᠵᠢᠶᠡᠨ᠎ᠦ ᠮᠡᠳᠡᠭᠡ ᠵᠠᠩᠭᠢ᠎ᠶᠢᠨ ᠦᠢᠯᠡᠴᠢᠯᠡᠭᠡᠨ᠎ᠦ ( ᠱᠠᠩᠬᠠᠢ ) ᠬᠢᠵᠠᠭᠠᠷᠲᠤ ᠺᠣᠮᠫᠠᠨᠢ᠎ᠶᠢᠨ ᠮᠠᠰᠢᠨ ᠰᠤᠷᠤᠯᠴᠠᠬᠤ ᠢᠨᠵᠧᠨᠧᠷ ᠸᠠᠩ ᠶᠤᠸᠠᠨ ᠤᠯᠤᠰ᠎ᠤᠨ ᠳᠣᠲᠣᠭᠠᠳᠤ᠎ᠶᠢᠨ ᠳᠡᠭᠡᠳᠦ ᠵᠡᠷᠭᠡ᠎ᠶᠢᠨ ᠢᠨᠵᠧᠨᠧᠷ᠎ᠦᠨ ᠮᠡᠷᠭᠡᠵᠢᠯ᠎ᠦᠨ ᠴᠣᠯᠠ ᠭᠥᠷᠳᠡᠪᠡ ᠃
IET ᠣᠨᠴᠠ ᠵᠥᠪᠰᠢᠶᠡᠷᠡᠯ᠎ᠳᠦ ᠢᠨᠵᠧᠨᠧᠷ ᠪᠠ ᠳᠡᠭᠡᠳᠦ ᠵᠡᠷᠭᠡ᠎ᠶᠢᠨ ᠢᠨᠵᠧᠨᠧᠷ᠂ ᠤᠤᠯ ᠨᠢ ᠬᠣᠶᠠᠷ ᠤᠯᠤᠰ᠎ᠤᠨ ᠠᠳᠠᠯᠢ ᠪᠤᠰᠤ ᠴᠢᠳᠠᠪᠤᠷᠢᠲᠠᠨ᠎ᠤ ᠦᠨᠡᠯᠡᠯᠲᠡ᠎ᠶᠢᠨ ᠰᠢᠰᠲᠧᠮ᠎ᠳᠦ ᠬᠠᠷᠢᠶᠠᠯᠠᠭᠳᠠᠵᠤ ᠪᠠᠢᠵᠠᠢ᠃ ᠮᠠᠨ᠎ᠤ ᠤᠯᠤᠰ᠎ᠤᠨ ᠴᠢᠳᠠᠪᠤᠷᠢᠲᠠᠨ᠎ᠢ ᠦᠨᠡᠯᠡᠬᠦ ᠳᠦᠷᠢᠮ᠎ᠦᠨ ᠥᠭᠡᠷᠡᠴᠢᠯᠡᠯᠲᠡ᠎ᠶᠢᠨ ᠠᠴᠢ᠎ᠪᠠᠷ ᠬᠠᠷᠢᠯᠴᠠᠨ ᠨᠡᠪᠲᠡᠷᠡᠯᠴᠡᠬᠦ᠎ᠶᠢ ᠪᠡᠶᠡᠯᠡᠭᠦᠯᠪᠡ᠃
ᠲᠠᠪᠤᠨ ᠵᠢᠯ᠎ᠦᠨ ᠲᠤᠷᠰᠢ᠂ ᠮᠠᠨ᠎ᠤ ᠤᠯᠤᠰ ᠠᠵᠢᠯ ᠮᠡᠷᠭᠡᠵᠢᠯ᠎ᠦᠨ ᠬᠢᠷᠢ ᠬᠡᠮ᠎ᠦᠨ ᠳᠦᠷᠢᠮ᠎ᠢ ᠲᠡᠭᠦᠯᠳᠡᠷᠵᠢᠭᠦᠯᠵᠦ᠂ ᠤᠯᠤᠰ᠎ᠤᠨ ᠠᠵᠢᠯ ᠮᠡᠷᠭᠡᠵᠢᠯ᠎ᠦᠨ ᠬᠢᠷᠢ ᠬᠡᠮ᠎ᠦᠨ ᠭᠠᠷᠴᠠᠭ᠎ᠢ ᠬᠥᠳᠡᠯᠦᠩᠭᠦᠢ᠎ᠪᠡᠷ ᠰᠢᠯᠢᠳᠡᠭᠵᠢᠭᠦᠯᠵᠦ᠂ ᠠᠵᠢᠯ ᠮᠡᠷᠭᠡᠵᠢᠯ᠎ᠦᠨ ᠬᠢᠷᠢ ᠬᠡᠮ᠎ᠢ ᠤᠯᠠᠨ ᠤᠯᠤᠰ᠎ᠲᠤ ᠬᠠᠷᠢᠯᠴᠠᠨ ᠮᠡᠳᠡᠷᠡᠬᠦ᠎ᠶᠢ ᠢᠳᠡᠪᠬᠢᠲᠡᠢ ᠠᠬᠢᠭᠤᠯᠵᠤ᠂ ᠲᠤᠷᠰᠢᠯᠲᠠ᠎ᠶᠢᠨ ᠭᠠᠵᠠᠷ ᠣᠷᠣᠨ᠎ᠤ ᠬᠢᠯᠢ᠎ᠶᠢᠨ ᠭᠠᠳᠠᠨᠠᠬᠢ ᠠᠵᠢᠯ ᠮᠡᠷᠭᠡᠵᠢᠯ᠎ᠦᠨ ᠬᠢᠷᠢ ᠬᠡᠮ᠎ᠦᠨ ᠲᠠᠩ ᠴᠢᠭᠯᠡᠯ᠎ᠢᠶᠡᠷ ᠮᠡᠳᠡᠷᠡᠬᠦ ᠲᠣᠳᠣᠷᠬᠠᠢ ᠬᠠᠭᠤᠳᠠᠰᠤ᠎ᠶᠢ ᠲᠣᠭᠲᠠᠭᠠᠨ ᠬᠡᠷᠡᠭᠵᠢᠭᠦᠯᠬᠦ᠎ᠶᠢ ᠳᠡᠮᠵᠢᠪᠡ᠃
ᠥᠭᠡᠷᠡᠴᠢᠯᠡᠯᠲᠡ ᠪᠣᠯ ᠬᠡᠵᠢᠶᠡᠳᠡ ᠳᠠᠭᠤᠰᠤᠰᠢ ᠦᠭᠡᠢ ᠶᠤᠮ ! ᠡᠨᠡ ᠵᠢᠯ᠎ᠦᠨ 6 ᠳ᠋ᠤᠭᠠᠷ ᠰᠠᠷ᠎ᠠ᠎ᠳᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠬᠠᠮᠢᠶᠠᠷᠤᠯᠲᠠ ᠦᠢᠯᠡᠴᠢᠯᠡᠭᠡᠨ᠎ᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠠᠵᠢᠯ᠎ᠢ ᠥᠷᠨᠢᠭᠦᠯᠵᠦ ᠂ 2 ᠵᠢᠯ᠎ᠦᠨ ᠴᠠᠭ᠎ᠢ ᠠᠰᠢᠭ᠍ᠯᠠᠨ ᠫᠤᠰᠲ ᠳ᠋ᠣᠺᠲ᠋ᠣᠷ᠎ᠤᠨ ᠠᠵᠢᠯ ᠂ ᠮᠡᠷᠭᠡᠵᠢᠯ᠎ᠦᠨ ᠴᠣᠯᠠ ᠪᠠ ᠠᠵᠢᠯ ᠮᠡᠷᠭᠡᠵᠢᠯ᠎ᠦᠨ ᠬᠢᠷᠢ ᠬᠡᠮ ᠂ ᠦᠷᠭᠦᠯᠵᠢᠯᠡᠭᠰᠡᠨ ᠰᠤᠷᠭᠠᠨ ᠬᠥᠮᠦᠵᠢᠯ ᠂ ᠲᠤᠰᠬᠠᠢ ᠮᠡᠷᠭᠡᠵᠢᠯᠲᠡᠨ᠎ᠦ ᠠᠵᠢᠯ ᠂ ᠭᠠᠳᠠᠭᠠᠳᠤ᠎ᠳᠤ ᠰᠤᠷᠤᠯᠴᠠᠭᠰᠠᠳ᠎ᠤᠨ ᠤᠯᠤᠰ᠎ᠲᠠᠭᠠᠨ ᠪᠤᠴᠠᠬᠤ ᠂ ᠶᠡᠷᠦᠩᠬᠡᠢᠯᠡᠭᠰᠡᠨ ᠦᠢᠯᠡᠴᠢᠯᠡᠭᠡ ᠵᠢᠴᠢ ᠪᠤᠰᠤᠳ ᠠᠵᠢᠯ ᠵᠡᠷᠭᠡ 6 ᠲᠠᠯ᠎ᠠ᠎ᠶᠢᠨ 24 ᠵᠦᠢᠯ᠎ᠦᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠬᠠᠮᠢᠶᠠᠷᠤᠯᠲᠠ ᠦᠢᠯᠡᠴᠢᠯᠡᠭᠡᠨ᠎ᠦ ᠥᠭᠡᠷᠡᠴᠢᠯᠡᠯᠲᠡ᠎ᠶᠢᠨ ᠠᠵᠢᠯ᠎ᠤᠨ ᠲᠤᠷᠰᠢᠯᠲᠠ᠎ᠶᠢ ᠥᠷᠨᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ ᠃
《 ᠡᠨᠡ ᠤᠳᠠᠭᠠᠨ᠎ᠤ ᠥᠭᠡᠷᠡᠴᠢᠯᠡᠯᠲᠡ ᠨᠢ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ᠎ᠤᠨ ᠬᠦᠷᠢᠶᠡᠨ᠎ᠳᠡᠬᠢ ᠪᠡᠷᠬᠡ ᠠᠰᠠᠭᠤᠳᠠᠯ ᠂ ᠪᠡᠷᠬᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠴᠢᠳᠠᠪᠤᠷᠢᠲᠠᠨ᠎ᠤ ᠠᠵᠢᠯ᠎ᠤᠨ 〈 ᠡᠴᠦᠰ᠎ᠦᠨ ᠨᠢᠭᠡ ᠺᠢᠯᠣᠮᠧᠲᠷ 〉᠎ᠤᠨ ᠠᠰᠠᠭᠤᠳᠠᠯ᠎ᠢ ᠰᠢᠢᠳᠪᠦᠷᠢᠯᠡᠬᠦ᠎ᠶᠢ ᠳᠣᠪᠣᠶ᠋ᠢᠯᠭᠠᠵᠤ ᠂ ᠬᠠᠮᠢᠶᠠᠷᠤᠯᠲᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠬᠦ ᠪᠠ ᠦᠢᠯᠡᠴᠢᠯᠡᠭᠡ᠎ᠶᠢ ᠰᠢᠯᠢᠳᠡᠭᠵᠢᠭᠦᠯᠬᠦ᠎ᠶᠢ ᠳᠣᠪᠣᠶ᠋ᠢᠯᠭᠠᠨ᠎ᠠ 》 ᠭᠡᠵᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠲᠤᠰᠬᠠᠢ ᠮᠡᠷᠭᠡᠵᠢᠯ᠎ᠦᠨ ᠠᠵᠢᠯᠲᠠᠨ᠎ᠤ ᠬᠠᠮᠢᠠᠶᠷᠤᠯᠳᠠᠶᠢᠨ ᠵᠤᠷᠭᠠᠨ᠎ᠤ ᠬᠠᠷᠢᠭᠤᠴᠠᠯᠭᠠᠲᠠᠨ ᠲᠠᠨᠢᠯᠴᠠᠭᠤᠯᠪᠠ ᠃
ᠴᠠᠭ ᠦᠶ᠎ᠡ᠎ᠶᠢᠨ ᠳᠠᠪᠠᠯᠭᠠᠨ ᠳᠠᠪᠠᠯᠭᠠᠯᠠᠨ ᠤᠷᠤᠭᠰᠢᠯᠠᠵᠤ᠂ ᠤᠯᠤᠰ᠎ᠢᠶᠠᠨ ᠬᠦᠴᠦᠷᠬᠡᠭᠵᠢᠭᠦᠯᠬᠦ ᠲᠣᠮᠣ᠌ ᠬᠥᠯᠭᠡ ᠣᠩᠭᠣᠴᠠ ᠳᠠᠪᠠᠯᠭᠠᠨ᠎ᠢ ᠰᠥᠷᠦᠨ ᠤᠷᠤᠭᠰᠢᠯᠠᠨ᠎ᠠ᠃ ᠰᠦᠷ ᠳᠠᠯᠠᠢᠴᠠᠲᠠᠢ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ ᠨᠢ ᠰᠦᠷ ᠳᠠᠯᠠᠢᠴᠠᠲᠠᠢ ᠬᠥᠳᠡᠯᠭᠡᠭᠦᠷ ᠰᠢᠭ᠎ᠢᠶᠡᠷ ᠳᠤᠮᠳᠠᠳᠤ ᠤᠯᠤᠰ ᠨᠡᠷᠡᠮᠵᠢᠲᠦ ᠲᠣᠮᠣ᠌ ᠬᠥᠯᠭᠡ ᠣᠩᠭᠣᠴᠠ᠎ᠶᠢ ᠵᠢᠯᠣᠭᠣᠳᠤᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠦᠷ ᠳᠠᠯᠠᠢᠴᠠᠲᠠᠢ ᠠᠶᠠᠯᠠᠯ᠎ᠤᠨ ᠳᠤᠮᠳᠠ ᠳᠠᠪᠠᠯᠭᠠᠨ᠎ᠢ ᠰᠥᠷᠦᠨ ᠤᠷᠤᠭᠰᠢᠯᠠᠭᠤᠯᠵᠤ᠂ ᠯᠠᠪᠳᠠᠭᠤᠨ᠎ᠢᠶᠠᠷ ᠠᠯᠤᠰ᠎ᠢ ᠵᠣᠷᠢᠨ ᠤᠷᠤᠭᠰᠢᠯᠠᠭᠤᠯᠤᠨ᠎ᠠ! ( ᠼᠠᠢ ᠰᠢᠸ᠋ ᠫᠢᠩ )