ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠠᠯᠢᠩ ᠥᠷᠢᠲᠦᠬᠦ᠎ᠶᠢ ᠴᠡᠭᠴᠡᠯᠡᠨ ᠵᠠᠰᠠᠬᠤ ᠡᠷᠴᠢᠮ᠎ᠢ ᠴᠢᠩᠭᠠᠷᠠᠭᠤᠯᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠵᠢᠯ᠎ᠦᠨ ᠡᠴᠦᠰ ᠵᠢᠯ᠎ᠦᠨ ᠡᠬᠢᠨ᠎ᠳᠦ ᠬᠥᠯᠥᠰᠦᠨ ᠠᠵᠢᠯᠴᠢᠨ᠎ᠤ ᠴᠠᠯᠢᠩ᠎ᠢ ᠥᠭᠬᠦ᠎ᠶᠢ ᠪᠠᠲᠤᠯᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠎ᠶᠢᠨ ᠲᠥᠯᠥᠭᠡ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠵᠢᠯ ᠣᠯᠭᠣᠯᠲᠠ᠎ᠶᠢ ᠠᠬᠢᠭᠤᠯᠬᠤ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ ᠣᠢᠷ᠎ᠠ᠎ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 2025 ᠣᠨ᠎ᠤ 11 ᠰᠠᠷ᠎ᠠ᠎ᠶᠢᠨ 1᠎ᠦ ᠡᠳᠦᠷ᠎ᠡᠴᠡ 2026 ᠣᠨ᠎ᠤ ᠴᠠᠭᠠᠨ ᠰᠠᠷ᠎ᠠ ᠪᠣᠯᠲᠠᠯ᠎ᠠ ᠪᠥᠬᠥ ᠤᠯᠤᠰ᠎ᠲᠤ ᠴᠠᠯᠢᠩ ᠥᠷᠢᠲᠦᠬᠦ᠎ᠶᠢ ᠵᠠᠰᠠᠬᠤ ᠡᠪᠦᠯ᠎ᠦᠨ ᠤᠯᠠᠷᠢᠯ᠎ᠤᠨ ᠠᠵᠢᠯᠯᠠᠭ᠎ᠠ᠎ᠶᠢ ᠥᠷᠨᠢᠭᠦᠯᠦᠨ᠎ᠡ ᠭᠡᠵᠡᠢ᠃
ᠮᠡᠳᠡᠭᠳᠡᠯ᠎ᠳᠦ᠂ ᠡᠪᠦᠯ᠎ᠦᠨ ᠤᠯᠠᠷᠢᠯ᠎ᠤᠨ ᠠᠵᠢᠯᠯᠠᠭ᠎ᠠ᠎ᠳᠤ ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠦᠷᠢᠶ᠎ᠡ᠎ᠶᠢ ᠲᠣᠪᠤᠢᠯᠭᠠᠨ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠂ ᠵᠥᠷᠢᠴᠡᠯ᠎ᠢ ᠠᠷᠢᠯᠭᠠᠬᠤ᠂ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠪᠠ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠵᠡᠷᠭᠡ᠎ᠪᠡᠷ ᠵᠠᠰᠠᠬᠤ᠎ᠶᠢ ᠰᠠᠢᠲᠤᠷ ᠠᠳᠬᠤᠵᠤ᠂ ᠴᠠᠯᠢᠩ ᠥᠷᠢᠲᠦᠬᠦ ᠦᠶ᠋ᠯᠡ ᠠᠵᠢᠯᠯᠠᠭ᠎ᠠ᠎ᠶᠢ ᠪᠥᠬᠥ ᠲᠠᠯ᠎ᠠ᠎ᠪᠠᠷ ᠵᠠᠯᠠᠷᠠᠭᠤᠯᠤᠨ ᠵᠠᠰᠠᠵᠤ᠂ ᠬᠥᠯᠥᠰᠦᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠪᠠᠲᠤᠯᠠᠨ᠎ᠠ ᠭᠡᠵᠦ ᠲᠣᠳᠣᠷᠬᠠᠢ ᠳᠤᠷᠠᠳᠪᠠ᠃
ᠮᠡᠳᠡᠭᠳᠡᠯ᠎ᠳᠦ᠂ ᠡᠯ᠎ᠡ ᠭᠠᠵᠠᠷ ᠣᠷᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠲᠣᠰ ᠭᠠᠵᠠᠷ ᠣᠷᠣᠨ ᠂ ᠲᠣᠰ ᠬᠦᠷᠢᠶᠡᠨ᠎ᠳᠡᠬᠢ ᠴᠠᠯᠢᠩ ᠥᠷᠢᠲᠦᠬᠦ ᠲᠦᠭᠰᠢᠭᠦᠷᠢ᠎ᠶᠢ ᠪᠥᠬᠥ ᠲᠠᠯ᠎ᠠ᠎ᠪᠠᠷ ᠲᠣᠳᠣᠷᠬᠠᠢ ᠣᠢᠯᠠᠭᠠᠬᠤ ᠬᠡᠷᠡᠭᠲᠡᠢ ; ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ᠎ᠢ ᠰᠠᠨᠠᠭᠠᠴᠢᠯᠠᠭ᠎ᠠ᠎ᠠᠴᠠ᠎ᠪᠠᠨ ᠢᠯᠡ ᠪᠣᠯᠭᠠᠵᠤ᠂ ᠰᠠᠯᠠᠭ᠎ᠠ ᠮᠥᠴᠢᠷ᠎ᠦᠳ ᠬᠣᠯᠪᠤᠭᠠᠯᠠᠨ ᠰᠣᠷᠪᠤᠯᠵᠢᠯᠠᠭ᠎ᠠ᠎ᠶᠢ ᠭᠥᠯᠢᠶᠡᠨ ᠠᠪᠬᠤ᠎ᠶᠢ ᠥᠷᠨᠢᠭᠦᠯᠵᠦ᠂ ᠠᠩᠬ᠎ᠠ ᠠᠰᠠᠭᠤᠭ᠍ᠴᠢ ᠬᠠᠷᠢᠭᠤᠴᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠵᠠᠭᠠᠯᠳᠤᠯᠭ᠎ᠠ᠎ᠶᠢ ᠭᠥᠯᠢᠶᠡᠨ ᠠᠪᠤᠪᠠᠯ ᠳᠠᠷᠤᠢ ᠭᠦᠢᠴᠡᠳᠬᠡᠬᠦ᠎ᠶᠢ ᠬᠢᠵᠦᠦ ᠲᠡᠢᠯᠬᠦ ᠬᠡᠷᠡᠭᠲᠡᠢ ; ᠪᠣᠳᠠᠲᠠᠢ ᠬᠡᠷᠡᠭ᠎ᠦᠨ ᠪᠠᠢᠳᠠᠯ᠎ᠲᠠᠢ ᠤᠶᠠᠯᠳᠤᠭᠤᠯᠤᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠠᠯᠢᠩ ᠥᠷᠢᠲᠦᠬᠦ ᠠᠰᠠᠭᠤᠳᠠᠯ᠎ᠢ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠲᠦᠯᠬᠢᠨ ᠠᠬᠢᠭᠤᠯᠬᠤ ᠬᠡᠷᠡᠭᠲᠡᠢ ; ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠲᠥᠷᠥᠯ ᠵᠦᠢᠯᠡᠰ᠎ᠦᠨ ᠴᠠᠯᠢᠩ ᠥᠭᠬᠦ᠎ᠶᠢᠨ ᠵᠢᠱ᠌ᠢᠶ᠎ᠡ ᠦᠵᠡᠭᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ 《 ᠵᠠᠯᠭᠠᠯᠳᠤᠭᠤᠯᠤᠨ ᠢᠯᠭᠠᠷᠠᠭᠤᠯᠬᠤ 》᠎ᠶᠢ ᠬᠦᠴᠦᠯᠡᠨ ᠬᠡᠷᠡᠭᠵᠢᠭᠦᠯᠵᠦ ᠂ ᠬᠥᠯᠥᠰᠦᠨ ᠠᠵᠢᠯᠴᠢᠨ᠎ᠤ ᠴᠠᠯᠢᠩ ᠥᠭᠬᠦ᠎ᠶᠢ ᠤᠷᠢᠳ᠎ᠢᠶᠠᠷ ᠪᠠᠲᠤᠯᠠᠬᠤ ᠬᠡᠷᠡᠭᠲᠡᠢ ; ᠴᠠᠯᠢᠩ ᠥᠭᠬᠦ᠎ᠶᠢ ᠪᠠᠲᠤᠯᠠᠬᠤ ᠳᠦᠷᠢᠮ᠎ᠢ ᠨᠠᠢᠳᠠᠪᠤᠷᠢᠵᠢᠭᠤᠯᠬᠤ᠎ᠶᠢ ᠭᠦᠨᠵᠡᠭᠡᠢᠷᠡᠭᠦᠯᠬᠦ ᠬᠡᠷᠡᠭᠲᠡᠢ; ᠦᠨᠳᠦᠰᠦᠨ ᠱᠠᠲᠤᠨ᠎ᠤ ᠵᠥᠷᠢᠴᠡᠯ ᠵᠢᠭᠤᠷᠠᠯᠳᠤᠭᠠᠨ᠎ᠢ ᠤᠯᠠᠨ ᠡᠰᠢᠵᠢᠭᠦᠯᠦᠨ ᠤᠷᠢᠳᠴᠢᠯᠠᠨ ᠰᠡᠷᠭᠡᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠲᠣᠭᠲᠠᠴᠠ᠎ᠶᠢ ᠴᠢᠩᠭᠠᠳᠬᠠᠵᠤ᠂ ᠵᠥᠷᠢᠴᠡᠯ᠎ᠢ ᠰᠢᠢᠳᠪᠦᠷᠢᠯᠡᠬᠦ ᠪᠠ ᠬᠦᠴᠢᠷᠳᠡᠯ᠎ᠢ ᠬᠠᠪᠰᠤᠷᠤᠨ ᠲᠡᠳᠬᠦᠬᠦ ᠠᠵᠢᠯ᠎ᠢ ᠰᠠᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃
ᠮᠡᠳᠡᠭᠳᠡᠯ᠎ᠳᠦ᠂ ᠡᠯ᠎ᠡ ᠭᠠᠵᠠᠷ ᠣᠷᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠂ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠨᠠᠷᠢᠨ ᠨᠢᠮᠪᠠᠢ ᠲᠥᠯᠥᠪᠵᠢᠭᠦᠯᠦᠨ ᠪᠠᠢᠷᠢᠯᠠᠭᠤᠯᠵᠤ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠪᠠᠨ ᠴᠢᠩᠭᠠᠳᠬᠠᠵᠤ᠂ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃