ᠰᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶᠢᠨ 4᠎ᠦ ᠡᠳᠦᠷ᠎ᠦᠨ ᠮᠡᠳᠡᠭᠡ ( ᠰᠤᠷᠪᠤᠯᠵᠢᠯᠠᠭ᠍ᠴᠢ ᠳ᠋ᠦᠩ ᠰᠢᠤᠸᠠᠢ᠂ ᠹᠧᠩ ᠰᠢᠨ ᠷᠠᠨ ) 12 ᠰᠠᠷ᠎ᠠ᠎ᠶᠢᠨ 4᠎ᠦ ᠡᠳᠦᠷ᠎ᠦᠨ ᠦᠳᠡ᠎ᠳᠦ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠳᠦ ᠹᠷᠠᠨᠼᠢ᠎ᠶᠢᠨ ᠶᠡᠷᠦᠩᠬᠡᠢᠯᠡᠭᠴᠢ ᠮᠠᠺᠷᠤᠨ ᠲᠠᠢ ᠬᠠᠮᠲᠤ᠎ᠪᠠᠷ ᠳᠤᠮᠳᠠᠳᠤ ᠹᠷᠠᠨᠼᠢ᠎ᠶᠢᠨ ᠠᠵᠤ ᠠᠬᠤᠢᠯᠠᠯᠲᠠᠳ᠎ᠤᠨ ᠵᠥᠪᠯᠡᠯ᠎ᠦᠨ ᠳᠣᠯᠣᠳᠤᠭᠠᠷ ᠤᠳᠠᠭᠠᠨ᠎ᠤ ᠬᠤᠷᠠᠯ᠎ᠤᠨ ᠲᠡᠭᠦᠰᠬᠦ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
ᠰᠢ᠎ᠶᠢᠨ ᠫᠢᠩ᠂ ᠡᠨᠡ ᠵᠢᠯ ᠪᠣᠯ ᠳᠤᠮᠳᠠᠳᠤ ᠹᠷᠠᠨᠼᠢ᠎ᠶᠢᠨ ᠬᠠᠷᠢᠴᠠᠭᠠᠨ᠎ᠤ 《 ᠰᠢᠨ᠎ᠡ ᠵᠢᠷᠠᠨ ᠵᠢᠯ 》᠎ᠤᠨ ᠡᠬᠢᠯᠡᠯᠲᠡ᠎ᠶᠢᠨ ᠵᠢᠯ ᠮᠥᠨ᠃ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢᠨ ᠬᠦᠷᠢᠶ᠎ᠡ ᠲᠠᠰᠤᠷᠠᠯᠲᠠ ᠦᠭᠡᠢ ᠥᠷᠭᠡᠵᠢᠵᠦ᠂ ᠤᠶᠠᠨ ᠬᠠᠳᠠᠨ ᠴᠢᠨᠠᠷ ᠲᠠᠰᠤᠷᠠᠯᠲᠠ ᠦᠭᠡᠢ ᠴᠢᠩᠭᠠᠷᠠᠪᠠ᠃ ᠲᠦᠷᠦᠭᠦᠦ 10 ᠰᠠᠷ᠎ᠠ᠎ᠳᠤ᠂ ᠬᠣᠶᠠᠷ ᠲᠠᠯ᠎ᠠ᠎ᠶᠢᠨ ᠠᠷᠠᠯᠵᠢᠶᠠᠨ᠎ᠤ ᠬᠡᠮᠵᠢᠶ᠎ᠡ 687.5 ᠳ᠋ᠦᠩᠰᠢᠭᠤᠷ ᠳ᠋ᠣᠯᠯᠠᠷ᠎ᠲᠤ ᠬᠦᠷᠴᠦ᠂ ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠶᠢᠨ ᠬᠡᠮᠵᠢᠶ᠎ᠡ ᠨᠡᠢ᠍ᠢᠳᠡ 270 ᠳ᠋ᠦᠩᠰᠢᠭᠤᠷ ᠳ᠋ᠣᠯᠯᠠᠷ᠎ᠢ ᠳᠠᠪᠠᠵᠠᠢ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠭ᠎ᠠ ᠪᠠᠢᠭᠤᠯᠤᠭᠰᠠᠨ ᠤᠭ ᠰᠠᠨᠠᠭ᠎ᠠ᠎ᠶᠢ ᠪᠠᠷᠢᠮᠲᠠᠯᠠᠵᠤ᠂ ᠠᠵᠠ ᠲᠣᠬᠢᠶᠠᠯ᠎ᠢ ᠠᠮᠵᠢᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠲᠣᠭᠲᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠵᠤ᠂ ᠳᠤᠮᠳᠠᠳᠤ ᠹᠷᠠᠨᠼᠢ᠎ᠶᠢᠨ ᠬᠠᠮᠲᠤᠷᠠᠯᠴᠠᠭ᠎ᠠ᠎ᠶᠢᠨ ᠨᠡᠩ ᠰᠠᠢᠨ ᠰᠠᠢᠬᠠᠨ ᠬᠠᠭᠤᠳᠠᠰᠤ᠎ᠶᠢ ᠬᠠᠮᠲᠤ᠎ᠪᠠᠷ ᠪᠢᠴᠢᠭᠯᠡᠵᠦ᠂ ᠳᠤᠮᠳᠠᠳᠤ ᠹᠷᠠᠨᠼᠢ᠎ᠶᠢᠨ ᠬᠠᠷᠢᠯᠴᠠᠭ᠎ᠠ᠎ᠶᠢᠨ ᠲᠣᠭᠲᠠᠭᠤᠨ ᠴᠢᠨᠠᠷ᠎ᠢᠶᠠᠷ ᠣᠳᠣᠬᠠᠨ᠎ᠤ ᠳᠡᠯᠡᠬᠡᠢ᠎ᠶᠢᠨ ᠲᠣᠭᠲᠠᠪᠤᠷᠢ ᠦᠭᠡᠢ ᠴᠢᠨᠠᠷ᠎ᠢ ᠠᠷᠭᠠᠴᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠨᠢᠭᠡ᠎ᠳᠦ᠂ ᠬᠣᠶᠠᠷ ᠲᠠᠯ᠎ᠠ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠰᠢᠨ᠎ᠡ ᠬᠦᠷᠢᠶ᠎ᠡ᠎ᠶᠢ ᠲᠠᠰᠤᠷᠠᠯᠲᠠ ᠦᠭᠡᠢ ᠥᠷᠭᠡᠳᠬᠡᠨ᠎ᠡ᠃ ᠳᠤᠮᠳᠠᠳᠤ᠎ᠶᠢᠨ ᠲᠠᠯ᠎ᠠ᠎ᠶᠢᠨ ᠬᠢᠨ ᠹᠷᠠᠨᠼᠢ᠎ᠶᠢᠨ ᠲᠠᠯ᠎ᠠ᠎ᠶᠢ ᠴᠢᠬᠤᠯᠠ ᠪᠥᠭᠡᠳ ᠳᠤᠲᠠᠭᠳᠠᠵᠤ ᠪᠣᠯᠣᠰᠢ ᠦᠭᠡᠢ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠬᠠᠨᠢᠲᠠᠨ᠎ᠢᠶᠠᠷ ᠦᠵᠡᠵᠦ᠂ ᠹᠷᠠᠨᠼᠢ᠎ᠶᠢᠨ ᠲᠠᠯ᠎ᠠ᠎ᠶᠢᠨ ᠬᠢᠨ᠎ᠦ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠬᠢᠴᠠ᠎ᠳᠤ ᠢᠳᠡᠪᠬᠢᠲᠡᠢ ᠣᠷᠣᠯᠴᠠᠬᠤ᠎ᠶᠢ ᠪᠠᠶᠠᠷᠯᠠᠨ ᠤᠭᠲᠤᠵᠤ᠂ ᠪᠣᠳᠠᠲᠤ ᠬᠦᠴᠦᠨ᠎ᠲᠠᠢ᠂ ᠬᠦᠰᠡᠯ ᠡᠷᠡᠮᠡᠯᠵᠡᠯ᠎ᠲᠠᠢ ᠳᠤᠮᠳᠠᠳᠤ᠎ᠶᠢᠨ ᠲᠠᠯ᠎ᠠ᠎ᠶᠢᠨ ᠠᠵᠤ ᠠᠬᠤᠢᠯᠠᠯ᠎ᠤᠨ ᠹᠷᠠᠨᠼᠢ᠎ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ᠎ᠶᠢ ᠲᠡᠮᠵᠢᠨ᠎ᠠ᠃ ᠬᠣᠶᠠᠷ ᠲᠠᠯ᠎ᠠ᠎ᠪᠠᠷ᠎ᠢᠶᠠᠨ ᠵᠣᠬᠢᠶᠠᠮᠠᠯ ᠤᠶᠤᠨ ᠴᠢᠳᠠᠪᠤᠷᠢ᠂ ᠪᠣᠬᠢᠷᠲᠤᠯ ᠦᠭᠡᠢ ᠪᠠ ᠲᠣᠭᠠᠴᠢᠯᠠᠭᠰᠠᠨ ᠠᠵᠤ ᠠᠬᠤᠢ᠂ ᠠᠮᠢᠳᠤ ᠪᠣᠳᠠᠰ᠎ᠤᠨ ᠡᠮ ᠡᠮᠨᠡᠯᠭᠡ᠂ ᠪᠤᠭᠤᠷᠤᠯᠴᠤᠳ᠎ᠤᠨ ᠠᠵᠤ ᠠᠬᠤᠢ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠨᠡᠭᠡᠭᠡᠯᠲᠡᠲᠤ ᠬᠠᠮᠲᠤᠷᠠᠯᠴᠠᠭ᠎ᠠ᠎ᠶᠢ ᠦᠷᠭᠦᠯᠵᠢᠯᠡᠨ ᠠᠬᠢᠭᠤᠯᠵᠤ᠂ ᠬᠣᠶᠠᠷ ᠤᠯᠤᠰ᠎ᠤᠨ ᠠᠵᠤ ᠠᠬᠤᠢᠯᠠᠯ᠎ᠳᠤ ᠡᠷᠬᠡ ᠲᠡᠭᠰᠢ᠂ ᠢᠯᠡ ᠲᠣᠳᠣ᠌᠂ ᠭᠠᠳᠠᠭᠤᠷᠴᠢᠯᠠᠯ ᠦᠭᠡᠢ᠂ ᠵᠢᠱ᠌ᠢᠵᠦ ᠪᠣᠯᠬᠤᠢᠴᠠ ᠡᠵᠡᠩᠨᠡᠯᠲᠡ᠎ᠶᠢᠨ ᠣᠷᠴᠢᠨ ᠲᠣᠭᠣᠷᠢᠨ᠎ᠢ ᠬᠠᠩᠭᠠᠨ᠎ᠠ᠃
ᠬᠣᠶᠠᠷ᠎ᠲᠤ᠂ ᠳᠤᠮᠳᠠᠳᠤ ᠡᠸᠦ᠋ᠷᠦᠫᠡ᠎ᠶᠢᠨ ᠬᠠᠷᠢᠯᠴᠠᠨ ᠠᠰᠢᠭ᠍ᠲᠠᠢ ᠬᠠᠮᠲᠤᠷᠠᠯᠴᠠᠭᠠᠨ᠎ᠤ ᠰᠢᠨ᠎ᠡ ᠬᠥᠭᠵᠢᠯᠲᠡ᠎ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠡᠸᠦ᠋ᠷᠦᠫᠡ᠎ᠶᠢᠨ ᠬᠠᠷᠢᠯᠴᠠᠭ᠎ᠠ ᠪᠠᠢᠭᠤᠯᠤᠭᠰᠠᠨ 50 ᠵᠢᠯ᠎ᠦᠨ ᠤᠢ ᠪᠣᠯᠣᠨ᠎ᠠ᠃ ᠳᠤᠮᠳᠠᠳᠤ ᠡᠸᠦ᠋ᠷᠦᠫᠡ᠎ᠶᠢᠨ ᠠᠵᠤ ᠠᠬᠤᠢ ᠠᠷᠠᠯᠵᠢᠶᠠᠨ᠎ᠤ ᠬᠠᠷᠢᠴᠠᠭ᠎ᠠ᠎ᠶᠢᠨ ᠮᠥᠨ ᠴᠢᠨᠠᠷ ᠪᠣᠯ ᠳᠠᠪᠠᠭᠤᠯᠢᠭ᠋ ᠲᠠᠯ᠎ᠠ᠎ᠪᠠᠷ᠎ᠢᠶᠠᠨ ᠬᠠᠷᠢᠯᠴᠠᠨ ᠨᠥᠬᠥᠪᠦᠷᠢᠯᠡᠵᠦ᠂ ᠬᠠᠷᠢᠯᠴᠠᠨ ᠠᠰᠢᠭ᠋ ᠣᠯᠭᠣᠵᠤ ᠬᠠᠮᠲᠤ᠎ᠪᠠᠷ ᠠᠰᠢᠭ᠋ ᠬᠦᠷᠳᠡᠬᠦ ᠶᠠᠪᠤᠳᠠᠯ ᠪᠣᠯᠣᠨ᠎ᠠ᠂ ᠬᠥᠭᠵᠢᠯᠲᠡ᠎ᠶᠢᠨ ᠳᠤᠮᠳᠠ ᠬᠥᠳᠡᠯᠦᠩᠭᠦᠢ ᠲᠡᠩᠴᠡᠭᠦᠷᠢ᠎ᠶᠢ ᠪᠦᠷᠢᠮᠦᠰᠦᠨ ᠪᠡᠶᠡᠯᠡᠭᠦᠯᠵᠦ ᠴᠢᠳᠠᠬᠤ ᠶᠤᠮ᠃ ᠬᠠᠷᠢᠯᠴᠠᠨ ᠲᠦᠰᠢᠭᠯᠡᠯᠴᠡᠬᠦ ᠨᠢ ᠠᠶᠤᠯ ᠲᠦᠭᠰᠢᠭᠦᠷᠢ ᠪᠢᠰᠢ᠂ ᠠᠰᠢᠭ᠋ ᠲᠤᠰᠠ᠎ᠶᠢᠨ ᠠᠭᠤᠰᠤᠯᠴᠠᠯ ᠨᠢ ᠰᠦᠷᠳᠡᠭᠦᠯᠦᠯ ᠪᠢᠰᠢ᠃ ᠳᠤᠮᠳᠠᠳᠤ ᠹᠷᠠᠨᠼᠢ ᠬᠣᠶᠠᠷ ᠲᠠᠯ᠎ᠠ᠎ᠪᠠᠷ᠎ᠢᠶᠠᠨ ᠳᠤᠮᠳᠠᠳᠤ ᠡᠸᠦ᠋ᠷᠦᠫᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠬᠤ᠎ᠶᠢ ᠠᠬᠢᠭᠤᠯᠵᠤ᠂ ᠳᠤᠮᠳᠠᠳᠤ ᠡᠸᠦ᠋ᠷᠦᠫᠡ᠎ᠶᠢᠨ ᠬᠠᠷᠢᠯᠴᠠᠭ᠎ᠠ᠎ᠶᠢᠨ ᠨᠡᠩ ᠭᠡᠭᠡᠨ ᠰᠠᠷᠠᠭᠤᠯ ᠳᠠᠷᠠᠭᠠᠴᠢ᠎ᠶᠢᠨ 50 ᠵᠢᠯ᠎ᠢ ᠬᠠᠮᠲᠤ᠎ᠪᠠᠷ ᠴᠣᠭᠴᠠᠯᠠᠨ᠎ᠠ᠃
ᠭᠤᠷᠪᠠ᠎ᠳᠤ᠂ ᠪᠦᠬᠦ ᠪᠥᠮᠪᠥᠷᠴᠡᠭ᠎ᠦᠨ ᠵᠠᠰᠠᠯᠲᠠ᠎ᠶᠢ ᠥᠭᠡᠷᠡᠴᠢᠯᠡᠨ ᠲᠡᠭᠦᠯᠳᠡᠷᠵᠢᠭᠦᠯᠬᠦ᠎ᠳᠦ ᠬᠠᠮᠲᠤ᠎ᠪᠠᠷ ᠰᠢᠨ᠎ᠡ ᠬᠤᠪᠢ ᠨᠡᠮᠡᠷᠢ ᠦᠵᠡᠭᠦᠯᠦᠶ᠎ᠡ᠃ ᠡᠨᠡ ᠵᠢᠯ ᠪᠣᠯ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ᠎ᠦ ᠢᠯᠠᠯᠲᠠ ᠣᠯᠣᠭᠰᠠᠨ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭᠳᠠᠭᠰᠠᠨ 80 ᠵᠢᠯ᠎ᠦᠨ ᠤᠢ ᠪᠣᠯᠣᠨ᠎ᠠ᠃ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠬᠤ᠎ᠶᠢᠨ ᠲᠥᠯᠥᠭᠡ᠂ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶᠢᠨ ᠳᠠᠷᠠᠭ᠎ᠠ᠂ ᠡᠨᠡ ᠵᠢᠯ᠎ᠦᠨ 9 ᠳ᠋ᠦ᠍ᠭᠡᠷ ᠰᠠᠷ᠎ᠠ᠎ᠳᠤ ᠪᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠳᠤᠷᠠᠳᠪᠠ᠃ ᠳᠤᠮᠳᠠᠳᠤ ᠹᠷᠠᠨᠼᠢ ᠬᠣᠶᠠᠷ ᠤᠯᠤᠰ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠪᠠᠢᠷᠢ ᠰᠠᠭᠤᠷᠢ ᠪᠣᠯᠣᠨ ᠡᠷᠬᠡ ᠰᠦᠷ᠎ᠢ ᠬᠠᠮᠲᠤ᠎ᠪᠠᠷ ᠬᠠᠮᠠᠭᠠᠯᠠᠵᠤ᠂ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭᠰᠠᠨ᠂ ᠳᠦᠷᠢᠮ᠎ᠢᠶᠡᠷ ᠰᠠᠭᠤᠷᠢ ᠪᠣᠯᠭᠠᠭᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠮᠵᠢ᠎ᠶᠢ ᠬᠠᠮᠠᠭᠠᠯᠠᠵᠤ᠂ ᠪᠦᠬᠦ ᠪᠥᠮᠪᠥᠷᠴᠡᠭ᠎ᠦᠨ ᠵᠠᠰᠠᠯᠲᠠ᠎ᠶᠢ ᠥᠭᠡᠷᠡᠴᠢᠯᠡᠨ ᠲᠡᠭᠦᠯᠳᠡᠷᠵᠢᠭᠦᠯᠬᠦ᠎ᠳᠦ ᠢᠳᠡᠪᠬᠢ ᠬᠦᠴᠦᠨ ᠨᠡᠮᠡᠷᠢᠯᠡᠨ᠎ᠡ᠃
ᠰᠢ᠎ᠶᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠶᠢ ᠬᠢᠨᠠᠨ ᠶᠠᠷᠢᠯᠴᠠᠵᠤ ᠪᠠᠲᠤᠯᠠᠪᠠ᠃ ᠳᠤᠮᠳᠠᠳᠤ ᠤᠯᠤᠰ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠭᠠᠳᠠᠭ᠍ᠰᠢ ᠨᠡᠭᠡᠭᠡᠯᠲᠡ᠎ᠶᠢ ᠥᠷᠭᠡᠳᠬᠡᠨ᠎ᠡ᠃ ᠹᠷᠠᠨᠼᠢ᠎ᠶᠢᠨ ᠠᠵᠤ ᠠᠬᠤᠢᠯᠠᠯᠲᠠᠳ᠎ᠤᠨ ᠳᠤᠮᠳᠠᠳᠤ ᠤᠯᠤᠰ᠎ᠤᠨ ᠬᠥᠭᠵᠢᠯᠲᠡ᠎ᠶᠢᠨ ᠠᠰᠢᠭ᠋᠎ᠢ ᠦᠷᠭᠦᠯᠵᠢᠯᠡᠨ ᠬᠠᠮᠲᠤ᠎ᠪᠠᠷ ᠡᠳ᠋ᠯᠡᠬᠦ᠎ᠶᠢ ᠪᠠᠶᠠᠷᠯᠠᠨ ᠤᠭᠲᠤᠵᠤ ᠪᠠᠢᠨ᠎ᠠ ᠭᠡᠵᠦ ᠴᠢᠬᠤᠯᠠᠴᠢᠯᠠᠪᠠ᠃
ᠳᠤᠮᠳᠠᠳᠤ ᠹᠷᠠᠨᠼᠢ ᠬᠣᠶᠠᠷ ᠤᠯᠤᠰ᠎ᠤᠨ ᠵᠠᠰᠠᠭ᠎ᠤᠨ ᠣᠷᠳᠣᠨ᠂ ᠠᠵᠤ ᠠᠬᠤᠢᠯᠠᠯ ᠵᠡᠷᠭᠡ ᠡᠯ᠎ᠡ ᠡᠲᠡᠭᠡᠳ᠎ᠦᠨ ᠲᠥᠯᠥᠭᠡᠯᠡᠭᠴᠢ 150 ᠰᠢᠬᠠᠮ ᠬᠥᠮᠥᠨ ᠲᠡᠭᠦᠰᠬᠦ ᠶᠣᠰᠣᠯᠠᠯ᠎ᠳᠤ ᠣᠷᠣᠯᠴᠠᠪᠠ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃