《 ᠲᠥᠬᠦᠭᠡᠷᠦᠮᠵᠢ ᠬᠠᠭᠤᠴᠢᠷᠠᠵᠤ᠂ ᠪᠡᠯᠡ ᠮᠥᠩᠭᠥᠨ᠎ᠦ ᠡᠷᠭᠢᠯᠲᠡ ᠮᠠᠭᠤᠳᠠᠭᠰᠠᠨ᠎ᠠᠴᠠ ᠪᠣᠯᠤᠭᠰᠠᠨ ᠲᠡᠷᠡ ᠬᠡᠰᠡᠭ ᠬᠤᠭᠤᠴᠠᠭᠠᠨ᠎ᠳᠤ ᠦᠨᠡᠬᠡᠷ ᠰᠠᠨᠠᠭ᠎ᠠ ᠵᠣᠪᠠᠭᠠᠳ ᠤᠨᠲᠠᠵᠤ ᠣᠷᠣᠬᠤ ᠦᠭᠡᠢ ᠪᠠᠢᠵᠠᠢ ! 》 ᠲᠦᠩᠯᠢᠶᠣᠣ ᠬᠤᠳᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠪᠦᠦ ᠺᠠᠩ ᠪᠠᠯᠭᠠᠰᠤᠨ᠎ᠤ ᠯᠠ ᠶᠠ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ᠎ᠶᠢᠨ ᠴᠧᠩ ᠮᠦᠸᠸ᠋ ᠴᠤᠤ ᠣᠢᠷ᠎ᠠ᠎ᠶᠢᠨ ᠬᠤᠭᠤᠴᠠᠭᠠᠨ᠎ᠤ ᠬᠦᠴᠢᠷᠳᠡᠯ᠎ᠢᠶᠡᠨ ᠡᠷᠭᠢᠴᠡᠭᠦᠯᠬᠦᠶ᠎ᠡ ᠮᠥᠨ ᠯᠡ ᠠᠢᠳᠠᠰ ᠬᠦᠷᠴᠦ ᠪᠠᠢᠯ᠎ᠠ᠃ ᠲᠡᠷᠡ ᠲᠤᠷᠰᠢᠵᠤ ᠦᠵᠡᠬᠦ ᠪᠣᠳᠣᠯ᠎ᠢᠶᠠᠷ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠭᠤᠶᠤᠴᠢᠯᠠᠭᠰᠠᠨ᠎ᠳᠤ᠂ ᠰᠠᠨᠠᠭᠠᠨ᠎ᠳᠤ ᠦᠭᠡᠢ ᠮᠠᠲᠧᠷᠢᠶᠠᠯ᠎ᠢᠶᠠᠨ ᠲᠤᠰᠢᠶᠠᠭᠠᠳ ᠬᠡᠳᠦᠬᠡᠨ ᠡᠳᠦᠷ ᠪᠣᠯᠣᠮᠠᠭᠴᠠ 30 ᠲᠦᠮᠡᠨ ᠲᠥᠭᠥᠷᠢᠭ᠎ᠦᠨ ᠪᠡᠯᠡ ᠮᠥᠩᠭᠥ ᠤᠷᠤᠭᠰᠢᠲᠠᠢ᠎ᠪᠠᠷ ᠳᠠᠩᠰᠠᠨ᠎ᠳᠤ ᠨᠢ ᠣᠷᠣᠴᠢᠬᠠᠪᠠ᠃ ᠣᠳᠣᠬᠠᠨ᠎ᠳᠤ᠂ ᠰᠢᠨ᠎ᠡ ᠲᠥᠬᠦᠭᠡᠷᠦᠮᠵᠢ᠎ᠶᠢ ᠨᠢᠭᠡᠨᠲᠡ ᠠᠰᠢᠭ᠍ᠯᠠᠯᠲᠠ᠎ᠳᠤ ᠣᠷᠣᠭᠤᠯᠵᠤ᠂ ᠰᠡᠯᠪᠢᠨ ᠵᠠᠰᠠᠬᠤ ᠦᠢᠯᠡᠳᠪᠦᠷᠢ᠎ᠶᠢᠨ ᠠᠷᠠᠯᠵᠢᠶ᠎ᠠ ᠡᠳᠦᠷ᠎ᠡᠴᠡ ᠡᠳᠦᠷ ᠥᠭᠡᠳᠡᠯᠡᠵᠦ ᠪᠠᠢᠨ᠎ᠠ᠃
ᠡᠨᠡ ᠵᠢᠯ᠎ᠡᠴᠡ ᠨᠠᠭᠠᠰᠢ ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠪᠡᠷ ᠴᠢᠬᠤᠯᠠ ᠲᠤᠯᠬᠤ ᠴᠡᠭ ᠪᠣᠯᠭᠠᠵᠤ ᠂ ᠤᠬᠠᠭᠤᠯᠭ᠎ᠠ᠎ᠪᠠᠨ ᠦᠷᠭᠦᠯᠵᠢᠯᠡᠨ ᠴᠢᠩᠭᠠᠳᠬᠠᠵᠤ ᠂ ᠠᠯᠬᠤᠮ ᠳᠠᠷᠠᠭ᠎ᠠ᠎ᠪᠠᠨ ᠳᠥᠭᠥᠮᠴᠢᠯᠡᠨ ᠂ ᠨᠠᠷᠢᠯᠢᠭ᠋ ᠣᠨᠣᠴᠠᠲᠠᠢ᠎ᠪᠠᠷ ᠵᠢᠭᠡᠯᠡᠯᠭᠡ ᠲᠠᠯᠪᠢᠵᠤ ᠂ ᠵᠢᠭᠡᠯᠡᠯᠭᠡ᠎ᠪᠡᠷ ᠬᠡᠷᠡᠭᠴᠡᠭᠡ ᠪᠦᠬᠦᠢ ᠦᠢᠯᠡᠰ ᠪᠣᠰᠬᠠᠭ᠍ᠴᠢ ᠨᠢᠭᠡᠪᠦᠷᠢ᠎ᠳᠦ ᠠᠰᠢᠭ᠋ ᠬᠦᠷᠲᠡᠭᠡᠪᠡ ᠃ ᠨᠢᠭᠡ ᠨᠢᠭᠡ ᠤᠳᠠᠭᠠᠨ᠎ᠤ ᠵᠢᠭᠡᠯᠡᠯᠭᠡ ᠨᠢ ᠨᠢᠭᠡ ᠨᠢᠭᠡ ᠬᠦᠰᠡᠯ ᠵᠡᠭᠦᠳᠦ᠎ᠶᠢ ᠲᠡᠷᠭᠡᠯᠰᠢᠭᠦᠯᠦᠨ᠎ᠡ; ᠠᠵᠢᠯ᠎ᠤᠨ ᠪᠠᠢᠷᠢ ᠨᠢᠭᠡᠪᠦᠷᠢ ᠨᠢ ᠭᠡᠷ ᠪᠦᠯᠢ ᠪᠦᠷᠢ᠎ᠶᠢ ᠳᠤᠯᠠᠭᠠᠴᠠᠭᠤᠯᠤᠨ᠎ᠠ ᠃ ᠣᠲᠣ᠌ ᠪᠣᠯᠲᠠᠯ᠎ᠠ ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢ 34 ᠬᠤᠪᠢ ᠲᠠᠯᠪᠢᠵᠤ ᠂ ᠨᠡᠶ᠋ᠢᠲᠡ 700 ᠭᠠᠷᠤᠢ ᠲᠦᠮᠡᠨ ᠲᠥᠭᠥᠷᠢᠭ ᠲᠠᠷᠬᠠᠭᠠᠵᠤ ᠂ 90 ᠭᠠᠷᠤᠢ ᠬᠥᠮᠥᠨ᠎ᠦ ᠠᠵᠢᠯ ᠣᠯᠭᠣᠯᠲᠠ᠎ᠶᠢ ᠠᠮᠵᠢᠯᠲᠠ᠎ᠲᠠᠢ ᠳᠠᠶ᠋ᠢᠴᠢᠯᠠᠪᠠ᠃
《 ᠬᠥᠮᠥᠨ ᠨᠢ ᠲᠥᠷᠥ᠎ᠶᠢᠨ ᠪᠣᠳᠣᠯᠭ᠎ᠠ ᠡᠷᠢᠬᠦ 》᠎ᠡᠴᠡ 《 ᠲᠥᠷᠥ᠎ᠶᠢᠨ ᠪᠣᠳᠣᠯᠭ᠎ᠠ ᠨᠢ ᠬᠥᠮᠥᠨ ᠡᠷᠢᠬᠦ 》 ᠬᠦᠷᠲᠡᠯ᠎ᠡ
ᠲᠥᠷᠥ᠎ᠶᠢᠨ ᠪᠣᠳᠣᠯᠭ᠎ᠠ᠎ᠶᠢ ᠬᠡᠷᠡᠭᠴᠡᠭᠡ ᠪᠦᠬᠦᠢ ᠦᠢᠯᠡᠰ ᠪᠣᠰᠬᠠᠭ᠍ᠴᠢ ᠨᠢᠭᠡᠪᠦᠷᠢ᠎ᠳᠦ ᠨᠠᠷᠢᠯᠢᠭ᠋ ᠣᠨᠣᠴᠠᠲᠠᠢ᠎ᠪᠠᠷ ᠬᠦᠷᠭᠡᠬᠦ᠎ᠶᠢᠨ ᠲᠥᠯᠥᠭᠡ ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠢᠨ ᠰᠠᠨᠠᠭᠠᠴᠢᠯᠠᠭ᠎ᠠ᠎ᠠᠴᠠ᠎ᠪᠠᠨ ᠬᠥᠳᠡᠯᠦᠯᠴᠡᠵᠦ᠂ ᠦᠢᠯᠡᠴᠢᠯᠡᠭᠡ᠎ᠪᠡᠨ ᠤᠷᠢᠳ᠎ᠢᠶᠠᠷ ᠬᠢᠵᠦ ᠂ ᠲᠥᠷᠥ᠎ᠶᠢᠨ ᠪᠣᠳᠣᠯᠭ᠎ᠠ᠎ᠶᠢ ᠣᠢᠯᠠᠭᠠᠬᠤ ᠬᠡᠮᠵᠢᠶ᠎ᠡ᠎ᠪᠡᠨ ᠳᠡᠭᠡᠭᠰᠢᠯᠡᠭᠦᠯᠬᠦ᠎ᠶᠢ 《 ᠲᠡᠷᠢᠭᠦᠨ ᠰᠢᠲᠠᠷ᠎ᠠ 》 ᠪᠣᠯᠭᠠᠵᠤ ᠂ 《 ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ 》 《 ᠠᠵᠢᠯ ᠣᠯᠭᠣᠯᠲᠠ᠎ᠶᠢᠨ ᠲᠤᠰᠠᠯᠠᠮᠵᠢ᠎ᠶᠢᠨ ᠰᠠᠷ᠎ᠠ 》 ᠵᠡᠷᠭᠡ ᠠᠵᠢᠯᠲᠠᠨ ᠡᠯᠰᠡᠬᠦ ᠠᠵᠢᠯᠯᠠᠭ᠎ᠠ᠎ᠳᠤ ᠲᠦᠰᠢᠭᠯᠡᠨ ᠂ 《 ᠶᠡᠬᠡ᠎ᠪᠠᠷ ᠤᠰᠤᠯᠠᠬᠤ 》᠎ᠶᠢ 《 ᠨᠠᠷᠢᠯᠢᠭ᠋ ᠣᠨᠣᠴᠠᠲᠠᠢ᠎ᠪᠠᠷ ᠤᠰᠤᠯᠠᠬᠤ 》 ᠪᠣᠯᠭᠠᠨ ᠬᠤᠪᠢᠷᠠᠭᠤᠯᠤᠨ᠎ᠠ ᠃ ᠠᠵᠢᠯᠲᠠᠳ 《 ᠵᠠᠬ᠎ᠠ ᠴᠤᠭᠯᠠᠭᠠᠨ᠎ᠳᠤ ᠣᠴᠢᠬᠤ 》 ᠂ ᠬᠤᠳᠠᠯᠳᠤᠭᠠᠨ᠎ᠤ ᠡᠷᠦᠬᠡ᠎ᠳᠦ ᠣᠴᠢᠬᠤ ᠂ ᠠᠵᠤ ᠠᠬᠤᠢᠯᠠᠯ᠎ᠢ ᠰᠤᠷᠪᠤᠯᠵᠢᠯᠠᠬᠤ ᠂ 《 ᠨᠢᠭᠡ᠎ᠶᠢ ᠨᠢᠭᠡ᠎ᠳᠦ ᠬᠠᠷᠠᠭᠠᠯᠵᠠᠭᠤᠯᠤᠭᠰᠠᠨ》 ᠵᠢᠯᠣᠭᠣᠳᠤᠯᠭ᠎ᠠ ᠬᠠᠩᠭᠠᠬᠤ ᠂ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠬᠤ ᠵᠡᠷᠭᠡ ᠦᠢᠯᠡᠴᠢᠯᠡᠭᠡ᠎ᠪᠡᠷ ᠳᠠᠮᠵᠢᠭᠤᠯᠤᠨ ᠂ ᠲᠥᠷᠥ᠎ᠶᠢᠨ ᠪᠣᠳᠣᠯᠭ᠎ᠠ᠎ᠶᠢ ᠦᠢᠯᠡᠰ ᠪᠣᠰᠬᠠᠭ᠍ᠴᠢ᠎ᠶᠢᠨ ᠭᠠᠷ᠎ᠲᠤ ᠬᠦᠷᠭᠡᠵᠦ ᠪᠠᠢᠨ᠎ᠠ ᠃ ᠰᠦᠯᠵᠢᠶᠡᠨ ᠳᠡᠭᠡᠷ᠎ᠡ ᠤᠬᠠᠭᠤᠯᠭ᠎ᠠ᠎ᠶᠢᠨ ᠳᠡᠪᠲᠡᠷ᠎ᠢ ᠨᠡᠶ᠋ᠢᠲᠡ 3 ᠲᠦᠮᠡ ᠭᠠᠷᠤᠢ ᠬᠤᠪᠢ ᠲᠠᠷᠬᠠᠭᠠᠵᠤ ᠂ ᠲᠥᠷᠥ᠎ᠶᠢᠨ ᠪᠣᠳᠣᠯᠭ᠎ᠠ᠎ᠶᠢᠨ ᠮᠡᠳᠡᠭᠡ ᠵᠠᠩᠭᠢ᠎ᠶᠢ ᠪᠦᠬᠦᠨ᠎ᠢ ᠬᠦᠷᠭᠡᠬᠦ᠎ᠶᠢ ᠦᠨᠡᠨ ᠬᠦ᠌ ᠪᠠᠲᠤᠯᠠᠪᠠ᠃
ᠦᠢᠯᠡᠴᠢᠯᠡᠭᠡ ᠨᠢ ᠵᠥᠪᠬᠡᠨ ᠤᠬᠠᠭᠤᠯᠭ᠎ᠠ᠎ᠳᠤ ᠪᠠᠢᠬᠤ ᠪᠢᠰᠢ᠂ ᠨᠡᠩ ᠴᠤ᠌ ᠶᠠᠪᠤᠴᠠ᠎ᠶᠢ ᠲᠠᠬᠢᠨ ᠪᠦᠲᠦᠭᠡᠬᠦ᠎ᠳᠦ ᠪᠠᠢᠨ᠎ᠠ᠃ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 《 ᠲᠥᠷᠥ᠎ᠶᠢᠨ ᠪᠣᠳᠣᠯᠭ᠎ᠠ ᠬᠦᠷᠭᠡᠬᠦ ᠂ ᠦᠢᠯᠡᠴᠢᠯᠡᠭᠡ ᠬᠦᠷᠭᠡᠬᠦ ᠂ ᠬᠦᠴᠢᠷ ᠠᠰᠠᠭᠤᠳᠠᠯ᠎ᠢ ᠰᠢᠢᠳᠪᠦᠷᠢᠯᠡᠬᠦ 》 ᠲᠤᠰᠬᠠᠢ ᠠᠵᠢᠯᠯᠠᠭ᠎ᠠ᠎ᠶᠢ ᠶᠡᠬᠡᠪᠡᠷ ᠥᠷᠨᠢᠭᠦᠯᠵᠦ ᠂ ᠦᠢᠯᠡᠴᠢᠯᠡᠭᠡᠨ᠎ᠦ ᠵᠠᠭᠪᠤᠷ᠎ᠢ 《 ᠠᠵᠤ ᠠᠬᠤᠢᠯᠠᠯ ᠨᠢ ᠲᠥᠷᠥ᠎ᠶᠢᠨ ᠪᠣᠳᠣᠯᠭ᠎ᠠ ᠡᠷᠢᠬᠦ 》 ᠠᠴᠠ 《 ᠲᠥᠷᠥ᠎ᠶᠢᠨ ᠪᠣᠳᠣᠯᠭ᠎ᠠ᠎ᠶᠢ ᠠᠵᠤ ᠠᠬᠤᠢᠯᠠᠯ᠎ᠳᠤ ᠣᠷᠣᠭᠤᠯᠬᠤ 》 ᠲᠡᠢᠰᠢ ᠬᠤᠪᠢᠷᠠᠭᠤᠯᠬᠤ᠎ᠶᠢ ᠠᠬᠢᠭᠤᠯᠪᠠ ᠃ ᠠᠯᠬᠤᠮ ᠳᠠᠷᠠᠭ᠎ᠠ᠎ᠶᠢ ᠰᠢᠯᠢᠳᠡᠭᠵᠢᠭᠦᠯᠬᠦ᠎ᠪᠡᠷ ᠳᠠᠮᠵᠢᠭᠤᠯᠤᠨ ᠂ ᠵᠢᠭᠡᠯᠡᠯᠭᠡ ᠲᠠᠯᠪᠢᠬᠤ᠎ᠠᠴᠠ ᠡᠮᠦᠨ᠎ᠡ 《 ᠨᠢᠭᠡ ᠤᠳᠠᠭ᠎ᠠ ᠴᠤ᠌ ᠭᠦᠶᠦᠯᠭᠡᠬᠦ ᠦᠭᠡᠢ 》 ᠂ ᠵᠢᠭᠡᠯᠡᠯᠭᠡ᠎ᠶᠢᠨ ᠳᠤᠮᠳᠠ 《 ᠨᠢᠭᠡ ᠯᠡ ᠤᠳᠠᠭ᠎ᠠ ᠭᠦᠶᠦᠯᠭᠡᠬᠦ 》᠎ᠶᠢ ᠪᠡᠶᠡᠯᠡᠭᠦᠯᠵᠦ ᠂ ᠭᠦᠢᠴᠡᠳᠬᠡᠬᠦ ᠴᠠᠭ᠎ᠢ ᠶᠡᠬᠡᠪᠡᠷ ᠪᠠᠭᠠᠰᠬᠠᠨ ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ ᠪᠠᠢᠴᠠᠭᠠᠬᠤ᠎ᠠᠴᠠ ᠬᠠᠮᠤᠭ ᠡᠴᠦᠰ᠎ᠦᠨ ᠵᠢᠭᠡᠯᠡᠯᠭᠡ ᠲᠠᠯᠪᠢᠬᠤ᠎ᠶᠢ ᠵᠠᠪᠰᠠᠷ ᠦᠭᠡᠢ ᠵᠣᠯᠭᠠᠭᠤᠯᠬᠤ ᠬᠦᠷᠲᠡᠯ᠎ᠡ ᠦᠨᠡᠨ ᠬᠦ᠌ ᠪᠠᠲᠤᠯᠠᠵᠤ ᠂ ᠵᠢᠭᠡᠯᠡᠯᠭᠡ᠎ᠶᠢᠨ ᠦᠢᠯᠡᠴᠢᠯᠡᠭᠡᠨ᠎ᠦ 《 ᠬᠠᠮᠤᠭ ᠡᠴᠦᠰ᠎ᠦᠨ ᠨᠢᠭᠡ ᠺᠢᠯᠣᠮᠧᠲᠷ 》᠎ᠢ ᠦᠨᠡᠨ ᠬᠦ᠌ ᠨᠡᠪᠲᠡᠷᠡᠭᠦᠯᠦᠨ᠎ᠡ᠃
《 ᠲᠦᠷᠦ᠎ᠶᠢᠨ ᠪᠣᠳᠣᠯᠭ᠎ᠠ᠎ᠪᠠᠷ ᠲᠤᠯᠭᠠᠭᠤᠷᠢᠯᠠᠭᠤᠯᠬᠤ 》᠎ᠪᠠᠷ 《 ᠬᠦᠰᠡᠯ ᠵᠡᠭᠦᠳᠦ᠎ᠶᠢᠨ ᠦᠨᠳᠦᠰᠦ ᠰᠠᠭᠤᠷᠢ᠎ᠶᠢ ᠪᠠᠲᠤᠯᠠᠨ᠎ᠠ 》
《 ᠪᠢᠳᠡ ᠦᠢᠯᠡᠰ ᠪᠣᠰᠬᠠᠭ᠍ᠴᠢᠳ᠎ᠢ ᠵᠣᠷᠢᠭ᠍ᠲᠠᠢ᠎ᠪᠠᠷ ᠠᠵᠢᠯᠯᠠᠭᠤᠯᠵᠤ᠂ ᠵᠣᠷᠢᠭ᠍ᠲᠠᠢ᠎ᠪᠠᠷ ᠲᠤᠷᠰᠢᠭᠤᠯᠵᠤ᠂ ᠵᠣᠷᠢᠭ᠍ᠲᠠᠢ᠎ᠪᠠᠷ ᠠᠵᠢᠯᠯᠠᠭᠤᠯᠤᠨ᠎ᠠ! 》 ᠭᠡᠵᠦ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭᠴᠢ ᠸᠠᠩ ᠶᠠᠨ ᠲᠥᠷᠥ᠎ᠶᠢᠨ ᠪᠣᠳᠣᠯᠭ᠎ᠠ᠎ᠶᠢᠨ ᠭᠣᠣᠯᠳᠠᠯᠭ᠎ᠠ᠎ᠶᠢ ᠨᠢᠭᠡ ᠯᠡ ᠦᠭᠡ᠎ᠪᠡᠷ ᠬᠤᠷᠢᠶᠠᠩᠭᠤᠢᠯᠠᠨ ᠶᠠᠷᠢᠪᠠ ᠃ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠨᠢ ᠶᠠᠭ ᠲᠥᠷᠥ᠎ᠶᠢᠨ ᠪᠣᠳᠣᠯᠭ᠎ᠠ᠎ᠶᠢᠨ 《 ᠲᠣᠭᠲᠠᠭᠠᠯᠲᠤ ᠴᠢᠨᠠᠷ 》᠎ᠢᠶᠠᠷ ᠦᠢᠯᠡᠰ ᠪᠣᠰᠬᠠᠬᠤ᠎ᠶᠢᠨ 《 ᠲᠦᠭᠰᠢᠭᠦᠷᠢᠲᠦ ᠴᠢᠨᠠᠷ 》᠎ᠢ ᠠᠷᠢᠯᠭᠠᠵᠤ ᠂ ᠦᠢᠯᠡᠰ ᠪᠣᠰᠬᠠᠭ᠍ᠴᠢ᠎ᠶᠢᠨ ᠬᠦᠰᠡᠯ ᠵᠡᠭᠦᠳᠦ᠎ᠪᠡᠨ ᠪᠡᠶᠡᠯᠡᠭᠦᠯᠬᠦ᠎ᠳᠤ ᠲᠤᠯᠭᠠᠭᠤᠷᠢᠯᠠᠯ ᠬᠠᠩᠭᠠᠨ᠎ᠠ᠃
ᠲᠥᠷᠥ᠎ᠶᠢᠨ ᠪᠣᠳᠣᠯᠭ᠎ᠠ ᠨᠢ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ ᠂ ᠬᠣᠲᠠ ᠪᠠᠯᠭᠠᠰᠤᠨ᠎ᠤ ᠠᠵᠢᠯ ᠠᠯᠳᠠᠭᠰᠠᠳ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ᠎ᠢᠶᠠᠨ ᠲᠥᠪᠯᠡᠷᠡᠭᠦᠯᠵᠦ ᠂ ᠲᠡᠳᠡᠨ᠎ᠳᠦ ᠦᠢᠯᠡᠰ ᠪᠣᠰᠬᠠᠬᠤ᠎ᠶᠢᠨ ᠵᠠᠩᠭᠢᠯᠠᠭ᠎ᠠ᠎ᠶᠢᠨ ᠪᠡᠯᠡ ᠮᠥᠩᠭᠥ ᠬᠠᠩᠭᠠᠵᠤ ᠂ ᠪᠡᠯᠡ ᠲᠣᠬᠢᠷᠠᠭᠤᠯᠬᠤ᠎ᠳᠤ ᠬᠦᠴᠢᠷᠲᠡᠢ ᠂ ᠪᠡᠯᠡ ᠲᠣᠬᠢᠷᠠᠭᠤᠯᠬᠤ᠎ᠳᠤ ᠦᠨᠡᠲᠡᠢ ᠪᠠᠢᠬᠤ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠨ᠎ᠡ᠃ ᠡᠨᠡ ᠨᠢ ᠵᠢᠭᠡᠯᠡᠯᠭᠡ ᠪᠣᠯᠬᠤ᠎ᠪᠠᠷ ᠪᠠᠷᠠᠬᠤ ᠦᠭᠡᠢ ᠂ ᠨᠠᠩ ᠴᠤ᠌ ᠢᠲᠡᠭᠡᠯ ᠪᠠ ᠵᠣᠷᠢᠭ᠍ᠵᠢᠭᠤᠯᠤᠯ ᠪᠣᠯᠵᠤ ᠂ ᠦᠢᠯᠡᠰ ᠪᠣᠰᠬᠠᠭ᠍ᠴᠢᠳ᠎ᠢ ᠪᠡᠯᠡ ᠮᠥᠩᠭᠥᠨ᠎ᠦ ᠬᠦᠯᠢᠶᠡᠰᠦᠯᠡᠯ᠎ᠡᠴᠡ ᠲᠠᠢᠯᠤᠨ ᠂ ᠨᠢᠭᠡ ᠰᠡᠳᠬᠢᠯ ᠨᠢᠭᠡ ᠵᠣᠷᠢᠭ᠋᠎ᠢᠶᠠᠷ ᠲᠥᠷᠥᠯ ᠵᠦᠢᠯ᠎ᠦᠨ ᠡᠵᠡᠩᠨᠡᠯᠲᠡ᠎ᠳᠦ ᠣᠷᠣᠯᠴᠠᠭᠤᠯᠵᠤ ᠂ 《 ᠵᠢᠵᠢᠭ ᠮᠠᠢᠮᠠᠢ 》᠎ᠶᠢ 《 ᠲᠣᠮᠣ᠌ ᠦᠢᠯᠡᠰ 》 ᠪᠣᠯᠭᠠᠵᠤ ᠪᠠᠢᠨ᠎ᠠ᠃
《 ᠪᠥᠬᠥ ᠶᠠᠪᠤᠴᠠ᠎ᠶᠢᠨ ᠦᠢᠯᠡᠴᠢᠯᠡᠭᠡ 》᠎ᠪᠠᠷ 《 ᠪᠥᠬᠥ ᠦᠶᠡᠯᠡᠯ᠎ᠦᠨ ᠬᠤᠭᠤᠴᠠᠭᠠᠨ᠎ᠤ ᠪᠣᠶ᠋ᠢᠵᠢᠯᠲᠠ 》᠎ᠶᠢ ᠳᠡᠮᠵᠢᠨ᠎ᠡ
ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 《 ᠵᠢᠭᠡᠯᠡᠯᠭᠡ ᠲᠠᠯᠪᠢᠬᠤ 》᠎ᠪᠠᠨ ᠵᠣᠭᠰᠣᠭᠰᠠᠨ ᠦᠭᠡᠢ ᠂ ᠬᠠᠷᠢᠨ 《 ᠵᠢᠭᠡᠯᠡᠯᠭᠡ᠎ᠶᠢᠨ ᠡᠮᠦᠨ᠎ᠡ ᠂ ᠵᠢᠭᠡᠯᠡᠯᠭᠡ᠎ᠶᠢᠨ ᠳᠤᠮᠳᠠ ᠂ ᠵᠢᠭᠡᠯᠡᠯᠭᠡ᠎ᠶᠢᠨ ᠬᠣᠢᠨ᠎ᠠ 》 ᠭᠡᠬᠦ ᠪᠥᠬᠥ ᠶᠠᠪᠤᠴᠠ᠎ᠶᠢᠨ ᠦᠢᠯᠡᠴᠢᠯᠡᠭᠡᠨ᠎ᠦ ᠰᠢᠰᠲᠧᠮᠵᠢ᠎ᠶᠢ ᠪᠠᠢᠭᠤᠯᠤᠭᠰᠠᠨ ᠪᠠᠢᠨ᠎ᠠ ᠃ ᠵᠢᠭᠡᠯᠡᠯᠭᠡ᠎ᠶᠢᠨ ᠳᠠᠷᠠᠭᠠᠬᠢ ᠮᠥᠷᠳᠡᠯᠲᠡ᠎ᠶᠢ ᠤᠯᠠᠷᠢᠯ᠎ᠢᠶᠠᠷ ᠥᠷᠨᠢᠭᠦᠯᠵᠦ ᠂ ᠡᠵᠡᠩᠨᠡᠯᠲᠡ᠎ᠶᠢᠨ ᠲᠦᠭᠰᠢᠭᠦᠷᠢ᠎ᠶᠢ ᠬᠥᠳᠡᠯᠦᠩᠭᠦᠢ᠎ᠪᠡᠷ ᠬᠢᠨᠠᠨ ᠬᠡᠮᠵᠢᠵᠦ ᠂ ᠵᠢᠭᠡᠯᠡᠯᠭᠡ ᠵᠢᠭᠡᠯᠡᠭᠦᠯᠬᠦ ᠡᠲᠡᠭᠡᠳ᠎ᠦᠨ ᠡᠵᠡᠩᠨᠡᠯᠲᠡ᠎ᠶᠢᠨ ᠪᠠᠢᠳᠠᠯ ᠬᠢᠭᠡᠳ ᠪᠡᠯᠡ ᠮᠥᠩᠭᠥ᠎ᠶᠢᠨ ᠬᠡᠷᠡᠭᠯᠡᠯᠲᠡ᠎ᠶᠢᠨ ᠪᠠᠢᠳᠠᠯ᠎ᠢ ᠰᠠᠨᠠᠭᠠᠴᠢᠯᠠᠭ᠎ᠠ᠎ᠠᠴᠠ᠎ᠪᠠᠨ ᠣᠢᠯᠠᠭᠠᠬᠤ᠎ᠶᠢᠨ ᠬᠠᠮᠲᠤ ᠪᠤᠰᠤᠳ ᠬᠠᠮᠢᠶ᠎ᠠ ᠪᠦᠬᠦᠢ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠬᠠᠮᠵᠢᠨ ᠨᠠᠢᠳᠠᠪᠤᠷᠢᠵᠢᠭᠤᠯᠵᠤ᠂ ᠬᠥᠭᠵᠢᠯᠲᠡ᠎ᠶᠢᠨ ᠬᠦᠴᠢᠷ ᠠᠰᠠᠭᠤᠳᠠᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ ᠪᠠᠢᠨ᠎ᠠ᠃
ᠡᠭᠦᠨ᠎ᠦ ᠬᠠᠮᠲᠤ ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠪᠠᠰᠠ 《 ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ︱ ᠬᠡᠷᠡᠭᠴᠡᠭᠡ ᠱᠠᠭᠠᠷᠳᠠᠯᠭ᠎ᠠ᠎ᠶᠢ ᠵᠣᠯᠭᠠᠭᠤᠯᠬᠤ ︱ ᠠᠰᠠᠭᠤᠳᠠᠯ᠎ᠢ ᠬᠠᠷᠢᠭᠤ ᠲᠤᠰᠬᠠᠬᠤ ︱ ᠰᠢᠯᠢᠳᠡᠭᠵᠢᠭᠦᠯᠦᠨ ᠲᠣᠬᠢᠷᠠᠭᠤᠯᠬᠤ 》 ᠪᠢᠲᠡᠭᠦᠦ ᠴᠠᠭᠠᠷᠢᠭ᠋᠎ᠤᠨ ᠠᠵᠢᠯ᠎ᠤᠨ ᠰᠢᠰᠲᠧᠮᠵᠢ᠎ᠶᠢ ᠰᠢᠨ᠎ᠡ᠎ᠪᠡᠷ ᠡᠭᠦᠳᠦᠨ ᠪᠠᠢᠭᠤᠯᠪᠠ ᠃ ᠮᠥᠩᠭᠥᠨ ᠭᠦᠢᠯᠭᠡᠭᠡᠨ᠎ᠦ ᠰᠠᠯᠠᠭ᠎ᠠ ᠮᠥᠴᠢᠷ᠎ᠲᠠᠢ ᠬᠣᠯᠪᠤᠭᠠᠯᠠᠨ ᠪᠠᠢᠩᠭᠤ᠎ᠶᠢᠨ ᠴᠢᠨᠠᠷᠲᠠᠢ ᠨᠡᠪᠲᠡᠷᠡᠯᠴᠡᠬᠦ ᠲᠠᠪᠴᠠᠩ᠎ᠢ ᠪᠠᠢᠭᠤᠯᠵᠤ ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠪᠠ ᠲᠤᠷᠰᠢᠯᠭ᠎ᠠ ᠰᠣᠯᠢᠯᠴᠠᠬᠤ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠵᠤ ᠂ ᠵᠢᠭᠡᠯᠡᠯᠭᠡ ᠵᠢᠭᠡᠯᠡᠭᠦᠯᠬᠦ ᠡᠲᠡᠭᠡᠳ᠎ᠢ ᠬᠠᠪᠰᠤᠷᠤᠨ ᠨᠠᠷᠢᠯᠢᠭ᠋ ᠣᠨᠣᠴᠠᠲᠠᠢ᠎ᠪᠠᠷ ᠣᠢᠯᠠᠭᠠᠭᠤᠯᠵᠤ ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠭᠦᠢᠴᠡᠳ ᠡᠳ᠋ᠯᠡᠭᠦᠯᠦᠨ᠎ᠡ ᠃ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ 《 ᠴᠠᠭᠠᠰᠤᠨ ᠳᠡᠭᠡᠷ᠎ᠡ 》 ᠪᠠᠢᠭᠰᠠᠨ᠎ᠠᠴᠠ ᠨᠢ 《 ᠲᠠᠩᠰᠠ》᠎ᠳᠤ ᠣᠷᠣᠭᠤᠯᠬᠤ᠎ᠶᠢ ᠦᠨᠡᠨ ᠬᠦ᠌ ᠪᠠᠲᠤᠯᠠᠵᠤ ᠂ ᠦᠢᠯᠡᠰ ᠪᠣᠰᠬᠠᠭ᠍ᠴᠢᠳ᠎ᠤᠨ ᠪᠥᠬᠥ ᠶᠠᠪᠤᠴᠠ᠎ᠶᠢᠨ ᠨᠠᠷᠢᠨ ᠨᠢᠮᠪᠠᠢ ᠬᠠᠮᠠᠭᠠᠯᠠᠯ ᠳᠣᠣᠷ᠎ᠠ ᠲᠣᠭᠲᠠᠭᠤᠨ ᠡᠵᠡᠩᠨᠡᠯᠲᠡ ᠂ ᠦᠷᠭᠦᠯᠵᠢᠯᠡᠬᠦ ᠬᠥᠭᠵᠢᠯᠲᠡ᠎ᠶᠢ ᠪᠡᠶᠡᠯᠡᠭᠦᠯᠦᠭᠰᠡᠨ ᠪᠠᠢᠨ᠎ᠠ᠃