ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠤᠷ᠎ᠠ ᠮᠡᠷᠭᠡᠵᠢᠯ᠎ᠤᠨ ᠤᠷᠤᠯᠳᠤᠭᠠᠨ ᠣᠢᠷᠠᠳᠬᠤ᠎ᠶᠢ ᠳᠠᠭᠠᠯᠳᠤᠨ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠪᠡᠯᠡᠳᠬᠡᠯ ᠤᠷᠤᠯᠳᠤᠭᠠᠨ᠎ᠤ ᠠᠵᠢᠯ ᠡᠴᠦᠰ᠎ᠦᠨ ᠰᠢᠪᠲᠤᠯᠤᠯᠲᠠ᠎ᠶᠢᠨ ᠱᠠᠲᠤᠨ᠎ᠳᠤ ᠣᠷᠣᠪᠠ ᠃
ᠲᠤᠰ ᠤᠳᠠᠭ᠎ᠠ᠎ᠶᠢᠨ ᠪᠣᠯᠪᠠᠰᠤᠷᠠᠯ᠎ᠳᠤ᠂ ᠬᠥᠬᠡᠬᠣᠲᠠ᠎ᠶᠢᠨ ᠬᠢᠨ ᠪᠦᠬᠦ ᠣᠷᠣᠨ᠎ᠤ 33 ᠤᠷᠤᠯᠳᠤᠭᠠᠨ᠎ᠤ ᠲᠦᠷᠦᠯ᠎ᠦᠨ ᠲᠥᠪᠯᠡᠷᠡᠭᠦᠯᠦᠨ ᠪᠣᠯᠪᠠᠰᠤᠷᠠᠭᠤᠯᠬᠤ ᠡᠭᠦᠷᠭᠡ᠎ᠶᠢ ᠡᠭᠦᠷᠭᠡᠯᠡᠵᠦ᠂ ᠪᠦᠬᠦ ᠣᠷᠣᠨ᠎ᠤ 30 ᠭᠠᠷᠤᠢ ᠤᠷ᠎ᠠ ᠮᠡᠷᠭᠡᠵᠢᠯᠲᠦ ᠰᠣᠳᠣᠨ ᠬᠥᠮᠥᠰ ᠬᠥᠬᠡᠬᠣᠲᠠ᠎ᠶᠢᠨ 13 ᠤᠷᠤᠯᠳᠤᠭᠠᠨ᠎ᠤ ᠲᠥᠪᠯᠡᠷᠡᠭᠦᠯᠦᠨ ᠪᠣᠯᠪᠠᠰᠤᠷᠠᠭᠤᠯᠬᠤ ᠪᠠᠲᠤᠯᠠᠭ᠎ᠠ᠎ᠶᠢᠨ ᠨᠢᠭᠡᠴᠢ᠎ᠳᠦ ᠤᠷᠤᠯᠳᠤᠭᠠᠨ᠎ᠠᠴᠠ ᠡᠮᠦᠨᠡᠬᠢ ᠲᠥᠪᠯᠡᠷᠡᠭᠦᠯᠦᠨ ᠪᠣᠯᠪᠠᠰᠤᠷᠠᠯ᠎ᠳᠤ ᠣᠷᠣᠯᠴᠠᠵᠠᠢ᠃ ᠨᠡᠩ ᠤᠯᠠᠨ ᠤᠷ᠎ᠠ ᠮᠡᠷᠭᠡᠵᠢᠯᠲᠦ ᠴᠢᠳᠠᠪᠤᠷᠢᠲᠠᠨ᠎ᠤ ᠪᠦᠬᠦ ᠤᠯᠤᠰ᠎ᠤᠨ ᠤᠷᠤᠯᠳᠤᠭᠠᠨ᠎ᠤ ᠲᠠᠯᠠᠪᠤᠷ᠎ᠲᠤ ᠰᠢᠯᠢᠳᠡᠭ ᠬᠢᠷᠢ ᠪᠦᠲᠦᠮᠵᠢ ᠣᠯᠬᠤ᠎ᠶᠢᠨ ᠲᠥᠯᠥᠭᠡ᠂ ᠬᠥᠬᠡᠬᠣᠲᠠ᠎ᠶᠢᠨ ᠬᠢᠨ ᠲᠤᠨᠤᠭ ᠲᠥᠬᠦᠭᠡᠷᠦᠮᠵᠢ ᠬᠤᠳᠠᠯᠳᠤᠨ ᠠᠪᠬᠤ᠂ ᠪᠠᠭ᠍ᠰᠢ ᠤᠷᠢᠬᠤ᠂ ᠵᠣᠬᠢᠶᠠᠨ ᠪᠠᠢᠭᠤᠯᠵᠤ ᠰᠣᠯᠢᠯᠴᠠᠬᠤ ᠵᠡᠷᠭᠡ ᠤᠯᠠᠨ ᠲᠠᠯ᠎ᠠ᠎ᠠᠴᠠ ᠤᠷᠤᠯᠳᠤᠭᠠᠨ᠎ᠳᠤ ᠣᠷᠣᠯᠴᠠᠭᠰᠠᠳ᠎ᠲᠤ ᠪᠦᠬᠦ ᠲᠠᠯ᠎ᠠ᠎ᠶᠢᠨ ᠪᠠᠲᠤᠯᠠᠭ᠎ᠠ ᠬᠠᠩᠭᠠᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ᠎ᠢ ᠤᠯᠠᠨ ᠤᠳᠠᠭ᠎ᠠ ᠲᠤᠬᠠᠢ᠎ᠶᠢᠨ ᠭᠠᠵᠠᠷ ᠲᠤᠨᠢ ᠲᠣᠬᠢᠷᠠᠭᠤᠯᠤᠨ ᠵᠢᠯᠣᠭᠣᠳᠴᠠᠢ᠃ ᠤᠷᠤᠯᠳᠤᠭᠠᠨ᠎ᠳᠤ ᠣᠷᠣᠯᠴᠠᠭᠰᠠᠳ ᠡᠯ᠎ᠡ ᠲᠠᠯ᠎ᠠ᠎ᠶᠢᠨ ᠳᠡᠮᠵᠢᠯᠭᠡ ᠳᠣᠣᠷ᠎ᠠ ᠪᠦᠬᠦ ᠬᠦᠴᠦᠨ᠎ᠢᠶᠡᠷ᠎ᠢᠶᠡᠨ ᠢᠳᠡᠪᠬᠢᠲᠡᠢ᠎ᠪᠡᠷ ᠪᠡᠯᠡᠳᠬᠡᠵᠦ᠂ ᠭᠣᠢᠳᠠ ᠰᠠᠢᠬᠠᠨ ᠤᠷ᠎ᠠ ᠮᠡᠷᠭᠡᠵᠢᠯ ᠪᠣᠯᠣᠨ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ᠋ ᠰᠠᠨᠠᠭ᠎ᠠ᠎ᠪᠠᠨ ᠢᠯᠡᠷᠡᠭᠦᠯᠵᠡᠢ᠃
ᠬᠥᠬᠡᠬᠣᠲᠠ᠎ᠶᠢᠨ ᠬᠤᠳᠠᠯᠳᠤᠭ᠎ᠠ ᠠᠷᠠᠯᠵᠢᠶᠠᠨ᠎ᠤ ᠵᠢᠭᠤᠯᠴᠢᠯᠠᠯ᠎ᠤᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠲᠣᠭᠣᠭᠠᠴᠢ ᠪᠠᠭ᠍ᠰᠢ ᠶᠠᠩ ᠵᠢᠶᠦ᠋ᠨ ᠪᠣᠯ ᠥᠪᠥᠷ ᠮᠣᠩᠭᠣᠯ᠎ᠢ ᠲᠥᠯᠥᠭᠡᠯᠡᠨ ᠳᠤᠮᠳᠠᠳᠤ ᠮᠠᠶᠢᠭ᠋᠎ᠤᠨ ᠬᠣᠭᠣᠯᠠ ᠬᠢᠬᠦ ( ᠬᠣᠨᠢᠨ ᠮᠢᠬ᠎ᠠ ᠬᠠᠭᠰᠠᠭᠠᠬᠤ ) ᠤᠷᠤᠯᠳᠤᠭᠠᠨ᠎ᠳᠤ ᠣᠷᠤᠯᠴᠠᠬᠤ ᠤᠷᠤᠯᠳᠤᠭ᠍ᠴᠢ ᠪᠣᠯᠣᠨ᠎ᠠ ᠃ ᠲᠡᠷᠡ ᠡᠯᠪᠡᠭ ᠪᠠᠶᠠᠯᠢᠭ᠋ ᠠᠵᠢᠯ᠎ᠤᠨ ᠲᠤᠷᠰᠢᠯᠭ᠎ᠠ᠎ᠲᠠᠢ᠂ ᠬᠣᠭᠣᠯᠠ ᠬᠢᠬᠦ ᠬᠦᠷᠢᠶᠡᠨ᠎ᠳᠦ 12 ᠵᠢᠯ ᠠᠵᠢᠯᠯᠠᠭᠰᠠᠨ ᠥᠩᠭᠡᠷᠡᠯᠲᠡ ᠲᠠᠢ᠃ ᠥᠪᠡᠷᠲᠡᠭᠡᠨ ᠵᠠᠰᠠᠬᠤ ᠣᠷᠣᠨ ᠂ ᠬᠥᠬᠡᠬᠣᠲᠠ ᠬᠣᠶᠠᠷ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠤᠳᠤᠷᠢᠳᠤᠯᠭ᠎ᠠ ᠲᠥᠪᠯᠡᠷᠡᠭᠦᠯᠦᠨ ᠪᠣᠯᠪᠠᠰᠤᠷᠠᠭᠤᠯᠬᠤ ᠲᠤᠬᠠᠢ᠎ᠶᠢᠨ ᠲᠠᠯᠠᠪᠤᠷ᠎ᠲᠤ ᠣᠯᠠᠨ ᠤᠳᠠᠭ᠎ᠠ ᠪᠡᠶ᠎ᠡ᠎ᠪᠡᠷ᠎ᠢᠶᠡᠨ ᠬᠦᠷᠴᠦ ᠂ ᠶᠠᠩ ᠵᠢᠶᠦ᠋ᠨ᠎ᠢ ᠪᠠᠭᠲᠠᠭᠠᠭᠰᠠᠨ ᠤᠷᠤᠯᠳᠤᠭ᠍ᠴᠢᠳᠢ ᠲᠣᠬᠣᠨᠢᠭᠤᠯᠤᠨ ᠵᠣᠷᠢᠭ᠍ᠵᠢᠭᠤᠯᠬᠤ᠎ᠶᠢᠨ ᠬᠠᠮᠲᠤ ᠠᠮᠤᠷ ᠲᠦᠪᠰᠢᠨ ᠵᠢᠷᠤᠮᠵᠢᠯ᠎ᠲᠠᠢ ᠠᠵᠢᠯᠯᠠᠬᠤ᠎ᠶᠢ ᠴᠢᠬᠤᠯᠠᠴᠢᠯᠠᠵᠤ ᠂ ᠤᠷᠤᠯᠳᠤᠭ᠍ᠴᠢᠳᠲᠤ ᠬᠠᠯᠠᠭᠤᠨ ᠳᠤᠯᠠᠭᠠᠨ ᠬᠠᠯᠠᠮᠵᠢ᠎ᠶᠢᠨ ᠳᠤᠮᠳᠠ᠎ᠠᠴᠠ ᠬᠠᠷᠢᠭᠤᠴᠠᠯᠭ᠎ᠠ ᠬᠦᠷᠲᠡᠭᠡᠪᠡ ᠃ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠤᠨ ᠬᠢᠨ ᠠᠷᠤ ᠲᠠᠯ᠎ᠠ᠎ᠶᠢᠨ ᠠᠵᠢᠯ ᠪᠣᠯᠣᠨ ᠮᠡᠷᠭᠡᠵᠢᠯ᠎ᠦᠨ ᠲᠠᠯ᠎ᠠ᠎ᠪᠠᠷ ᠪᠦᠬᠦ ᠬᠦᠴᠦᠨ᠎ᠦ ᠳᠡᠮᠵᠢᠯᠭᠡ ᠦᠵᠡᠭᠦᠯᠵᠦ᠂ ᠤᠯᠤᠰ᠎ᠤᠨ ᠤᠷᠤᠯᠳᠤᠭᠠᠨ᠎ᠤ ᠪᠠᠷᠢᠮᠵᠢᠶ᠎ᠠ᠎ᠶᠢ ᠭᠦᠨᠵᠡᠭᠡᠢ ᠵᠠᠳᠠᠯᠤᠨ ᠰᠢᠨᠵᠢᠯᠡᠵᠦ᠂ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ᠋᠎ᠢ ᠨᠣᠭᠣᠭ᠎ᠠ᠎ᠶᠢᠨ ᠵᠦᠢᠯᠡᠰ᠎ᠲᠦ ᠤᠷᠠᠨ᠎ᠢᠶᠠᠷ ᠠᠭᠤᠰᠬᠠᠵᠤ᠂ ᠤᠷᠤᠯᠳᠤᠭ᠍ᠴᠢᠳᠤᠨ ᠤᠷᠤᠯᠳᠤᠭᠠᠨ᠎ᠳᠤ ᠪᠡᠯᠡᠳᠬᠡᠬᠦ᠎ᠳᠦ ᠥᠪᠡᠷᠮᠢᠴᠡ ᠲᠠᠲᠠᠬᠤ ᠬᠦᠴᠦᠨ᠎ᠢ ᠨᠡᠮᠡᠷᠢᠯᠡᠵᠡᠢ᠃ ᠬᠣᠨᠢᠨ ᠮᠢᠬ᠎ᠠ ᠬᠠᠭᠰᠠᠭᠠᠬᠤ ᠤᠷᠤᠯᠳᠤᠭᠠᠨ᠎ᠤ ᠵᠦᠢᠯ᠎ᠦᠨ ᠲᠣᠬᠢᠷᠠᠭᠤᠯᠤᠯᠲᠠ ᠨᠢ ᠤᠷᠤᠯᠳᠤᠭ᠍ᠴᠢᠳᠤᠨ ᠠᠷᠭᠠᠴᠠᠬᠤ ᠴᠢᠳᠠᠪᠤᠷᠢ ᠪᠠ ᠶᠡᠷᠦᠩᠬᠡᠢᠯᠡᠭᠰᠡᠨ ᠤᠷ᠎ᠠ ᠮᠡᠷᠭᠡᠵᠢᠯ᠎ᠳᠦ ᠲᠤᠢᠯ᠎ᠤᠨ ᠥᠨᠳᠥᠷ ᠱᠠᠭᠠᠷᠳᠠᠯᠭ᠎ᠠ ᠲᠠᠯᠪᠢᠭ᠍ᠰᠠᠨ ᠪᠠᠢᠨ᠎ᠠ᠃ ᠶᠠᠩ ᠵᠢᠶᠦ᠋ᠨ ᠪᠣᠯᠣᠨ ᠵᠢᠭᠠᠨ ᠵᠢᠯᠤᠭᠣᠳᠬᠤ ᠪᠠᠭ᠍ᠰᠢ ᠨᠠᠷ ᠲᠥᠪᠯᠡᠷᠡᠭᠦᠯᠦᠨ ᠪᠣᠯᠪᠠᠰᠤᠷᠠᠭᠤᠯᠬᠤ ᠲᠠᠯᠠᠪᠤᠷ᠎ᠲᠤ ᠡᠳᠦᠷ ᠰᠥᠨᠢ ᠦᠭᠡᠢ ᠪᠣᠯᠪᠠᠰᠤᠷᠠᠯ ᠬᠢᠵᠦ ᠂ ᠠᠵᠢᠯ᠎ᠤᠨ ᠶᠠᠪᠤᠴᠠ ᠨᠢᠭᠡᠪᠦᠷᠢ᠎ᠶᠢ ᠳᠠᠬᠢᠨ ᠳᠠᠪᠲᠠᠨ ᠪᠣᠯᠪᠠᠰᠤᠷᠠᠵᠤ ᠂ ᠡᠯ᠎ᠡ ᠵᠦᠢᠯ᠎ᠦᠨ ᠪᠠᠢᠳᠠᠯ᠎ᠢ ᠲᠠᠰᠤᠷᠠᠯᠲᠠ ᠦᠭᠡᠢ ᠳᠠᠭᠤᠷᠢᠶᠠᠨ ᠠᠷᠭᠠᠴᠠᠬᠤ ᠴᠢᠳᠠᠪᠤᠷᠢ᠎ᠪᠠᠨ ᠪᠣᠯᠪᠠᠰᠤᠷᠠᠭᠤᠯᠵᠠᠢ ᠃ ᠶᠠᠩ ᠵᠢᠶᠦ᠋ᠨ ᠄ 《 ᠤᠷᠤᠯᠳᠤᠭᠠᠨ᠎ᠤ ᠲᠠᠯᠠᠪᠤᠷ᠎ᠲᠤ ᠬᠠᠮᠤᠭ᠎ᠤᠨ ᠰᠠᠢᠨ 〈 ᠤᠷ᠎ᠠ ᠮᠡᠷᠭᠡᠵᠢᠯ 〉᠎ᠢᠶᠡᠨ ᠭᠠᠷᠭᠠᠵᠤ ᠂ ᠥᠪᠥᠷ ᠮᠣᠩᠭᠣᠯ᠎ᠤᠨ ᠠᠮᠲᠠᠲᠤ ᠢᠳᠡᠭᠡᠨ᠎ᠦ ᠤᠷ᠎ᠠ ᠮᠡᠷᠭᠡᠵᠢᠯ᠎ᠢ ᠤᠯᠠᠮᠵᠢᠯᠠᠨ ᠰᠢᠨ᠎ᠡ᠎ᠶᠢ ᠡᠭᠦᠳᠦᠨ᠎ᠡ 》 ᠭᠡᠵᠦ ᠡᠷᠡᠰ ᠪᠠᠲᠤ ᠢᠯᠡᠷᠬᠡᠢᠯᠡᠪᠡ᠃
ᠡᠭᠦᠨ᠎ᠦ ᠵᠡᠷᠭᠡ᠎ᠳᠦ᠂ ᠥᠪᠥᠷ ᠮᠣᠩᠭᠣᠯ᠎ᠤᠨ ᠬᠤᠸᠠᠨ ᠴᠧᠩ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠶᠢᠨ ᠤᠷᠤᠯᠳᠤᠭ᠍ᠴᠢ ᠺᠠᠩ ᠹᠧᠢ ᠣᠶᠤᠨᠴᠢ ᠰᠦᠯᠵᠢᠶᠡᠨ᠎ᠦ ᠬᠣᠯᠪᠣᠭᠠᠲᠤ ᠮᠠᠰᠢᠨ ᠲᠡᠷᠭᠡᠨ᠎ᠦ ᠤᠭᠰᠠᠷᠠᠭᠤᠯᠬᠤ ᠵᠥᠭᠡᠭᠡᠪᠦᠷᠢᠯᠡᠬᠦ ᠠᠷᠠᠴᠢᠯᠠᠬᠤ ᠤᠷᠤᠯᠳᠤᠭᠠᠨ᠎ᠤ ᠵᠦᠢᠯ᠎ᠳᠦ ᠶᠠᠭᠠᠷᠠᠯᠲᠠᠢ ᠪᠡᠯᠡᠳᠬᠡᠯ ᠬᠢᠵᠦ ᠪᠠᠢᠨ᠎ᠠ ᠃ ᠲᠥᠪᠯᠡᠷᠡᠭᠦᠯᠦᠨ ᠪᠣᠯᠪᠠᠰᠤᠷᠠᠭᠤᠯᠬᠤ ᠠᠬᠢᠴᠠ ᠨᠢ ᠰᠠᠭᠤᠷᠢ᠎ᠶᠢ ᠪᠠᠲᠤᠳᠬᠠᠬᠤ᠂ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠰᠢᠯᠢᠳᠡᠭ᠎ᠢ ᠶᠡᠷᠦᠩᠬᠡᠢᠯᠡᠨ ᠳᠡᠭᠡᠭᠰᠢᠯᠡᠭᠦᠯᠬᠦ᠎ᠶᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠲᠡᠭᠦᠨ᠎ᠢ ᠤᠷᠤᠯᠳᠤᠭᠠᠨ᠎ᠳᠤ ᠰᠠᠢᠨ ᠬᠢᠷᠢ ᠪᠦᠲᠦᠮᠵᠢ ᠣᠯᠣᠭᠤᠯᠬᠤ᠎ᠶᠢᠨ ᠲᠥᠯᠥᠭᠡ᠂ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ 《 ᠮᠤᠵᠢ ᠠᠯᠤᠰᠯᠠᠨ ᠪᠣᠯᠪᠠᠰᠤᠷᠠᠯ ᠬᠢᠬᠦ 》 ᠵᠠᠭᠪᠤᠷ᠎ᠢ ᠡᠬᠢᠯᠡᠭᠦᠯᠵᠦ᠂ ᠤᠷᠢᠳ ᠬᠣᠵᠢᠳ ᠵᠧᠩᠵᠧᠦ ᠪᠣᠯᠣᠨ ᠭᠤᠸᠠᠩᠵᠧᠦ ᠬᠣᠶᠠᠷ ᠭᠠᠵᠠᠷ᠎ᠲᠤ ᠬᠦᠷᠴᠦ ᠰᠤᠷᠤᠯᠴᠠᠨ ᠪᠣᠯᠪᠠᠰᠤᠷᠠᠪᠠ᠃ ᠺᠠᠩ ᠹᠧᠢ ᠵᠧᠩᠵᠧᠦ᠎ᠶᠢᠨ ᠪᠣᠯᠪᠠᠰᠤᠷᠠᠯ ᠳᠤᠮᠳᠠ ᠂ ᠣᠯᠠᠨ ᠵᠦᠢᠯ᠎ᠦᠨ ᠭᠣᠣᠯᠯᠠᠬᠤ ᠤᠷ᠎ᠠ ᠮᠡᠷᠭᠡᠵᠢᠯ᠎ᠢ ᠡᠵᠡᠮᠰᠢᠭᠰᠡᠨ ᠪᠥᠭᠡᠳ ᠪᠤᠰᠤᠳ ᠤᠷᠤᠯᠳᠤᠭ᠍ᠴᠢᠳᠲᠠᠢ ᠢᠳᠡᠪᠬᠢᠲᠡᠢ᠎ᠪᠡᠷ ᠰᠠᠨᠠᠯ᠎ᠢᠶᠠᠨ ᠰᠣᠯᠢᠯᠴᠠᠵᠤ ᠂ ᠡᠯ᠎ᠡ ᠵᠦᠢᠯ᠎ᠦᠨ ᠤᠷ᠎ᠠ ᠮᠡᠷᠭᠡᠵᠢᠯ᠎ᠢ ᠨᠠᠷᠢᠨ ᠬᠢᠨᠠᠮᠠᠭᠠᠢ ᠲᠡᠮᠳᠡᠭᠯᠡᠪᠡ ; ᠭᠤᠸᠠᠩᠵᠧᠦ᠎ᠶᠢᠨ ᠪᠣᠯᠪᠠᠰᠤᠷᠠᠯ᠎ᠳᠤ ᠲᠡᠷᠡ ᠴᠠᠭ ᠮᠥᠴᠡ᠎ᠶᠢ ᠠᠯᠳᠠᠯ ᠦᠭᠡᠢ ᠲᠡᠮᠡᠴᠡᠵᠦ᠂ ᠶᠠᠮᠠᠷ ᠨᠢᠭᠡᠨ ᠳᠡᠭᠡᠭᠰᠢᠯᠡᠬᠦ ᠵᠠᠪᠰᠢᠶᠠᠨ᠎ᠢ ᠴᠤ᠌ ᠠᠯᠳᠠᠯ ᠦᠭᠡᠢ᠎ᠪᠡᠷ ᠶᠡᠬᠡ ᠬᠡᠮᠵᠢᠶᠡᠨ᠎ᠦ ᠮᠡᠷᠭᠡᠵᠢᠯ᠎ᠦᠨ ᠮᠠᠲᠧᠷᠢᠶᠠᠯ᠎ᠢ ᠡᠮᠬᠢᠳᠬᠡᠪᠡ᠃ ᠥᠨᠳᠥᠷ ᠬᠦᠴᠦᠯᠡᠴᠡ᠎ᠲᠠᠢ ᠪᠣᠯᠪᠠᠰᠤᠷᠠᠯ ᠨᠢ ᠲᠡᠭᠦᠨ᠎ᠢ ᠦᠳᠲᠡᠷ ᠲᠦᠷᠭᠡᠨ ᠥᠰᠬᠡᠨ ᠪᠣᠢᠵᠢᠭᠤᠯᠵᠠᠢ ᠃ ᠲᠡᠷᠡ ᠪᠠᠰᠠ ᠰᠤᠷᠭᠠᠭᠤᠯᠢᠯᠠᠯ᠎ᠤᠨ ᠳᠤᠮᠳᠠ ᠰᠣᠷᠣᠭᠰᠠᠨ ᠮᠡᠳᠡᠯᠭᠡ᠎ᠪᠡᠨ ᠴᠠᠭ ᠲᠤᠬᠠᠢ ᠳ᠋ᠤᠨᠢ ᠡᠮᠬᠢᠳᠬᠡᠨ ᠳ᠋ᠦᠩᠨᠡᠳᠡᠭ᠃ ᠲᠠᠷᠠᠭᠠᠴᠢ᠎ᠶᠢᠨ ᠰᠠᠭᠤᠷᠢᠨ ᠭᠠᠵᠠᠷ ᠨᠢ ᠪᠠᠰᠠ ᠲᠡᠭᠦᠨ᠎ᠦ ᠪᠠᠭᠤᠷᠠᠢ ᠭᠣᠭᠴᠣᠭ᠎ᠠ᠎ᠳᠤ ᠴᠢᠭᠯᠡᠭᠦᠯᠦᠨ ᠴᠢᠩᠭᠠᠳᠬᠠᠬᠤ ᠪᠣᠯᠪᠠᠰᠤᠷᠠᠯ ᠬᠢᠵᠦ ᠂ ᠤᠷᠤᠯᠳᠤᠭᠠᠨ᠎ᠤ ᠲᠠᠯᠠᠪᠤᠷ᠎ᠲᠤ ᠲᠡᠭᠦᠨ᠎ᠦ ᠬᠠᠮᠤᠭ᠎ᠤᠨ ᠰᠠᠢᠨ ᠬᠢᠷᠢ ᠲᠦᠪᠰᠢᠨ᠎ᠢ ᠪᠠᠳᠠᠷᠠᠭᠤᠯᠬᠤ᠎ᠳᠤ ᠬᠦᠴᠦᠨ ᠨᠡᠮᠡᠷᠢᠯᠡᠬᠦ᠎ᠪᠡᠷ ᠲᠥᠯᠥᠪᠯᠡᠵᠦ ᠪᠠᠢᠨ᠎ᠠ᠃