ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠦᠬᠠᠢ ᠬᠣᠲᠠ ᠄ 《 ᠭᠡᠷ᠎ᠦᠨ ᠡᠭᠦᠳᠡᠨ 》᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ ᠨᠢ ᠰᠠᠭᠤᠭᠠᠯᠢ ᠠᠷᠠᠳ᠎ᠤᠨ ᠠᠵᠢᠯ ᠣᠯᠭᠣᠯᠲᠠ᠎ᠳᠦ ᠵᠠᠢ ᠵᠠᠪᠰᠠᠷ ᠦᠭᠡᠢ ᠦᠢᠯᠡᠴᠢᠯᠡᠨ᠎ᠡ
ᠨᠡᠶ᠋ᠢᠲᠡᠯᠡᠭᠰᠡᠨ ᠴᠠᠭ᠄ 2025-11-12

       ᠵᠠᠯᠠᠭᠤᠴᠤᠳ᠎ᠤᠨ 《 ᠠᠵᠢᠯ ᠣᠯᠬᠤ᠎ᠳᠤ ᠬᠦᠴᠢᠷᠲᠡᠢ 》 ᠪᠠ ᠠᠵᠤ ᠠᠬᠤᠢᠯᠠᠯ᠎ᠤᠨ 《 ᠠᠵᠢᠯᠴᠢᠨ ᠡᠯᠰᠡᠬᠦ᠎ᠳᠦ ᠬᠦᠴᠢᠷᠲᠡᠢ 》 ᠪᠠᠢᠬᠤ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ ᠂ ᠦᠬᠠᠢ ᠬᠤᠳᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠨᠢ ᠨᠢᠭᠡ ᠪᠦᠯᠦᠭ 《 ᠭᠡᠷ᠎ᠦᠨ ᠡᠭᠦᠳᠡᠨ 》᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠦᠷᠳᠡᠭᠡ᠎ᠶᠢ ᠪᠦᠬᠦ ᠬᠦᠴᠦᠨ᠎ᠢᠶᠡᠷ᠎ᠢᠶᠡᠨ ᠪᠠᠢᠭᠤᠯᠵᠤ᠂ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠦᠨᠳᠦᠰᠦᠨ ᠱᠠᠲᠤᠨ᠎ᠤ 《 ᠦᠵᠦᠭᠦᠷ 》᠂ ᠤᠯᠠᠨ ᠲᠦᠮᠡᠨ᠎ᠦ ᠳᠡᠷᠭᠡᠳᠡ ᠬᠦᠷᠲᠡᠯ᠎ᠡ ᠥᠷᠭᠡᠳᠬᠡᠵᠦ᠂ ᠠᠵᠢᠯ ᠣᠯᠭᠣᠯᠲᠠ᠎ᠶᠢᠨ ᠬᠡᠷᠡᠭᠴᠡᠭᠡ᠎ᠶᠢ ᠨᠡᠩ ᠣᠨᠣᠪᠴᠢᠲᠠᠢ ᠣᠢᠯᠠᠭᠠᠵᠤ᠂ ᠠᠵᠢᠯ᠎ᠤᠨ ᠪᠠᠢᠷᠢ᠎ᠶᠢ ᠴᠤᠭᠯᠠᠭᠤᠯᠵᠤ᠂ ᠬᠠᠩᠭᠠᠯᠭ᠎ᠠ ᠬᠡᠷᠡᠭᠴᠡᠭᠡ᠎ᠶᠢᠨ ᠬᠣᠶᠠᠷ ᠲᠠᠯ᠎ᠠ᠎ᠶᠢ ᠲᠣᠬᠢᠷᠠᠭᠤᠯᠵᠤ᠂ ᠤᠯᠠᠨ ᠲᠦᠮᠡᠨ ᠪᠣᠯᠣᠨ ᠠᠵᠤ ᠠᠬᠤᠢᠯᠠᠯ᠎ᠢ ᠭᠡᠷ᠎ᠦᠨ ᠡᠭᠦᠳᠡᠨ᠎ᠳᠦ ᠨᠢᠭᠡ ᠯᠡ ᠦᠷᠳᠡᠭᠡ᠎ᠳᠦ ᠰᠢᠭᠤᠳ ᠬᠦᠷᠭᠡᠵᠦ᠂ ᠬᠣᠣᠰ ᠴᠢᠭᠯᠡᠯ᠎ᠢᠶᠡᠷ ᠤᠷᠤᠭᠰᠢᠯᠠᠭᠤᠯᠤᠨ᠎ᠠ᠃
       ᠦᠬᠠᠢ ᠬᠣᠲᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠨᠢ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ ᠂ ᠥᠷᠲᠡᠭᠡ ᠴᠡᠭ᠎ᠦᠨ ᠪᠠᠢᠷᠢᠯᠠᠭᠤᠯᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ ᠂ ᠵᠡᠭᠡᠯᠢ ᠭᠤᠳᠤᠮᠵᠢ᠎ᠶᠢᠨ ᠠᠯᠪᠠᠨ ᠭᠡᠷ ( ᠪᠠᠯᠭᠠᠰᠤ ) ᠂ ᠨᠡᠢᠭᠡᠮ ᠲᠣᠭᠣᠷᠢᠭ᠋᠎ᠤᠨ ᠨᠠᠮ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ ᠂ ᠠᠷᠰᠠᠷ ᠠᠵᠢᠯ᠎ᠤᠨ ᠵᠠᠬ᠎ᠠ ᠳᠡᠯᠭᠡᠭᠦᠷ ᠂ ᠬᠤᠳᠠᠯᠳᠤᠭᠠᠨ᠎ᠤ ᠲᠣᠭᠣᠷᠢᠭ᠋ ᠵᠡᠷᠭᠡ᠎ᠳᠦ ᠲᠦᠰᠢᠭᠯᠡᠨ 《 ᠭᠡᠷ᠎ᠦᠨ ᠡᠭᠦᠳᠡᠨ 》᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ᠎ᠶᠢ 55 ᠪᠠᠢᠭᠤᠯᠵᠤ ᠂ ᠥᠷᠲᠡᠭᠡ ᠴᠡᠭ ᠨᠢᠭᠡᠪᠦᠷᠢ᠎ᠳᠦ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ ᠲᠣᠬᠢᠷᠠᠭᠤᠯᠤᠨ ᠂ 《 15 ᠮᠢᠨᠦ᠋ᠲ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠭᠣᠷᠢᠭ᠋ 》᠎ᠢ ᠬᠦᠴᠦᠯᠡᠨ ᠪᠣᠶ ᠪᠣᠯᠭᠠᠨ᠎ᠠ ᠃ ᠥᠷᠲᠡᠭᠡ ᠨᠢ ᠤᠤᠯ᠎ᠤᠨ ᠦᠢᠯᠡᠴᠢᠯᠡᠭᠡᠨ᠎ᠦ ᠴᠢᠳᠠᠮᠵᠢ᠎ᠶᠢᠨ ᠰᠠᠭᠤᠷᠢᠨ ᠳᠡᠭᠡᠷ᠎ᠡ ᠂ ᠦᠢᠯᠡᠴᠢᠯᠡᠭᠡᠨ᠎ᠦ ᠠᠬᠤᠢ ᠪᠠᠢᠳᠠᠯ ᠪᠠ ᠦᠢᠯᠡᠴᠢᠯᠡᠭᠡᠨ᠎ᠦ ᠠᠭᠤᠯᠭ᠎ᠠ᠎ᠶᠢ ᠤᠯᠠᠮ ᠨᠢᠭᠡ ᠠᠯᠬᠤᠮ ᠥᠷᠭᠡᠳᠬᠡᠵᠦ ᠂ ᠪᠣᠯᠪᠠᠰᠤᠷᠠᠯ᠎ᠤᠨ ᠬᠦᠰᠡᠯ ᠰᠠᠨᠠᠭ᠎ᠠ᠎ᠶᠢ ᠣᠢᠯᠠᠭᠠᠬᠤ ᠂ ᠠᠵᠢᠯ ᠠᠯᠳᠠᠭᠰᠠᠳ᠎ᠢ ᠡᠷᠭᠢᠵᠦ ᠰᠤᠷᠪᠤᠯᠵᠢᠯᠠᠬᠤ ᠂ ᠠᠵᠢᠯ ᠣᠯᠭᠣᠬᠤ ᠦᠢᠯᠡᠴᠢᠯᠡᠭᠡᠨ᠎ᠦ ᠵᠦᠢᠯᠡᠰ᠎ᠢ ᠭᠦᠢᠴᠡᠳᠬᠡᠬᠦ ᠵᠡᠷᠭᠡ ᠴᠢᠳᠠᠮᠵᠢ᠎ᠶᠢ ᠨᠡᠮᠡᠭᠳᠡᠭᠦᠯᠦᠨ ᠂ ᠣᠳᠣᠬᠠᠨ᠎ᠳᠤ ᠨᠢᠭᠡᠨᠲᠡ 10 ᠥᠷᠲᠡᠭᠡ ᠶ᠋ᠢ ᠰᠢᠯᠢᠳᠡᠭᠵᠢᠭᠦᠯᠦᠨ ᠲᠠᠰ ᠳᠡᠪᠰᠢᠭᠦᠯᠵᠦ ᠂ ᠲᠤᠰᠬᠠᠢᠵᠢᠭ᠍ᠰᠠᠨ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠤᠯᠠᠨ ᠲᠦᠮᠡᠨ᠎ᠦ ᠪᠡᠶ᠎ᠡ᠎ᠶᠢᠨ ᠳᠡᠷᠭᠡᠳᠡ ᠬᠦᠷᠭᠡᠪᠡ᠃
       ᠡᠭᠦᠨ᠎ᠦ ᠬᠠᠮᠲᠤ᠂ ᠡᠯ᠎ᠡ ᠦᠢᠯᠡᠴᠢᠯᠡᠭᠡᠨ᠎ᠦ ᠥᠷᠲᠡᠭᠡ ᠲᠣᠰ ᠪᠡᠶ᠎ᠡ᠎ᠶᠢᠨ ᠡᠬᠢ ᠪᠠᠶᠠᠯᠢᠭ᠋᠎ᠢᠶᠠᠨ ᠭᠦᠢᠴᠡᠳ ᠠᠭᠤᠳᠠᠯᠵᠤ ᠂ ᠥᠪᠡᠷᠮᠢᠴᠡ ᠣᠨᠴᠠᠯᠢᠭ᠋᠎ᠲᠠᠢ ᠨᠠᠷᠠᠲᠤ ᠲᠥᠷᠥᠯ ᠲᠡᠮᠳᠡᠭ᠎ᠦᠨ ᠦᠢᠯᠡᠴᠢᠯᠡᠭᠡ᠎ᠶᠢ ᠲᠠᠰᠤᠷᠠᠯᠲᠠ ᠦᠭᠡᠢ ᠭᠠᠷᠭᠠᠵᠤ ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠣᠨᠣᠪᠴᠢ᠎ᠶᠢᠨ ᠬᠡᠮᠵᠢᠶ᠎ᠡ᠎ᠶᠢ ᠪᠦᠲᠦᠮᠵᠢᠲᠡᠶ ᠳᠡᠭᠡᠭᠰᠢᠯᠡᠭᠦᠯᠦᠨ᠎ᠡ ᠃ ᠯᠢᠨ ᠶᠢᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠲᠤ 《 ᠠᠵᠢᠯ᠎ᠤᠨ ᠪᠠᠢᠷᠢ᠎ᠶᠢ ᠳᠡᠷᠭᠡᠳᠡ ᠳ᠋ᠦ᠍ᠨᠢ ᠬᠦᠷᠭᠡᠬᠦ 》 ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢᠯᠠᠯ᠎ᠢ ᠵᠣᠬᠢᠶᠠᠨ ᠪᠠᠢᠭᠤᠯᠤᠨ ᠨᠡᠢᠭᠡᠮ ᠲᠣᠭᠣᠷᠢᠭ᠋᠎ᠲᠤ ᠭᠦᠨᠵᠡᠭᠡᠢᠷᠡᠨ ᠵᠢᠵᠢᠭ ᠬᠡᠯᠪᠡᠷᠢ᠎ᠶᠢᠨ ᠠᠵᠢᠯᠲᠠᠨ ᠡᠯᠰᠡᠬᠦ ᠴᠤᠭᠯᠠᠭᠠᠨ ᠂ ᠠᠵᠢᠯ᠎ᠤᠨ ᠪᠠᠢᠷᠢ᠎ᠶᠢᠨ ᠲᠠᠨᠢᠯᠴᠠᠭᠤᠯᠭ᠎ᠠ᠎ᠶᠢᠨ ᠬᠤᠷᠠᠯ᠎ᠢ ᠡᠷᠭᠢᠯᠡᠵᠦ ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠰᠢᠭᠤᠳ ᠰᠠᠭᠤᠭᠠᠯᠢ ᠠᠷᠠᠳ᠎ᠤᠨ ᠳᠡᠷᠭᠡᠳᠡ ᠬᠦᠷᠭᠡᠨ᠎ᠡ ᠃ ᠹᠧᠩ ᠬᠤᠸᠠᠩ ᠯᠢᠩ ᠵᠡᠭᠡᠯᠢ ᠭᠤᠳᠤᠮᠵᠢ᠎ᠳᠤ 《 ᠴᠢᠶᠣᠤ ᠨᠢᠶᠠᠩ ᡁᠢ ᠮᠧᠩ 》 ᠺᠣᠮᠫᠠᠨᠢ ᠪᠠᠢᠭᠤᠯᠵᠤ᠂ 《 ᠤᠷ᠎ᠠ ᠮᠡᠷᠭᠡᠵᠢᠯ + ᠠᠵᠢᠯ ᠣᠯᠭᠣᠯᠲᠠ 》᠎ᠶᠢᠨ ᠬᠣᠯᠪᠤᠭᠠᠯᠠᠨ ᠬᠥᠳᠡᠯᠦᠯᠴᠡᠬᠦ ᠵᠠᠭᠪᠤᠷ᠎ᠢ ᠭᠦᠨᠵᠡᠭᠡᠢᠷᠡᠭᠦᠯᠦᠨ ᠂ ᠣᠯᠠᠨ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠲᠠᠢ 《 ᠬᠣᠣᠰᠯᠠᠯ ᠪᠠᠢᠭᠤᠯᠵᠤ ᠬᠠᠷᠢᠯᠴᠠᠨ ᠬᠠᠪᠰᠤᠷᠤᠯᠴᠠᠬᠤ ᠵᠠᠬᠢᠶᠠᠯᠠᠭ᠎ᠠ᠎ᠶᠢᠨ ᠬᠠᠭᠤᠳᠠᠰᠤ 》᠎ᠶᠢᠨ ᠲᠥᠯᠥᠪᠯᠡᠭᠡ ᠲᠣᠭᠲᠠᠵᠤ ᠂ ᠭᠠᠷ ᠤᠷᠠᠯᠠᠯ᠎ᠤᠨ ᠪᠦᠲᠦᠭᠡᠭᠳᠡᠬᠦᠨ ᠦᠢᠯᠡᠳᠬᠦ ᠪᠣᠯᠪᠠᠰᠤᠷᠠᠯ᠎ᠢ ᠥᠷᠨᠢᠭᠦᠯᠬᠦ᠎ᠶᠢᠨ ᠬᠠᠮᠲᠤ 《 ᠠᠵᠢᠯ ᠣᠯᠭᠣᠯᠲᠠ᠎ᠶᠢᠨ ᠰᠠᠯᠪᠤᠷᠢ ᠪᠠᠭ᠎ᠠ ᠠᠩᠭᠢ 》᠎ᠶᠢ ᠵᠣᠬᠢᠶᠠᠨ ᠪᠠᠢᠭᠤᠯᠤᠨ ᠦᠢᠯᠡᠳᠬᠦᠨ ᠬᠤᠳᠠᠯᠳᠤᠵᠤ ᠂ ᠬᠦᠴᠢᠷᠳᠡᠯᠲᠡᠢ ᠬᠥᠮᠥᠰ᠎ᠢ ᠬᠠᠪᠰᠤᠷᠤᠨ ᠠᠵᠢᠯ ᠣᠯᠭᠣᠵᠤ ᠣᠷᠣᠯᠭ᠎ᠠ᠎ᠶᠢ ᠨᠢ ᠨᠡᠮᠡᠭᠳᠡᠭᠦᠯᠦᠨ᠎ᠡ ᠃ ᠸᠠᠨ ᠳᠠ ᠬᠤᠳᠠᠯᠳᠤᠭᠠᠨ᠎ᠤ ᠲᠣᠭᠣᠷᠢᠭ᠋᠎ᠲᠤ ᠂ ᠣᠶᠤᠨᠴᠢᠯᠠᠭᠰᠠᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ᠎ᠶᠢᠨ ᠬᠣᠯᠪᠤᠭᠠᠯᠠᠨ ᠬᠥᠳᠡᠯᠦᠯᠴᠡᠭᠰᠡᠨ ᠠᠵᠤ ᠠᠬᠤᠢᠯᠠᠯ᠎ᠤᠳ 《 ᠲᠦᠷᠭᠡᠨ ᠠᠵᠢᠯ ᠣᠯᠭᠣᠯᠲᠠ 》 ᠠᠵᠢᠯᠲᠠᠨ ᠡᠯᠰᠡᠬᠦ ᠨᠠᠷᠠᠲᠤ ᠲᠥᠷᠥᠯ ᠲᠡᠮᠳᠡᠭ᠎ᠢ ᠡᠭᠦᠳᠴᠦ ᠂ 《 ᠬᠤᠳᠠᠯᠳᠤᠭᠠᠨ᠎ᠤ ᠤᠷᠤᠰᠴᠠ᠎ᠶᠢᠨ ᠬᠡᠮᠵᠢᠶ᠎ᠡ᠎ᠪᠡᠷ ᠠᠵᠢᠯ ᠣᠯᠭᠣᠯᠲᠠ᠎ᠶᠢᠨ ᠤᠷᠤᠰᠴᠠ᠎ᠶᠢᠨ ᠬᠡᠮᠵᠢᠶ᠎ᠡ᠎ᠶᠢ ᠲᠡᠳᠬᠦᠬᠦ》 ᠰᠠᠢᠨ ᠣᠷᠴᠢᠯ᠎ᠢ ᠪᠣᠶ ᠪᠣᠯᠭᠠᠨ᠎ᠠ᠃
       ᠣᠳᠣᠬᠠᠨ᠎ᠳᠤ ᠂ ᠦᠬᠠᠢ ᠬᠣᠲᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠳᠥᠭᠥᠮ ᠳᠥᠲᠡ ᠂ ᠨᠠᠷᠢᠯᠢᠭ᠋ ᠣᠨᠣᠴᠠᠲᠠᠢ ᠂ ᠥᠨᠳᠥᠷ ᠪᠦᠲᠦᠮᠵᠢᠲᠡᠶ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡ ᠬᠠᠩᠭᠠᠬᠤ᠎ᠪᠠᠷ ᠳᠠᠮᠵᠢᠭᠤᠯᠤᠨ ᠂ ᠵᠠᠯᠠᠭᠤᠴᠤᠳ᠎ᠤᠨ 《 ᠭᠡᠷ᠎ᠦᠨ ᠡᠭᠦᠳᠡᠨ 》᠎ᠳᠡᠭᠡᠨ ᠨᠠᠩ ᠭᠦᠢᠴᠡᠳ ᠨᠠᠩ ᠴᠢᠨᠠᠷ ᠰᠠᠢᠲᠠᠢ ᠠᠵᠢᠯ ᠣᠯᠬᠤ᠎ᠶᠢ ᠪᠦᠲᠦᠮᠵᠢᠲᠡᠶ ᠠᠬᠢᠭᠤᠯᠵᠤ ᠂ ᠰᠠᠭᠤᠭᠠᠯᠢ ᠠᠷᠠᠳ᠎ᠤᠨ ᠣᠷᠣᠯᠭ᠎ᠠ᠎ᠶᠢ ᠦᠨᠡᠨ ᠬᠦ᠌ ᠨᠡᠮᠡᠭᠳᠡᠭᠦᠯᠵᠦ ᠪᠠᠢᠨ᠎ᠠ᠃
       ᠵᠠᠯᠭᠠᠭᠠᠳ ᠂ ᠦᠬᠠᠢ ᠬᠣᠲᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ 《 ᠭᠡᠷ᠎ᠦᠨ ᠡᠭᠦᠳᠡᠨ 》᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ ᠂ ᠦᠢᠯᠡᠴᠢᠯᠡᠭᠡᠨ᠎ᠦ ᠴᠢᠳᠠᠮᠵᠢ᠎ᠪᠠᠨ ᠲᠠᠰᠤᠷᠠᠯᠲᠠ ᠦᠭᠡᠢ ᠥᠷᠭᠡᠳᠬᠡᠨ ᠂ ᠦᠢᠯᠡᠴᠢᠯᠡᠭᠡᠨ᠎ᠦ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ ᠂ ᠦᠢᠯᠡᠴᠢᠯᠡᠭᠡᠨ᠎ᠦ ᠣᠢᠯᠠᠭᠠᠯᠲᠠ᠎ᠪᠠᠨ ᠰᠢᠯᠢᠳᠡᠭᠵᠢᠭᠦᠯᠦᠨ ᠂ ᠰᠠᠭᠤᠭᠠᠯᠢ ᠠᠷᠠᠳ᠎ᠲᠤ ᠨᠠᠩ ᠳᠣᠲᠣᠨᠣ᠌᠂ ᠨᠠᠩ ᠬᠠᠯᠠᠭᠤᠨ ᠳᠤᠯᠠᠭᠠᠨ ᠠᠵᠢᠯ ᠣᠯᠭᠣᠯᠲᠠ᠎ᠶᠢᠨ ᠦᠢᠯᠡᠴᠢᠯᠡᠭᠡ ᠬᠠᠩᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            