ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠤᠯᠠᠭᠠᠨᠴᠠᠪ᠎ᠤᠨ ᠹᠸᠩᠵᠸᠨ ᠬᠣᠲᠠ ᠄ ᠲᠤᠰᠬᠠᠢ ᠠᠵᠢᠯᠲᠠᠨ ᠡᠯᠰᠡᠬᠦ ᠴᠤᠭᠯᠠᠭᠠᠨ ᠨᠢ ᠰᠤᠷᠤᠭ᠍ᠴᠢᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2025-11-12

      ᠣᠢᠷ᠎ᠠ᠎ᠳᠤ ᠂ ᠹᠸᠩᠵᠸᠨ ᠬᠣᠲᠠ ᠵᠠᠭᠤᠨ ᠡᠳᠦᠷ᠎ᠲᠦ ᠮᠢᠩᠭᠠᠨ ᠲᠦᠮᠡᠨ ᠠᠵᠢᠯᠲᠠᠨ ᠡᠯᠰᠡᠬᠦ ᠲᠤᠰᠬᠠᠢ ᠠᠵᠢᠯᠯᠠᠭ᠎ᠠ ᠵᠢᠴᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠭᠦᠢᠴᠡᠳ ᠠᠵᠢᠯ ᠣᠯᠬᠤ᠎ᠶᠢ ᠠᠬᠢᠭᠤᠯᠪᠠ᠃
      ᠠᠵᠢᠯᠲᠠᠨ ᠡᠯᠰᠡᠬᠦ ᠴᠤᠭᠯᠠᠭᠠᠨ᠎ᠤ ᠲᠤᠬᠠᠢ᠎ᠶᠢᠨ ᠲᠠᠯᠠᠪᠠᠶ᠎ᠳᠤ ᠬᠥᠮᠥᠨ ᠣᠯᠠᠨ ᠴᠤᠭᠯᠠᠷᠠᠨ ᠡᠮᠬᠢ ᠳᠢᠭ᠌ᠯᠢᠮ᠎ᠲᠠᠢ ᠪᠠᠢᠯ᠎ᠠ᠃ ᠠᠵᠤ ᠠᠬᠤᠢᠯᠠᠯ᠎ᠤᠨ ᠦᠵᠡᠭᠦᠯᠭᠡ᠎ᠶᠢᠨ ᠪᠠᠢᠷᠢ᠎ᠶᠢᠨ ᠡᠮᠦᠨ᠎ᠡ᠂ ᠠᠵᠢᠯ ᠡᠷᠢᠭᠰᠡᠳ ᠠᠵᠢᠯ᠎ᠤᠨ ᠪᠠᠢᠷᠢ᠎ᠶᠢᠨ ᠱᠠᠭᠠᠷᠳᠠᠯᠭ᠎ᠠ᠂ ᠴᠠᠯᠢᠩ ᠬᠥᠯᠥᠰᠦ ᠵᠡᠷᠭᠡ ᠠᠰᠠᠭᠤᠳᠠᠯ ᠎ᠢ ᠢᠳᠡᠪᠬᠢᠲᠡᠢ᠎ᠪᠡᠷ ᠠᠰᠠᠭᠤᠨ ᠯᠠᠪᠯᠠᠵᠤ ᠂ ᠠᠵᠢᠯᠲᠠᠳ ᠬᠦᠯᠢᠴᠡᠩᠭᠦᠢ᠎ᠪᠡᠷ ᠬᠠᠷᠢᠭᠤᠯᠲᠠ ᠥᠭᠴᠦ ᠪᠠᠢᠯ᠎ᠠ ᠃ ᠲᠤᠬᠠᠢ᠎ᠶᠢᠨ ᠲᠠᠯᠠᠪᠤᠷ᠎ᠲᠤ ᠪᠠᠰᠠ ᠲᠥᠷᠥ᠎ᠶᠢᠨ ᠪᠣᠳᠣᠯᠭ᠎ᠠ᠎ᠶᠢᠨ ᠯᠠᠪᠯᠠᠯᠭ᠎ᠠ᠎ᠶᠢᠨ ᠲᠣᠭᠣᠷᠢᠭ᠋ ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠢᠷᠢ ᠲᠠᠨᠢᠯᠴᠠᠭᠤᠯᠬᠤ ᠲᠣᠭᠣᠷᠢᠭ᠋ ᠂ ᠠᠵᠤ ᠠᠬᠤᠢᠯᠠᠯ᠎ᠤᠨ ᠠᠵᠢᠯᠲᠠᠨ ᠡᠯᠰᠡᠬᠦ ᠲᠣᠭᠣᠷᠢᠭ᠋ ᠪᠠ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠦᠵᠡᠭᠦᠯᠭᠡ᠎ᠶᠢᠨ ᠲᠣᠭᠣᠷᠢᠭ᠋ ᠭᠠᠷᠭᠠᠵᠤ ᠂ ᠠᠵᠢᠯᠲᠠᠳ ᠠᠵᠢᠯ ᠣᠯᠵᠤ ᠦᠢᠯᠡᠰ ᠪᠣᠰᠬᠠᠬᠤ ᠨᠥᠬᠥᠪᠦᠷᠢ ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ ᠵᠡᠷᠭᠡ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠵᠦ ᠂ ᠠᠵᠢᠯ ᠮᠡᠷᠭᠡᠵᠢᠯ᠎ᠦᠨ ᠵᠢᠯᠣᠭᠣᠳᠤᠭ᠍ᠴᠢ ᠨᠢᠭᠡ᠎ᠶᠢ ᠨᠢᠭᠡ᠎ᠳᠦ ᠬᠠᠷᠠᠭᠠᠯᠵᠠᠭᠤᠯᠤᠭᠰᠠᠨ ᠲᠥᠯᠦᠪᠵᠢᠭᠦᠯᠭᠡ᠎ᠶᠢᠨ ᠰᠠᠨᠠᠭᠤᠯᠭ᠎ᠠ ᠬᠠᠩᠭᠠᠵᠤ ᠂ ᠰᠠᠢᠨ ᠳᠤᠷ᠎ᠠ᠎ᠶᠢᠨ ᠠᠵᠢᠯᠯᠠᠭ᠍ᠴᠢ ᠬᠠᠮᠵᠢᠯᠴᠠᠨ ᠲᠣᠪᠴᠢ ᠨᠠᠮᠲᠠᠷ᠎ᠢ ᠲᠡᠭᠦᠯᠳᠡᠷᠵᠢᠭᠦᠯᠵᠦ ᠂ ᠠᠵᠢᠯ ᠡᠷᠢᠬᠦ ᠪᠦᠲᠦᠮᠵᠢ᠎ᠶᠢᠨ ᠨᠣᠷᠮ᠎ᠠ᠎ᠶᠢ ᠳᠡᠭᠡᠭᠰᠢᠯᠡᠭᠦᠯᠪᠡ᠃
      《 ᠡᠨᠡ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ᠎ᠳᠤ ᠠᠵᠤ ᠠᠬᠤᠢᠯᠠᠯ᠎ᠤᠨ ᠬᠢᠨ᠎ᠲᠠᠢ ᠨᠢᠭᠤᠷᠲᠠᠨ ᠶᠠᠷᠢᠯᠴᠠᠭᠰᠠᠨ᠎ᠠᠴᠠ ᠰᠡᠳᠬᠢᠯ ᠰᠠᠨᠠᠭ᠎ᠠ ᠨᠡᠩ ᠲᠣᠭᠲᠠᠭᠤᠨ ᠪᠣᠯᠵᠤ ᠂ ᠰᠠᠶᠢᠬᠠᠨ ᠲᠤᠬᠠᠢ᠎ᠶᠢᠨ ᠭᠠᠵᠠᠷ᠎ᠤᠨ ᠨᠢᠭᠡᠨ ᠦᠢᠯᠡᠳᠬᠦ ᠠᠵᠤ ᠠᠬᠤᠢᠯᠠᠯ᠎ᠤᠨ ᠬᠢᠨ᠎ᠲᠠᠢ ᠶᠠᠷᠢᠯᠴᠠᠵᠤ ᠨᠢᠭᠡᠨᠲᠡ ᠠᠩᠬ᠎ᠠ ᠠᠯᠬᠤᠮ ᠠᠵᠢᠯ ᠣᠯᠬᠤ ᠰᠠᠨᠠᠮᠵᠢ ᠲᠣᠬᠢᠷᠠᠯᠴᠠᠵᠠᠢ 》 ᠭᠡᠵᠦ ᠠᠵᠢᠯ ᠡᠷᠢᠭᠴᠢ ᠲᠢᠶᠠᠨ ᠲᠢᠶᠠᠨ ᠬᠡᠯᠡᠪᠡ᠃
      ᠲᠣᠰ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ᠎ᠳᠤ ᠨᠡᠶ᠋ᠢᠲᠡ 45 ᠠᠵᠤ ᠠᠬᠤᠢᠯᠠᠯ ᠣᠷᠣᠯᠴᠠᠵᠤ ᠂ ᠴᠠᠬᠢᠯᠭᠠᠨ᠎ᠤ ᠠᠵᠢᠯᠲᠠᠨ ᠂ ᠠᠮᠤᠷ ᠲᠦᠪᠰᠢᠨ᠎ᠦ ᠠᠵᠢᠯᠲᠠᠨ ᠂ ᠰᠢᠯᠭᠠᠨ ᠪᠠᠢᠴᠠᠭᠠᠭ᠍ᠴᠢ ᠂ ᠨᠢᠭ᠍ᠲᠠᠯᠠᠨ ᠪᠤᠳᠤᠭ᠍ᠴᠢ ᠂ ᠵᠠᠰᠠᠭ ᠵᠠᠬᠢᠷᠭᠠᠨ᠎ᠤ ᠡᠷᠭᠢᠯᠡᠨ ᠬᠠᠮᠢᠶᠠᠷᠤᠭ᠍ᠴᠢ ᠵᠡᠷᠭᠡ 2500 ᠭᠠᠷᠤᠢ ᠠᠵᠢᠯ᠎ᠤᠨ ᠪᠠᠢᠷᠢ ᠬᠠᠩᠭᠠᠵᠤ ᠂ ᠲᠡᠮᠦᠷᠯᠢᠭ ᠬᠠᠢᠯᠤᠭᠤᠯᠬᠤ ᠂ ᠬᠢᠮᠢ᠎ᠶᠢᠨ ᠠᠵᠤ ᠦᠢᠯᠡᠳᠪᠦᠷᠢ ᠂ ᠢᠳᠡᠭᠡᠨ᠎ᠦ ᠵᠦᠢᠯ᠎ᠦᠨ ᠪᠣᠯᠪᠠᠰᠤᠷᠠᠭᠤᠯᠤᠯᠲᠠ ᠂ ᠭᠡᠷ ᠠᠬᠤᠢ᠎ᠶᠢᠨ ᠦᠢᠯᠡᠴᠢᠯᠡᠭᠡ ᠵᠡᠷᠭᠡ ᠣᠯᠠᠨ ᠬᠦᠷᠢᠶ᠎ᠡ᠎ᠶᠢ ᠬᠠᠮᠤᠷᠴᠤ ᠂ ᠠᠵᠤ ᠠᠬᠤᠢᠯᠠᠯ ᠪᠣᠯᠣᠨ ᠠᠵᠢᠯ ᠡᠷᠢᠭᠰᠡᠳ᠎ᠦᠨ ᠬᠣᠭᠣᠷᠣᠨᠳᠣᠬᠢ ᠥᠨᠳᠥᠷ ᠪᠦᠲᠦᠮᠵᠢᠲᠡᠶ᠎ᠪᠡᠷ ᠵᠣᠯᠭᠠᠯᠳᠤᠭᠤᠯᠬᠤ ᠲᠠᠪᠴᠠᠩ᠎ᠢ ᠪᠦᠲᠦᠮᠵᠢᠲᠡᠶ ᠪᠠᠢᠭᠤᠯᠤᠭᠰᠠᠨ ᠪᠠᠢᠨ᠎ᠠ ᠃ ᠣᠢᠯᠠᠭᠠᠭᠰᠠᠨ᠎ᠢᠶᠠᠷ ᠂ ᠠᠵᠢᠯᠯᠠᠭ᠎ᠠ᠎ᠶᠢᠨ ᠡᠬᠢᠨ᠎ᠦ ᠬᠤᠭᠤᠴᠠᠭᠠᠨ᠎ᠳᠤ ᠂ ᠭᠣᠣᠯᠯᠠᠨ ᠡᠷᠭᠢᠯᠡᠬᠦ ᠲᠠᠯ᠎ᠠ᠎ᠶᠢᠨ ᠬᠢᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ ᠣᠯᠠᠨ ᠠᠷᠭ᠎ᠠ ᠵᠠᠮ᠎ᠢᠶᠠᠷ ᠥᠷᠭᠡᠨ ᠳᠡᠯᠭᠡᠷ ᠤᠬᠠᠭᠤᠯᠭ᠎ᠠ ᠬᠢᠵᠦ ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠬᠢᠭᠡᠳ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠬᠤ ᠰᠠᠨᠠᠮᠵᠢ᠎ᠶᠢ ᠣᠨᠣᠪᠴᠢᠲᠠᠶ ᠣᠢᠯᠠᠭᠠᠨ ᠡᠵᠡᠮᠰᠢᠵᠦ ᠂ ᠠᠵᠢᠯᠲᠠᠨ ᠡᠯᠰᠡᠬᠦ ᠴᠤᠭᠯᠠᠭᠠᠨ᠎ᠤ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠦᠨᠡᠨ ᠬᠦ᠌ ᠪᠠᠲᠤᠯᠠᠵᠤ᠂ 2000 ᠰᠢᠬᠠᠮ ᠠᠵᠢᠯ ᠡᠷᠢᠭᠰᠡᠳ᠎ᠢ ᠲᠤᠬᠠᠢ᠎ᠶᠢᠨ ᠲᠠᠯᠠᠪᠤᠷ᠎ᠲᠤ ᠣᠷᠣᠯᠴᠠᠭᠤᠯᠤᠭᠰᠠᠨ ᠪᠠᠢᠨ᠎ᠠ᠃
      ᠪᠦᠷᠢᠳᠬᠡᠯ᠎ᠢ ᠦᠨᠳᠦᠰᠦᠯᠡᠪᠡᠯ ᠂ ᠲᠣᠰ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ᠎ᠤ ᠲᠤᠬᠠᠢ᠎ᠶᠢᠨ ᠲᠠᠯᠠᠪᠤᠷ᠎ᠲᠤ 230 ᠭᠠᠷᠤᠢ ᠬᠥᠮᠥᠨ ᠠᠩᠬ᠎ᠠ ᠠᠯᠬᠤᠮ᠎ᠤᠨ ᠠᠵᠢᠯ ᠣᠯᠬᠤ ᠰᠠᠨᠠᠮᠵᠢ ᠲᠣᠬᠢᠷᠠᠯᠴᠠᠵᠤ ᠂ ᠡᠭᠦᠨ᠎ᠦ ᠳᠣᠲᠣᠷ᠎ᠠ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠡᠵᠡᠯᠡᠬᠦ ᠬᠠᠷᠢᠴᠠᠯ ᠨᠢ ᠠᠷᠪᠠᠨ᠎ᠤ ᠵᠢᠷᠭᠤᠭᠠᠨ ᠬᠤᠪᠢ᠎ᠶᠢ ᠳᠠᠪᠠᠭᠰᠠᠨ ᠪᠠᠢᠨ᠎ᠠ ᠃ ᠳᠠᠷᠠᠭᠠᠴᠢ᠎ᠶᠢᠨ ᠠᠯᠬᠤᠮ᠎ᠳᠤ᠂ ᠹᠸᠩᠵᠸᠨ ᠬᠤᠳᠠ᠎ᠶᠢᠨ ᠬᠢᠨ ᠵᠠᠭᠤᠨ ᠡᠳᠦᠷ᠎ᠲᠤ ᠮᠢᠩᠭᠠᠨ ᠲᠦᠮᠡᠨ ᠠᠵᠢᠯᠲᠠᠨ ᠡᠯᠰᠡᠬᠦ ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠠᠬᠢᠭᠤᠯᠵᠤ᠂ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠰᠤᠷᠤᠭ᠍ᠴᠢᠳ ᠵᠡᠷᠭᠡ ᠭᠣᠣᠯᠳᠠᠯᠭ᠎ᠠ᠎ᠲᠠᠢ ᠬᠥᠮᠥᠰ᠎ᠦᠨ ᠴᠢᠨᠠᠷ ᠰᠠᠢᠲᠠᠢ ᠠᠵᠢᠯ ᠣᠯᠭᠣᠯᠲᠠ᠎ᠶᠢ ᠪᠡᠶᠡᠯᠡᠭᠦᠯᠬᠦ᠎ᠶᠢ ᠪᠦᠬᠦ ᠬᠦᠴᠦᠨ᠎ᠢᠶᠡᠷ ᠠᠬᠢᠭᠤᠯᠵᠤ᠂ ᠣᠷᠣᠨ ᠨᠤᠲᠤᠭ᠎ᠤᠨ ᠠᠵᠤ ᠠᠬᠤᠢ᠎ᠶᠢᠨ ᠬᠥᠭᠵᠢᠯᠲᠡ᠎ᠳᠦ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠨᠡᠮᠡᠷᠢᠯᠡᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            