ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠣᠷᠳᠣᠰ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠬᠤ ᠳ᠋ᠦᠩᠰᠢᠭᠤᠷ ᠲᠥᠭᠥᠷᠢᠭ᠎ᠦᠨ ᠨᠥᠬᠥᠪᠦᠷᠢ ᠲᠠᠷᠬᠠᠭᠠᠵᠤ 5230 ᠠᠵᠤ ᠠᠬᠤᠢᠯᠠᠯ᠎ᠳᠤ ᠠᠰᠢᠭ᠋ ᠬᠦᠷᠲᠡᠭᠡᠪᠡ
ᠨᠡᠶ᠋ᠢᠲᠡᠯᠡᠭᠰᠡᠨ ᠴᠠᠭ᠄ 2025-11-12

       ᠭᠤᠶᠤᠴᠢᠯᠠᠬᠤ ᠴᠢᠬᠤᠯᠠ ᠦᠭᠡᠢ ᠂ ᠨᠢᠭᠡ ᠠᠯᠬᠤᠮ ᠴᠤ᠌ ᠭᠦᠶᠦᠬᠦ ᠴᠢᠬᠤᠯᠠ ᠦᠭᠡᠢ᠎ᠪᠡᠷ ᠨᠥᠬᠥᠪᠦᠷᠢ ᠮᠥᠩᠭᠥ᠎ᠶᠢ ᠰᠢᠭᠤᠳ ᠲᠠᠩᠰᠠᠨ᠎ᠳᠤ ᠣᠷᠣᠭᠤᠯᠤᠨ᠎ᠠ ︱ ᠣᠷᠳᠣᠰ ᠬᠣᠲᠠ᠎ᠶᠢᠨ 5230 ᠠᠵᠤ ᠠᠬᠤᠢᠯᠠᠯ ᠣᠢᠷ᠎ᠠ᠎ᠳᠤ ᠨᠢᠭᠡ ᠬᠤᠪᠢ 《 ᠲᠥᠷᠥ᠎ᠶᠢᠨ ᠪᠣᠳᠣᠯᠭ᠎ᠠ᠎ᠶᠢᠨ ᠪᠡᠯᠡᠭ 》 ᠣᠯᠵᠠᠢ ᠄ ᠪᠥᠬᠥ ᠲᠣᠭ᠎ᠠ ᠨᠢ 1.0018 ᠳ᠋ᠦᠩᠰᠢᠭᠤᠷ ᠲᠥᠭᠥᠷᠢᠭ᠎ᠦᠨ ᠠᠵᠢᠯ ᠠᠯᠳᠠᠯᠲᠠ᠎ᠶᠢᠨ ᠳᠠᠭᠠᠳᠬᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠮᠥᠩᠭᠥ᠎ᠶᠢ ᠲᠣᠮᠣ᠌ ᠳ᠋ᠠᠢᠲ᠋ᠠ᠎ᠪᠠᠷ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠬᠤ᠎ᠪᠠᠷ ᠳᠠᠮᠵᠢᠭᠤᠯᠤᠨ ᠠᠵᠤ ᠠᠬᠤᠢᠯᠠᠯ᠎ᠤᠨ ᠲᠠᠩᠰᠠᠨ ᠡᠷᠦᠬᠡ᠎ᠳᠦ ᠭᠤᠪᠢᠭᠤᠯᠤᠨ ᠣᠷᠣᠭᠤᠯᠵᠠᠢ ᠃ ᠡᠨᠡ ᠬᠦ᠌ 《 ᠭᠤᠶᠤᠴᠢᠯᠠᠬᠤ ᠦᠭᠡᠢ᠎ᠪᠡᠷ ᠡᠳ᠋ᠯᠡᠬᠦ 》 ᠰᠢᠨ᠎ᠡ᠎ᠶᠢ ᠡᠭᠦᠳᠬᠦ ᠲᠣᠭᠲᠠᠴᠠ ᠨᠢ ᠶᠠᠭ 《 ᠲᠥᠷᠥ᠎ᠶᠢᠨ ᠪᠣᠳᠣᠯᠭ᠎ᠠ ᠨᠢ ᠠᠵᠤ ᠠᠬᠤᠢᠯᠠᠯ᠎ᠢ ᠡᠷᠢᠬᠦ 》᠎ᠪᠡᠷ 《 ᠠᠵᠤ ᠠᠬᠤᠢᠯᠠᠯ ᠨᠢ ᠲᠥᠷᠥ᠎ᠶᠢᠨ ᠪᠣᠳᠣᠯᠭ᠎ᠠ᠎ᠶᠢ ᠡᠷᠢᠬᠦ 》᠎ᠶᠢ ᠣᠷᠣᠯᠠᠭᠤᠯᠵᠤ ᠂ 8 ᠰᠠᠷ᠎ᠠ᠎ᠶᠢᠨ ᠡᠴᠦᠰ ᠪᠣᠯᠲᠠᠯ᠎ᠠ ᠨᠢᠭᠡᠨᠲᠡ 17.55 ᠲᠦᠮᠡᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠠᠢᠨ᠎ᠠ᠃
       《ᠪᠢᠳᠡ ᠶᠠᠮᠠᠷ ᠴᠤ᠌ ᠮᠠᠲᠧᠷᠢᠶᠠᠯ ᠲᠤᠰᠢᠶᠠᠭᠰᠠᠨ ᠦᠭᠡᠢ᠎ᠪᠡᠷ ᠵᠣᠭᠣᠰ᠎ᠢ ᠰᠢᠭᠤᠳ ᠲᠠᠩᠰᠠᠨ᠎ᠳᠤ ᠣᠷᠣᠭᠤᠯᠴᠢᠬᠠᠵᠠᠢ !》 ᠭᠡᠵᠦ ᠭᠦᠸᠧ ᠨᠧᠩ ᠰᠢᠨ ᠱᠦᠸᠸ᠋ ᠲᠡᠮᠦᠷ ᠵᠠᠮ᠎ᠤᠨ ᠬᠢᠵᠠᠭᠠᠷᠲᠤ ᠺᠣᠮᠫᠠᠨᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠲᠥᠪ᠎ᠦᠨ ᠡᠷᠬᠢᠯᠡᠭᠴᠢ ᠳ᠋ᠦᠩ ᠶᠠ ᠶᠦᠨ ᠰᠤᠷᠪᠤᠯᠵᠢᠯᠠᠭ᠍ᠴᠢ᠎ᠳᠤ ᠬᠡᠯᠡᠪᠡ᠃ ᠲᠤᠰ ᠺᠣᠮᠫᠠᠨᠢ ᠰᠠᠶᠢᠬᠠᠨ 194.56 ᠲᠦᠮᠡᠨ ᠲᠥᠭᠥᠷᠢᠭ᠎ᠦᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠨᠥᠬᠥᠪᠦᠷᠢ ᠣᠯᠵᠠᠢ ᠃ ᠠᠳᠠᠯᠢᠬᠠᠨ᠎ᠢᠶᠠᠷ ᠠᠰᠢᠭ᠋ ᠭᠥᠷᠳᠡᠭᠰᠡᠨ ᠵᠥᠩ ᠲᠢᠶᠠᠨ ᠾᠧ ᠴᠤᠸᠠᠩ ᠡᠨᠧᠷᠭᠢ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠢᠨ ᠨᠡᠢᠭᠡᠮ᠎ᠦᠨ ᠳᠠᠭᠠᠳᠬᠠᠯ᠎ᠢᠶᠠᠨ ᠦᠷᠭᠦᠯᠵᠢᠯᠡᠨ ᠲᠣᠭ᠎ᠠ ᠶᠣᠰᠣᠭᠠᠷ ᠲᠤᠰᠢᠶᠠᠭᠰᠠᠨ ᠪᠥᠭᠡᠳ ᠠᠵᠢᠯ᠎ᠤᠨ ᠪᠠᠢᠷᠢ᠎ᠪᠠᠨ ᠲᠣᠭᠲᠠᠪᠤᠷᠢᠵᠢᠭᠤᠯᠤᠭᠰᠠᠨ ᠢᠯᠡᠷᠡᠯ ᠨᠢ ᠲᠣᠪᠣᠢᠮ᠎ᠠ ᠤᠴᠢᠷ᠎ᠠᠴᠠ 335 ᠲᠦᠮᠡᠨ ᠲᠥᠭᠥᠷᠢᠭ᠎ᠦᠨ ᠪᠡᠯᠡ ᠮᠥᠩᠭᠥ ᠣᠯᠣᠭᠰᠠᠨ ᠪᠠᠢᠨ᠎ᠠ᠃
       ᠡᠨᠡ ᠬᠦ᠌ ᠲᠥᠷᠥ᠎ᠶᠢᠨ ᠪᠣᠳᠣᠯᠭ᠎ᠠ᠎ᠶᠢ ᠦᠳᠲᠡᠷ ᠲᠦᠷᠭᠡᠨ ᠨᠠᠢᠳᠠᠪᠤᠷᠢᠵᠢᠭᠤᠯᠤᠭᠰᠠᠨ᠎ᠤ ᠠᠬᠤᠢ ᠪᠠᠢᠳᠠᠯ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠡ ᠵᠢᠯ᠎ᠦᠨ 5 ᠰᠠᠷ᠎ᠠ᠎ᠳᠤ ᠨᠡᠢᠲᠡᠯᠡᠭᠰᠡᠨ 《 2025 ᠣᠨ᠎ᠳᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠮᠡᠳᠡᠭᠳᠡᠯ 》 ᠪᠣᠯᠣᠨ᠎ᠠ ᠃ ᠣᠷᠳᠣᠰ ᠬᠤᠳᠠ᠎ᠶᠢᠨ ᠬᠢᠨ ᠦᠳᠲᠡᠷ ᠲᠦᠷᠭᠡᠨ ᠴᠤᠤᠷᠢᠶᠠᠲᠤᠨ ᠲᠠᠭᠠᠵᠦ᠂ ᠬᠢᠨᠠᠨ ᠬᠠᠷᠭᠤᠭᠤᠯᠬᠤ ᠪᠠ ᠲᠠᠷᠬᠠᠭᠠᠬᠤ ᠲᠣᠭᠲᠠᠴᠠ᠎ᠶᠢᠨ ᠥᠨᠳᠥᠷ ᠪᠦᠲᠦᠮᠵᠢᠲᠡᠢ ᠠᠵᠢᠯᠯᠠᠭᠠᠨ᠎ᠢ ᠠᠬᠢᠭᠤᠯᠪᠠ᠃ ᠲᠥᠷᠥ᠎ᠶᠢᠨ ᠪᠣᠳᠣᠯᠭ᠎ᠠ᠎ᠶᠢ ᠦᠨᠳᠦᠰᠦᠯᠡᠪᠡᠯ ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠢ 12 ᠰᠠᠷ᠎ᠠ᠎ᠠᠴᠠ ᠳᠡᠭᠡᠭᠰᠢ ᠭᠦᠢᠴᠡᠳ ᠲᠤᠰᠢᠶᠠᠭᠰᠠᠨ ᠂ ᠲᠦᠷᠦᠭᠦᠸ᠋ ᠵᠢᠯ᠎ᠦᠨ ᠠᠵᠢᠯᠲᠠᠨ᠎ᠢᠶᠠᠨ ᠬᠠᠰᠤᠭᠰᠠᠨ ᠦᠭᠡᠢ ᠪᠤᠶᠤ ᠠᠵᠢᠯᠲᠠᠨ᠎ᠢᠶᠠᠨ ᠬᠠᠰᠤᠭᠰᠠᠨ ᠨᠣᠷᠮ᠎ᠠ ᠨᠢ ᠪᠥᠬᠥ ᠤᠯᠤᠰ᠎ᠤᠨ ᠬᠣᠲᠠ ᠪᠠᠯᠭᠠᠰᠤᠨ᠎ᠤ ᠠᠵᠢᠯ ᠠᠯᠳᠠᠯᠲᠠ᠎ᠶᠢᠨ ᠨᠣᠷᠮ᠎ᠠ᠎ᠶᠢ ᠬᠢᠵᠠᠭᠠᠷᠯᠠᠬᠤ ᠬᠠᠷᠠᠯᠲᠠ᠎ᠶᠢᠨ 5.5%᠎ᠡᠴᠡ ᠥᠨᠳᠥᠷ ᠦᠭᠡᠢ ᠳᠠᠭᠠᠳᠬᠠᠯ᠎ᠳᠤ ᠣᠷᠣᠯᠴᠠᠭᠰᠠᠨ ᠠᠵᠤ ᠠᠬᠤᠢᠯᠠᠯ᠎ᠳᠤ ᠴᠥᠮ ᠪᠤᠴᠠᠭᠠᠨ ᠥᠭᠴᠦ ᠪᠣᠯᠣᠨ᠎ᠠ ᠃ 30 ᠬᠥᠮᠥᠨ ᠵᠢᠴᠢ ᠲᠡᠭᠦᠨ᠎ᠡᠴᠡ ᠳᠣᠷᠣᠭ᠍ᠰᠢᠬᠢ ᠠᠵᠤ ᠠᠬᠤᠢᠯᠠᠯ᠎ᠤᠨ ᠠᠵᠢᠯᠲᠠᠨ ᠬᠠᠰᠤᠬᠤ ᠨᠣᠷᠮ᠎ᠠ᠎ᠶᠢ 20%᠎ᠡᠴᠡ ᠬᠡᠲᠦᠷᠡᠭᠦᠯᠬᠦ ᠦᠭᠡᠢ ᠪᠣᠯᠲᠠᠯ᠎ᠠ ᠠᠭᠤᠵᠢᠭᠤ ᠲᠠᠯᠪᠢᠨ᠎ᠠ᠃
       ᠪᠤᠴᠠᠭᠠᠬᠤ ᠪᠠᠷᠢᠮᠵᠢᠶ᠎ᠠ᠎ᠶᠢ ᠠᠵᠤ ᠠᠬᠤᠢᠯᠠᠯ᠎ᠤᠨ ᠬᠡᠪᠴᠢᠶ᠎ᠡ᠎ᠲᠠᠢ ᠬᠣᠯᠪᠣᠭᠳᠠᠭᠤᠯᠤᠨ᠎ᠠ ᠄ ᠲᠣᠮᠣ᠌ ᠬᠡᠯᠪᠡᠷᠢ᠎ᠶᠢᠨ ᠠᠵᠤ ᠠᠬᠤᠢᠯᠠᠯ ᠨᠢ ᠲᠦᠷᠦᠭᠦᠸ᠋ ᠵᠢᠯ᠎ᠦᠨ ᠪᠣᠳᠠᠲᠠᠢ ᠲᠤᠰᠢᠶᠠᠭᠰᠠᠨ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠤᠨ 30%᠎ᠶᠢ ᠪᠤᠴᠠᠭᠠᠨ ᠥᠭᠴᠦ ᠂ ᠳᠤᠮᠳᠠ ᠵᠢᠵᠢᠭ ᠪᠢᠴᠢᠯ ᠠᠵᠤ ᠠᠬᠤᠢᠯᠠᠯ ᠨᠢ 60%᠎ᠪᠠᠷ ᠪᠤᠴᠠᠭᠠᠨ ᠥᠭᠭᠦᠨ᠎ᠡ ᠃ ᠪᠡᠯᠡ ᠮᠥᠩᠭᠥ᠎ᠶᠢ ᠠᠵᠢᠯᠲᠠᠨ ᠠᠵᠢᠯᠴᠢᠨ᠎ᠤ ᠠᠮᠢᠳᠤᠷᠠᠯ᠎ᠤᠨ ᠨᠥᠬᠥᠪᠦᠷᠢ ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ ᠂ ᠠᠵᠢᠯ᠎ᠤᠨ ᠪᠠᠢᠷᠢ ᠰᠣᠯᠢᠬᠤ ᠪᠣᠯᠪᠠᠰᠤᠷᠠᠯ ᠂ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠪᠣᠯᠪᠠᠰᠤᠷᠠᠯ ᠵᠡᠷᠭᠡ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠬᠤ ᠵᠠᠷᠤᠯᠭ᠎ᠠ᠎ᠳᠤ ᠬᠡᠷᠡᠭᠯᠡᠵᠦ ᠪᠣᠯᠣᠨ᠎ᠠ᠃
       《 ᠡᠨᠡ ᠬᠡᠰᠡᠭ ᠵᠣᠭᠣᠰ᠎ᠢ ᠪᠢᠳᠡ ᠲᠡᠮᠦᠷ ᠵᠠᠮ᠎ᠤᠨ ᠲᠡᠷᠭᠡᠨ᠎ᠦ ᠶᠠᠪᠤᠳᠠᠯ ᠂ ᠳᠣᠬᠢᠶᠠᠨ᠎ᠤ ᠠᠵᠢᠯᠯᠠᠭ᠎ᠠ ᠂ ᠵᠠᠮ ᠱᠤᠭᠤᠮ᠎ᠤᠨ ᠬᠠᠮᠠᠭᠠᠯᠠᠯᠲᠠ ᠵᠡᠷᠭᠡ ᠠᠵᠢᠯ᠎ᠤᠨ ᠪᠠᠢᠷᠢ᠎ᠶᠢᠨ ᠪᠠᠢᠩᠭᠤ᠎ᠶᠢᠨ ᠪᠣᠯᠪᠠᠰᠤᠷᠠᠯ᠎ᠳᠤ ᠬᠡᠷᠡᠭᠯᠡᠨ᠎ᠡ ᠂ ᠲᠡᠷᠡ ᠨᠢ ᠠᠵᠤ ᠠᠬᠤᠢᠯᠠᠯ᠎ᠤᠨ ᠳᠠᠷᠤᠭᠠᠰᠤ᠎ᠶᠢ ᠰᠢᠭᠤᠳ ᠬᠥᠩᠭᠡᠯᠡᠭᠰᠡᠨ ᠪᠥᠭᠡᠳ ᠪᠢᠳᠡᠨ᠎ᠦ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ᠢᠲᠡᠭᠡᠯ ᠵᠣᠷᠢᠭ᠋᠎ᠢ ᠴᠤ᠌ ᠪᠠᠲᠤᠳᠬᠠᠵᠠᠢ 》  ᠭᠡᠵᠦ ᠳ᠋ᠦᠩ ᠶᠠ ᠶᠦᠨ ᠬᠡᠯᠡᠪᠡ᠃
       ᠣᠷᠳᠣᠰ ᠬᠣᠲᠠ᠎ᠶᠢᠨ ᠠᠵᠢᠯ ᠣᠯᠭᠣᠯᠲᠠ᠎ᠶᠢᠨ ᠲᠥᠪ᠎ᠦᠨ ᠠᠵᠢᠯ ᠠᠯᠳᠠᠯᠲᠠ᠎ᠶᠢᠨ ᠳᠠᠭᠠᠳᠬᠠᠯ᠎ᠤᠨ ᠰᠠᠯᠠᠭᠠᠨ᠎ᠤ ᠠᠵᠢᠯᠲᠠᠨ ᠢᠯᠡᠷᠬᠡᠢᠯᠡᠬᠦ᠎ᠳᠡᠭᠡᠨ ᠄ 《 ᠵᠠᠯᠭᠠᠭᠠᠳ ᠠᠵᠢᠯ ᠠᠯᠳᠠᠯᠲᠠ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠲᠣᠭᠲᠠᠪᠤᠷᠢᠲᠠᠢ ᠠᠵᠢᠯ ᠣᠯᠭᠣᠬᠤ ᠂ ᠠᠵᠢᠯ ᠣᠯᠭᠣᠯᠲᠠ᠎ᠶᠢ ᠠᠬᠢᠭᠤᠯᠬᠤ ᠴᠢᠳᠠᠮᠵᠢ᠎ᠶᠢ ᠦᠷᠭᠦᠯᠵᠢᠯᠡᠨ ᠪᠠᠳᠠᠷᠠᠭᠤᠯᠵᠤ ᠂ ᠬᠢᠨᠠᠨ ᠬᠠᠷᠭᠤᠭᠤᠯᠬᠤ ᠡᠷᠴᠢᠮ᠎ᠢᠶᠡᠨ ᠴᠢᠩᠭᠠᠷᠠᠭᠤᠯᠤᠨ ᠂ ᠦᠢᠯᠡᠴᠢᠯᠡᠭᠡᠨ᠎ᠦ ᠶᠠᠪᠤᠴᠠ᠎ᠶᠢ ᠰᠢᠯᠢᠳᠡᠭᠵᠢᠭᠦᠯᠵᠦ ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ ᠃ ᠣᠳᠣᠬᠠᠨ᠎ᠳᠤ 944 ᠠᠵᠤ ᠠᠬᠤᠢᠯᠠᠯ ᠮᠥᠨ ᠬᠦ᠌ ᠢᠯᠡ ᠨᠡᠢᠲᠡᠯᠡᠬᠦ ᠱᠠᠲᠤᠨ᠎ᠳᠤ ᠣᠷᠣᠰᠢᠵᠤ ᠪᠠᠢᠨ᠎ᠠ ᠂ ᠡᠭᠦᠨ᠎ᠢ ᠪᠡᠶᠡᠯᠡᠭᠦᠯᠦᠭᠰᠡᠨ᠎ᠦ ᠳᠠᠷᠠᠭ᠎ᠠ ᠪᠡᠯᠡ ᠮᠥᠩᠭᠥ᠎ᠶᠢ ᠦᠳᠲᠡᠷ ᠲᠦᠷᠭᠡᠨ᠎ᠢᠶᠡᠷ ᠰᠢᠯᠵᠢᠭᠦᠯᠦᠨ ᠥᠭᠬᠦ ᠪᠣᠯᠣᠨ᠎ᠠ ᠃ ᠲᠤᠰ ᠲᠦᠷᠦ᠎ᠶᠢᠨ ᠪᠣᠳᠣᠯᠭ᠎ᠠ᠎ᠶᠢ 2025 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯ᠎ᠠ ᠦᠷᠭᠦᠯᠵᠢᠯᠡᠭᠦᠯᠦᠨ᠎ᠡ᠃ ᠲᠥᠷᠥ᠎ᠶᠢᠨ ᠪᠣᠳᠣᠯᠭ᠎ᠠ᠎ᠶᠢᠨ ᠬᠦᠷᠲᠡᠭᠡᠯ᠎ᠢ ᠨᠥᠯᠥᠭᠡᠯᠡᠬᠦ᠎ᠡᠴᠡ ᠵᠠᠢᠯᠠᠰᠬᠢᠬᠦ᠎ᠶᠢᠨ ᠲᠤᠰᠠᠳᠠ ᠲᠡᠦᠬᠡᠨ᠎ᠳᠦ ᠥᠷᠢᠲᠦᠵᠦ ᠪᠠᠢᠭ᠎ᠠ ᠠᠵᠤ ᠠᠬᠤᠢᠯᠠᠯ᠎ᠦᠳ ᠥᠷᠢ ᠥᠭᠴᠡᠭᠡ᠎ᠪᠡᠨ ᠴᠠᠭ ᠲᠤᠬᠠᠢ ᠳ᠋ᠤᠨᠢ ᠨᠥᠬᠥᠵᠦ ᠲᠤᠰᠢᠶᠠᠬᠤ ᠬᠡᠷᠡᠭᠲᠡᠢ 》 ᠭᠡᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            