ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠥᠪᠥᠷ ᠮᠣᠩᠭᠣᠯ᠎ᠤᠨ ᠲᠦᠩᠯᠢᠶᠣᠣ ᠄ ᠡᠭᠦᠯᠡᠨ ᠦᠵᠦᠭᠦᠷ᠎ᠦᠨ ᠴᠤᠭᠯᠠᠷᠠᠯ ᠨᠢ ᠴᠠᠭ ᠢᠮᠠᠭᠲᠠ ᠦᠢᠯᠡᠰ ᠪᠣᠰᠬᠠᠬᠤ ᠬᠠᠢᠨ ᠰᠦᠪᠡᠭᠴᠢᠯᠡᠯᠲᠡ᠎ᠶᠢ ᠡᠬᠢᠯᠡᠭᠦᠯᠦᠨ᠎ᠡ
ᠨᠡᠶ᠋ᠢᠲᠡᠯᠡᠭᠰᠡᠨ ᠴᠠᠭ᠄ 2025-11-12

       ᠣᠢᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠣ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠥᠪᠥᠷ ᠮᠣᠩᠭᠣᠯ᠎ᠤᠨ ᠠᠩᠬᠠᠳᠠᠭ᠍ᠴᠢ 3D ᠦᠢᠯᠡᠰ ᠪᠣᠰᠬᠠᠬᠤ ᠲᠥᠷᠥᠯ ᠵᠦᠢᠯ᠎ᠦᠨ ᠡᠭᠦᠯᠡᠨ ᠦᠵᠡᠭᠦᠯᠭᠡ᠎ᠶᠢᠨ ᠲᠠᠩᠬᠢᠮ᠎ᠢ ᠠᠰᠢᠭ᠍ᠯᠠᠯᠲᠠ᠎ᠳᠤ ᠣᠷᠣᠭᠤᠯᠪᠠ ᠃ ᠦᠢᠯᠡᠰ ᠪᠣᠰᠬᠠᠭ᠍ᠴᠢᠳ ᠬᠠᠮᠢᠭ᠎ᠠ ᠪᠠᠢᠭᠰᠠᠨ ᠴᠤ᠌ ᠺᠣᠮᠫᠢᠦ᠋ᠲᠧᠷ ᠪᠤᠶᠤ ᠭᠠᠷ ᠤᠲᠠᠰᠤ᠎ᠪᠠᠷ᠎ᠢᠶᠡᠨ ᠴᠠᠭ ᠲᠤᠬᠠᠢ ᠳ᠋ᠤᠨᠢ ᠦᠢᠯᠡᠰ ᠪᠣᠰᠬᠠᠬᠤ ᠬᠠᠢᠨ ᠰᠦᠪᠡᠭᠴᠢᠯᠡᠯᠲᠡ᠎ᠶᠢᠨ ᠠᠶᠠᠨ᠎ᠢᠶᠠᠨ ᠡᠬᠢᠯᠡᠭᠦᠯᠵᠦ ᠪᠣᠯᠣᠨ᠎ᠠ᠃
       《 ᠤᠤᠯ ᠨᠢ ᠲᠥᠷᠥᠯ ᠵᠦᠢᠯ᠎ᠢᠶᠠᠨ ᠳᠡᠯᠭᠡᠷᠡᠭᠦᠯᠬᠦ᠎ᠳᠦ ᠲᠤᠬᠠᠢ᠎ᠶᠢᠨ ᠲᠠᠯᠠᠪᠠᠶ᠎ᠳᠤ ᠣᠴᠢᠵᠤ ᠨᠢᠭᠡ ᠡᠳᠦᠷ ᠳᠡᠯᠭᠡᠨ ᠦᠵᠡᠭᠦᠯᠬᠦ ᠬᠡᠷᠡᠭᠲᠡᠢ ᠪᠠᠢᠵᠠᠢ ᠂ ᠣᠳᠣ᠌ ᠨᠠᠭᠠᠰᠢ ᠴᠠᠭᠠᠰᠢ ᠭᠦᠶᠦᠬᠦ ᠴᠢᠬᠤᠯᠠ ᠦᠭᠡᠢ ᠪᠣᠯᠵᠠᠢ ᠂ ᠡᠭᠦᠯᠡᠨ ᠦᠵᠡᠭᠦᠯᠭᠡ᠎ᠶᠢᠨ ᠲᠠᠩᠬᠢᠮ᠎ᠳᠦ ᠬᠣᠯᠪᠣᠭᠠᠯᠠᠬᠤ ᠮᠡᠳᠡᠭᠡ ᠵᠠᠩᠭᠢ ᠪᠣᠯᠣᠨ ᠬᠠᠷᠢᠯᠴᠠᠬᠤ ᠤᠲᠠᠰᠤ᠎ᠪᠠᠨ ᠳᠡᠯᠭᠡᠨ ᠦᠵᠡᠭᠦᠯᠵᠦ ᠪᠣᠯᠣᠨ᠎ᠠ ᠂ ᠬᠠᠮᠢᠭ᠎ᠠ ᠪᠠᠢᠭᠰᠠᠨ ᠴᠤ᠌ ᠬᠠᠮᠢᠶ᠎ᠠ ᠦᠭᠡᠢ ᠂ ᠬᠣᠯᠪᠣᠭᠠᠯᠠᠬᠤ ᠰᠠᠨᠠᠭ᠎ᠠ ᠲᠠᠢ ᠬᠥᠮᠥᠰ ᠬᠡᠵᠢᠶ᠎ᠡ ᠴᠦ᠍ ᠭᠡᠰᠡᠨ ᠪᠢᠳᠡᠨ᠎ᠲᠠᠢ ᠬᠠᠷᠢᠯᠴᠠᠵᠤ ᠪᠣᠯᠣᠨ᠎ᠠ 》 ᠭᠡᠵᠦ ᠬᠣᠢ ᠵᠢᠶᠧ ᠮᠧᠢ ᠵᠢᠶᠠ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠮᠧᠲ᠋ᠢᠯ ᠠᠯᠳᠧᠭᠢᠳ᠋᠎ᠢ ᠠᠷᠢᠯᠭᠠᠬᠤ ᠲᠦᠷᠦᠯ ᠵᠦᠢᠯ᠎ᠦᠨ ᠳᠠᠭᠠᠭᠠᠮᠠᠯ ᠯᠢ ᠰᠢᠶᠠᠩ ᠪᠠᠶᠠᠷᠲᠠᠢ᠎ᠪᠠᠷ ᠬᠡᠯᠡᠪᠡ᠃
       ᠡᠭᠦᠯᠡᠨ ᠦᠵᠡᠭᠦᠯᠭᠡ᠎ᠶᠢᠨ ᠲᠠᠩᠬᠢᠮ ᠨᠢ 《 ᠲᠦᠩᠯᠢᠶᠣᠣ᠎ᠶᠢᠨ ᠠᠵᠢᠯ ᠣᠯᠭᠣᠵᠤ ᠦᠢᠯᠡᠰ ᠪᠣᠰᠬᠠᠬᠤ 》 ᠸᠢᠴᠠᠲ᠎ᠤᠨ ᠦᠢᠯᠡᠴᠢᠯᠡᠭᠡᠨ᠎ᠦ ᠳ᠋ᠤᠭᠠᠷ᠎ᠲᠤ ᠰᠢᠭᠤᠳ ᠰᠢᠭᠢᠳᠦᠨ ᠣᠷᠣᠵᠤ ᠂ WebVR ( ᠰᠦᠯᠵᠢᠶᠡᠨ᠎ᠦ ᠬᠠᠭᠤᠳᠠᠰᠤᠨ᠎ᠳᠤ ᠰᠠᠭᠤᠷᠢᠯᠠᠨ ᠵᠢᠱ᠌ᠢᠮᠡᠭ ᠠᠬᠤᠢ᠎ᠶᠢ ᠪᠡᠶᠡᠯᠡᠭᠦᠯᠬᠦ ) ᠮᠡᠷᠭᠡᠵᠢᠯ᠎ᠢ ᠬᠡᠷᠡᠭᠯᠡᠨ ᠂ 720°᠎ᠤᠨ ᠪᠥᠬᠥ ᠦᠵᠡᠮᠵᠢ᠎ᠳᠦ ᠲᠤᠬᠠᠢ᠎ᠶᠢᠨ ᠭᠠᠵᠠᠷ᠎ᠤᠨ ᠬᠣᠯᠪᠣᠭᠠᠯᠠᠬᠤ᠎ᠳᠤ ᠲᠣᠬᠢᠷᠠᠬᠤ 320 ᠦᠢᠯᠡᠰ ᠪᠣᠰᠬᠠᠬᠤ ᠲᠥᠷᠥᠯ ᠵᠦᠢᠯᠡᠰ᠎ᠦᠨ ᠮᠡᠳᠡᠭᠡ ᠵᠠᠩᠭᠢ᠎ᠶᠢ ᠨᠡᠢᠲᠡᠯᠡᠪᠡ᠃ ᠲᠠᠪᠴᠠᠩ᠎ᠤᠨ ᠰᠣᠷᠪᠤᠯᠵᠢᠯᠠᠭ᠎ᠠ᠎ᠶᠢᠨ ᠬᠡᠮᠵᠢᠶ᠎ᠡ ᠨᠢ ᠳᠡᠭᠡᠳᠦ ᠬᠢᠵᠠᠭᠠᠷ ᠦᠭᠡᠢ ᠪᠠᠢᠵᠤ ᠂ 《 24 ᠴᠠᠭ᠎ᠲᠤ ᠡᠭᠦᠳᠡ᠎ᠪᠡᠨ ᠬᠠᠭᠠᠬᠤ ᠦᠭᠡᠢ 》 ᠪᠣᠯᠬᠣᠷ ᠦᠢᠯᠡᠰ ᠪᠣᠰᠬᠠᠭ᠍ᠴᠢᠳ ᠡᠯ᠎ᠡ ᠲᠥᠷᠥᠯ ᠵᠦᠢᠯ᠎ᠦᠨ ᠦᠵᠡᠭᠦᠯᠭᠡ᠎ᠶᠢᠨ ᠪᠠᠢᠷᠢ᠎ᠶᠢ ᠴᠢᠯᠦᠭᠡᠲᠡᠢ ᠦᠵᠡᠵᠦ ᠪᠣᠯᠣᠨ᠎ᠠ᠃
       ᠡᠭᠦᠯᠡᠨ ᠦᠵᠡᠭᠦᠯᠭᠡ᠎ᠶᠢᠨ ᠲᠠᠩᠬᠢᠮ ᠨᠢ ᠬᠣᠲᠠ ᠂ ᠬᠣᠰᠢᠭᠤ ᠰᠢᠶᠠᠨ ᠲᠣᠭᠣᠷᠢᠭ᠋ ᠂ ᠰᠤᠮᠤ ᠰᠢᠶᠠᠩ ᠪᠠᠯᠭᠠᠰᠤ ( ᠵᠡᠭᠡᠯᠢ ᠭᠤᠳᠤᠮᠵᠢ ) ᠭᠤᠷᠪᠠᠨ ᠱᠠᠲᠤᠨ᠎ᠤ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠣᠷ ᠰᠦᠯᠵᠢᠶ᠎ᠡ ᠲᠠᠢ ᠨᠡᠪᠲᠡᠷᠡᠯᠴᠡᠵᠡᠢ ᠃ ᠦᠢᠯᠡᠰ ᠪᠣᠰᠬᠠᠭ᠍ᠴᠢᠳ ᠲᠥᠷᠥᠯ ᠵᠦᠢᠯ᠎ᠢ ᠭᠦᠶᠦᠯᠭᠡᠨ ᠦᠵᠡᠬᠦ ᠦᠶ᠎ᠡ᠎ᠳᠡᠭᠡᠨ ᠦᠢᠯᠡᠰ ᠪᠣᠰᠬᠠᠬᠤ ᠵᠥᠪᠯᠡᠯᠭᠡ ᠥᠭᠬᠦ ᠂ ᠤᠷ᠎ᠠ ᠮᠡᠷᠭᠡᠵᠢᠯ᠎ᠤᠨ ᠪᠣᠯᠪᠠᠰᠤᠷᠠᠯ ᠬᠢᠬᠦ ᠂ ᠪᠡᠯᠡ ᠲᠣᠬᠢᠷᠠᠭᠤᠯᠭ᠎ᠠ᠎ᠶᠢ ᠵᠣᠯᠭᠠᠭᠤᠯᠬᠤ ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ ᠵᠡᠷᠭᠡ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠵᠡᠷᠭᠡ᠎ᠪᠡᠷ ᠭᠥᠷᠳᠡᠵᠦ ᠪᠣᠯᠣᠨ᠎ᠠ ; 《 ᠲᠦᠩᠯᠢᠶᠣᠣ᠎ᠶᠢᠨ ᠠᠵᠢᠯ ᠣᠯᠭᠣᠵᠤ ᠦᠢᠯᠡᠰ ᠪᠣᠰᠬᠠᠬᠤ 》 ᠸᠢᠴᠠᠲ᠎ᠤᠨ ᠦᠢᠯᠡᠴᠢᠯᠡᠭᠡᠨ᠎ᠦ ᠳ᠋ᠤᠭᠠᠷ᠎ᠲᠤ ᠲᠦᠰᠢᠭᠯᠡᠨ ᠂ ᠦᠢᠯᠡᠰ ᠪᠣᠰᠬᠠᠭ᠍ᠴᠢᠳ ᠦᠢᠯᠡᠰ ᠪᠦᠲᠦᠭᠡᠯ᠎ᠦᠨ ᠤᠷᠤᠯᠳᠤᠭᠠᠨ ᠂ ᠦᠢᠯᠡᠰ ᠪᠣᠰᠬᠠᠬᠤ ᠰᠠᠯᠤᠨ ᠂ ᠦᠵᠡᠭᠦᠯᠭᠡ᠎ᠶᠢᠨ ᠠᠵᠢᠯᠯᠠᠭ᠎ᠠ ᠵᠡᠷᠭᠡ 《 ᠡᠬᠢ ᠪᠠᠶᠠᠯᠢᠭ᠋᠎ᠢᠶᠠᠷ ᠰᠠᠢᠨ ᠦᠢᠯᠡᠰ ᠪᠣᠰᠬᠠᠬᠤ 》 ᠠᠵᠢᠯᠯᠠᠭ᠎ᠠ᠎ᠶᠢᠨ ᠮᠡᠳᠡᠭᠡ ᠵᠠᠩᠭᠢ᠎ᠶᠢ ᠣᠯᠵᠤ ᠂ ᠲᠣᠭᠠᠴᠢᠯᠠᠭᠰᠠᠨ ᠪᠢᠲᠡᠭᠦᠦ ᠴᠠᠭᠠᠷᠢᠭ᠍ᠲᠤ ᠦᠢᠯᠡᠴᠢᠯᠡᠭᠡ᠎ᠶᠢ ᠪᠣᠶ ᠪᠣᠯᠭᠠᠵᠤ ᠂ ᠳᠤᠮᠳᠠᠬᠢ ᠭᠣᠭᠴᠣᠭ᠎ᠠ᠎ᠶᠢ ᠪᠠᠭᠠᠰᠬᠠᠨ ᠂ ᠪᠣᠳᠠᠲᠠᠢ᠎ᠳᠤ ᠨᠠᠢᠳᠠᠪᠤᠷᠢᠵᠢᠭᠤᠯᠬᠤ ᠦᠶᠡᠯᠡᠯ᠎ᠦᠨ ᠬᠤᠭᠤᠴᠠᠭ᠎ᠠ᠎ᠶᠢ ᠪᠣᠭᠣᠨᠢᠰᠬᠠᠨ᠎ᠠ᠃ ᠡᠭᠦᠯᠡᠨ ᠦᠵᠡᠭᠦᠯᠭᠡ᠎ᠶᠢᠨ ᠲᠠᠩᠬᠢᠮ ᠨᠢ ᠦᠢᠯᠡᠴᠢᠯᠡᠭᠡ᠎ᠶᠢ ᠳᠣᠷᠣᠭ᠍ᠰᠢ ᠪᠠᠭᠤᠯᠭᠠᠬᠤ ᠂ ᠦᠢᠯᠡᠳᠦᠯ ᠴᠢᠳᠠᠪᠤᠷᠢ᠎ᠶᠢ ᠳᠠᠬᠢᠨ᠎ᠢᠶᠠᠷ ᠨᠡᠮᠡᠭᠳᠡᠭᠦᠯᠬᠦ᠂ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠬᠦ ᠭᠤᠷᠪᠠᠨ ᠶᠡᠬᠡ ᠥᠷᠲᠡᠭ᠎ᠢ ᠳᠡᠭᠡᠭᠰᠢᠯᠡᠭᠦᠯᠬᠦ᠎ᠶᠢ ᠪᠡᠶᠡᠯᠡᠭᠦᠯᠵᠦ ᠂ ᠲᠣᠰ ᠭᠠᠵᠠᠷ᠎ᠤᠨ ᠬᠣᠰᠢᠭᠤ ᠰᠢᠶᠠᠨ ᠲᠣᠭᠣᠷᠢᠭ᠋᠎ᠤᠨ ᠦᠢᠯᠡᠰ ᠪᠣᠰᠬᠠᠭ᠍ᠴᠢᠳ᠎ᠲᠤ ᠰᠢᠯᠢᠳᠡᠭ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠭᠦᠯᠵᠦ᠂ ᠪᠠᠭᠲᠠᠭᠠᠮᠵᠢ᠎ᠶᠢ ᠪᠣᠳᠠᠲᠤ ᠴᠣᠭᠴᠠ᠎ᠶᠢᠨ ᠦᠵᠡᠭᠦᠯᠭᠡ᠎ᠶᠢᠨ ᠲᠠᠩᠬᠢᠮ᠎ᠡᠴᠡ 2 ᠳᠠᠬᠢᠨ ᠳᠡᠭᠡᠭᠰᠢᠯᠡᠭᠦᠯᠵᠦ ᠂ ᠲᠥᠷᠥᠯ ᠵᠦᠢᠯ᠎ᠢ ᠨᠠᠢᠳᠠᠪᠤᠷᠢᠵᠢᠭᠤᠯᠤᠭᠰᠠᠨ᠎ᠤ ᠳᠠᠷᠠᠭ᠎ᠠ 3᠎ᠠᠴᠠ ᠲᠡᠭᠡᠭᠡᠰᠢ ᠬᠥᠮᠥᠨ᠎ᠦ ᠠᠵᠢᠯ ᠣᠯᠭᠣᠯᠲᠠ᠎ᠶᠢ ᠳᠠᠶ᠋ᠢᠴᠢᠯᠠᠨ᠎ᠠ᠃
       ᠲᠦᠩᠯᠢᠶᠣᠣ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ ᠂ ᠲᠥᠷᠥᠯ ᠵᠦᠢᠯ᠎ᠦᠨ ᠬᠥᠮᠥᠷᠭᠡ᠎ᠶᠢ ᠦᠷᠭᠦᠯᠵᠢᠯᠡᠨ ᠥᠷᠭᠡᠳᠬᠡᠵᠦ᠂ ᠦᠵᠡᠭᠦᠯᠭᠡ᠎ᠶᠢᠨ ᠲᠠᠩᠬᠢᠮ᠎ᠦᠨ ᠴᠢᠳᠠᠮᠵᠢ᠎ᠶᠢ ᠰᠢᠯᠢᠳᠡᠭᠵᠢᠭᠦᠯᠦᠨ᠂ 3D ᠦᠵᠡᠭᠦᠯᠭᠡ᠎ᠶᠢᠨ ᠲᠠᠩᠬᠢᠮ ᠬᠢᠭᠡᠳ ᠰᠦᠯᠵᠢᠶᠡᠨ᠎ᠡᠴᠡ ᠭᠠᠳᠠᠭᠤᠷᠬᠢ ᠦᠢᠯᠡᠰ ᠪᠣᠰᠬᠠᠬᠤ ᠠᠴᠢᠶᠠᠯᠠᠪᠤᠷᠢ᠎ᠶᠢ ᠵᠠᠪᠰᠠᠷ ᠦᠭᠡᠢ ᠵᠣᠯᠭᠠᠭᠤᠯᠬᠤ᠎ᠶᠢ ᠲᠦᠯᠬᠢᠨ ᠠᠬᠢᠭᠤᠯᠵᠤ᠂ ᠦᠢᠯᠡᠰ ᠪᠣᠰᠬᠠᠭ᠍ᠴᠢᠳ᠎ᠤᠨ 《 ᠨᠠᠭᠠᠰᠢ ᠴᠠᠭᠠᠰᠢ ᠭᠦᠶᠦᠬᠦ ᠦᠭᠡᠢ᠂ ᠥᠪᠡᠷ᠎ᠦᠨ ᠥᠷᠲᠡᠭ᠎ᠢᠶᠡᠷ ᠳᠣᠣᠷ᠎ᠠ ᠂ ᠲᠦᠷᠭᠡᠨ ᠨᠠᠢᠳᠠᠪᠤᠷᠢᠵᠢᠭᠤᠯᠬᠤ 》᠎ᠳᠤ ᠬᠦᠴᠦᠨ ᠨᠡᠮᠡᠷᠢᠯᠡᠨ᠎ᠡ ᠭᠡᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            