ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠥᠪᠥᠷ ᠮᠣᠩᠭᠣᠯ᠎ᠤᠨ ᠪᠤᠭᠤᠲᠤ ᠄ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠴᠢᠳᠠᠮᠵᠢ᠎ᠶᠢ ᠳᠠᠬᠢᠨ ᠥᠷᠭᠡᠳᠬᠡᠪᠡ
ᠨᠡᠶ᠋ᠢᠲᠡᠯᠡᠭᠰᠡᠨ ᠴᠠᠭ᠄ 2025-11-12

       ᠣᠳᠣᠬᠠᠨ᠎ᠳᠤ ᠂ ᠪᠤᠭᠤᠲᠤ ᠬᠣᠲᠠ᠎ᠶᠢᠨ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠦᠢᠯᠡᠴᠢᠯᠡᠭᠡ᠎ᠳᠦ ᠨᠢᠭᠡᠨᠲᠡ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠣᠯᠠᠨ ᠨᠡᠶ᠋ᠢᠲᠡ᠎ᠶᠢᠨ ᠦᠢᠯᠡᠴᠢᠯᠡᠭᠡ ᠂ ᠬᠡᠷᠡᠭᠯᠡᠭᠡᠨ᠎ᠦ ᠬᠠᠷᠠᠭᠠᠯᠵᠠᠯ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠤᠭᠰᠠᠨ ᠪᠣᠯᠪᠠᠰᠤᠷᠠᠩᠭᠤᠢ ᠬᠡᠷᠡᠭᠯᠡᠭᠡᠨ᠎ᠦ ᠪᠠᠢᠷᠢᠰᠢᠯ᠎ᠢ ᠪᠣᠶ ᠪᠣᠯᠭᠠᠵᠤ ᠂ 95 ᠵᠦᠢᠯ᠎ᠦᠨ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶᠢ 《ᠬᠤᠷᠤᠭᠤᠨ ᠦᠵᠦᠭᠦᠷ᠎ᠢᠶᠡᠷ ᠭᠦᠢᠴᠡᠳᠬᠡᠬᠦ》᠎ᠶᠢ ᠪᠡᠶᠡᠯᠡᠭᠦᠯᠵᠦ ᠂ ᠣᠯᠠᠨ ᠲᠦᠮᠡᠨ᠎ᠢ 《ᠳᠤᠲᠠᠭᠤ ᠭᠦᠶᠦᠯᠭᠡᠵᠦ ᠂ ᠤᠴᠢᠷ ᠶᠠᠪᠤᠳᠠᠯ ᠪᠦᠲᠦᠭᠡᠬᠦ᠎ᠳᠦ ᠠᠮᠠᠷ》 ᠪᠣᠯᠭᠠᠵᠤ ᠦᠨᠡᠨ ᠬᠦ᠌ ᠲᠥᠬᠥᠮ ᠳᠥᠲᠡ ᠪᠥᠭᠡᠳ ᠪᠣᠳᠠᠲᠤ ᠠᠰᠢᠭ᠋ ᠬᠦᠷᠲᠡᠭᠡᠭᠰᠡᠨ ᠪᠠᠢᠨ᠎ᠠ᠃
       ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠲᠣᠭᠠᠴᠢᠯᠠᠯᠲᠠ᠎ᠶᠢᠨ ᠭᠣᠣᠯ ᠠᠴᠢᠶᠠᠯᠠᠭ᠍ᠴᠢ ᠪᠣᠯᠤᠭᠰᠠᠨ᠎ᠤ ᠬᠤᠪᠢ᠎ᠳᠤ᠂ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ ᠨᠢ ᠨᠢᠭᠡᠨᠲᠡ ᠬᠣᠲᠠ᠎ᠶᠢᠨ ᠠᠷᠠᠳ᠎ᠤᠨ ᠲᠤᠬᠠᠢᠯᠠᠭᠰᠠᠨ ᠠᠵᠢᠯ᠎ᠢᠶᠠᠨ ᠭᠦᠢᠴᠡᠳᠬᠡᠬᠦ 《ᠥᠨᠳᠥᠷ ᠳᠠᠪᠲᠠᠮᠵᠢᠲᠤ ᠪᠠᠭᠠᠵᠢ》 ᠪᠣᠯᠤᠭᠰᠠᠨ ᠪᠠᠢᠨ᠎ᠠ ᠃ ᠬᠣᠲᠠ᠎ᠶᠢᠨ ᠠᠷᠠᠳ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠳᠠᠮᠵᠢᠭᠤᠯᠤᠨ ᠠᠵᠢᠯ ᠣᠯᠵᠤ ᠦᠢᠯᠡᠰ ᠪᠣᠰᠬᠠᠬᠤ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ᠂ ᠣᠯᠭᠣᠮᠵᠢ ᠬᠠᠷᠠᠭᠠᠯᠵᠠᠯ ᠭᠤᠶᠤᠴᠢᠯᠠᠬᠤ ᠵᠡᠷᠭᠡ 95 ᠵᠦᠢᠯ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ ᠂ ᠳᠠᠬᠢᠨ ᠳᠠᠪᠲᠠᠨ ᠮᠠᠲᠧᠷᠢᠶᠠᠯ ᠲᠤᠰᠢᠶᠠᠬᠤ ᠦᠭᠡᠢ᠎ᠪᠡᠷ ᠺᠣᠳ᠋ ᠰᠢᠷᠪᠢᠵᠦ ᠲᠡᠮᠳᠡᠭᠯᠡᠭᠦᠯᠪᠡᠯ ᠳᠠᠷᠤᠢ ᠪᠥᠬᠥ ᠶᠠᠪᠤᠴᠠ᠎ᠶᠢᠨ ᠠᠵᠢᠯᠯᠠᠭ᠎ᠠ᠎ᠶᠢ ᠪᠡᠶᠡᠯᠡᠭᠦᠯᠵᠦ ᠂ ᠥᠩᠭᠡᠷᠡᠭᠰᠡᠨ᠎ᠦ 《ᠢᠯᠡᠭᠦᠦ ᠭᠦᠶᠦᠬᠦ᠂ ᠣᠯᠠᠨ ᠤᠳᠠᠭ᠎ᠠ ᠭᠦᠢᠴᠡᠳᠬᠡᠬᠦ》 ᠵᠠᠭᠪᠤᠷ᠎ᠢ ᠲᠤᠢᠯᠪᠤᠷᠢᠲᠠᠢ ᠬᠤᠪᠢᠷᠠᠭᠤᠯᠵᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ 《 ᠴᠠᠭ ᠲᠤᠬᠠᠢ ᠳ᠋ᠤᠨᠢ ᠭᠦᠢᠴᠡᠳᠬᠡᠬᠦ ᠂ ᠠᠯᠠᠭᠠᠨ ᠳᠡᠭᠡᠷ᠎ᠡ᠎ᠪᠠᠨ ᠭᠦᠢᠴᠡᠳᠬᠡᠬᠦ 》᠎ᠶᠢ ᠬᠡᠪ᠎ᠦᠨ ᠪᠠᠢᠳᠠᠯ ᠪᠣᠯᠭᠠᠭᠰᠠᠨ ᠪᠠᠢᠨ᠎ᠠ᠃
       ᠣᠯᠭᠣᠮᠵᠢ ᠬᠠᠷᠠᠭᠠᠯᠵᠠᠯ᠎ᠤᠨ ᠪᠡᠯᠡ ᠮᠥᠩᠭᠥ ᠲᠠᠷᠬᠠᠭᠠᠬᠤ ᠬᠦᠷᠢᠶᠡᠨ᠎ᠳᠦ ᠂ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ 《 ᠨᠢᠭᠡ ᠺᠠᠷᠲ᠎ᠢᠶᠠᠷ ᠨᠡᠢᠳᠡᠮ ᠳ᠋ᠤᠨᠢ ᠣᠯᠭᠣᠬᠤ 》 ᠰᠢᠰᠲᠧᠮ᠎ᠦᠨ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ ᠪᠠᠢᠨ᠎ᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠡᠴᠡ ᠲᠠᠷᠢᠶᠠᠯᠠᠩ ᠮᠠᠯ ᠠᠵᠤ ᠠᠬᠤᠢ ᠣᠶ ᠰᠢᠭᠤᠢ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠵᠡᠷᠭᠡ ᠠᠷᠠᠳ᠎ᠤᠨ ᠠᠮᠢᠳᠤᠷᠠᠯ᠎ᠤᠨ ᠣᠯᠠᠨ ᠬᠦᠷᠢᠶᠡᠨ᠎ᠳᠦ ᠬᠦᠷᠲᠡᠯ᠎ᠡ ᠥᠷᠭᠡᠳᠬᠡᠵᠦ ᠂ ᠡᠯ᠎ᠡ ᠲᠥᠷᠥᠯ᠎ᠦᠨ ᠨᠥᠬᠥᠪᠦᠷᠢ᠂ ᠣᠯᠭᠣᠮᠵᠢ ᠬᠠᠷᠠᠭᠠᠯᠵᠠᠯ᠎ᠢ ᠨᠠᠷᠢᠯᠢᠭ᠋ ᠣᠨᠣᠴᠠᠲᠠᠢ᠎ᠪᠠᠷ ᠰᠢᠭᠤᠳ ᠬᠦᠷᠭᠡᠬᠦ᠎ᠶᠢ ᠪᠡᠶᠡᠯᠡᠭᠦᠯᠦᠨ᠎ᠡ᠃ ᠪᠦᠷᠢᠳᠬᠡᠯ᠎ᠢ ᠦᠨᠳᠦᠰᠦᠯᠡᠪᠡᠯ ᠂ 2025 ᠣᠨ᠎ᠤ 7 ᠰᠠᠷ᠎ᠠ ᠪᠣᠯᠲᠠᠯ᠎ᠠ᠂ ᠪᠤᠭᠤᠲᠤ ᠬᠣᠲᠠ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠳᠠᠮᠵᠢᠭᠤᠯᠤᠨ ᠡᠯ᠎ᠡ ᠲᠥᠷᠥᠯ᠎ᠦᠨ ᠣᠯᠭᠣᠮᠵᠢ ᠬᠠᠷᠠᠭᠠᠯᠵᠠᠯ᠎ᠢ ᠨᠡᠶ᠋ᠢᠲᠡ 306.47 ᠲᠦᠮᠡᠨ ᠬᠥᠮᠥᠨ ᠤᠳᠠᠭ᠎ᠠ ᠲᠠᠷᠬᠠᠭᠠᠵᠤ᠂ ᠲᠠᠷᠬᠠᠭᠠᠭᠰᠠᠨ ᠵᠣᠭᠣᠰ᠎ᠤᠨ ᠲᠣᠭ᠎ᠠ ᠨᠢ 88.65 ᠳ᠋ᠦᠩᠰᠢᠭᠤᠷ ᠲᠥᠭᠥᠷᠢᠭ᠎ᠲᠦ ᠬᠦᠷᠴᠡᠢ᠃
       ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠬᠡᠷᠡᠭᠯᠡᠯᠲᠡ᠎ᠶᠢᠨ ᠪᠠᠢᠳᠠᠯ ᠨᠢ ᠪᠠᠰᠠ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠦᠷᠢᠶ᠎ᠡ ᠲᠡᠢᠰᠢ ᠲᠠᠰᠤᠷᠠᠯᠲᠠ ᠦᠭᠡᠢ ᠥᠷᠭᠡᠵᠢᠨ᠂ ᠬᠣᠲᠠ᠎ᠶᠢᠨ ᠠᠷᠠᠳ᠎ᠤᠨ ᠠᠮᠢᠳᠤᠷᠠᠯ᠎ᠳᠤ ᠲᠥᠬᠥᠮ ᠦᠵᠡᠭᠦᠯᠵᠦ ᠪᠠᠢᠨ᠎ᠠ᠃ ᠰᠣᠶᠣᠯ᠎ᠤᠨ ᠦᠢᠯᠡᠴᠢᠯᠡᠭᠡᠨ᠎ᠦ ᠲᠠᠯ᠎ᠠ᠎ᠪᠠᠷ᠂ ᠬᠣᠲᠠ᠎ᠶᠢᠨ ᠠᠷᠠᠳ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ᠎ᠢᠶᠠᠨ ᠪᠤᠭᠤᠲᠤ ᠬᠣᠲᠠ᠎ᠶᠢᠨ ᠨᠣᠮ᠎ᠤᠨ ᠰᠠᠩ᠎ᠠᠴᠠ ᠪᠡᠷᠢᠴᠠᠭᠠᠨ᠎ᠤ ᠮᠥᠩᠭᠥ ᠥᠭᠬᠦ ᠦᠭᠡᠢ᠎ᠪᠡᠷ ᠨᠣᠮ ᠵᠢᠭᠡᠯᠡᠵᠦ ᠪᠣᠯᠣᠨ᠎ᠠ ᠂ ᠴᠡᠯᠡᠭᠡᠷ ᠲᠠᠯ᠎ᠠ ᠮᠦᠽᠧᠢ᠎ᠳᠦ ᠺᠠᠷᠲ᠎ᠢᠶᠡᠨ ᠦᠵᠡᠭᠦᠯᠪᠡᠯ ᠳᠠᠷᠤᠢ ᠲᠣᠭᠣᠷᠢᠨ ᠦᠵᠡᠵᠦ ᠪᠣᠯᠣᠨ᠎ᠠ ᠂ ᠪᠤᠰᠤᠳ ᠦᠨᠡᠮᠯᠡᠯ᠎ᠢᠶᠡᠨ ᠭᠠᠷᠭᠠᠵᠤ ᠦᠵᠡᠭᠦᠯᠬᠦ ᠴᠢᠬᠤᠯᠠ ᠦᠭᠡᠢ ; ᠡᠮᠴᠢᠯᠡᠭᠡᠨ᠎ᠦ ᠦᠢᠯᠡᠴᠢᠯᠡᠭᠡᠨ᠎ᠦ ᠬᠦᠷᠢᠶᠡᠨ᠎ᠳᠦ ᠂ ᠬᠡᠷᠡᠭᠯᠡᠯᠲᠡ᠎ᠶᠢᠨ ᠬᠠᠮᠤᠷᠬᠤ ᠬᠡᠪᠴᠢᠶ᠎ᠡ ᠨᠢ ᠨᠠᠩ ᠪᠥᠬᠥ ᠲᠠᠯ᠎ᠠ᠎ᠶᠢᠨ ᠪᠣᠯᠪᠠ︱ᠪᠥᠬᠥ ᠬᠣᠲᠠ᠎ᠶᠢᠨ 2803 ᠲᠣᠭᠲᠠᠮᠠᠯ ᠴᠡᠭ᠎ᠦᠨ ᠡᠮ ᠡᠮᠨᠡᠯᠭᠡ᠎ᠶᠢᠨ ᠪᠠᠢᠭᠤᠯᠤᠮᠵᠢ ᠴᠥᠮ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠳ᠋ᠤᠭᠠᠷᠯᠠᠬᠤ᠂ ᠡᠮᠨᠡᠭᠦᠯᠬᠦ᠂ ᠳ᠋ᠦᠩᠨᠡᠨ ᠪᠤᠳᠤᠬᠤ᠂ ᠡᠮ ᠠᠪᠬᠤ ᠵᠡᠷᠭᠡ ᠪᠥᠬᠥ ᠶᠠᠪᠤᠴᠠ᠎ᠶᠢᠨ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠶᠢ ᠳᠡᠮᠵᠢᠵᠦ᠂ ᠣᠯᠠᠨ ᠲᠦᠮᠡᠨ᠎ᠦ ᠡᠪᠡᠳᠴᠢᠨ ᠦᠵᠡᠭᠦᠯᠬᠦ᠎ᠳᠦ ᠬᠦᠯᠢᠶᠡᠬᠦ ᠴᠠᠭ᠎ᠢ ᠪᠦᠲᠦᠮᠵᠢᠲᠡᠶ ᠪᠣᠭᠣᠨᠢᠰᠬᠠᠵᠤ᠂ ᠡᠷᠡᠭᠦᠯ ᠮᠡᠨᠳᠦ᠎ᠶᠢᠨ ᠪᠠᠲᠤᠯᠠᠭ᠎ᠠ᠎ᠶᠢᠨ ᠦᠢᠯᠡᠴᠢᠯᠡᠭᠡ᠎ᠶᠢ ᠨᠠᠩ ᠥᠨᠳᠥᠷ ᠪᠦᠲᠦᠮᠵᠢᠲᠡᠶ᠂ ᠨᠠᠩ ᠴᠠᠭ ᠲᠤᠨᠢ ᠲᠣᠬᠢᠷᠠᠭᠤᠯᠤᠭᠰᠠᠨ ᠪᠠᠢᠨ᠎ᠠ᠃
       ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ᠋ ᠬᠦᠷᠲᠡᠭᠡᠬᠦ ᠦᠢᠯᠡᠳᠦᠯ ᠴᠢᠳᠠᠪᠤᠷᠢ᠎ᠶᠢ ᠤᠯᠠᠮ ᠨᠢᠭᠡ ᠠᠯᠬᠤᠮ ᠪᠠᠳᠠᠷᠠᠭᠤᠯᠬᠤ᠎ᠶᠢᠨ ᠲᠥᠯᠥᠭᠡ᠂ ᠪᠤᠭᠤᠲᠤ ᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠲᠥᠪ ᠪᠠᠰᠠ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠣᠯᠣᠨ ᠭᠣᠣᠯᠳᠠᠯᠭ᠎ᠠ᠎ᠲᠠᠢ ᠬᠤᠳᠠᠯᠳᠤᠭᠠᠨ᠎ᠤ ᠲᠣᠭᠣᠷᠢᠭ᠋᠎ᠲᠠᠢ ᠬᠣᠯᠪᠤᠭᠠᠯᠠᠨ ᠂ ᠬᠡᠷᠡᠭᠯᠡᠭᠡᠨ᠎ᠦ ᠬᠠᠷᠠᠭᠠᠯᠵᠠᠯ᠎ᠤᠨ ᠰᠢᠷᠢᠰ ᠠᠵᠢᠯᠯᠠᠭ᠎ᠠ᠎ᠶᠢ ᠥᠷᠨᠢᠭᠦᠯᠪᠡ᠃ ᠬᠣᠲᠠ᠎ᠶᠢᠨ ᠠᠷᠠᠳ ᠪᠥᠬᠥ ᠬᠣᠲᠠ᠎ᠶᠢᠨ 38 ᠬᠤᠳᠠᠯᠳᠤᠭᠠᠨ᠎ᠤ ᠬᠡᠲᠦ ᠳᠡᠯᠭᠡᠭᠦᠷ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠺᠣᠮᠫᠠᠨᠢ᠂ ᠨᠢᠩ ᠯᠦ᠍ ᠲᠣᠰᠣ᠌ ᠨᠡᠮᠡᠬᠦ ᠥᠷᠲᠡᠭᠡ ᠵᠡᠷᠭᠡ ᠲᠣᠭᠲᠠᠭᠰᠠᠨ ᠲᠠᠯᠠᠪᠤᠷ᠎ᠲᠤ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠮᠥᠩᠭᠥ ᠲᠥᠯᠥᠬᠦ ᠦᠶ᠎ᠡ᠎ᠳᠦ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠬᠠᠰᠤᠵᠤ ᠬᠡᠯᠲᠦᠷᠢᠭᠦᠯᠬᠦ ᠬᠠᠷᠠᠭᠠᠯᠵᠠᠯ ᠭᠥᠷᠳᠡᠵᠦ ᠪᠣᠯᠣᠨ᠎ᠠ᠃
       ᠡᠳᠦᠷ ᠲᠤᠲᠤᠮ᠎ᠤᠨ ᠬᠡᠷᠡᠭᠯᠡᠭᠡ᠎ᠠᠴᠠ ᠮᠠᠰᠢᠨ ᠲᠡᠷᠭᠡᠨ᠎ᠳᠡᠭᠡᠨ ᠲᠣᠰᠣ᠌ ᠨᠡᠮᠡᠬᠦ ᠬᠦᠷᠲᠡᠯ᠎ᠡ ᠂ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠣᠯᠭᠣᠮᠵᠢ ᠬᠠᠷᠠᠭᠠᠯᠵᠠᠯ᠎ᠢ ᠣᠯᠠᠨ ᠲᠦᠮᠡᠨ᠎ᠦ ᠥᠨᠳᠥᠷ ᠳᠠᠪᠲᠠᠮᠵᠢᠲᠤ ᠬᠡᠷᠡᠭᠯᠡᠭᠡᠨ᠎ᠦ ᠲᠠᠯᠠᠪᠤᠷ᠎ᠲᠤ ᠰᠢᠭᠤᠳ ᠬᠦᠷᠭᠡᠵᠦ᠂ ᠬᠣᠲᠠ᠎ᠶᠢᠨ ᠠᠷᠠᠳ᠎ᠤᠨ ᠠᠮᠢᠳᠤᠷᠠᠯ᠎ᠳᠤ ᠲᠥᠬᠥᠮ ᠦᠵᠡᠭᠦᠯᠦᠭᠰᠡᠨ ᠪᠥᠭᠡᠳ ᠣᠷᠣᠨ ᠨᠤᠲᠤᠭ᠎ᠤᠨ ᠬᠡᠷᠡᠭᠯᠡᠭᠡᠨ᠎ᠦ ᠳᠠᠯᠳᠠ ᠬᠦᠴᠦᠨ᠎ᠢ ᠬᠥᠭᠵᠢᠭᠡᠵᠦ᠂ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠳᠤ ᠠᠮᠢᠵᠢᠷᠠᠯ᠎ᠤᠨ ᠬᠦᠴᠦᠨ ᠣᠯᠭᠣᠭᠰᠠᠨ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            