ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
《 ᠪᠡᠶ᠎ᠡ᠎ᠶᠢ ᠨᠢ ᠬᠡᠮᠵᠢᠵᠦ ᠬᠤᠪᠴᠠᠰᠤ ᠡᠰᠬᠡᠵᠦ 》 ᠬᠡᠮ ᠰᠣᠭᠣᠭ᠎ᠢ ᠵᠠᠰᠠᠵᠤ ᠠᠶᠤᠯᠭᠦᠢ ᠦᠢᠯᠡᠳᠪᠦᠷᠢᠯᠡᠯ᠎ᠢᠶᠠᠷ 《 ᠰᠡᠳᠬᠢᠯ᠎ᠢ ᠳᠤᠯᠠᠭᠠᠴᠠᠭᠤᠯᠤᠨ᠎ᠠ 》 ︱ ᠥᠪᠥᠷ ᠮᠣᠩᠭᠣᠯ᠎ᠤᠨ ᠰᠢᠯᠢ᠎ᠶᠢᠨ ᠭᠣᠣᠯ ᠠᠢᠮᠠᠭ ᠠᠵᠤ ᠠᠬᠤᠢᠯᠠᠯ᠎ᠳᠤ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ 《 ᠠᠮᠤᠷ ᠲᠦᠪᠰᠢᠨ᠎ᠦ ᠬᠤᠪᠴᠠᠰᠤ 》 ᠡᠮᠦᠰᠬᠡᠪᠡ
ᠨᠡᠶ᠋ᠢᠲᠡᠯᠡᠭᠰᠡᠨ ᠴᠠᠭ᠄ 2025-11-14

        31 ᠠᠭᠤᠷᠬᠠᠢ᠎ᠶᠢᠨ ᠠᠵᠤ ᠠᠬᠤᠢᠯᠠᠯ᠎ᠢ ᠪᠦᠬᠦᠨ᠎ᠢ ᠪᠦᠷᠬᠦᠭᠦᠯᠵᠦ᠂ 840 ᠭᠣᠣᠯᠳᠠᠯᠭ᠎ᠠ᠎ᠲᠠᠢ ᠬᠥᠮᠥᠰ ᠲᠦᠨᠠᠷᠢᠯᠢᠭ᠋ ᠤᠨᠤᠪᠴᠢᠳᠠᠢ ᠪᠣᠯᠪᠠᠰᠤᠷᠠᠯ ᠬᠦᠷᠲᠡᠭᠡᠵᠦ᠂ 172 ᠵᠦᠢᠯ᠎ᠦᠨ ᠭᠡᠮ ᠰᠣᠭᠣᠭ᠎ᠢ ᠭᠦᠨᠵᠡᠭᠡᠢ ᠵᠠᠰᠠᠵᠤ᠂ 20 ᠭᠣᠣᠯᠳᠠᠯᠭ᠎ᠠ᠎ᠲᠠᠢ ᠠᠵᠤ ᠠᠬᠤᠢᠯᠠᠯ᠎ᠢ ᠤᠨᠢᠨ ᠳᠡᠭᠡᠷ᠎ᠡ ᠨᠢ ᠵᠠᠰᠠᠵᠤ᠂ 96% ᠡᠴᠡ ᠳᠡᠭᠡᠭᠰᠢᠬᠢ ᠴᠡᠭᠴᠡᠯᠡᠨ ᠰᠠᠢᠵᠢᠷᠠᠭᠤᠯᠤᠭᠰᠠᠨ ᠨᠤᠷᠮ᠎ᠠ ᠁
        《 ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠲᠠᠪᠤᠨ ᠵᠢᠯ᠎ᠦᠨ ᠠᠵᠢᠯᠯᠠᠭ᠎ᠠ᠎ᠶᠢᠨ ᠲᠥᠯᠥᠪᠯᠡᠭᠡ ( 2021 2025 ᠣᠨ ) 》᠎ᠶᠢᠨ ᠲᠡᠭᠦᠰᠬᠡᠯ ᠪᠣᠯᠣᠭᠰᠠᠨ 2025 ᠣᠨ᠎ᠳᠤ᠂ ᠥᠪᠥᠷ ᠮᠣᠩᠭᠣᠯ᠎ᠤᠨ ᠰᠢᠯᠢ᠎ᠶᠢᠨ ᠭᠣᠣᠯ ᠠᠢᠮᠠᠭ᠎ᠤᠨ ᠲᠤᠰᠢᠶᠠᠭᠰᠠᠨ ᠡᠨᠡ ᠬᠦ᠌ ᠬᠠᠷᠢᠭᠤᠯᠲᠠ᠎ᠶᠢᠨ ᠬᠠᠭᠤᠳᠠᠰᠤ ᠨᠢ ᠲᠣᠰ ᠠᠢᠮᠠᠭ᠎ᠤᠨ 《 ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠵᠤ᠂ ᠤᠷᠢᠳᠴᠢᠯᠠᠨ ᠰᠡᠷᠭᠡᠢᠯᠡᠬᠦ᠎ᠶᠢ ᠲᠡᠷᠢᠭᠦᠨ᠎ᠳᠦ ᠲᠠᠯᠪᠢᠬᠤ 》 ᠴᠢᠭᠯᠡᠯᠲᠡ᠎ᠶᠢ ᠪᠠᠷᠢᠮᠲᠠᠯᠠᠵᠤ᠂ 《 ᠨᠠᠳᠠ᠎ᠪᠠᠷ ᠤᠷᠢᠳᠴᠢᠯᠠᠨ ᠰᠡᠷᠭᠡᠢᠯᠡᠭᠦᠯᠬᠦ 》 ᠪᠠᠢᠭᠰᠠᠨ᠎ᠠᠴᠠ 《 ᠪᠢ ᠤᠷᠢᠳᠴᠢᠯᠠᠨ ᠰᠡᠷᠭᠡᠢᠯᠡᠬᠦ 》 《 ᠪᠢ ᠤᠷᠢᠳᠴᠢᠯᠠᠨ ᠰᠡᠷᠭᠡᠢᠯᠡᠵᠦ ᠲᠡᠢᠯᠬᠦ 》 ᠭᠡᠬᠦ ᠦᠵᠡᠯ ᠰᠠᠨᠠᠭᠠᠨ᠎ᠤ ᠬᠤᠪᠢᠷᠠᠯᠲᠠ᠎ᠶᠢ ᠪᠡᠶᠡᠯᠡᠭᠦᠯᠬᠦ᠎ᠶᠢ ᠠᠬᠢᠭᠤᠯᠤᠭᠰᠠᠨ᠎ᠠᠴᠠ ᠪᠣᠯᠵᠠᠢ᠃
        《 ᠠᠵᠤ ᠠᠬᠤᠢᠯᠠᠯ᠎ᠳᠦ ᠭᠤᠷᠪᠠᠨᠲᠠ ᠣᠷᠣᠵᠤ 》 ᠲᠠᠯᠳᠠ ᠭᠡᠮ᠎ᠢ ᠡᠷᠢᠨ᠎ᠡ
        ᠡᠨᠡ ᠵᠢᠯ ᠂ ᠰᠢᠯᠢ᠎ᠶᠢᠨ ᠭᠣᠣᠯ ᠠᠢᠮᠠᠭ ᠪᠠᠢᠴᠠᠭᠠᠨ ᠰᠤᠳᠤᠯᠤᠯᠲᠠ ᠬᠢᠬᠦ ᠂ ᠪᠣᠯᠪᠠᠰᠤᠷᠠᠯ ᠬᠢᠬᠦ ᠂ ᠬᠠᠷᠢᠭᠤ ᠰᠣᠷᠪᠤᠯᠵᠢᠯᠠᠭ᠎ᠠ ᠬᠢᠬᠦ᠎ᠶᠢ ᠨᠢᠭ᠍ᠲᠠ ᠤᠶᠠᠯᠳᠤᠭᠤᠯᠤᠭᠰᠠᠨ 《 ᠠᠵᠤ ᠠᠬᠤᠢᠯᠠᠯ᠎ᠳᠤ ᠭᠤᠷᠪᠠᠨᠲᠠ ᠣᠷᠣᠬᠤ 》 ᠵᠠᠭᠪᠤᠷ᠎ᠢᠶᠠᠷ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠬᠦ ᠤᠬᠠᠭᠤᠯᠭ᠎ᠠ ᠪᠣᠯᠪᠠᠰᠤᠷᠠᠯ᠎ᠤᠨ ᠲᠥᠷᠥᠯ ᠵᠦᠢᠯ᠎ᠢ ᠨᠠᠢᠳᠠᠪᠤᠷᠢᠵᠢᠭᠤᠯᠵᠤ᠂ ᠭᠣᠭᠴᠣᠭ᠎ᠠ ᠨᠢᠭᠡᠪᠦᠷᠢ᠎ᠶᠢ ᠬᠣᠭᠣᠷᠣᠨᠳᠤ ᠨᠢ ᠭᠤᠷᠪᠠᠨ ᠭᠠᠷᠠᠭ᠎ᠠᠴᠠ ᠳᠡᠭᠡᠭᠰᠢ ᠠᠯᠤᠰᠯᠠᠵᠤ ᠶᠠᠪᠤᠭᠤᠯᠪᠠ᠃
        6 ᠰᠠᠷ᠎ᠠ᠎ᠶᠢᠨ 12᠎ᠤᠨ ᠡᠳᠦᠷ᠎ᠡᠴᠡ ᠡᠬᠢᠯᠡᠨ ᠂ ᠰᠢᠯᠢ᠎ᠶᠢᠨ ᠭᠣᠣᠯ ᠠᠢᠮᠠᠭ᠎ᠤᠨ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠦᠨ ᠲᠤᠰᠬᠠᠢ ᠮᠡᠷᠭᠡᠵᠢᠯᠲᠡᠨ᠎ᠦ ᠪᠦᠯᠬᠦᠮ ᠥᠪᠥᠷ ᠮᠣᠩᠭᠣᠯ᠎ᠤᠨ ᠳᠠ ᠲᠠᠩ ᠣᠯᠠᠨ ᠤᠯᠤᠰ᠎ᠤᠨ ᠰᠢᠯᠢ᠎ᠶᠢᠨ ᠬᠣᠲᠠ᠎ᠶᠢᠨ ᠠᠭᠤᠷᠬᠠᠢ᠎ᠶᠢᠨ ᠦᠢᠯᠡᠰ᠎ᠦᠨ ᠬᠢᠵᠠᠭᠠᠷᠲᠤ ᠺᠣᠮᠫᠠᠨᠢ᠂ ᠮᠧᠩ ᠳ᠋ᠦᠩ ᠴᠠᠩ ᠲᠦᠩ ᠠᠭᠤᠷᠬᠠᠢ᠎ᠶᠢᠨ ᠦᠢᠯᠡᠰ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 20 ᠭᠣᠣᠯᠳᠠᠯᠭ᠎ᠠ᠎ᠲᠠᠢ ᠠᠵᠤ ᠠᠬᠤᠢᠯᠠᠯ᠎ᠳᠤ ᠭᠦᠨᠵᠡᠭᠡᠢᠷᠡᠨ 《 ᠠᠮᠤᠷ ᠲᠦᠪᠰᠢᠨ᠎ᠦ ᠪᠡᠶ᠎ᠡ᠎ᠶᠢᠨ ᠪᠠᠢᠴᠠᠭᠠᠯᠲᠠ 》 ᠥᠷᠨᠢᠭᠦᠯᠪᠡ᠃
        ᠮᠧᠩ ᠳ᠋ᠦᠩ ᠴᠠᠩ ᠲᠦᠩ ᠠᠭᠤᠷᠬᠠᠢ᠎ᠶᠢᠨ ᠦᠢᠯᠡᠰ᠎ᠦᠨ ᠬᠤᠳᠳᠤᠭ ᠳᠣᠣᠷᠠᠬᠢ ᠠᠵᠢᠯ᠎ᠤᠨ ᠲᠠᠯᠠᠪᠤᠷ᠎ᠤᠨ ᠲᠠᠭᠤ ᠱᠤᠤᠭᠢᠶᠠᠨ ᠪᠠᠷᠢᠮᠵᠢᠶ᠎ᠠ᠎ᠠᠴᠠ ᠳᠠᠪᠠᠭᠰᠠᠨ ᠭᠡᠳᠡᠭ᠎ᠢ ᠲᠤᠰᠬᠠᠢ ᠮᠡᠷᠭᠡᠵᠢᠯᠲᠡᠨ ᠪᠠᠢᠴᠠᠭᠠᠨ ᠬᠡᠮᠵᠢᠵᠦ ᠢᠯᠡᠷᠡᠭᠦᠯᠪᠡ᠃ 《 ᠡᠢᠮᠦ ᠣᠷᠴᠢᠨ ᠲᠣᠭᠣᠷᠢᠨ᠎ᠳᠤ ᠤᠷᠳᠤ ᠬᠤᠭᠤᠴᠠᠭ᠎ᠠ᠎ᠪᠠᠷ ᠠᠵᠢᠯᠯᠠᠪᠠᠯ ᠠᠵᠢᠯᠴᠢᠳ᠎ᠤᠨ ᠰᠣᠨᠣᠷ ᠮᠠᠭᠤᠳᠠᠬᠤ ᠨᠢ ᠵᠠᠢᠯᠠᠰᠢ ᠦᠭᠡᠢ ᠶᠤᠮ᠃ 》 ᠡᠨᠡ ᠬᠦ᠌ ᠤᠮᠳᠤᠭᠠᠢᠯᠠᠭᠳᠠᠭᠰᠠᠨ 《 ᠪᠠᠭ᠎ᠠ ᠠᠰᠠᠭᠤᠳᠠᠯ 》 ᠨᠢ ᠠᠵᠢᠯ᠎ᠤᠨ ᠨᠥᠯᠥᠭᠡᠨ᠎ᠦ ᠡᠪᠡᠳᠴᠢᠨ᠎ᠦ 《 ᠶᠡᠬᠡ ᠭᠠᠢ ᠭᠠᠮᠰᠢᠭ᠋ 》 ᠪᠣᠯᠵᠤ ᠮᠡᠳᠡᠨ᠎ᠡ ᠭᠡᠳᠡᠭ᠎ᠢ ᠠᠵᠤ ᠠᠬᠤᠢᠯᠠᠯ᠎ᠤᠨ ᠬᠠᠷᠢᠭᠤᠴᠠᠯᠭᠠᠲᠠᠨ ᠲᠠᠨᠢᠵᠤ ᠣᠯᠣᠭᠰᠠᠨ ᠪᠠᠢᠨ᠎ᠠ᠃
        ᠳᠠ ᠲᠠᠩ᠎ᠤᠨ ᠤᠯᠠᠨ ᠤᠯᠤᠰ᠎ᠤᠨ ᠰᠢᠯᠢᠩᠬᠣᠲᠠ᠎ᠶᠢᠨ ᠠᠭᠤᠷᠬᠠᠢ᠎ᠶᠢᠨ ᠦᠢᠯᠡᠰ᠎ᠦᠨ ᠲᠤᠨᠤᠭ ᠲᠥᠬᠦᠭᠡᠷᠦᠮᠵᠢ᠎ᠶᠢ ᠪᠠᠢᠴᠠᠭᠠᠨ ᠵᠠᠰᠠᠬᠤ ᠲᠠᠪᠴᠠᠩ᠎ᠳᠤ᠂ ᠲᠤᠰᠬᠠᠢ ᠮᠡᠷᠭᠡᠵᠢᠯᠲᠡᠨ᠎ᠡᠴᠡ ᠠᠵᠢᠯᠴᠢᠨ ᠠᠮᠤᠷ ᠲᠦᠪᠰᠢᠨ᠎ᠦ ᠪᠦᠰᠡ᠎ᠶᠢᠨ ᠭᠠᠷᠠᠬ᠎ᠠ᠎ᠪᠠᠨ ᠴᠢᠩᠭ᠎ᠠ ᠣᠨᠢᠰᠤᠯᠠᠭᠰᠠᠨ ᠦᠭᠡᠢ ᠭᠡᠳᠡᠭ᠎ᠢ ᠣᠯᠵᠤ ᠮᠡᠳᠡᠵᠡᠢ᠃ 《 ᠵᠣᠭᠰᠣᠵᠤ ᠪᠠᠢ !  ᠣᠳᠣᠬᠠᠨ ᠠᠵᠢᠯᠯᠠᠬᠤ᠎ᠪᠠᠨ ᠵᠣᠭᠰᠣᠵᠤ ᠪᠠᠢ ! 》 ᠭᠡᠵᠦ ᠲᠤᠰᠬᠠᠢ ᠮᠡᠷᠭᠡᠵᠢᠯᠲᠡᠨ᠎ᠠᠴᠠ ᠠᠵᠢᠯᠴᠢᠳ᠎ᠢ ᠴᠠᠭ ᠲᠤᠬᠠᠢ ᠳ᠋ᠣᠨ ᠳᠠᠭᠤᠳᠠᠨ ᠵᠣᠭᠰᠣᠭᠠᠵᠤ᠂ ᠨᠢᠭᠡ ᠤᠳᠠᠭᠠᠨ᠎ᠤ ᠪᠣᠯᠭᠣᠮᠵᠢ ᠦᠭᠡᠢ᠎ᠡᠴᠡ ᠪᠣᠯᠵᠤ ᠭᠠᠷᠴᠤ ᠮᠡᠳᠡᠬᠦ ᠡᠨᠳᠡᠯ᠎ᠡᠴᠡ ᠵᠠᠢᠯᠠᠰᠬᠢᠵᠡᠢ ᠃
        35 ᠡᠳᠦᠷ᠎ᠦᠨ ᠪᠠᠢᠴᠠᠭᠠᠨ ᠰᠤᠳᠤᠯᠤᠯᠲᠠ᠎ᠶᠢᠨ ᠬᠤᠭᠤᠴᠠᠭᠠᠨ᠎ᠳᠤ ᠂ ᠲᠤᠰᠬᠠᠢ ᠮᠡᠷᠭᠡᠵᠢᠯᠲᠡᠨ᠎ᠦ ᠳᠤᠭᠤᠢᠯᠠᠩ 172 ᠵᠦᠢᠯ᠎ᠦᠨ ᠳᠠᠯᠳᠠ ᠬᠡᠮ᠎ᠢ ᠪᠠᠢᠴᠠᠭᠠᠨ ᠭᠠᠷᠭᠠᠵᠤ ᠂ ᠠᠭᠤᠷᠬᠠᠢ᠎ᠶᠢᠨ ᠠᠵᠢᠯ ᠲᠥᠷᠥᠯ᠎ᠦᠨ ᠠᠵᠤ ᠠᠬᠤᠢᠯᠠᠯ᠎ᠤᠨ 《 ᠠᠶᠤᠯᠭᠦᠢ᠎ᠶᠢᠨ ᠦᠨᠳᠦᠰᠦᠨ ᠪᠠᠢᠳᠠᠯ 》᠎ᠢ ᠲᠣᠳᠣᠷᠬᠠᠢ ᠣᠢᠯᠠᠭᠠᠪᠠ ᠃ ᠡᠭᠦᠨ᠎ᠦ ᠳᠠᠷᠠᠭ᠎ᠠ ᠂ ᠶᠠᠷᠢᠯᠴᠠᠬᠤ ᠬᠤᠷᠠᠯ ᠬᠢᠬᠦ ᠂ ᠲᠥᠷᠥᠯ ᠬᠤᠪᠢᠶᠠᠨ ᠵᠠᠳᠠᠯᠬᠤ ᠂ ᠠᠰᠠᠭᠤᠳᠠᠯ᠎ᠢ ᠬᠠᠷᠢᠭᠤ ᠲᠤᠰᠬᠠᠬᠤ ᠵᠡᠷᠭᠡ ᠬᠡᠯᠪᠡᠷᠢ᠎ᠪᠡᠷ ᠠᠵᠤ ᠠᠬᠤᠢᠯᠠᠯ᠎ᠤᠨ ᠠᠮᠤᠷ ᠲᠦᠪᠰᠢᠨ᠎ᠦ ᠬᠠᠷᠢᠭᠤᠴᠠᠯᠭᠠᠲᠠᠨ᠎ᠲᠠᠢ ᠰᠠᠨᠠᠯ᠎ᠢᠶᠠᠨ ᠰᠣᠯᠢᠯᠴᠠᠵᠤ ᠂ ᠦᠢᠯᠡᠳᠪᠦᠷᠢᠯᠡᠯ᠎ᠦᠨ ᠲᠤᠬᠠᠢ᠎ᠶᠢᠨ ᠲᠠᠯᠠᠪᠤᠷ᠎ᠲᠤ ᠭᠦᠨᠵᠡᠭᠡᠢᠷᠡᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ ᠪᠢᠴᠢᠪᠡ᠃
        ᠳᠠᠭᠤ ᠱᠤᠤᠭᠢᠶᠠᠨ᠎ᠤ ᠪᠣᠬᠢᠷᠲᠤᠯ᠎ᠤᠨ ᠰᠡᠷᠭᠡᠢᠯᠡᠯᠲᠡ᠎ᠶᠢ ᠪᠠᠷᠢᠮᠵᠢᠶ᠎ᠠ᠎ᠳᠤ ᠬᠦᠷᠭᠡᠭᠰᠡᠨ ᠦᠭᠡᠢ᠂ ᠥᠨᠳᠥᠷ ᠭᠠᠵᠠᠷ᠎ᠲᠤ ᠠᠵᠢᠯᠯᠠᠬᠤ ᠨᠢ ᠵᠢᠷᠤᠮᠵᠢᠯ ᠦᠭᠡᠢ᠂ ᠪᠠᠴᠢᠮ ᠪᠠᠢᠳᠠᠯ᠎ᠢ ᠠᠷᠭᠠᠴᠠᠬᠤ ᠲᠥᠬᠦᠭᠡᠷᠦᠮᠵᠢ᠎ᠶᠢᠨ ᠬᠠᠮᠠᠭᠠᠯᠠᠯᠲᠠ ᠬᠣᠴᠣᠷᠤᠩᠭᠤᠢ ᠵᠡᠷᠭᠡ ᠨᠡᠢᠲᠡᠯᠢᠭ ᠴᠢᠨᠠᠷᠲᠠᠢ ᠠᠰᠠᠭᠤᠳᠠᠯ᠎ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ᠎ᠦ ᠪᠦᠯᠬᠦᠮ᠎ᠡᠴᠡ ᠰᠢᠰᠲᠧᠮ᠎ᠦᠨ ᠴᠢᠨᠠᠷᠲᠠᠢ 《 ᠡᠮ᠎ᠦᠨ ᠵᠣᠷ 》 ᠭᠠᠷᠭᠠᠵᠤ᠂ ᠠᠵᠤ ᠠᠬᠤᠢᠯᠠᠯ ᠨᠢᠭᠡᠪᠦᠷᠢ᠎ᠳᠦ 《 ᠨᠢᠭᠡ ᠠᠵᠤ ᠠᠬᠤᠢᠯᠠᠯ ᠨᠢᠭᠡ ᠠᠷᠭ᠎ᠠ ᠪᠣᠳᠣᠯᠭ᠎ᠠ 》 ᠵᠢᠨ ᠪᠣᠯᠪᠠᠰᠤᠷᠠᠯ᠎ᠤᠨ ᠠᠭᠤᠯᠭ᠎ᠠ᠎ᠶᠢ ᠲᠣᠭᠲᠠᠭᠠᠨ ᠥᠭᠴᠡᠢ᠃
        ᠤᠨᠢᠨ ᠳᠡᠭᠡᠷ᠎ᠡ ᠨᠢ ᠵᠢᠭᠠᠨ ᠰᠤᠷᠭᠠᠵᠤ ᠤᠷ᠎ᠠ ᠮᠡᠷᠭᠡᠵᠢᠯ᠎ᠢ ᠲᠡᠭᠡᠭᠰᠢᠯᠡᠬᠦᠯᠦᠨ᠎ᠡ
        ᠰᠢᠯᠢ᠎ᠶᠢᠨ ᠭᠣᠣᠯ ᠠᠢᠮᠠᠭ᠎ᠤᠨ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠡᠴᠡ ᠭᠤᠷᠪᠠᠳᠤᠭᠠᠷ ᠲᠥᠷᠥᠯ᠎ᠦᠨ ᠬᠥᠮᠥᠰ᠎ᠦᠨ ᠪᠣᠯᠪᠠᠰᠤᠷᠠᠯ᠎ᠤᠨ ᠴᠠᠭ᠎ᠤᠨ ᠣᠷᠳᠣ᠌᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠪᠠ ᠄ ᠠᠮᠤᠷ ᠲᠦᠪᠰᠢᠨ᠎ᠦ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠤ ᠪᠣᠯᠪᠠᠰᠤᠷᠠᠯ᠎ᠤᠨ ᠴᠠᠭ᠎ᠤᠨ ᠣᠷᠳᠣ᠌ ᠨᠢ 12 ᠬᠢᠴᠢᠶᠡᠯ᠎ᠦᠨ ᠴᠠᠭ ᠂ ᠠᠩᠭᠢ ᠳᠤᠭᠤᠢᠯᠠᠩ᠎ᠤᠨ ᠳᠠᠷᠤᠭ᠎ᠠ᠎ᠶᠢᠨ ᠪᠣᠯᠪᠠᠰᠤᠷᠠᠯ᠎ᠤᠨ ᠴᠠᠭ᠎ᠤᠨ ᠣᠷᠳᠣ᠌ ᠨᠢ 20 ᠬᠢᠴᠢᠶᠡᠯ᠎ᠦᠨ ᠴᠠᠭ ᠂ ᠰᠦᠯᠵᠢᠶᠡᠨ᠎ᠡᠴᠡ ᠭᠠᠳᠠᠭᠤᠷᠬᠢ ᠪᠣᠯᠪᠠᠰᠤᠷᠠᠯ᠎ᠤᠨ ᠴᠠᠭ᠎ᠤᠨ ᠣᠷᠳᠣ᠌ ᠨᠢ ᠶᠡᠷᠦᠩᠬᠡᠢ ᠴᠠᠭ᠎ᠤᠨ ᠣᠷᠳᠣ᠌᠎ᠶᠢᠨ 60%᠎ᠡᠴᠡ ᠳᠣᠣᠷ᠎ᠠ ᠪᠠᠢᠵᠤ ᠪᠣᠯᠬᠤ ᠦᠭᠡᠢ᠃
        7 ᠰᠠᠷ᠎ᠠ᠎ᠶᠢᠨ 19᠎ᠦ ᠡᠳᠦᠷ᠎ᠡᠴᠡ ᠡᠬᠢᠯᠡᠨ᠂ ᠲᠤᠰᠬᠠᠢ ᠮᠡᠷᠭᠡᠵᠢᠯᠲᠡᠨ᠎ᠦ ᠪᠦᠯᠬᠦᠮ ᠨᠢ ᠭᠤᠷᠪᠠᠳᠤᠭᠠᠷ ᠲᠥᠷᠥᠯ᠎ᠦᠨ ᠬᠥᠮᠥᠰ᠎ᠲᠦ ᠲᠤᠰᠬᠠᠢ ᠪᠣᠯᠪᠠᠰᠤᠷᠠᠯ ᠥᠷᠨᠢᠭᠦᠯᠪᠡ ᠃ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠴᠢᠶᠠᠨ ᠵᠢᠨ ᠳᠠ ᠠᠭᠤᠷᠬᠠᠢ᠎ᠶᠢᠨ ᠦᠢᠯᠡᠰ᠂ ᠮᠠ ᠶᠠ ᠽᠢ ᠱᠠᠨ ᠠᠭᠤᠷᠬᠠᠢ᠎ᠶᠢᠨ ᠦᠢᠯᠡᠰ᠂ ᠮᠢᠨ ᠯᠸ᠋ ᠪᠧᠢ ᠱᠠᠨ ᠠᠭᠤᠯᠠᠨ᠎ᠤ ᠬᠠᠢᠯᠤᠭᠤᠷ ᠵᠤᠩᠰᠢ᠎ᠶᠢᠨ ᠠᠭᠤᠷᠬᠠᠢ᠎ᠶᠢᠨ ᠦᠢᠯᠡᠰ ᠵᠡᠷᠭᠡ ᠠᠵᠤ ᠠᠬᠤᠢᠯᠠᠯ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠢᠳᠡᠪᠬᠢᠲᠡᠢ ᠣᠷᠣᠯᠴᠠᠪᠠ᠃
        ᠣᠨᠣᠯ᠎ᠤᠨ ᠪᠣᠯᠪᠠᠰᠤᠷᠠᠯ ᠨᠢ ᠠᠭᠤᠷᠬᠠᠢ᠎ᠶᠢᠨ ᠠᠵᠢᠯ ᠲᠥᠷᠥᠯ᠎ᠦᠨ ᠣᠨᠴᠠᠯᠢᠭ᠋᠎ᠲᠠᠢ ᠨᠢᠭ᠍ᠲᠠ ᠤᠶᠠᠯᠳᠤᠭᠤᠯᠤᠨ᠂ ᠲᠤᠰᠬᠠᠢ ᠮᠡᠷᠭᠡᠵᠢᠯᠲᠡᠨ᠎ᠡᠴᠡ ᠠᠭᠤᠷᠬᠠᠢ᠎ᠶᠢᠨ ᠬᠤᠳᠳᠤᠭ᠎ᠲᠤ ᠠᠵᠢᠯᠯᠠᠬᠤ ᠠᠮᠤᠷ ᠲᠦᠪᠰᠢᠨ᠎ᠦ ᠵᠢᠷᠤᠮᠵᠢᠯ ᠂ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠳᠤ ᠣᠷᠣᠯᠴᠠᠬᠤ ᠶᠠᠪᠤᠴᠠ ᠵᠡᠷᠭᠡ᠎ᠶᠢ ᠨᠠᠷᠢᠨ ᠲᠠᠢᠯᠪᠤᠷᠢᠯᠠᠪᠠ ᠃《 ᠠᠭᠤᠷᠬᠠᠢ᠎ᠶᠢᠨ ᠠᠵᠢᠯ᠎ᠤᠨ ᠣᠷᠴᠢᠨ ᠨᠥᠬᠥᠴᠡᠯ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠪᠣᠯᠬᠣᠷ ᠠᠵᠢᠯᠯᠠᠭᠠᠨ᠎ᠤ ᠨᠠᠷᠢᠨ ᠵᠦᠢᠯᠡᠰ ᠨᠢᠭᠡᠪᠦᠷᠢ ᠨᠢ ᠴᠥᠮ ᠦᠬᠦᠵᠦ ᠰᠡᠭᠡᠬᠦ᠎ᠳᠦ ᠬᠣᠯᠪᠣᠭᠳᠠᠵᠤ ᠮᠡᠳᠡᠨ᠎ᠡ 》 ᠭᠡᠵᠦ ᠨᠢᠭᠡᠨ ᠲᠤᠰᠬᠠᠢ ᠮᠡᠷᠭᠡᠵᠢᠯᠲᠡᠨ ᠢᠯᠡᠷᠬᠡᠢᠯᠡᠪᠡ ᠃
        ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠨᠢ ᠴᠦ᠍ ᠪᠣᠯᠪᠠᠰᠤᠷᠠᠯ᠎ᠳᠤ ᠣᠷᠣᠯᠴᠠᠭᠰᠠᠳ᠎ᠲᠤ ᠡᠯᠪᠡᠭ ᠳᠡᠯᠪᠡᠭ ᠣᠯᠣᠯᠲᠠ ᠣᠯᠭᠣᠭᠰᠠᠨ ᠪᠠᠢᠨ᠎ᠠ ᠃ ᠡᠮᠴᠢ ᠰᠤᠪᠢᠯᠠᠭ᠍ᠴᠢ᠎ᠶᠢᠨ ᠪᠠᠭ᠍ᠰᠢ 《 ᠬᠥᠮᠥᠨ ᠪᠣᠯᠭᠠᠨ ᠠᠮᠤᠷ ᠲᠦᠪᠰᠢᠨ᠎ᠢ ᠡᠷᠬᠢᠮᠯᠡᠵᠦ ᠂ ᠬᠥᠮᠥᠨ ᠪᠦᠷᠢ ᠪᠠᠴᠢᠮ ᠪᠠᠢᠳᠠᠯ᠎ᠢ ᠠᠷᠭᠠᠴᠠᠵᠤ ᠲᠡᠢᠯᠬᠦ ᠬᠡᠷᠡᠭᠲᠡᠢ 》 ᠭᠡᠵᠦ ᠱᠠᠭᠠᠷᠳᠠᠵᠤ ᠂ ᠰᠤᠷᠤᠭ᠍ᠴᠢᠳ ᠲᠤᠬᠠᠢ᠎ᠶᠢᠨ ᠲᠠᠯᠠᠪᠤᠷ᠎ᠲᠤ ᠵᠢᠷᠦᠬᠡ ᠠᠭᠤᠰᠬᠢ᠎ᠶᠢ ᠰᠡᠷᠭᠦᠭᠡᠬᠦ ᠂ ᠰᠢᠷᠬ᠎ᠠ᠎ᠶᠢ ᠪᠣᠭᠣᠬᠤ ᠵᠡᠷᠭᠡ ᠤᠷ᠎ᠠ ᠮᠡᠷᠭᠡᠵᠢᠯ᠎ᠢ ᠪᠣᠯᠪᠠᠰᠤᠷᠠᠵᠤ᠂ ᠲᠤᠰᠬᠠᠢ ᠮᠡᠷᠭᠡᠵᠢᠯᠲᠡᠨ᠎ᠡᠴᠡ ᠨᠢᠭᠡ ᠨᠢᠭᠡ᠎ᠪᠡᠷ ᠵᠢᠭᠠᠨ ᠵᠠᠯᠠᠷᠠᠭᠤᠯᠪᠠ᠃
        《 ᠥᠩᠭᠡᠷᠡᠭᠰᠡᠨ᠎ᠳᠦ ᠲᠤᠷᠰᠢᠯᠭ᠎ᠠ᠎ᠶᠢᠨ ᠶᠣᠰᠣᠭᠠᠷ ᠠᠵᠢᠯᠯᠠᠵᠤ ᠪᠠᠢᠭᠰᠠᠨ᠎ᠠᠴᠠ᠎ᠪᠠᠨ ᠣᠳᠣ᠌ ᠮᠠᠰᠢ ᠣᠯᠠᠨ ᠠᠵᠢᠯᠯᠠᠭ᠎ᠠ᠎ᠳᠤ ᠳᠠᠯᠳᠠ ᠭᠡᠮ ᠣᠷᠣᠰᠢᠵᠤ ᠪᠠᠢᠬᠤ᠎ᠶᠢ ᠣᠯᠵᠤ ᠮᠠᠲᠠᠵᠠᠢ ᠃ ᠠᠭᠤᠷᠬᠠᠢ᠎ᠶᠢᠨ ᠬᠤᠳᠳᠤᠭ᠎ᠤᠨ ᠲᠡᠭᠡᠭᠡᠪᠦᠷᠢ᠎ᠶᠢᠨ ᠳᠣᠬᠢᠶ᠎ᠠ᠎ᠶᠢ ᠨᠤᠲᠠᠯᠠᠬᠤ ᠶᠠᠪᠤᠴᠠ᠎ᠳᠤ ᠡᠢᠮᠦ ᠣᠯᠠᠨ ᠳᠦᠷᠢᠮᠵᠢᠭᠰᠡᠨ ᠱᠠᠭᠠᠷᠳᠠᠯᠭ᠎ᠠ᠎ᠲᠠᠢ ᠪᠠᠢᠨ᠎ᠠ 》 ᠭᠡᠵᠦ ᠴᠢᠶᠠᠨ ᠵᠢᠨ ᠳᠠ ᠠᠭᠤᠷᠬᠠᠢ᠎ᠶᠢᠨ ᠦᠢᠯᠡᠰ᠎ᠦᠨ ᠪᠣᠯᠪᠠᠰᠤᠷᠠᠯ᠎ᠳᠤ ᠣᠷᠣᠯᠴᠠᠭᠰᠠᠳ ᠭᠦᠨ ᠰᠡᠳᠬᠢᠭᠳᠡᠯ ᠲᠠᠢ᠎ᠪᠠᠷ ᠶᠠᠷᠢᠨ᠎ᠠ᠃
        ᠵᠢᠯᠣᠭᠣᠴᠢ᠎ᠶᠢᠨ ᠲᠤᠰᠬᠠᠢ ᠪᠣᠯᠪᠠᠰᠤᠷᠠᠯ ᠢᠯᠡᠳᠲᠡ ᠦᠷ᠎ᠡ ᠪᠦᠲᠦᠮᠵᠢ ᠣᠯᠪᠠ᠃ 6 ᠰᠠᠷ᠎ᠠ᠎ᠶᠢᠨ 19᠎ᠦ ᠡᠳᠦᠷ᠎ᠡᠴᠡ 7 ᠰᠠᠷ᠎ᠠ᠎ᠶᠢᠨ 14᠎ᠦ ᠡᠳᠦᠷ ᠪᠣᠯᠲᠠᠯ᠎ᠠ᠂ 20 ᠠᠵᠤ ᠠᠬᠤᠢᠯᠠᠯ᠎ᠤᠨ 496 ᠵᠢᠯᠣᠭᠣᠴᠢ ᠲᠤᠰᠬᠠᠢ ᠰᠡᠳᠦᠪᠲᠦ ᠪᠣᠯᠪᠠᠰᠤᠷᠠᠯ ᠭᠥᠷᠳᠡᠵᠦ ᠂ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠮᠡᠳᠡᠯᠭᠡ ᠂ ᠪᠠᠴᠢᠮ ᠪᠠᠢᠳᠠᠯ᠎ᠢ ᠠᠷᠭᠠᠴᠠᠬᠤ ᠵᠢᠯᠣᠭᠣᠳᠤᠮᠵᠢ ᠂ ᠰᠡᠷᠭᠡᠢᠯᠡᠯᠲᠡ᠎ᠶᠢᠨ ᠴᠢᠨᠠᠷᠲᠠᠢ ᠲᠡᠷᠭᠡ ᠵᠢᠯᠤᠭᠣᠳᠬᠤ ᠵᠡᠷᠭᠡ ᠠᠭᠤᠯᠭ᠎ᠠ᠎ᠶᠢ ᠪᠠᠭᠲᠠᠭᠠᠭᠰᠠᠨ ᠪᠠᠢᠨ᠎ᠠ ᠃ 《 ᠥᠩᠭᠡᠷᠡᠭᠰᠡᠨ᠎ᠳᠦ ᠲᠡᠷᠭᠡ ᠵᠢᠯᠤᠭᠣᠳᠬᠤ᠎ᠳᠠᠭᠠᠨ ᠢᠯᠡᠭᠦᠬᠡᠨ ᠠᠩᠬᠠᠷᠪᠠᠯ ᠪᠣᠯᠴᠢᠬᠠᠨ᠎ᠠ ᠭᠡᠵᠦ ᠪᠣᠳᠣᠵᠤ ᠪᠠᠢᠵᠠᠢ᠂ ᠣᠳᠣ᠌ ᠪᠠᠷᠠᠭ᠎ᠠ ᠲᠡᠭᠡᠭᠡᠵᠦ ᠪᠠᠭᠤᠯᠭᠠᠬᠤ ᠂ ᠲᠡᠷᠭᠡ ᠬᠥᠰᠬᠡ ᠪᠠᠢᠴᠠᠭᠠᠬᠤ᠎ᠳᠤ ᠴᠥᠮ ᠠᠵᠢᠯ᠎ᠠᠴᠠ ᠪᠣᠯᠤᠭᠰᠠᠨ ᠭᠡᠮᠲᠦᠯ᠎ᠦᠨ ᠠᠶᠤᠯ᠎ᠲᠠᠢ ᠭᠡᠳᠡᠭ᠎ᠢ ᠣᠢᠯᠠᠭᠠᠯ᠎ᠠ ᠃ 》 ᠪᠣᠯᠪᠠᠰᠤᠷᠠᠯ᠎ᠢ ᠥᠷᠨᠢᠭᠦᠯᠦᠭᠰᠡᠨ᠎ᠢᠶᠡᠷ ᠵᠢᠯᠣᠭᠣᠴᠢ ᠨᠠᠷ᠎ᠢ 《 ᠲᠤᠷᠰᠢᠯᠭ᠎ᠠ᠎ᠶᠢᠨ ᠦᠵᠡᠯ》᠎ᠡᠴᠡ 《 ᠵᠢᠷᠤᠮᠵᠢᠭᠤᠯᠤᠨ ᠠᠵᠢᠯᠯᠠᠭᠤᠯᠬᠤ 》 ᠲᠡᠢᠰᠢ ᠬᠤᠪᠢᠷᠠᠭᠤᠯᠤᠭᠰᠠᠨ ᠪᠠᠢᠨ᠎ᠠ᠃
        7 ᠰᠠᠷ᠎ᠠ᠎ᠶᠢᠨ 25᠎ᠤ ᠡᠳᠦᠷ᠂ ᠲᠤᠰᠬᠠᠢ ᠮᠡᠷᠭᠡᠵᠢᠯᠲᠡᠨ᠎ᠦ ᠪᠦᠯᠬᠦᠮ 《 ᠡᠷᠬᠢᠨ ᠬᠠᠷᠠᠬᠤ 》 ᠠᠵᠢᠯ᠎ᠤᠨ ᠱᠠᠯᠠᠪᠳᠠᠭᠤᠯᠤᠨ ᠵᠢᠯᠤᠭᠣᠳᠬᠤ ᠠᠵᠢᠯ᠎ᠢ ᠡᠬᠢᠯᠡᠭᠦᠯᠪᠡ ᠃ ᠬᠥᠪᠡᠭᠡᠲᠦ ᠰᠢᠷ᠎ᠠ ᠬᠣᠰᠢᠭᠤᠨ᠎ᠤ ᠮᠧᠩ ᠵᠢᠨ ᠠᠭᠤᠷᠬᠠᠢ᠎ᠶᠢᠨ ᠦᠢᠯᠡᠰ ᠨᠢ ᠠᠭᠤᠷᠬᠠᠢ᠎ᠶᠢᠨ ᠬᠤᠳᠳᠤᠭ᠎ᠲᠤ ᠠᠵᠢᠯᠯᠠᠵᠤ ᠪᠠᠢᠭ᠎ᠠ ᠬᠥᠮᠥᠰ᠎ᠲᠦ ᠳᠠᠭᠤ ᠱᠤᠤᠭᠢᠶᠠᠨ᠎ᠢ ᠪᠠᠭᠤᠷᠠᠭᠤᠯᠬᠤ ᠴᠢᠬᠢᠨ ᠪᠥᠭᠯᠡᠭᠡ ᠲᠣᠬᠢᠷᠠᠭᠤᠯᠵᠤ᠂ ᠳᠠᠭᠤ ᠱᠤᠤᠭᠢᠶᠠᠨ᠎ᠢ ᠪᠠᠷᠢᠮᠵᠢᠶ᠎ᠠ᠎ᠠᠴᠠ ᠬᠡᠲᠦᠷᠡᠭᠰᠡᠨ᠎ᠡᠴᠡ ᠲᠣᠭᠲᠠᠭᠠᠯ᠎ᠳᠤ ᠨᠡᠢᠴᠡᠬᠦ ᠬᠡᠪᠴᠢᠶᠡᠨ᠎ᠳᠦ ᠬᠦᠷᠲᠡᠯ᠎ᠡ ᠪᠠᠭᠤᠷᠠᠭᠤᠯᠪᠠ᠃ ᠭᠡᠪᠡᠴᠦ ᠲᠤᠰᠬᠠᠢ ᠮᠡᠷᠭᠡᠵᠢᠯᠲᠡᠨ ᠪᠠᠰᠠ ᠬᠤᠳᠳᠤᠭ ᠳᠣᠣᠷᠠᠬᠢ ᠠᠮᠢ ᠵᠢᠭᠤᠲᠠᠬᠤ ᠵᠠᠮ᠎ᠤᠨ ᠪᠠᠴᠢᠮ ᠪᠠᠢᠳᠠᠯ᠎ᠢ ᠠᠷᠭᠠᠴᠠᠬᠤ ᠭᠡᠷᠡᠯᠲᠦᠭᠦᠯᠭᠡ᠎ᠶᠢᠨ ᠳ᠋ᠧᠩ ᠡᠪᠳᠡᠷᠡᠭᠰᠡᠨ᠎ᠢ ᠣᠯᠵᠤ ᠮᠡᠳᠡᠭᠡᠳ ᠲᠡᠷᠡ ᠳᠠᠷᠤᠢ ᠳ᠋ᠤᠨᠢ 48 ᠴᠠᠭ᠎ᠤᠨ ᠳᠣᠲᠣᠷ᠎ᠠ ᠰᠣᠯᠢᠬᠤ ᠬᠡᠷᠡᠭᠲᠡᠢ ᠭᠡᠵᠦ ᠱᠠᠭᠠᠷᠳᠠᠵᠠᠢ᠃
        ᠰᠥᠨᠢᠳ᠎ᠦᠨ ᠵᠢᠨ ᠰᠢ ᠰᠢᠵᠢᠷ ᠠᠯᠲᠠᠨ᠎ᠤ ᠠᠭᠤᠷᠬᠠᠢ᠎ᠶᠢᠨ ᠦᠢᠯᠡᠰ᠎ᠦᠨ ᠬᠠᠷᠢᠭᠤ ᠰᠣᠷᠪᠤᠯᠵᠢᠯᠠᠭ᠎ᠠ᠎ᠳᠤ ᠂ ᠲᠤᠰᠬᠠᠢ ᠮᠡᠷᠭᠡᠵᠢᠯᠲᠡᠨ᠎ᠡᠴᠡ ᠄ 《 ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠪᠣᠯᠪᠠᠰᠤᠷᠠᠯ᠎ᠢ ᠴᠢᠩᠭᠠᠳᠬᠠᠵᠤ ᠂ ᠠᠵᠢᠯ᠎ᠤᠨ ᠪᠠᠢᠷᠢ᠎ᠶᠢ ᠡᠭᠡᠯᠵᠢᠯᠡᠨ ᠰᠣᠯᠢᠬᠤ ᠠᠵᠢᠯ᠎ᠢ ᠰᠠᠢᠲᠤᠷ ᠬᠢᠵᠦ ᠂ ᠠᠵᠢᠯ᠎ᠳᠤ ᠭᠠᠷᠬᠤ ᠪᠠ ᠠᠵᠢᠯ᠎ᠠᠴᠠ ᠪᠠᠭᠤᠬᠤ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠴᠢᠬᠤᠯᠠᠴᠢᠯᠠᠨ ᠂ ᠰᠥᠨᠢ᠎ᠶᠢᠨ ᠡᠭᠡᠯᠵᠢ᠎ᠶᠢᠨ ᠠᠵᠢᠯᠲᠠᠨ ᠠᠵᠢᠯᠴᠢᠨ᠎ᠳᠤ ᠬᠡᠷᠡᠯ ᠣᠢᠬᠤ ᠡᠯᠢᠭᠡᠪᠴᠢ ᠲᠣᠬᠢᠷᠠᠭᠤᠯᠵᠤ ᠥᠭᠬᠦ ᠬᠡᠷᠡᠭᠲᠡᠢ 》 ᠭᠡᠵᠦ ᠵᠢᠭᠠᠨ ᠵᠢᠯᠣᠭᠣᠳᠪᠠ᠃
        《 ᠠᠷᠪᠠ᠎ᠶᠢ ᠰᠡᠷᠭᠡᠢᠯᠡᠵᠦ ᠶᠢᠰᠦ᠎ᠶᠢ ᠬᠣᠭᠣᠰᠤᠨ ᠪᠠᠢᠯᠭᠠᠬᠤ᠎ᠠᠴᠠ ᠪᠢᠰᠢ᠂ ᠪᠡᠯᠡᠳᠬᠡᠯ ᠦᠭᠡᠢ᠎ᠪᠠᠷ ᠬᠡᠷᠡᠭᠯᠡᠵᠦ ᠪᠣᠯᠬᠤ ᠦᠭᠡᠢ᠂ ᠡ᠊ᠨᠳᠡᠯ᠎ᠢ ᠬᠣᠷᠢᠭ᠍ᠯᠠᠨ ᠵᠣᠭᠰᠤᠭᠠᠬᠤ ᠬᠠᠮᠤᠭ᠎ᠤᠨ ᠰᠠᠢᠨ ᠠᠷᠭ᠎ᠠ ᠪᠣᠯ ᠤᠷᠢᠳᠴᠢᠯᠠᠨ ᠰᠡᠷᠭᠡᠢᠯᠡᠬᠦ ᠶᠠᠪᠤᠳᠠᠯ ᠪᠣᠯᠣᠨ᠎ᠠ᠂ ᠬᠠᠮᠤᠭ᠎ᠤᠨ ᠰᠠᠢᠨ ᠴᠠᠭ ᠲᠣᠬᠢᠶᠠᠯ ᠪᠣᠯ ᠡᠩ᠎ᠦᠨ ᠴᠠᠭ ᠪᠣᠯᠣᠨ᠎ᠠ᠃ 》 ᠭᠡᠬᠦ ᠮᠧᠩ ᠵᠢᠨ ᠠᠭᠤᠷᠬᠠᠢ᠎ᠶᠢᠨ ᠦᠢᠯᠡᠰ᠎ᠦᠨ ᠬᠠᠷᠢᠭᠤᠴᠠᠯᠭᠠᠲᠠᠨ᠎ᠤ ᠶᠠᠷᠢᠶ᠎ᠠ ᠨᠢ ᠠᠵᠤ ᠠᠬᠤᠢᠯᠠᠯ᠎ᠤᠨ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠲᠤᠬᠠᠢ ᠲᠠᠨᠢᠯᠲᠠ ᠭᠦᠨᠵᠡᠭᠡᠢᠷᠡᠭᠰᠡᠨ᠎ᠢ ᠬᠠᠷᠠᠭᠤᠯᠵᠤ ᠪᠠᠢᠨ᠎ᠠ᠃
ᠵᠢᠱ᠌ᠢᠶ᠎ᠡ ᠦᠵᠡᠭᠦᠯᠦᠨ ᠳᠠᠭᠠᠭᠤᠯᠵᠤ ᠬᠡᠪ ᠪᠠᠷᠢᠮᠵᠢᠶ᠎ᠠ᠎ᠶᠢ ᠲᠣᠭᠲᠠᠭᠠᠨ᠎ᠠ
        8 ᠰᠠᠷ᠎ᠠ᠎ᠶᠢᠨ 15᠎ᠤ ᠡᠳᠦᠷ᠂ 《 ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ ᠲᠠᠨ᠎ᠲᠠᠢ ᠬᠠᠮᠲᠤ》 ᠭᠡᠬᠦ ᠭᠣᠣᠯ ᠰᠡᠳᠦᠪᠲᠦ ᠲᠤᠰᠬᠠᠢ ᠰᠡᠳᠦᠪᠲᠦ ᠪᠣᠯᠪᠠᠰᠤᠷᠠᠯ ᠲᠠᠢᠹᠤᠰᠧ ᠬᠣᠰᠢᠭᠤᠨ᠎ᠤ ᠪᠠᠢ ᠬᠣᠶ ᠱᠧᠩ ᠰᠢᠬᠢᠷ᠎ᠦᠨ ᠦᠢᠯᠡᠰ᠎ᠲᠦ ᠶᠠᠪᠤᠭᠳᠠᠵᠤ᠂ 21 ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃
        《ᠥᠩᠭᠡᠷᠡᠭᠰᠡᠨ᠎ᠳᠦ ᠠᠮᠤᠷ ᠲᠦᠪᠰᠢᠨ᠎ᠦ ᠪᠡᠯᠡ ᠣᠷᠣᠭᠤᠯᠤᠯᠲᠠ ᠪᠣᠯ ᠥᠪᠡᠷ᠎ᠦᠨ ᠥᠷᠲᠡᠭ ᠶᠡᠬᠡ ᠭᠡᠵᠦ ᠦᠵᠡᠵᠦ ᠪᠠᠢᠪᠠ ᠂ ᠣᠳᠣ᠌ ᠠᠮᠤᠷ ᠲᠦᠪᠰᠢᠨ᠎ᠦ ᠪᠡᠯᠡ ᠣᠷᠣᠭᠤᠯᠤᠯᠲᠠ ᠪᠣᠯ ᠬᠠᠮᠤᠭ᠎ᠤᠨ ᠶᠡᠬᠡ ᠦᠷ᠎ᠡ ᠠᠰᠢᠭ᠋ ᠮᠥᠨ ᠭᠡᠳᠡᠭ᠎ᠢ ᠣᠢᠯᠠᠭᠠᠵᠠᠢ !》 ᠭᠡᠵᠦ ᠪᠣᠯᠪᠠᠰᠤᠷᠠᠯ᠎ᠤᠨ ᠬᠤᠭᠤᠴᠠᠭᠠᠨ᠎ᠳᠤ᠂ ᠲᠠᠢᠹᠤᠰᠧ ᠬᠣᠰᠢᠭᠤᠨ᠎ᠤ ᠪᠠᠢ ᠬᠤᠢ ᠱᠧᠩ ᠰᠢᠬᠢᠷ᠎ᠦᠨ ᠦᠢᠯᠡᠰ᠎ᠦᠨ ᠬᠠᠷᠢᠭᠤᠴᠠᠯᠭᠠᠲᠠᠨ ᠰᠡᠳᠬᠢᠯ ᠬᠥᠳᠡᠯᠦᠨ ᠬᠡᠯᠡᠪᠡ᠃ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠦᠨ ᠤᠳᠤᠷᠢᠳᠤᠯᠭ᠎ᠠ ᠢᠯᠡᠷᠬᠡᠢᠯᠡᠬᠦ᠎ᠳᠡᠭᠡᠨ ᠄ 《 ᠠᠮᠤᠷ ᠲᠦᠪᠰᠢᠨ ᠪᠣᠯ ᠬᠥᠭᠵᠢᠯᠲᠡ᠎ᠶᠢᠨ ᠤᠷᠢᠲᠠᠯ ᠪᠠ ᠰᠠᠭᠤᠷᠢ ᠮᠥᠨ ᠂ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ᠂ ᠠᠶᠤᠯᠭᠦᠢ ᠦᠢᠯᠡᠳᠪᠦᠷᠢᠯᠡᠯ᠎ᠢ ᠠᠳᠬᠤᠬᠤ ᠪᠣᠯ ᠠᠷᠠᠳ᠎ᠤᠨ ᠠᠮᠢᠳᠤᠷᠠᠯ᠎ᠢ ᠪᠠᠲᠤᠯᠠᠬᠤ ᠮᠥᠷᠲᠡᠭᠡᠨ ᠬᠥᠭᠵᠢᠯᠲᠡ᠎ᠶᠢ ᠴᠦ᠍ ᠪᠠᠲᠤᠯᠠᠬᠤ ᠶᠠᠪᠤᠳᠠᠯ ᠮᠥᠨ 》 ᠭᠡᠵᠡᠢ᠃
        ᠪᠣᠯᠪᠠᠰᠤᠷᠠᠭᠤᠯᠬᠤ ᠬᠤᠭᠤᠴᠠᠭᠠᠨ᠎ᠳᠤ ᠠᠵᠤ ᠠᠬᠤᠢᠯᠠᠯ᠎ᠤᠨ ᠲᠥᠯᠥᠭᠡᠯᠡᠭᠴᠢᠳ ᠢᠳᠡᠪᠬᠢᠲᠡᠢ᠎ᠪᠡᠷ ᠶᠠᠷᠢᠯᠴᠠᠵᠤ ᠂ ᠢᠳᠡᠪᠬᠢᠲᠡᠢ᠎ᠪᠡᠷ ᠠᠰᠠᠭᠤᠯᠲᠠ ᠠᠰᠠᠭᠤᠭᠰᠠᠨ᠎ᠳᠤ ᠲᠤᠰᠬᠠᠢ ᠮᠡᠷᠭᠡᠵᠢᠯᠲᠡᠳ ᠨᠢᠭᠡᠳ ᠨᠢᠭᠡ᠎ᠪᠡᠷ ᠬᠠᠷᠢᠭᠤᠯᠲᠠ ᠥᠭᠴᠡᠢ᠃
        ᠡᠭᠦᠨ᠎ᠡᠴᠡ ᠭᠠᠳᠠᠨ᠎ᠠ ᠂ ᠰᠢᠯᠢ᠎ᠶᠢᠨ ᠭᠣᠣᠯ ᠠᠢᠮᠠᠭ᠎ᠤᠨ ᠬᠢᠨ ᠪᠦᠬᠦ ᠲᠠᠯ᠎ᠠ᠎ᠶᠢᠨ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠤᠬᠠᠭᠤᠯᠭ᠎ᠠ᠎ᠶᠢᠨ ᠵᠢᠭ᠍ᠰᠠᠭᠠᠯ᠎ᠢ ᠪᠠᠢᠭᠤᠯᠵᠤ ᠂ ᠤᠬᠠᠭᠤᠯᠭ᠎ᠠ᠎ᠶᠢᠨ ᠹᠢᠯᠢᠮ᠂ ᠳ᠋ᠦᠩᠨᠡᠯᠲᠡ᠎ᠶᠢᠨ ᠹᠢᠯᠢᠮ᠎ᠢ ᠲᠣᠰᠪᠣᠷᠢ 1 ᠦᠢᠯᠡᠳᠴᠦ᠂ ᠲᠠᠢᠯᠤᠮᠵᠢ ᠸᠢᠳᠢᠤ᠋᠂ ᠨᠡᠶ᠋ᠢᠲᠡ᠎ᠶᠢᠨ ᠠᠰᠠᠷᠠᠮᠵᠢ᠎ᠶᠢᠨ ᠵᠠᠷ ᠮᠡᠳᠡᠭᠡ᠎ᠶᠢ ᠲᠣᠰᠪᠣᠷᠢ 2 ᠦᠢᠯᠡᠳᠴᠦ᠂ ᠲᠧᠯᠸᠢᠰ ᠬᠣᠷᠢᠶ᠎ᠠ ᠵᠠᠯᠭᠠᠭ᠎ᠠ᠎ᠪᠠᠷ 20 ᠡᠳᠦᠷ ᠨᠡᠶ᠋ᠢᠲᠡ᠎ᠶᠢᠨ ᠠᠰᠠᠷᠠᠮᠵᠢ᠎ᠶᠢᠨ ᠵᠠᠷ ᠮᠡᠳᠡᠭᠡ᠎ᠶᠢ ᠨᠠᠪᠲᠠᠷᠡᠭᠦᠯᠵᠦ᠂ ᠰᠦᠯᠵᠢᠶᠡᠨ᠎ᠦ ᠲᠠᠨᠢᠯᠴᠠᠭᠤᠯᠭ᠎ᠠ᠎ᠶᠢᠨ ᠪᠢᠴᠢᠭ᠎ᠢ 30 ᠭᠠᠷᠤᠢ ᠨᠡᠢᠲᠡᠯᠡᠵᠦ᠂ ᠵᠠᠰᠠᠭ᠎ᠤᠨ ᠣᠷᠳᠣᠨ᠎ᠢᠶᠠᠷ ᠭᠣᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ᠂ ᠨᠡᠢᠭᠡᠮ᠎ᠦᠨ ᠬᠢᠨ ᠣᠷᠣᠯᠴᠠᠭᠰᠠᠨ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠠᠵᠢᠯ᠎ᠤᠨ ᠪᠠᠢᠷᠢᠰᠢᠯ᠎ᠢ ᠪᠠᠢᠭᠤᠯᠵᠤ᠂ ᠠᠵᠤ ᠠᠬᠤᠢᠯᠠᠯ᠎ᠤᠨ 《 ᠢᠳᠡᠪᠬᠢ ᠪᠤᠰᠤ ᠰᠡᠷᠭᠡᠢᠯᠡᠯᠲᠡ 》 ᠡᠴᠡ  《 ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠢᠯᠡᠬᠦ 》 ᠪᠣᠯᠭᠠᠨ ᠬᠤᠪᠢᠷᠠᠭᠤᠯᠬᠤ᠎ᠶᠢ ᠠᠬᠢᠭᠤᠯᠪᠠ᠃
        《 ᠪᠢᠳᠡ ᠭᠣᠣᠯᠳᠠᠯᠭ᠎ᠠ᠎ᠲᠠᠢ ᠠᠵᠢᠯ ᠲᠥᠷᠥᠯ ᠂ ᠠᠵᠤ ᠠᠬᠤᠢᠯᠠᠯ ᠪᠠ ᠭᠣᠣᠯᠳᠠᠯᠭ᠎ᠠ᠎ᠲᠠᠢ ᠠᠵᠢᠯᠲᠠᠨ᠎ᠤ ᠪᠣᠯᠪᠠᠰᠤᠷᠠᠯ᠎ᠢ ᠦᠷᠭᠦᠯᠵᠢᠯᠡᠨ ᠠᠬᠢᠭᠤᠯᠵᠤ ᠂ ᠪᠥᠬᠥ ᠠᠢᠮᠠᠭ᠎ᠤᠨ ᠠᠵᠤ ᠠᠬᠤᠢᠯᠠᠯ᠎ᠤᠨ ᠠᠮᠤᠷ ᠲᠦᠪᠰᠢᠨ ᠬᠥᠭᠵᠢᠯᠲᠡ᠎ᠳᠦ ᠬᠥᠮᠥᠨ᠎ᠤ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ ᠴᠢᠳᠠᠯ᠎ᠢᠶᠠᠨ ᠨᠡᠮᠡᠷᠢᠯᠡᠨ᠎ᠡ 》 ᠭᠡᠵᠦ ᠰᠢᠯᠢ᠎ᠶᠢᠨ ᠭᠣᠣᠯ ᠠᠢᠮᠠᠭ᠎ᠤᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            