ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠬᠥᠬᠡᠬᠣᠲᠠ ᠄ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ 《 ᠵᠢᠵᠢᠭ ᠴᠣᠩᠬᠣᠪᠴᠢ 》᠎ᠪᠠᠷ ᠠᠷᠠᠳ᠎ᠤᠨ ᠠᠮᠢᠳᠤᠷᠠᠯ᠎ᠤᠨ 《 ᠲᠣᠮᠣ᠌ ᠶᠠᠪᠤᠳᠠᠯ 》᠎ᠢ ᠰᠠᠢᠲᠤᠷ ᠬᠢᠨ᠎ᠡ
ᠨᠡᠶ᠋ᠢᠲᠡᠯᠡᠭᠰᠡᠨ ᠴᠠᠭ᠄ 2025-11-14

      ᠨᠡᠢᠭᠡᠮ᠎ᠦᠨ ᠳᠠᠭᠠᠳᠬᠠᠯ᠎ᠤᠨ ᠭᠠᠷᠲᠠᠨ ᠭᠦᠢᠴᠡᠳᠬᠡᠬᠦ ᠴᠣᠩᠬᠣᠪᠴᠢ ᠨᠢ᠂ ᠨᠢᠭᠡ ᠲᠠᠯ᠎ᠠ᠎ᠪᠠᠷ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠲᠠᠢ ᠬᠣᠯᠪᠣᠭᠳᠠᠵᠤ᠂ ᠨᠥᠭᠥᠭᠡ ᠲᠠᠯ᠎ᠠ᠎ᠪᠠᠷ ᠲᠦᠭ ᠲᠦᠮᠡᠨ ᠠᠢᠯ ᠡᠷᠦᠬᠡ᠎ᠶᠢᠨ 《 ᠨᠠᠰᠤᠵᠢᠯ᠎ᠤᠨ ᠠᠰᠠᠷᠠᠮᠵᠢ᠎ᠶᠢᠨ ᠮᠥᠩᠭᠥ 》 《 ᠠᠮᠢ ᠠᠪᠤᠷᠠᠬᠤ ᠮᠥᠩᠭᠥ 》 ᠲᠠᠢ ᠬᠣᠯᠪᠣᠭᠳᠠᠵᠤ ᠪᠠᠢᠳᠠᠭ᠂ ᠣᠯᠭᠣᠮᠵᠢ ᠬᠠᠷᠠᠭᠠᠯᠵᠠᠯ ᠣᠯᠭᠣᠬᠤ ᠶᠠᠪᠤᠳᠠᠯ ᠨᠢᠭᠡᠪᠦᠷᠢ ᠨᠢ ᠴᠥᠮ ᠭᠡᠷ ᠪᠦᠯᠢ᠎ᠶᠢᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠳᠠᠭ ᠃ ᠣᠢᠷ᠎ᠠ᠎ᠶᠢᠨ ᠵᠢᠯ᠎ᠦᠳ᠎ᠲᠦ ᠂ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ ᠨᠢ ᠰᠤᠷᠲᠠᠯ᠎ᠢ ᠬᠤᠪᠢᠷᠠᠭᠤᠯᠬᠤ᠎ᠪᠠᠷ ᠰᠢᠪᠲᠤᠯᠤᠯᠲᠠ᠎ᠶᠢᠨ ᠴᠡᠭ ᠪᠣᠯᠭᠠᠵᠤ᠂ ᠦᠢᠯᠡᠴᠢᠯᠡᠭᠡ᠎ᠶᠢ 《 ᠬᠠᠮᠢᠶᠠᠷᠤᠭ᠍ᠴᠢ᠎ᠶᠢᠨ ᠰᠡᠳᠬᠢᠬᠦᠢ 》᠎ᠡᠴᠡ 《 ᠦᠢᠯᠡᠴᠢᠯᠡᠭᠴᠢ᠎ᠶᠢᠨ ᠪᠠᠢᠷᠢ ᠲᠣᠭᠲᠠᠭᠠᠯᠲᠠ 》  ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ ᠂ ᠭᠠᠷᠲᠠᠨ ᠭᠦᠢᠴᠡᠳᠬᠡᠬᠦ ᠰᠤᠷᠲᠠᠯ᠎ᠤᠨ 《 ᠵᠢᠵᠢᠭ ᠠᠰᠠᠭᠤᠳᠠᠯ 》᠎ᠢᠶᠠᠷ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶᠢᠨ 《 ᠶᠡᠬᠡ ᠶᠠᠪᠤᠳᠠᠯ 》 ᠎ᠢ ᠰᠠᠢᠲᠤᠷ ᠬᠢᠵᠦ ᠂ ᠣᠯᠠᠨ ᠲᠦᠮᠡᠨ᠎ᠳᠦ ᠤᠳᠠᠭ᠎ᠠ ᠪᠦᠷᠢ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ᠎ᠦ ᠳᠤᠮᠳᠠ᠎ᠠᠴᠠ ᠬᠠᠯᠠᠮᠵᠢᠯᠠᠯ ᠪᠠ ᠬᠠᠢᠷ᠎ᠠ ᠬᠠᠯᠠᠮᠵᠢ᠎ᠶᠢ ᠬᠦᠷᠲᠡᠭᠡᠭᠰᠡᠨ ᠪᠠᠢᠨ᠎ᠠ᠃
      ᠰᠢᠨᠡᠴᠢᠯᠡᠯᠲᠡ ᠄ 《 ᠭᠡᠷ᠎ᠲᠡᠬᠡᠨ ᠬᠦᠯᠢᠶᠡᠵᠦ ᠰᠠᠭᠤᠬᠤ 》 ᠎ᠠᠴᠠ 《 ᠵᠠᠢ ᠵᠠᠪᠰᠠᠷ ᠦᠭᠡᠢ ᠦᠢᠯᠡᠴᠢᠯᠡᠬᠦ 》 ᠬᠦᠷᠲᠡᠯ᠎ᠡ
      《 ᠥᠩᠭᠡᠷᠡᠭᠰᠡᠨ᠎ᠳᠦ ᠨᠡᠢᠭᠡᠮ᠎ᠦᠨ ᠳᠠᠭᠠᠳᠬᠠᠯ᠎ᠢ ᠭᠦᠢᠴᠡᠳᠬᠡᠬᠦ᠎ᠳᠦ ᠬᠡᠳᠦ ᠤᠳᠠᠭ᠎ᠠ ᠭᠦᠶᠦᠳᠡᠭ ᠪᠠᠢᠵᠠᠢ ᠂ ᠣᠳᠣ᠌ ᠠᠵᠢᠯᠲᠠᠳ ᠰᠠᠨᠠᠭᠠᠴᠢᠯᠠᠭ᠎ᠠ᠎ᠠᠴᠠ᠎ᠪᠠᠨ ᠭᠡᠷ᠎ᠲᠦ ᠢᠷᠡᠵᠦ ᠭᠦᠢᠴᠡᠳᠬᠡᠵᠦ ᠥᠭᠬᠦ ᠪᠣᠯᠵᠠᠢ ᠂ ᠡᠨᠡ ᠨᠢ ᠦᠨᠡᠬᠡᠷ ᠳᠣᠲᠣᠨᠣ᠌ ᠰᠠᠨᠠᠭᠳᠠᠵᠤ ᠪᠠᠢᠨ᠎ᠠ ! 》 ᠢᠦᠢ ᠴᠢᠤᠸᠠᠨ ᠲᠣᠭᠣᠷᠢᠭ᠋᠎ᠲᠤ ᠰᠠᠭᠤᠵᠤ ᠪᠠᠢᠭ᠎ᠠ ᠵᠠᠩ ᠨᠠᠰᠤᠲᠠᠨ ᠶᠠᠪᠤᠵᠤ ᠰᠠᠭᠤᠬᠤ᠎ᠳᠤ ᠳᠥᠭᠥᠮ ᠦᠭᠡᠢ ᠪᠣᠯᠬᠣᠷ ᠬᠥᠬᠡᠬᠣᠲᠠ᠎ᠶᠢᠨ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ 《 ᠭᠡᠷᠡᠴᠢᠯᠡᠯ᠎ᠦᠨ ᠦᠢᠯᠡᠴᠢᠯᠡᠭᠡᠨ᠎ᠦ ᠰᠠᠯᠪᠤᠷᠢ ᠪᠠᠭ᠎ᠠ ᠠᠩᠭᠢ 》 ᠲᠤᠰᠬᠠᠢᠯᠠᠨ ᠭᠡᠷ ᠲᠦ᠍ᠨᠢ ᠬᠦᠷᠴᠦ ᠲᠡᠭᠦᠨ᠎ᠳᠦ ᠨᠡᠢᠭᠡᠮ᠎ᠦᠨ ᠳᠠᠭᠠᠳᠬᠠᠯ᠎ᠤᠨ ᠣᠯᠭᠣᠮᠵᠢ ᠬᠠᠷᠠᠭᠠᠯᠵᠠᠯ᠎ᠤᠨ ᠬᠢᠷᠢ ᠬᠡᠮ᠎ᠦᠨ ᠭᠡᠷᠡᠴᠢᠯᠡᠯ ᠬᠢᠵᠦ ᠥᠭᠴᠡᠢ ᠃ ᠡᠢᠮᠦᠷᠬᠦᠦ ᠪᠠᠢᠳᠠᠯ ᠨᠢ ᠨᠢᠭᠡᠨᠲᠡ ᠪᠥᠬᠥ ᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠬᠡᠪ᠎ᠦᠨ ᠪᠠᠢᠳᠠᠯ ᠪᠣᠯᠤᠭᠰᠠᠨ ᠪᠠᠢᠨ᠎ᠠ᠃
      ᠡᠨᠡ ᠵᠢᠯ᠎ᠦᠨ 7 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠂ ᠡᠳ᠋᠎ᠦᠨ ᠵᠠᠰᠠᠭ᠎ᠤᠨ ᠲᠢᠩᠬᠢᠮ᠎ᠡᠴᠡ 2025 ᠣᠨ᠎ᠳᠤ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠳᠦ ᠲᠣᠬᠢᠷᠠᠭᠤᠯᠤᠯᠲᠠ ᠬᠢᠬᠦ ᠮᠡᠳᠡᠭᠳᠡᠯ ᠨᠡᠢᠲᠡᠯᠡᠵᠦ ᠂ ᠬᠥᠬᠡᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠦᠨ ᠬᠢᠨ ᠠᠷᠠᠳ᠎ᠤᠨ ᠠᠮᠢᠳᠤᠷᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ ᠲᠦᠷᠭᠡᠨ ᠰᠢᠢᠳᠪᠦᠷᠢᠯᠡᠵᠦ ᠂ ᠬᠣᠶᠠᠷᠬᠠᠨ ᠡᠳᠦᠷ᠎ᠦᠨ ᠳᠣᠲᠣᠷ᠎ᠠ 32 ᠲᠦᠮᠡᠨ ᠠᠵᠢᠯ᠎ᠠᠴᠠ᠎ᠪᠠᠨ ᠠᠮᠠᠷᠠᠭᠰᠠᠨ ᠠᠵᠢᠯᠲᠠᠨ ᠠᠵᠢᠯᠴᠢᠨ᠎ᠤ ᠣᠯᠭᠣᠮᠵᠢ ᠬᠠᠷᠠᠭᠠᠯᠵᠠᠯ᠎ᠳᠤ ᠲᠣᠬᠢᠷᠠᠭᠤᠯᠤᠯᠲᠠ ᠬᠢᠬᠦ᠎ᠶᠢᠨ ᠬᠠᠮᠲᠤ ᠭᠦᠢᠴᠡᠳ ᠲᠣᠭ᠎ᠠ᠎ᠪᠠᠷ ᠲᠠᠷᠬᠠᠭᠠᠵᠤ ᠂ ᠵᠡᠷᠭᠡ᠎ᠪᠡᠷ ᠲᠤᠰᠬᠠᠢ ᠬᠥᠮᠥᠨ ᠲᠣᠬᠢᠷᠠᠭᠤᠯᠤᠨ ᠲᠥᠷᠥ᠎ᠶᠢᠨ ᠪᠣᠳᠣᠯᠭ᠎ᠠ᠎ᠶᠢᠨ ᠠᠰᠠᠭᠤᠯᠲᠠ᠎ᠳᠤ ᠬᠠᠷᠢᠭᠤᠯᠲᠠ ᠥᠭᠴᠦ ᠂ ᠲᠣᠬᠢᠷᠠᠭᠤᠯᠤᠯᠲᠠ᠎ᠶᠢᠨ ᠨᠠᠷᠢᠨ ᠲᠠᠩᠰᠠ᠎ᠶᠢ ᠳᠠᠷᠤᠮᠠᠯᠯᠠᠵᠤ ᠂ 《 ᠨᠢᠭᠡ ᠡᠳᠦᠷ᠎ᠢ ᠴᠦ᠍ ᠬᠣᠢᠰᠢᠯᠠᠭᠤᠯᠬᠤ ᠦᠭᠡᠢ ᠂ ᠨᠢᠭᠡ ᠬᠥᠮᠥᠨ᠎ᠢ ᠴᠦ᠍ ᠣᠷᠬᠢᠭ᠍ᠳᠠᠭᠤᠯᠬᠤ ᠦᠭᠡᠢ ᠂ ᠨᠢᠭᠡ ᠮᠥᠩᠭᠥ ᠴᠦ᠍ ᠥᠷᠢᠲᠦᠬᠦ ᠦᠭᠡᠢ 》 ᠪᠠᠢᠬᠤ᠎ᠶᠢ ᠪᠡᠶᠡᠯᠡᠭᠦᠯᠵᠡᠢ᠃
      ᠦᠢᠯᠡᠴᠢᠯᠡᠭᠡᠨ᠎ᠦ 《 ᠡᠴᠦᠰ᠎ᠦᠨ ᠨᠢᠭᠡ ᠺᠢᠯᠣᠮᠧᠲᠷ 》᠎ᠢ ᠨᠡᠪᠲᠡᠷᠡᠭᠦᠯᠬᠦ᠎ᠶᠢᠨ ᠲᠥᠯᠥᠭᠡ ᠂ ᠬᠥᠬᠡᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠦᠨ ᠬᠢᠨ 《 ᠬᠥᠬᠡᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠰᠡᠳᠬᠢᠯ᠎ᠦᠨ ᠦᠢᠯᠡᠴᠢᠯᠡᠭᠡ》᠎ᠶᠢᠨ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ ᠂ ᠦᠢᠯᠡᠴᠢᠯᠡᠭᠡ᠎ᠶᠢ ᠪᠠᠩᠬᠢ᠎ᠶᠢᠨ ᠲᠣᠣᠷ ᠴᠡᠭ ᠂ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠥᠷᠲᠡᠭᠡ ᠵᠢᠴᠢ ᠴᠡᠴᠡᠷᠯᠢᠭ ᠂ ᠥᠷᠯᠥᠭᠡ᠎ᠶᠢᠨ ᠵᠠᠬ᠎ᠠ ᠳᠡᠯᠭᠡᠭᠦᠷ ᠵᠡᠷᠭᠡ᠎ᠳᠦ ᠬᠦᠷᠲᠡᠯ᠎ᠡ ᠦᠷᠭᠦᠯᠵᠢᠯᠡᠭᠦᠯᠵᠦ᠂ ᠣᠯᠠᠨ ᠲᠦᠮᠡᠨ᠎ᠳᠦ 《 ᠨᠣᠭᠣᠭ᠎ᠠ ᠬᠤᠳᠠᠯᠳᠤᠨ ᠠᠪᠬᠤ ᠵᠠᠮ᠎ᠳᠠᠭᠠᠨ ᠨᠡᠢᠭᠡᠮ᠎ᠦᠨ ᠪᠠᠲᠤᠯᠠᠭ᠎ᠠ᠎ᠪᠠᠨ ᠭᠦᠢᠴᠡᠳᠬᠡᠬᠦ 》 ᠶ᠋ᠢ ᠪᠡᠶᠡᠯᠡᠭᠦᠯᠦᠨ᠎ᠡ ᠃ ᠡᠭᠦᠨ᠎ᠦ ᠵᠡᠷᠭᠡ᠎ᠳᠦ ᠂ ᠥᠨᠳᠥᠷ ᠨᠠᠰᠤᠲᠠᠢ ᠂ ᠬᠦᠨᠳᠦ ᠡᠪᠡᠳᠴᠢᠨ᠎ᠲᠠᠢ ᠵᠡᠷᠭᠡ ᠣᠨᠴᠠᠭᠠᠶ ᠬᠥᠮᠥᠰ᠎ᠲᠤ ᠴᠢᠭᠯᠡᠭᠦᠯᠦᠨ ᠂ 《 ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ + ᠦᠨᠳᠦᠰᠦᠨ ᠵᠦᠢᠯ᠎ᠢ ᠪᠠᠲᠤᠯᠠᠬᠤ 》 ᠲᠣᠭᠲᠠᠴᠠ᠎ᠶᠢ ᠪᠠᠢᠭᠤᠯᠵᠤ ᠂ ᠡᠨᠡ ᠵᠢᠯ᠎ᠡᠴᠡ ᠨᠠᠭᠠᠰᠢ ᠨᠢᠭᠡᠨᠲᠡ 200 ᠭᠠᠷᠤᠢ ᠬᠥᠮᠥᠨ ᠤᠳᠠᠭ᠎ᠠ᠎ᠳᠦ ᠭᠡᠷ ᠲᠦ᠍ᠨᠢ ᠬᠦᠷᠴᠦ ᠭᠡᠷᠡᠴᠢᠯᠡᠯ ᠬᠢᠵᠦ ᠥᠭᠭᠦᠭᠰᠡᠨ ᠪᠠᠢᠨ᠎ᠠ ; 《 ᠰᠦᠯᠵᠢᠶᠡᠨ ᠳᠡᠭᠡᠷ᠎ᠡ ᠰᠢᠯᠵᠢᠭᠦᠯᠬᠦ + ᠰᠦᠯᠵᠢᠶᠡᠨ ᠭᠠᠳᠠᠨ᠎ᠠ ᠵᠣᠬᠢᠴᠠᠭᠤᠯᠬᠤ》 ᠵᠠᠭᠪᠤᠷ᠎ᠢᠶᠠᠷ ᠳᠠᠮᠵᠢᠭᠤᠯᠤᠨ᠂ 《 ᠲᠥᠬᠥᠮ ᠠᠰᠠᠭᠤᠳᠠᠯ᠎ᠢ ᠲᠤᠬᠠᠢ᠎ᠶᠢᠨ ᠲᠠᠯᠠᠪᠤᠷ ᠲᠤᠨᠢ ᠰᠢᠢᠳᠪᠦᠷᠢᠯᠡᠵᠦ ᠂ ᠪᠤᠳᠤᠯᠢᠶᠠᠨᠲᠠᠢ ᠠᠰᠠᠭᠤᠳᠠᠯ᠎ᠢ ᠴᠠᠭ ᠲᠤᠬᠠᠢ ᠳ᠋ᠤᠨᠢ ᠰᠢᠯᠵᠢᠭᠦᠯᠦᠨ ᠰᠢᠢᠳᠪᠦᠷᠢᠯᠡᠵᠦ ᠂ ᠰᠠᠯᠠᠭ᠎ᠠ ᠲᠠᠰᠤᠭ ᠠᠯᠤᠰᠯᠠᠭᠰᠠᠨ ᠪᠡᠷᠬᠡ ᠰᠡᠳᠦᠪ᠎ᠢ ᠬᠠᠮᠲᠤᠷᠠᠨ ᠰᠢᠢᠳᠪᠦᠷᠢᠯᠡᠬᠦ 》 ᠶ᠋ᠢ ᠪᠡᠶᠡᠯᠡᠭᠦᠯᠦᠨ᠎ᠡ ᠃ ᠣᠢᠯᠠᠭᠠᠭᠰᠠᠨ᠎ᠢᠶᠠᠷ ᠂ 12345 ᠵᠠᠭᠠᠯᠳᠤᠯᠭ᠎ᠠ᠎ᠶᠢ ᠬᠦᠯᠢᠶᠡᠨ ᠠᠪᠴᠤ ᠳᠠᠷᠤᠢ ᠳ᠋ᠤᠨᠢ ᠰᠢᠢᠳᠪᠦᠷᠢᠯᠡᠭᠰᠡᠨ ᠠᠵᠢᠯ᠎ᠤᠨ ᠬᠠᠭᠤᠳᠠᠰᠤ ᠠᠳᠠᠯᠢ ᠬᠤᠭᠤᠴᠠᠭᠠᠨ᠎ᠤ ᠬᠢ᠎ᠡᠴᠡ 50%᠎ᠪᠠᠷ ᠳᠣᠷᠣᠭᠰᠢᠯᠠᠵᠤ᠂ ᠣᠯᠠᠨ ᠲᠦᠮᠡᠨ ᠳ᠋ᠦ᠍ 《ᠡᠭᠦᠳᠡ᠎ᠪᠡᠷ ᠣᠷᠣᠬᠤ᠎ᠳᠤ ᠠᠮᠠᠷ ᠂ ᠤᠴᠢᠷ ᠶᠠᠪᠤᠳᠠᠯ᠎ᠢ ᠭᠦᠢᠴᠡᠳᠬᠡᠵᠦ ᠪᠣᠯᠬᠤ ᠂ ᠬᠠᠮᠢᠶᠠᠷᠬᠤ ᠬᠥᠮᠥᠨ᠎ᠲᠠᠢ 》 ᠭᠡᠳᠡᠭ᠎ᠢ ᠦᠨᠡᠨ ᠬᠦ᠌ ᠮᠡᠳᠡᠷᠡᠭᠦᠯᠦᠭᠰᠡᠨ ᠪᠠᠢᠨ᠎ᠠ᠃
      ᠥᠭᠡᠷᠡᠴᠢᠯᠡᠯᠲᠡ ᠄ ᠬᠢᠲᠤᠭᠠᠨ ᠢᠷ᠎ᠢ ᠳᠣᠲᠣᠭ᠍ᠰᠢ ᠬᠠᠨᠳᠤᠭᠤᠯᠤᠨ 《 ᠶᠠᠪᠤᠴᠠ᠎ᠶᠢᠨ ᠬᠦᠴᠢᠷᠳᠡᠯ 》᠎ᠢ ᠰᠢᠢᠳᠪᠦᠷᠢᠯᠡᠨ᠎ᠡ
      ᠣᠯᠠᠨ ᠲᠦᠮᠡᠨ᠎ᠦ ᠲᠤᠰᠬᠠᠭᠰᠠᠨ ᠮᠠᠲᠧᠷᠢᠶᠠᠯ ᠠᠷᠪᠢᠨ ᠂ ᠪᠠᠢᠨ ᠳᠠᠬᠢᠨ ᠭᠦᠶᠦᠵᠦ ᠪᠠᠢᠭ᠎ᠠ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ ᠂ ᠬᠥᠬᠡᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠲᠥᠪ ᠦᠢᠯᠡᠴᠢᠯᠡᠭᠡ᠎ᠶᠢ ᠰᠢᠯᠢᠳᠡᠭᠵᠢᠭᠦᠯᠬᠦ 《 ᠬᠠᠮ ᠠᠷᠭ᠎ᠠ 》 ᠭᠠᠷᠭᠠᠪᠠ᠂ ᠲᠤᠬᠠᠢᠯᠠᠪᠠᠯ 78 ᠵᠦᠢᠯ᠎ᠦᠨ ᠭᠠᠷᠲᠠᠨ ᠭᠦᠢᠴᠡᠳᠬᠡᠬᠦ ᠶᠠᠪᠤᠴᠠ᠎ᠶᠢ ᠢᠯᠡ ᠪᠠᠢᠷᠢᠨ᠎ᠳᠤ ᠢᠯᠡ ᠪᠣᠯᠭᠠᠵᠤ ᠂ 38 ᠵᠦᠢᠯ᠎ᠦᠨ ᠥᠨᠳᠥᠷ ᠳᠠᠪᠲᠠᠮᠵᠢᠲᠤ ᠵᠦᠢᠯᠡᠰ᠎ᠦᠨ ᠨᠠᠷᠢᠨ ᠲᠠᠩᠰᠠ᠎ᠶᠢ 《 ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ 》᠎ᠶᠢᠨ ᠨᠡᠶ᠋ᠢᠲᠡ᠎ᠶᠢᠨ ᠳ᠋ᠤᠭᠠᠷ᠎ᠢᠶᠠᠷ ᠳᠠᠮᠵᠢᠭᠤᠯᠤᠨ ᠬᠦᠷᠭᠡᠵᠦ᠂ Deepseek ᠲᠠᠪᠴᠠᠩ᠎ᠳᠤ ᠠᠮᠵᠢᠯᠲᠠ᠎ᠲᠠᠢ᠎ᠪᠠᠷ ᠵᠠᠯᠭᠠᠨ ᠣᠷᠣᠭᠤᠯᠵᠤ 7×24 ᠴᠠᠭ᠎ᠤᠨ ᠣᠶᠤᠨᠴᠢ ᠦᠢᠯᠡᠴᠢᠯᠡᠭᠡ᠎ᠶᠢ ᠡᠬᠢᠯᠡᠭᠦᠯᠦᠭᠰᠡᠨ ᠪᠥᠭᠡᠳ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠦᠢᠳᠬᠡᠯ᠎ᠢ ᠪᠤᠴᠠᠭᠠᠬᠤ ᠵᠡᠷᠭᠡ ᠲᠤᠬᠠᠢᠯᠠᠭᠰᠠᠨ ᠠᠵᠢᠯ᠎ᠢ ᠳᠠᠬᠢᠨ ᠡᠮᠬᠢᠯᠡᠨ ᠨᠡᠢᠯᠡᠭᠦᠯᠵᠦ ᠂ 《 ᠨᠢᠭᠡ ᠯᠡ ᠴᠣᠩᠬᠣᠪᠴᠢ᠎ᠳᠤ ᠭᠥᠯᠢᠶᠡᠨ ᠠᠪᠴᠤ ᠰᠢᠢᠳᠪᠦᠷᠢᠯᠡᠬᠦ ᠂ ᠨᠢᠭᠡ ᠯᠡ ᠤᠳᠠᠭ᠎ᠠ᠎ᠳᠤ ᠰᠢᠢᠳᠪᠦᠷᠢᠯᠡᠵᠦ ᠳᠠᠭᠤᠰᠬᠠᠬᠤ 》᠎ᠶᠢ ᠪᠡᠶᠡᠯᠡᠭᠦᠯᠪᠡ᠃
      ᠡᠭᠦᠨ᠎ᠡᠴᠡ ᠭᠠᠳᠠᠨ᠎ᠠ᠂ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ ᠨᠢ ᠨᠠᠩ ᠴᠤ᠌ 《 ᠰᠠᠨᠠᠭᠠᠴᠢᠯᠠᠭ᠎ᠠ᠎ᠠᠴᠠ᠎ᠪᠠᠨ ᠳᠠᠭᠠᠵᠤ 》 ᠪᠠᠢᠭᠰᠠᠨ᠎ᠠᠴᠠ᠎ᠪᠠᠨ 《 ᠰᠠᠨᠠᠭᠠᠴᠢᠯᠠᠭ᠎ᠠ᠎ᠠᠴᠠ᠎ᠪᠠᠨ ᠰᠢᠯᠢᠳᠡᠭᠵᠢᠭᠦᠯᠬᠦ 》 ᠲᠡᠢᠰᠢ ᠰᠢᠯᠵᠢᠵᠦ ᠂ ᠣᠯᠭᠣᠮᠵᠢ ᠠᠪᠬᠤ ᠬᠢᠷᠢ ᠬᠡᠮ᠎ᠤᠨ ᠬᠤᠭᠤᠴᠠᠭ᠎ᠠ ᠨᠢ ᠲᠤᠯᠬᠤ ᠭᠡᠵᠦ ᠪᠠᠢᠭ᠎ᠠ ᠬᠥᠮᠥᠰ᠎ᠲᠤ ᠡᠬᠡ ᠲᠠᠩᠰᠠ ᠪᠠᠢᠭᠤᠯᠵᠤ ᠂ ᠣᠬᠣᠷ ᠮᠡᠳᠡᠭᠡ ᠂ ᠤᠲᠠᠰᠤᠨ᠎ᠤ ᠬᠡᠯᠪᠡᠷᠢ᠎ᠪᠡᠷ ᠨᠢᠭᠡ ᠨᠢᠭᠡ᠎ᠪᠡᠷ ᠭᠡᠷᠡᠴᠢᠯᠡᠯ ᠬᠢᠬᠦ᠎ᠶᠢ ᠰᠠᠨᠠᠭᠤᠯᠤᠨ᠎ᠠ ; 7000 ᠭᠠᠷᠤᠢ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠣᠯᠭᠣᠮᠵᠢ ᠬᠠᠷᠠᠭᠠᠯᠵᠠᠯ᠎ᠢ ᠤᠷᠢᠳᠴᠢᠯᠠᠨ ᠪᠤᠳᠤᠵᠤ ᠣᠯᠭᠣᠬᠤ᠎ᠶᠢ ᠪᠡᠶᠡᠯᠡᠭᠦᠯᠵᠦ᠂ 《 ᠤᠯᠠᠨ ᠲᠦᠮᠡᠨ ᠨᠡᠬᠡᠮᠵᠢᠯᠡᠨ ᠠᠰᠠᠭᠤᠬᠤ 》᠎ᠶᠢ 《 ᠤᠷᠢᠳᠴᠢᠯᠠᠨ ᠮᠡᠳᠡᠭᠳᠡᠬᠦ 》 ᠪᠣᠯᠭᠠᠨ ᠬᠤᠪᠢᠷᠠᠭᠤᠯᠪᠠ᠃
      ᠰᠠᠭᠤᠷᠢ᠎ᠶᠢ ᠪᠡᠬᠢᠵᠢᠭᠦᠯᠦᠨ᠎ᠡ᠄ ᠲᠥᠪ ᠴᠢᠬᠡᠴᠢ ᠰᠤᠷᠲᠠᠯ᠎ᠢᠶᠠᠷ 《 ᠨᠠᠰᠤᠵᠢᠯ᠎ᠤᠨ ᠠᠰᠠᠷᠠᠮᠵᠢ᠎ᠶᠢᠨ ᠮᠥᠩᠭᠥ 》᠎ᠶᠢ ᠰᠠᠬᠢᠨ ᠬᠠᠮᠠᠭᠠᠯᠠᠨ᠎ᠠ
      ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠠᠮᠤᠷ ᠲᠦᠪᠰᠢᠨ ᠨᠢ ᠤᠯᠠᠨ ᠲᠦᠮᠡᠨ᠎ᠦ ᠠᠮᠢ ᠪᠡᠶ᠎ᠡ᠎ᠶᠢᠨ ᠠᠰᠢᠭ᠋ ᠲᠤᠰᠠ᠎ᠲᠠᠢ ᠬᠣᠯᠪᠣᠭᠳᠠᠨ᠎ᠠ᠃ ᠡᠭᠦᠨ᠎ᠦ ᠲᠤᠯᠠᠳᠠ᠂ ᠬᠥᠬᠡᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠲᠥᠪ 《 ᠮᠡᠷᠭᠡᠵᠢᠯ + ᠳᠦᠷᠢᠮ + ᠬᠢᠨᠠᠯᠲᠠ 》 ᠭᠤᠷᠪᠠᠨ ᠳᠠᠪᠬᠤᠷ ᠰᠡᠷᠭᠡᠢᠯᠡᠯᠲᠡ᠎ᠶᠢᠨ ᠱᠤᠭᠤᠮ᠎ᠢ ᠪᠠᠢᠭᠤᠯᠪᠠ ᠄ ᠰᠦᠯᠵᠢᠶᠡᠨ᠎ᠡᠴᠡ ᠭᠠᠳᠠᠨ᠎ᠠ ᠭᠥᠯᠢᠶᠡᠨ ᠠᠪᠴᠤ ᠰᠢᠢᠳᠪᠦᠷᠢᠯᠡᠬᠦ᠎ᠶᠢ ᠪᠥᠬᠥ ᠲᠠᠯ᠎ᠠ᠎ᠪᠠᠷ ᠬᠦᠴᠦᠨ ᠦᠭᠡᠢ ᠪᠣᠯᠭᠠᠵᠤ ᠂ 《 ᠨᠢᠭᠡ ᠴᠣᠩᠬᠣᠪᠴᠢ᠎ᠪᠠᠷ ᠭᠥᠯᠢᠶᠡᠨ ᠠᠪᠴᠤ ᠰᠢᠢᠳᠪᠦᠷᠢᠯᠡᠬᠦ ᠂ ᠪᠥᠬᠥ ᠶᠠᠪᠤᠴᠠ᠎ᠳᠤ ᠣᠷᠣ᠌ ᠮᠥᠷ ᠦᠯᠡᠳᠡᠭᠡᠬᠦ ᠂ ᠲᠣᠬᠢᠶᠠᠯᠳᠤᠯ᠎ᠢᠶᠠᠷ ᠬᠢᠨᠠᠨ ᠬᠠᠷᠭᠤᠭᠤᠯᠬᠤ 》᠎ᠶᠢ ᠬᠡᠷᠡᠭᠵᠢᠭᠦᠯᠦᠨ ᠂ 《 ᠨᠠᠢᠷ ᠲᠠᠯ᠎ᠠ᠎ᠶᠢᠨ ᠪᠠᠲᠤᠯᠠᠭ᠎ᠠ 》᠎ᠶᠢ ᠡᠬᠢ ᠡᠭᠦᠰᠦᠯ᠎ᠡᠴᠡ ᠨᠢ ᠲᠠᠰᠤ ᠵᠣᠭᠰᠣᠭᠠᠵᠤ ᠂ ᠲᠤᠬᠠᠢᠯᠠᠭᠰᠠᠨ ᠠᠵᠢᠯ᠎ᠤᠨ ᠭᠥᠯᠢᠶᠡᠨ ᠠᠪᠴᠤ ᠰᠢᠢᠳᠪᠦᠷᠢᠯᠡᠬᠦ᠎ᠶᠢ ᠢᠯᠡ ᠪᠣᠯᠭᠠᠬᠤ᠎ᠶᠢ ᠪᠡᠶᠡᠯᠡᠭᠦᠯᠦᠨ᠎ᠡ ; ᠭᠠᠢᠯᠢ᠎ᠶᠢᠨ ᠶᠠᠪᠤᠳᠠᠯ ᠂ ᠡᠳ᠋᠎ᠦᠨ ᠵᠠᠰᠠᠭ ᠂ ᠪᠠᠩᠬᠢ᠎ᠲᠠᠢ ᠲᠣᠭᠲᠠᠮᠠᠯ ᠬᠤᠭᠤᠴᠠᠭ᠎ᠠ᠎ᠲᠠᠢ᠎ᠪᠠᠷ ᠲᠠᠩᠰᠠ ᠬᠠᠷᠭᠤᠭᠤᠯᠵᠤ᠂ 《 ᠪᠥᠬᠥ ᠤᠯᠤᠰ᠎ᠲᠤ ᠨᠢᠭᠡ ᠯᠡ ᠲᠠᠩᠰᠠ》᠎ᠶᠢᠨ ᠰᠢᠰᠲᠧᠮ᠎ᠦᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ ᠂ ᠰᠠᠭᠤᠷᠢ ᠮᠥᠩᠭᠥ᠎ᠶᠢ ᠲᠠᠲᠠᠪᠤᠷᠢᠯᠠᠨ ᠲᠤᠰᠢᠶᠠᠬᠤ᠂ ᠲᠠᠷᠬᠠᠭᠠᠬᠤ᠎ᠳᠤ ᠥᠴᠥᠬᠡᠨ ᠴᠦ᠍ ᠵᠥᠷᠢᠶ᠎ᠡ ᠦᠭᠡᠢ ᠪᠠᠢᠬᠤ᠎ᠶᠢ ᠪᠠᠲᠤᠯᠠᠵᠤ ᠂ ᠰᠠᠭᠤᠷᠢ ᠮᠥᠩᠭᠥ᠎ᠶᠢᠨ ᠬᠠᠮᠢᠶᠠᠷᠤᠯᠲᠠ᠎ᠶᠢ ᠨᠠᠷᠢᠯᠢᠭ᠍ᠵᠢᠭᠤᠯᠤᠨ᠎ᠠ ; ᠲᠣᠭᠣᠷᠢᠨ ᠪᠠᠢᠴᠠᠭᠠᠵᠤ ᠬᠢᠨᠠᠨ ᠪᠤᠳᠤᠵᠤ ᠬᠠᠷᠢᠭᠤ ᠲᠤᠰᠬᠠᠬᠤ ᠠᠰᠠᠭᠤᠳᠠᠯ᠎ᠳᠤ ᠴᠢᠭᠯᠡᠭᠦᠯᠦᠨ 《 ᠨᠠᠷᠢᠨ ᠲᠠᠩᠰᠠ᠎ᠶᠢᠨ ᠬᠡᠯᠪᠡᠷᠢ᠎ᠪᠡᠷ ᠴᠡᠭᠴᠡᠯᠡᠨ ᠰᠠᠢᠵᠢᠷᠠᠭᠤᠯᠬᠤ 》᠎ᠶᠢ ᠬᠡᠷᠡᠭᠵᠢᠭᠦᠯᠵᠦ ᠂ ᠳᠠᠭᠠᠳᠬᠠᠯ᠎ᠳᠤ ᠣᠷᠣᠯᠴᠠᠬᠤ᠎ᠶᠢ ᠳᠠᠩᠰᠠᠯᠠᠬᠤ ᠂ ᠣᠯᠭᠣᠮᠵᠢ ᠣᠯᠭᠣᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠤ ᠬᠥᠳᠡᠯᠦᠩᠭᠦᠢ ᠬᠠᠷᠭᠤᠭᠤᠯᠤᠨ ᠪᠤᠳᠤᠬᠤ ᠠᠵᠢᠯ᠎ᠢ ᠥᠷᠨᠢᠭᠦᠯᠵᠦ ᠂ ᠭᠠᠳᠠᠨᠠᠬᠢ ᠠᠰᠠᠭᠤᠳᠠᠯ᠎ᠢ ᠬᠠᠨᠳᠤᠯᠭᠠᠲᠤ ᠴᠡᠭᠴᠡᠯᠡᠨ ᠵᠠᠰᠠᠯᠲᠠ ᠪᠠ ᠳᠣᠲᠣᠭᠠᠳᠤ᠎ᠶᠢᠨ ᠲᠦᠭᠰᠢᠭᠦᠷᠢ᠎ᠶᠢ ᠬᠥᠳᠡᠯᠦᠩᠭᠦᠢ᠎ᠪᠡᠷ ᠵᠢᠭ᠍ᠰᠠᠭᠠᠨ ᠪᠠᠢᠴᠠᠭᠠᠬᠤ᠎ᠶᠢ ᠬᠠᠷᠢᠯᠴᠠᠨ ᠤᠶᠠᠯᠳᠤᠭᠤᠯᠵᠤ ᠂ ᠲᠡᠦᠬᠡᠨ᠎ᠡᠴᠡ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢᠳᠪᠦᠷᠢᠯᠡᠬᠦ᠎ᠪᠡᠷ ᠪᠠᠷᠠᠬᠤ ᠦᠭᠡᠢ ᠰᠢᠨ᠎ᠡ᠎ᠪᠡᠷ ᠨᠡᠮᠡᠭᠳᠡᠭᠰᠡᠨ ᠲᠦᠭᠰᠢᠭᠦᠷᠢ᠎ᠶᠢᠨ ᠳᠤᠲᠠᠭᠳᠠᠯ᠎ᠢ ᠴᠤ᠌ ᠬᠣᠷᠢᠭ᠍ᠯᠠᠵᠤ᠂ ᠰᠠᠭᠤᠷᠢ ᠮᠥᠩᠭᠥᠨ᠎ᠦ ᠠᠮᠤᠷ ᠲᠦᠪᠰᠢᠨ᠎ᠦ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠭᠤᠭᠤᠯᠤᠨ ᠪᠤᠳᠤᠬᠤ᠎ᠶᠢ ᠪᠠᠢᠩᠭᠤᠵᠢᠭᠤᠯᠬᠤ᠎ᠶᠢ ᠬᠡᠷᠡᠭᠵᠢᠭᠦᠯᠦᠨ᠎ᠡ᠃
      《 ᠠᠰᠠᠭᠤᠳᠠᠯ ᠭᠠᠷᠬᠤ᠎ᠠᠴᠠ ᠠᠶᠤᠬᠤ 》 ᠡᠴᠡ 《 ᠬᠦᠴᠢᠷ ᠠᠰᠠᠭᠤᠳᠠᠯ᠎ᠢ ᠵᠣᠷᠢᠭ᠍ᠲᠠᠢ᠎ᠪᠠᠷ ᠰᠢᠢᠳᠪᠦᠷᠢᠯᠡᠬᠦ 》 ᠬᠦᠷᠲᠡᠯ᠎ᠡ᠂ 《 ᠲᠦᠷᠦ᠎ᠶᠢᠨ ᠪᠣᠳᠣᠯᠭ᠎ᠠ᠎ᠶᠢ ᠰᠤᠷᠲᠠᠯᠴᠢᠯᠠᠬᠤ 》 ᠡᠴᠡ 《 ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ 》 ᠬᠦᠷᠲᠡᠯ᠎ᠡ᠂ ᠬᠥᠬᠡᠬᠣᠲᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠲᠥᠪ᠎ᠦᠨ ᠬᠢᠨ ᠠᠵᠢᠯ᠎ᠤᠨ ᠰᠤᠷᠲᠠᠯ᠎ᠢᠶᠠᠨ ᠦᠷᠭᠦᠯᠵᠢᠯᠡᠨ ᠬᠤᠪᠢᠷᠠᠭᠤᠯᠵᠤ᠂ 《 ᠦᠢᠯᠡᠴᠢᠯᠡᠭᠡ᠎ᠶᠢ ᠡᠭᠦᠷᠢᠳᠡ ᠵᠣᠭᠰᠣᠰᠢ ᠦᠭᠡᠢ ᠶᠠᠪᠤᠭᠳᠠᠭᠤᠯᠬᠤ 》 ᠣᠢᠯᠠᠭᠠᠭᠳᠠᠬᠤᠨ᠎ᠢ ᠪᠠᠷᠢᠮᠲᠠᠯᠠᠵᠤ᠂ ᠭᠠᠷᠲᠠᠨ ᠭᠦᠢᠴᠡᠳᠬᠡᠬᠦ ᠦᠢᠯᠡᠴᠢᠯᠡᠭᠡᠨ᠎ᠦ ᠲᠦᠪᠰᠢᠨ᠎ᠢᠶᠡᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠳᠣᠲᠣᠨᠣ᠌ ᠦᠢᠯᠡᠴᠢᠯᠡᠭᠡ᠎ᠪᠡᠷ᠎ᠢᠶᠡᠨ ᠤᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ᠎ᠶᠢ ᠳᠠᠰᠤᠷᠠᠯᠳᠠ ᠦᠭᠡᠢ ᠳᠡᠭᠡᠭᠰᠢᠯᠡᠭᠦᠯᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            