ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ᠎ᠶᠢᠨ ᠬᠥᠨᠳᠡᠯᠡᠨ ᠲᠣᠭᠣᠷᠢᠭ᠋ ᠄ 《 ᠵᠠᠰᠠᠭ ᠰᠤᠷᠭᠠᠭᠤᠯᠢ ᠠᠵᠤ ᠠᠬᠤᠢᠯᠠᠯ 》 ᠬᠠᠮᠵᠢᠯᠴᠠᠨ ᠬᠦᠴᠦᠯᠡᠵᠦ ᠤᠷ᠎ᠠ ᠮᠡᠷᠭᠡᠵᠢᠯᠲᠦ ᠴᠢᠳᠠᠪᠤᠷᠢᠲᠠᠨ᠎ᠢ ᠨᠠᠷᠢᠯᠢᠭ᠋ ᠣᠨᠣᠴᠠᠲᠠᠢ᠎ᠪᠠᠷ ᠬᠥᠮᠥᠵᠢᠭᠦᠯᠦᠨ᠎ᠡ
ᠨᠡᠶ᠋ᠢᠲᠡᠯᠡᠭᠰᠡᠨ ᠴᠠᠭ᠄ 2025-11-14

      ᠣᠢᠷ᠎ᠠ᠎ᠳᠤ ᠂ ᠪᠤᠭᠤᠲᠤ᠎ᠶᠢᠨ ᠪᠣᠯᠣᠳ ᠲᠡᠮᠦᠷ᠎ᠦᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠪᠣᠯᠣᠨ ᠪᠤᠭᠤᠲᠤ ᠬᠣᠲᠠ᠎ᠶᠢᠨ ᠪᠸᠲᠷᠦᠢᠷ ᠰᠢᠬᠤᠸᠠ ᠠᠮᠠᠨ ᠬᠥᠨᠳᠡᠢ᠎ᠶᠢᠨ ᠡᠭᠦᠳᠡᠨ ᠡᠮᠨᠡᠯᠭᠡ᠎ᠶᠢᠨ ᠬᠡᠯᠲᠡᠰ᠎ᠦᠨ ᠬᠠᠮᠲᠤᠷᠠᠨ ᠡᠷᠭᠢᠯᠡᠭᠰᠡᠨ ᠵᠠᠬᠢᠶᠠᠯᠠᠭ᠎ᠠ᠎ᠶᠢᠨ ᠠᠩᠭᠢ ᠵᠢᠩᠬᠢᠨᠢ᠎ᠪᠡᠷ ᠡᠬᠢᠯᠡᠪᠡ᠃
      ᠪᠤᠭᠤᠲᠤ ᠬᠤᠳᠠ᠎ᠶᠢᠨ ᠬᠥᠨᠳᠡᠯᠡᠨ ᠲᠣᠭᠣᠷᠢᠭ᠋ 《 ᠵᠠᠰᠠᠭ ᠰᠤᠷᠭᠠᠭᠤᠯᠢ ᠠᠵᠤ ᠠᠬᠤᠢᠯᠠᠯ ᠦᠢᠯᠡᠳᠪᠦᠷᠢᠯᠡᠯ ᠰᠤᠷᠭᠠᠨ ᠬᠥᠮᠦᠵᠢᠯ ᠦᠨᠡᠯᠡᠯᠲᠡ 》 ᠵᠢᠨ ᠠᠭᠤᠰᠤᠯᠴᠠᠯ᠎ᠢ ᠭᠦᠨᠵᠡᠭᠡᠢᠷᠡᠭᠦᠯᠬᠦ ᠴᠢᠬᠤᠯᠠ ᠦᠢᠯᠡᠳᠦᠯᠭᠡ ᠪᠣᠯᠤᠭᠰᠠᠨ᠎ᠤ ᠬᠤᠪᠢ᠎ᠳᠤ᠂ ᠲᠤᠰ ᠵᠠᠬᠢᠶᠠᠯᠠᠭ᠎ᠠ᠎ᠶᠢᠨ ᠠᠩᠭᠢ ᠨᠢ 《 ᠬᠣᠣᠰ ᠴᠢᠭᠯᠡᠯ᠎ᠢᠶᠡᠷ ᠴᠢᠳᠠᠪᠤᠷᠢ ᠣᠯᠭᠣᠬᠤ 》 ᠪᠡᠷ ᠰᠡᠳᠦᠪ᠎ᠢᠶᠡᠨ ᠡᠬᠢᠯᠡᠭᠦᠯᠵᠡᠢ᠃ ᠳᠡᠭᠡᠳᠦ ᠰᠤᠷᠭᠠᠭᠤᠯᠢ᠎ᠨᠤᠭᠤᠳ ᠲᠤᠰᠬᠠᠢ ᠮᠡᠷᠭᠡᠵᠢᠯ᠎ᠦᠨ ᠪᠠᠭ᠍ᠰᠢ᠂ ᠵᠢᠭᠠᠨ ᠰᠤᠷᠭᠠᠯᠲᠠ᠎ᠶᠢᠨ ᠡᠬᠢ ᠪᠠᠶᠠᠯᠢᠭ᠋ ᠬᠢᠭᠡᠳ ᠴᠢᠳᠠᠪᠤᠷᠢᠲᠠᠨ᠎ᠢ ᠬᠥᠮᠥᠵᠢᠭᠦᠯᠬᠦ ᠰᠢᠰᠲᠧᠮᠵᠢ᠎ᠶᠢ ᠠᠵᠤ ᠠᠬᠤᠢᠯᠠᠯ᠎ᠳᠤ ᠴᠢᠯᠦᠭᠡᠲᠡᠢ ᠨᠡᠭᠡᠭᠡᠵᠦ ᠂ ᠠᠵᠤ ᠠᠬᠤᠢᠯᠠᠯ᠎ᠤᠨ ᠮᠡᠷᠭᠡᠵᠢᠯ᠎ᠦᠨ ᠲᠠᠰ ᠳᠡᠪᠰᠢᠬᠦ᠂ ᠠᠵᠢᠯᠲᠠᠨ᠎ᠤ ᠤᠷ᠎ᠠ ᠴᠢᠳᠠᠪᠤᠷᠢ᠎ᠶᠢᠨ ᠳᠡᠭᠡᠭᠰᠢᠯᠡᠯᠲᠡ᠎ᠳᠦ ᠣᠶᠤᠨ᠎ᠤ ᠲᠤᠯᠭᠠᠭᠤᠷᠢᠯᠠᠯ ᠬᠠᠩᠭᠠᠨ᠎ᠠ; ᠠᠵᠤ ᠠᠬᠤᠢᠯᠠᠯ ᠨᠢ ᠬᠠᠷᠢᠨ ᠠᠵᠢᠯ ᠲᠥᠷᠥᠯ᠎ᠦᠨ ᠬᠣᠰᠢᠭᠤᠷᠠᠯ ᠮᠡᠷᠭᠡᠵᠢᠯ᠂ ᠦᠨᠡᠨ ᠪᠣᠳᠠᠲᠠᠢ ᠵᠦᠢᠯᠡᠰ᠎ᠦᠨ ᠬᠡᠷᠡᠭ᠎ᠦᠨ ᠵᠢᠱ᠌ᠢᠶ᠎ᠡ ᠪᠠ ᠭᠣᠣᠯᠯᠠᠭ᠍ᠴᠢ ᠮᠡᠷᠭᠡᠵᠢᠯ᠎ᠦᠨ ᠴᠢᠳᠠᠪᠤᠷᠢᠲᠠᠨ᠎ᠢ ᠳᠡᠭᠡᠳᠦ ᠰᠤᠷᠭᠠᠭᠤᠯᠢ᠎ᠳᠤ ᠣᠷᠣᠭᠤᠯᠤᠨ ᠠᠪᠴᠢᠷᠠᠵᠤ᠂ ᠭᠡᠳᠡᠷᠭᠦ ᠲᠡᠳᠬᠦᠬᠦ ᠬᠢᠴᠢᠶᠡᠯ᠎ᠢ ᠰᠢᠯᠢᠳᠡᠭᠵᠢᠭᠦᠯᠬᠦ ᠪᠠ ᠦᠢᠯᠡᠳᠦᠯᠭᠡ᠎ᠶᠢᠨ ᠵᠢᠭᠠᠨ ᠰᠤᠷᠭᠠᠯᠲᠠ᠎ᠶᠢ ᠬᠢᠵᠦ ᠪᠠᠢᠨ᠎ᠠ᠃ ᠡᠨᠡ ᠬᠦ᠌ ᠬᠣᠣᠰ ᠴᠢᠭᠯᠡᠯ᠎ᠢᠶᠡᠷ ᠴᠢᠳᠠᠪᠤᠷᠢ ᠣᠯᠭᠣᠬᠤ ᠰᠠᠢᠨ ᠨᠥᠬᠥᠴᠡᠯᠳᠦᠯ ᠨᠢ ᠰᠤᠷᠭᠠᠭᠤᠯᠢ᠂ ᠠᠵᠤ ᠠᠬᠤᠢᠯᠠᠯ᠎ᠤᠨ ᠬᠣᠭᠣᠷᠣᠨᠳᠣᠬᠢ ᠴᠢᠳᠠᠪᠤᠷᠢᠲᠠᠨ᠎ᠤ ᠬᠣᠷᠢᠭ᠎ᠠ ᠰᠠᠭᠠᠳ᠎ᠢ ᠡᠪᠳᠡᠵᠦ᠂ ᠶᠡᠬᠡ ᠳᠡᠭᠡᠳᠦ ᠰᠤᠷᠭᠠᠭᠤᠯᠢ᠎ᠶᠢᠨ ᠬᠥᠮᠥᠵᠢᠭᠦᠯᠦᠭᠰᠡᠨ ᠴᠢᠳᠠᠪᠤᠷᠢᠲᠠᠨ᠎ᠢ ᠠᠵᠤ ᠠᠬᠤᠢᠯᠠᠯ᠎ᠤᠨ ᠬᠡᠷᠡᠭᠴᠡᠭᠡ᠎ᠳᠦ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠵᠤ᠂ ᠠᠵᠤ ᠠᠬᠤᠢᠯᠠᠯ᠎ᠤᠨ ᠬᠤᠷᠠᠮᠳᠤᠭᠤᠯᠤᠭᠰᠠᠨ ᠠᠵᠤ ᠦᠢᠯᠡᠰ᠎ᠦᠨ ᠡᠬᠢ ᠪᠠᠶᠠᠯᠢᠭ᠋᠎ᠢ ᠶᠡᠬᠡ ᠳᠡᠭᠡᠳᠦ ᠰᠤᠷᠭᠠᠭᠤᠯᠢ᠎ᠶᠢᠨ ᠬᠥᠮᠥᠨ ᠬᠥᠮᠥᠵᠢᠭᠦᠯᠬᠦ ᠠᠮᠢᠳᠤ ᠰᠣᠷᠭᠣᠭ ᠵᠢᠭᠠᠬᠤ ᠮᠠᠲᠧᠷᠢᠶᠠᠯ ᠪᠣᠯᠭᠠᠵᠤ ᠂ ᠡᠴᠦᠰ᠎ᠲᠡᠬᠡᠨ 《 ᠴᠢᠳᠠᠪᠤᠷᠢᠲᠠᠨ᠎ᠢ ᠬᠠᠮᠲᠤ᠎ᠪᠠᠷ ᠬᠥᠮᠥᠵᠢᠭᠦᠯᠬᠦ ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠥᠷᠲᠡᠭ᠎ᠢ ᠬᠠᠮᠲᠤ᠎ᠪᠠᠷ ᠡᠭᠦᠳᠬᠦ 》 ᠬᠣᠶᠠᠷ ᠲᠠᠯ᠎ᠠ᠎ᠪᠠᠷ᠎ᠢᠶᠠᠨ ᠠᠰᠢᠭ᠋ ᠭᠥᠷᠳᠡᠬᠦ ᠪᠠᠢᠷᠢᠰᠢᠯ᠎ᠢ ᠪᠡᠶᠡᠯᠡᠭᠦᠯᠦᠭᠰᠡᠨ ᠪᠠᠢᠨ᠎ᠠ᠃ ᠲᠣᠰ ᠤᠳᠠᠭᠠᠨ᠎ᠤ ᠵᠠᠬᠢᠶᠠᠯᠠᠭ᠎ᠠ᠎ᠶᠢᠨ ᠠᠩᠭᠢ᠎ᠶᠢᠨ ᠬᠢᠴᠢᠶᠡᠯ ᠡᠬᠢᠯᠡᠭᠰᠡᠨ ᠨᠢ ᠶᠠᠭ ᠡᠨᠡ ᠬᠦ᠌ ᠵᠠᠭᠪᠤᠷ᠎ᠢ ᠠᠮᠠᠨ ᠬᠥᠨᠳᠡᠢ᠎ᠶᠢᠨ ᠡᠮᠴᠢᠯᠡᠭᠡᠨ᠎ᠦ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠬᠦᠷᠢᠶᠡᠨ᠎ᠳᠦ ᠠᠮᠢᠳᠤᠯᠢᠭ᠋᠎ᠢᠶᠠᠷ ᠨᠠᠢᠳᠠᠪᠤᠷᠢᠵᠢᠭᠤᠯᠤᠭᠰᠠᠨ ᠶᠠᠪᠤᠳᠠᠯ ᠪᠣᠯᠣᠨ᠎ᠠ᠃
      《 ᠵᠠᠬᠢᠶᠠᠯᠠᠭ᠎ᠠ᠎ᠶᠢᠨ ᠠᠩᠭᠢ ᠪᠣᠯ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠵᠤ ᠦᠢᠯᠡᠰ᠎ᠦᠨ ᠬᠡᠷᠡᠭᠴᠡᠭᠡ᠎ᠶᠢ ᠵᠣᠯᠭᠠᠭᠤᠯᠬᠤ᠎ᠶᠢᠨ 〈 ᠬᠠᠮᠤᠭ᠎ᠤᠨ ᠰᠠᠢᠨ ᠬᠠᠷᠢᠭᠤᠯᠲᠠ 〉 ᠮᠥᠨ ᠃ ᠬᠥᠨᠳᠡᠯᠡᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠳᠠᠷᠤᠭ᠎ᠠ ᠸᠠᠩ ᠰᠦ᠍ ᠵᠧᠨ ᠢᠯᠡᠷᠬᠡᠢᠯᠡᠬᠦ᠎ᠳᠡᠭᠡᠨ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠪᠠᠷ ᠳᠠᠮᠵᠢᠭᠤᠯᠤᠨ ᠂ 《 ᠶᠡᠬᠡ ᠳᠡᠭᠡᠳᠦ ᠰᠤᠷᠭᠠᠭᠤᠯᠢ᠎ᠶᠢᠨ ᠬᠥᠮᠥᠵᠢᠭᠦᠯᠦᠯ 》 ᠪᠠ 《 ᠠᠵᠤ ᠠᠬᠤᠢᠯᠠᠯ᠎ᠤᠨ ᠬᠡᠷᠡᠭᠴᠡᠭᠡ 》 ᠵᠢᠨ ᠵᠠᠮ᠎ᠢ ᠨᠡᠪᠲᠡᠷᠡᠭᠦᠯᠬᠦ᠎ᠶᠢᠨ ᠲᠥᠯᠥᠭᠡ ᠶᠤᠮ᠂ 《 ᠰᠤᠷᠭᠠᠭᠤᠯᠢ᠎ᠳᠤ ᠣᠷᠣᠪᠠᠯ ᠳᠠᠷᠤᠢ ᠠᠵᠤ ᠠᠬᠤᠢᠯᠠᠯ᠎ᠳᠤ ᠣᠷᠣᠵᠤ᠂ ᠰᠤᠷᠭᠠᠭᠤᠯᠢ ᠲᠡᠭᠦᠰᠪᠡᠯ ᠳᠠᠷᠤᠢ ᠠᠵᠢᠯ ᠣᠯᠬᠤ》 ᠵᠠᠭᠪᠤᠷ᠎ᠢᠶᠠᠷ ᠳᠠᠮᠵᠢᠭᠤᠯᠤᠨ ᠂ ᠰᠣᠷᠣᠭ᠍ᠴᠢ ᠰᠤᠷᠤᠯᠴᠠᠵᠤ ᠪᠠᠢᠬᠤ ᠬᠤᠭᠤᠴᠠᠭᠠᠨ᠎ᠳᠠᠭᠠᠨ ᠡᠮᠴᠢᠯᠡᠭᠡᠨ᠎ᠦ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠦᠢᠯᠡᠳᠦᠯᠭᠡᠵᠢᠭᠦᠯᠵᠦ᠂ ᠠᠵᠤ ᠠᠬᠤᠢᠯᠠᠯ ᠴᠤ᠌ ᠲᠣᠬᠢᠷᠠᠮᠵᠢᠲᠠᠢ ᠴᠢᠳᠠᠪᠤᠷᠢᠲᠠᠨ᠎ᠢ ᠤᠷᠢᠳᠴᠢᠯᠠᠨ ᠨᠥᠭᠡᠴᠡᠯᠡᠵᠦ᠂ ᠡᠴᠦᠰ᠎ᠲᠡᠬᠡᠨ ᠰᠤᠷᠭᠠᠭᠤᠯᠢ ᠪᠠ ᠠᠵᠤ ᠠᠬᠤᠢᠯᠠᠯ ᠬᠣᠶᠠᠷ ᠲᠠᠯ᠎ᠠ᠎ᠪᠠᠷ᠎ᠢᠶᠠᠨ ᠠᠰᠢᠭ᠋ ᠭᠥᠷᠳᠡᠬᠦ᠎ᠶᠢᠨ ᠲᠥᠯᠥᠭᠡ ᠶᠤᠮ ᠭᠡᠵᠡᠢ᠃
      ᠲᠣᠰ ᠵᠠᠬᠢᠶᠠᠯᠠᠭ᠎ᠠ᠎ᠶᠢᠨ ᠠᠩᠭᠢ ᠨᠢ 《 ᠣᠨᠣᠯ + ᠦᠢᠯᠡᠳᠦᠯᠭᠡ 》 ᠭᠡᠬᠦ ᠬᠣᠶᠠᠷ ᠵᠦᠢᠯ᠎ᠦᠨ ᠵᠢᠭᠠᠨ ᠰᠤᠷᠭᠠᠯᠲᠠ᠎ᠶᠢ ᠬᠡᠷᠡᠭᠯᠡᠵᠦ᠂ ᠠᠵᠤ ᠠᠬᠤᠢᠯᠠᠯ᠎ᠤᠨ ᠭᠣᠣᠯᠯᠠᠭ᠍ᠴᠢ ᠬᠦᠴᠦᠨ ᠬᠢᠴᠢᠶᠡᠯ᠎ᠦᠨ ᠲᠥᠯᠥᠪᠯᠡᠭᠡ ᠪᠠ ᠬᠢᠴᠢᠶᠡᠯᠯᠡᠭᠡ᠎ᠳᠦ ᠪᠥᠬᠥ ᠶᠠᠪᠤᠴᠠ᠎ᠪᠠᠷ ᠣᠷᠣᠯᠴᠠᠵᠤ᠂ ᠰᠤᠷᠤᠭ᠍ᠴᠢᠳ ᠲᠤᠰᠬᠠᠢ ᠮᠡᠷᠭᠡᠵᠢᠯ᠎ᠦᠨ ᠮᠡᠳᠡᠯᠭᠡ ᠰᠤᠷᠤᠯᠴᠠᠬᠤ᠎ᠪᠠᠷ ᠪᠠᠷᠠᠬᠤ ᠦᠭᠡᠢ᠂ ᠪᠠᠰᠠ ᠦᠨᠡᠨ ᠪᠣᠳᠠᠲᠠᠢ ᠣᠨᠣᠰᠢᠯᠠᠨ ᠡᠮᠨᠡᠬᠦ ᠲᠤᠰᠠᠯᠠᠬᠤ ᠠᠵᠢᠯ᠎ᠳᠤ ᠣᠷᠣᠯᠴᠠᠵᠤ᠂ ᠠᠵᠢᠯ᠎ᠤᠨ ᠪᠠᠢᠷᠢ᠎ᠶᠢᠨ ᠭᠣᠣᠯᠯᠠᠬᠤ ᠤᠷ᠎ᠠ ᠴᠢᠳᠠᠪᠤᠷᠢ᠎ᠶᠢ ᠤᠷᠢᠳᠴᠢᠯᠠᠨ ᠡᠵᠡᠮᠰᠢᠵᠦ ᠪᠣᠯᠣᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            