ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ ᠬᠣᠲᠠ ᠄ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠣᠯᠠᠨ ᠲᠠᠯ᠎ᠠ᠎ᠪᠠᠷ ᠬᠦᠴᠦᠯᠡᠨ ᠨᠠᠢᠳᠠᠪᠤᠷᠢᠵᠢᠭᠤᠯᠬᠤ᠎ᠶᠢᠨ ᠬᠠᠮᠲᠤ ᠬᠥᠮᠥᠰ᠎ᠦᠨ ᠰᠡᠳᠬᠢᠯ᠎ᠳᠦ ᠬᠠᠳᠠᠩᠰᠢᠭᠤᠯᠤᠨ᠎ᠠ
ᠨᠡᠶ᠋ᠢᠲᠡᠯᠡᠭᠰᠡᠨ ᠴᠠᠭ᠄ 2025-11-14

      ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠨᠢᠭᠡ ᠲᠠᠯ᠎ᠠ ᠨᠢ ᠬᠥᠭᠵᠢᠯᠲᠡ᠎ᠶᠢᠨ ᠶᠡᠬᠡ ᠲᠠᠯ᠎ᠠ᠎ᠲᠠᠢ ᠬᠣᠯᠪᠣᠭᠳᠠᠵᠤ᠂ ᠨᠦᠭᠦᠭᠡ ᠲᠠᠯ᠎ᠠ ᠨᠢ ᠲᠦᠭ ᠲᠦᠮᠡᠨ ᠠᠢᠯ ᠡᠷᠤᠭᠡ᠎ᠲᠠᠢ ᠬᠣᠯᠪᠣᠯᠳᠤᠵᠤ ᠪᠠᠢᠳᠠᠭ᠃ ᠪᠤᠭᠤᠲᠤ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠢᠮᠠᠭᠲᠠ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢ ᠴᠢᠩᠭᠠᠷᠠᠭᠤᠯᠬᠤ᠎ᠶᠢ ᠣᠯᠠᠨ ᠲᠦᠮᠡᠨᠴᠢ ᠱᠤᠭᠤᠮ᠎ᠢ ᠦᠢᠯᠡᠳᠦᠯᠭᠡᠵᠢᠭᠦᠯᠬᠦ᠂ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠵᠠᠩᠭᠢᠯᠠᠭ᠎ᠠ᠎ᠶᠢᠨ ᠭᠠᠷᠳᠠᠴᠠ ᠪᠣᠯᠭᠠᠪᠠ᠃ 《 ᠰᠦᠯᠵᠢᠶᠡᠨ ᠭᠠᠳᠠᠨ᠎ᠠ ᠨᠢᠭᠤᠷᠳᠠᠬᠤ᠂ ᠰᠦᠯᠵᠢᠶᠡᠨ ᠳᠡᠭᠡᠷ᠎ᠡ ᠳᠡᠯᠭᠡᠴᠡ᠎ᠪᠠᠷ ᠨᠢᠭᠤᠷᠳᠠᠬᠤ᠂ ᠺᠣᠳ᠋᠎ᠢᠶᠠᠷ ᠨᠡᠪᠲᠡᠷᠡᠭᠦᠯᠬᠦ 》 ᠪᠣᠰᠣᠭ᠎ᠠ ᠴᠣᠭᠴᠠᠲᠤ ᠤᠬᠠᠭᠤᠯᠭ᠎ᠠ᠎ᠶᠢᠨ ᠵᠢᠭ᠍ᠰᠠᠭᠠᠯ᠎ᠢ ᠨᠠᠷᠢᠨ ᠨᠢᠮᠪᠠᠢ ᠪᠠᠶ᠋ᠢᠭᠤᠯᠬᠤ᠎ᠪᠠᠷ ᠳᠠᠮᠵᠢᠭᠤᠯᠤᠨ ᠂ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢᠨ 《 ᠳᠤᠮᠳᠠᠬᠢ ᠰᠠᠭᠠᠳ 》᠎ᠢ ᠬᠦᠴᠦᠯᠡᠨ ᠰᠢᠢᠳᠪᠦᠷᠢᠯᠡᠵᠦ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ 《 ᠡᠴᠦᠰ᠎ᠦᠨ ᠨᠢᠭᠡ ᠺᠢᠯᠣᠮᠧᠲᠷ 》᠎ᠢ ᠦᠨᠡᠨ ᠬᠦ᠌ ᠨᠠᠪᠲᠠᠷᠡᠭᠦᠯᠵᠦ᠂ ᠲᠥᠷᠥ᠎ᠶᠢᠨ ᠪᠣᠳᠣᠯᠭ᠎ᠠ᠎ᠶᠢ ᠦᠨᠡᠨ ᠬᠦ᠌ ᠣᠯᠠᠨ ᠲᠦᠮᠡᠨ᠎ᠦ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠪᠣᠳᠠᠲᠤ ᠠᠰᠢᠭ᠋ ᠪᠣᠯᠭᠠᠨ ᠬᠤᠪᠢᠷᠠᠭᠤᠯᠵᠤ᠂ ᠪᠣᠳᠠᠲᠠᠢ᠎ᠳᠤ ᠨᠠᠢᠳᠠᠪᠤᠷᠢᠵᠢᠭᠤᠯᠬᠤ ᠮᠥᠷᠲᠡᠭᠡᠨ ᠰᠡᠳᠬᠢᠯ᠎ᠳᠦ ᠬᠠᠳᠠᠩᠰᠢᠭᠤᠯᠤᠨ᠎ᠠ᠃
      ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢ ᠵᠠᠪᠰᠠᠷ ᠦᠭᠡᠢ ᠵᠣᠯᠭᠠᠭᠤᠯᠤᠨ᠎ᠠ
      《 ᠥᠩᠭᠡᠷᠡᠭᠰᠡᠨ᠎ᠳᠦ ᠤᠳᠠᠭ᠎ᠠ ᠪᠦᠷᠢ ᠭᠡᠷᠡᠴᠢᠯᠡᠭᠡ ᠬᠢᠬᠦ᠎ᠳᠦ ᠴᠥᠮ ᠮᠢᠨᠤ ᠬᠡᠦᠬᠡᠳ ᠬᠢᠵᠦ ᠥᠭᠲᠡᠭ᠂ ᠪᠢ ᠶᠡᠷᠦ ᠨᠢ ᠰᠤᠷᠴᠤ ᠴᠢᠳᠠᠬᠤ ᠦᠭᠡᠢ ᠪᠠᠢᠵᠠᠢ ᠂ ᠡᠨᠡ ᠤᠳᠠᠭ᠎ᠠ ᠮᠠᠨ᠎ᠤ ᠨᠡᠢᠭᠡᠮ᠎ᠦᠨ ᠳᠠᠭᠠᠳᠬᠠᠯ᠎ᠤᠨ ᠠᠵᠢᠯᠲᠠᠳ ᠲᠤᠬᠠᠢ᠎ᠶᠢᠨ ᠭᠠᠵᠠᠷ᠎ᠲᠤ ᠬᠢᠴᠢᠶᠡᠯ ᠣᠷᠣᠵᠤ ᠶᠠᠭᠠᠬᠢᠵᠤ ᠭᠡᠷᠡᠴᠢᠯᠡᠭᠡ ᠬᠢᠬᠦ᠎ᠶᠢ ᠨᠠᠳᠠ᠎ᠳᠤ ᠭᠠᠷᠳᠠᠨ ᠵᠢᠭᠠᠵᠤ ᠥᠭᠭᠦᠭᠰᠡᠨ᠎ᠢᠶᠡᠷ ᠲᠡᠷᠡ ᠳᠣᠣᠷ᠎ᠠ᠎ᠪᠠᠨ ᠰᠤᠷᠴᠢᠬᠠᠵᠠᠢ ! 》 ᠭᠡᠵᠦ ᠪᠤᠭᠤᠲᠤ ᠬᠣᠲᠠ᠎ᠶᠢᠨ 《 ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠲᠦᠮᠡᠨ ᠡᠷᠦᠬᠡ᠎ᠳᠦ ᠬᠦᠷᠭᠡᠬᠦ 》 ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ᠂ ᠭᠠᠷ ᠤᠲᠠᠰᠤ᠎ᠪᠠᠷ ᠭᠡᠷᠡᠴᠢᠯᠡᠭᠡ ᠬᠢᠬᠦ᠎ᠶᠢ ᠰᠠᠶᠢᠬᠠᠨ ᠰᠣᠷᠣᠭᠰᠠᠨ ᠬᠣᠲᠠ᠎ᠶᠢᠨ ᠠᠷᠠᠳ ᠸᠠᠩ ᠠᠪᠤᠭᠠᠢ ᠪᠠᠶᠠᠷᠯᠠᠭᠰᠠᠨ ᠰᠡᠳᠬᠢᠯ᠎ᠢᠶᠡᠨ ᠳᠠᠷᠤᠵᠤ ᠶᠠᠳᠠᠨ ᠶᠠᠷᠢᠵᠤ ᠪᠠᠢᠯ᠎ᠠ᠃ ᠡᠨᠡ ᠪᠣᠯ ᠪᠤᠭᠤᠲᠤ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠲᠥᠷᠥ᠎ᠶᠢᠨ ᠪᠣᠳᠣᠯᠭ᠎ᠠ᠎ᠶᠢ ᠭᠦᠨᠵᠡᠭᠡᠢ ᠤᠬᠠᠭᠤᠯᠬᠤ ᠠᠵᠢᠯᠯᠠᠭ᠎ᠠ᠎ᠶᠢᠨ ᠨᠢᠭᠡᠨ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃
      ᠪᠤᠭᠤᠲᠤ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 2025 ᠣᠨ᠎ᠤ 《 ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠲᠦᠮᠡᠨ ᠡᠷᠦᠬᠡ᠎ᠳᠦ ᠬᠦᠷᠭᠡᠬᠦ 》 ᠠᠵᠢᠯᠯᠠᠭ᠎ᠠ᠎ᠶᠢ ᠡᠬᠢᠯᠡᠭᠦᠯᠵᠦ᠂ ᠨᠡᠢᠭᠡᠮ ᠲᠣᠭᠣᠷᠢᠭ᠋᠂ ᠠᠵᠤ ᠠᠬᠤᠢᠯᠠᠯ ᠪᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂ ᠨᠠᠷᠢᠨ ᠪᠤᠳᠤᠯᠢᠶᠠᠨᠲᠠᠢ ᠲᠥᠷᠥ᠎ᠶᠢᠨ ᠪᠣᠳᠣᠯᠭ᠎ᠠ᠎ᠶᠢᠨ ᠵᠦᠢᠯ ᠵᠤᠷᠪᠤᠰ᠎ᠢ ᠠᠷᠠᠳ ᠣᠯᠠᠨ᠎ᠤ ᠰᠣᠨᠣᠰᠴᠤ ᠣᠢᠯᠠᠭᠠᠬᠤ 《 ᠡᠩ᠎ᠦᠨ ᠦᠭᠡ 》 ᠪᠣᠯᠭᠠᠨ ᠬᠤᠪᠢᠷᠠᠭᠤᠯᠪᠠ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠪᠥᠬᠥ ᠬᠣᠲᠠ᠎ᠪᠠᠷ᠎ᠢᠶᠠᠨ ᠨᠢᠭᠡᠨᠲᠡ 78 ᠲᠠᠯᠠᠪᠤᠷ ᠪᠣᠳᠠᠲᠤ ᠴᠣᠭᠴᠠ᠎ᠶᠢᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠶᠢ ᠨᠠᠷᠢᠨ ᠨᠢᠮᠪᠠᠢ ᠵᠣᠬᠢᠶᠠᠨ ᠪᠠᠢᠭᠤᠯᠵᠤ ᠂ ᠦᠢᠯᠡᠴᠢᠯᠡᠭᠡ ᠭᠥᠷᠳᠡᠭᠰᠡᠨ ᠣᠯᠠᠨ ᠲᠦᠮᠡᠨ ᠨᠡᠢᠳᠡ 12.4 ᠲᠦᠮᠡᠨ ᠬᠥᠮᠥᠨ ᠤᠳᠠᠭ᠎ᠠ᠎ᠶᠢ ᠳᠠᠪᠠᠵᠤ᠂ ᠡᠯ᠎ᠡ ᠲᠥᠷᠥᠯ᠎ᠦᠨ ᠲᠥᠷᠥ᠎ᠶᠢᠨ ᠪᠣᠳᠣᠯᠭ᠎ᠠ᠎ᠶᠢᠨ ᠵᠦᠭᠯᠡᠭᠦᠷ ᠪᠠ ᠠᠷᠠᠳ᠎ᠲᠤ ᠲᠥᠬᠥᠮ ᠦᠵᠡᠭᠦᠯᠬᠦ ᠭᠠᠷ ᠳᠡᠪᠲᠡᠷ᠎ᠢ 11 ᠲᠦᠮᠡ ᠭᠠᠷᠤᠢ ᠬᠤᠪᠢ ᠲᠠᠷᠬᠠᠭᠠᠵᠤ ᠂ ᠣᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ ᠬᠡᠮᠵᠢᠶ᠎ᠡ ᠢᠯᠡᠳᠲᠡ ᠳᠡᠭᠡᠭᠰᠢᠯᠡᠪᠡ᠃
      ᠳᠡᠯᠭᠡᠴᠡ᠎ᠪᠡᠷ ᠨᠢᠭᠤᠷᠳᠠᠨ ᠬᠠᠷᠢᠯᠴᠠᠨ ᠦᠢᠯᠡᠳᠦᠯᠴᠡᠵᠦ ᠲᠥᠭᠡᠷᠢᠭᠳᠡᠯ᠎ᠢ ᠨᠠᠷᠢᠯᠢᠭ᠋ ᠣᠨᠣᠴᠠᠲᠠᠢ᠎ᠪᠠᠷ ᠲᠠᠶ᠋ᠢᠯᠤᠨ᠎ᠠ
      《 ᠵᠠᠯᠠᠭᠤ ᠴᠢᠳᠠᠪᠤᠷᠢᠲᠠᠨ᠎ᠤ ᠱᠠᠩᠨᠠᠯ᠎ᠢ ᠭᠤᠶᠤᠴᠢᠯᠠᠬᠤ᠎ᠶᠢᠨ ᠨᠥᠬᠥᠴᠡᠯ ᠨᠢ ᠶᠠᠮᠠᠷ ᠪᠤᠶ ? 》 《 ᠪᠢ ᠲᠠᠨ᠎ᠳᠤ ᠬᠠᠷᠢᠭᠤᠯᠲᠠ ᠥᠭᠭᠦᠶ᠎ᠡ᠂ 2021 ᠣᠨ᠎ᠤ 3 ᠰᠠᠷ᠎ᠠ᠎ᠶᠢᠨ 3᠎ᠤ ᠡᠳᠦᠷ᠎ᠡᠴᠡ 2025 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯ᠎ᠠ ᠂ ᠪᠤᠭᠤᠲᠤ ᠬᠣᠲᠠ᠎ᠶᠢᠨ ᠡᠯ᠎ᠡ ᠲᠥᠷᠥᠯ᠎ᠦᠨ ᠠᠵᠤ ᠠᠬᠤᠢᠯᠠᠯ ᠰᠢᠨ᠎ᠡ᠎ᠪᠡᠷ ᠣᠷᠣᠭᠤᠯᠤᠭᠰᠠᠨ ᠪᠥᠭᠡᠳ ᠠᠩᠬ᠎ᠠ ᠤᠳᠠᠭ᠎ᠠ ᠳᠠᠭᠠᠳᠬᠠᠯ᠎ᠳᠤ ᠣᠷᠣᠯᠴᠠᠭᠰᠠᠨ ᠪᠥᠭᠡᠳ 5 ᠵᠢᠯ ᠵᠢᠴᠢ 5 ᠵᠢᠯ᠎ᠡᠴᠡ ᠳᠡᠭᠡᠭᠰᠢ ᠬᠥᠳᠡᠯᠮᠦᠷᠢ᠎ᠶᠢᠨ ᠭᠡᠷ᠎ᠡ ᠲᠣᠭᠲᠠᠵᠤ᠂ ᠪᠦᠬᠦᠯᠢ 1 ᠵᠢᠯ ᠠᠵᠢᠯᠯᠠᠭᠰᠠᠨ᠂ ᠠᠩᠬ᠎ᠠ ᠤᠳᠠᠭ᠎ᠠ ᠪᠤᠭᠤᠲᠤ ᠬᠣᠲᠠ᠎ᠶᠢᠨ ᠨᠡᠢᠭᠡᠮ᠎ᠦᠨ ᠳᠠᠭᠠᠳᠬᠠᠯ᠎ᠳᠤ ᠣᠷᠣᠯᠴᠠᠭᠰᠠᠨ ᠪᠥᠭᠡᠳ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠭᠠᠳ 6 ᠰᠠᠷ᠎ᠠ ᠪᠣᠯᠤᠭᠰᠠᠨ ᠳ᠋ᠣᠺᠲ᠋ᠣᠷᠠᠨᠲ ᠪᠠ ᠠᠰᠫᠢᠷᠠᠨᠲ ᠁》 ᠺᠣᠮᠫᠢᠦ᠋ᠲᠧᠷ᠎ᠦᠨ ᠳᠡᠯᠭᠡᠴᠡ᠎ᠶᠢᠨ ᠡᠮᠦᠨ᠎ᠡ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯᠲᠠᠨ ᠭᠣᠣᠯ ᠨᠡᠪᠲᠡᠷᠡᠭᠦᠯᠦᠭᠴᠢ ᠪᠣᠯᠵᠤ ᠂ ᠣᠯᠠᠨ ᠲᠦᠮᠡᠨ᠎ᠦ ᠰᠦᠯᠵᠢᠶᠡᠨ ᠳᠡᠭᠡᠷᠡᠬᠢ ᠠᠰᠠᠭᠤᠯᠲᠠ᠎ᠶᠢ ᠨᠢᠭᠡᠳ ᠨᠢᠭᠡ᠎ᠪᠡᠷ ᠬᠠᠷᠢᠭᠤᠯᠤᠨ᠎ᠠ᠃
      ᠡᠨᠡ ᠬᠦ᠌ ᠲᠤᠭᠠᠴᠢᠯᠠᠯᠳᠠ᠎ᠶᠢᠨ ᠴᠠᠭ ᠦᠶ᠎ᠡ᠎ᠳᠦ᠂ ᠪᠤᠭᠤᠲᠤ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠰᠢᠨ᠎ᠡ ᠵᠠᠭᠤᠴᠢᠯᠠᠭᠤᠷ᠎ᠢ ᠠᠰᠢᠭ᠍ᠯᠠᠨ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ 《 ᠰᠢᠨ᠎ᠡ ᠵᠢᠭ᠍ᠰᠠᠭᠠᠯ᠎ᠤᠨ ᠭᠠᠵᠠᠷ 》᠎ᠢ ᠨᠡᠭᠡᠭᠡᠪᠡ᠃ ᠡᠨᠡ ᠵᠢᠯ᠎ᠦᠨ 5 ᠰᠠᠷ᠎ᠠ᠎ᠠᠴᠠ ᠡᠬᠢᠯᠡᠨ᠂ 《 ᠠᠵᠢᠯ ᠣᠯᠭᠣᠯᠲᠠ ᠪᠤᠭᠤᠲᠤ》 ᠵᠢᠨ ᠨᠡᠶ᠋ᠢᠲᠡ᠎ᠶᠢᠨ ᠲᠠᠪᠴᠠᠩ᠂ ᠲᠢᠺ ᠲᠤᠺ ᠳ᠋ᠤᠭᠠᠷ᠂ ᠲᠦᠷᠭᠡᠨ ᠭᠠᠷ ᠳ᠋ᠤᠭᠠᠷ ᠨᠢ 《 ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠦᠷᠦ᠎ᠶᠢᠨ ᠪᠣᠳᠣᠯᠭ᠎ᠠ᠎ᠪᠠᠷ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠠᠷᠠᠳ᠎ᠲᠤ ᠠᠰᠢᠭ᠋ ᠬᠦᠷᠲᠡᠭᠡᠬᠦ ᠰᠢᠭᠤᠳ ᠨᠡᠪᠲᠡᠷᠡᠭᠦᠯᠭᠡ 》 ᠶ᠋ᠢ ᠵᠡᠷᠭᠡ᠎ᠪᠡᠷ ᠡᠬᠢᠯᠡᠭᠦᠯᠵᠦ᠂ ᠠᠵᠢᠯ ᠣᠯᠭᠣᠵᠤ ᠦᠢᠯᠡᠰ ᠪᠣᠰᠬᠠᠬᠤ᠂ ᠨᠡᠢᠭᠡᠮ᠎ᠦᠨ ᠪᠠᠲᠤᠯᠠᠭ᠎ᠠ᠂ ᠴᠢᠳᠠᠪᠤᠷᠢᠲᠠᠨ ᠠᠵᠢᠯᠲᠠᠨ᠎ᠤ ᠶᠠᠪᠤᠳᠠᠯ᠂ ᠬᠥᠳᠡᠯᠮᠦᠷᠢ᠎ᠶᠢᠨ ᠪᠠᠲᠤᠯᠠᠭ᠎ᠠ ᠵᠡᠷᠭᠡ ᠲᠦᠷᠪᠡᠨ ᠶᠡᠬᠡ ᠬᠡᠰᠡᠭ᠎ᠢ ᠬᠠᠮᠤᠷᠤᠭᠰᠠᠨ ᠭᠣᠣᠯ ᠪᠣᠯᠬᠤ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠬᠢᠵᠦ᠂ ᠨᠡᠢ᠍ᠢᠳᠡ ᠵᠠᠭᠤᠨ ᠲᠦᠮᠡ ᠭᠠᠷᠤᠢ ᠬᠥᠮᠥᠨ ᠤᠳᠠᠭ᠎ᠠ᠎ᠶᠢᠨ ᠠᠩᠬᠠᠷᠤᠯ᠎ᠢ ᠲᠠᠲᠠᠵᠤ ᠲᠡᠳᠡᠨ᠎ᠢ ᠰᠢᠭᠤᠳ ᠨᠡᠪᠲᠡᠷᠡᠭᠦᠯᠭᠡ᠎ᠶᠢᠨ ᠳᠠᠰᠤᠭ᠎ᠲᠤ ᠣᠷᠣᠭᠤᠯᠵᠠᠢ᠃ ᠡᠢᠮᠦᠷᠬᠦᠦ ᠲᠠᠪᠴᠠᠩ ᠳᠡᠭᠡᠷᠡᠬᠢ ᠪᠣᠳᠠᠲᠤ ᠰᠣᠯᠢᠯᠴᠠᠭ᠎ᠠ ᠨᠢ ᠴᠠᠭ ᠬᠤᠭᠤᠴᠠᠭ᠎ᠠ ᠪᠠ ᠣᠷᠣᠨ ᠵᠠᠢ᠎ᠶᠢᠨ ᠬᠢᠵᠠᠭᠠᠷᠯᠠᠯ᠎ᠢ ᠡᠪᠳᠡᠵᠦ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠬᠠᠮᠤᠷᠬᠤ ᠬᠡᠪᠴᠢᠶ᠎ᠡ ᠪᠠ ᠨᠡᠪᠴᠢᠯᠲᠡ᠎ᠶᠢᠨ ᠭᠦᠨᠴᠡ᠎ᠶᠢ ᠢᠯᠡᠳᠲᠡ ᠥᠷᠭᠡᠳᠬᠡᠵᠦ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠶᠢ 《 ᠴᠠᠭ᠎ᠤᠨ ᠬᠤᠷ᠎ᠠ》 ᠮᠡᠲᠦ᠎ᠪᠡᠷ ᠬᠡᠷᠡᠭᠴᠡᠭᠡ᠎ᠶᠢᠨ ᠡᠴᠦᠰ᠎ᠦᠨ ᠦᠵᠦᠭᠦᠷ᠎ᠲᠦ ᠰᠢᠭᠤᠳ ᠬᠦᠷᠭᠡᠵᠦ ᠂ ᠣᠯᠠᠨ ᠲᠦᠮᠡᠨ᠎ᠦ ᠣᠨᠳᠣᠣ ᠭᠠᠵᠠᠷ᠎ᠲᠤ ᠤᠴᠢᠷ ᠶᠠᠪᠤᠳᠠᠯ ᠰᠢᠢᠳᠪᠦᠷᠢᠯᠡᠬᠦ ᠂ ᠴᠠᠭ ᠲᠤᠬᠠᠢ ᠳ᠋ᠤᠨᠢ ᠠᠰᠠᠭᠤᠨ ᠯᠠᠪᠯᠠᠬᠤ᠎ᠶᠢᠨ ᠡᠪᠡᠷᠰᠢᠶᠡᠯ᠎ᠢ ᠪᠦᠲᠦᠮᠵᠢᠲᠡᠶ ᠰᠢᠢᠳᠪᠦᠷᠢᠯᠡᠭᠰᠡᠨ ᠪᠠᠢᠨ᠎ᠠ᠃ ᠡᠭᠦᠨ᠎ᠦ ᠵᠡᠷᠭᠡ᠎ᠳᠦ᠂ ᠠᠵᠢᠯ᠎ᠤᠨ ᠪᠠᠢᠷᠢ ᠲᠠᠨᠢᠯᠴᠠᠭᠤᠯᠬᠤ ᠰᠢᠭᠤᠳ ᠨᠡᠪᠲᠡᠷᠡᠭᠦᠯᠭᠡ ᠴᠤ᠌ ᠬᠥᠯ ᠬᠥᠭᠵᠢᠶᠡᠨ ᠲᠠᠢ ᠪᠠᠢᠵᠤ᠂ ᠠᠵᠢᠯ ᠡᠷᠢᠭᠰᠡᠳ ᠰᠦᠯᠵᠢᠶᠡᠨ ᠳᠡᠭᠡᠷ᠎ᠡ ᠠᠵᠤ ᠠᠬᠤᠢᠯᠠᠯ᠎ᠤᠨ ᠣᠷᠴᠢᠨ ᠲᠣᠭᠣᠷᠢᠨ᠂ ᠠᠵᠢᠯ᠎ᠤᠨ ᠪᠠᠢᠷᠢ᠎ᠶᠢᠨ ᠨᠠᠷᠢᠨ ᠪᠠᠢᠳᠠᠯ ᠵᠢᠴᠢ ᠴᠠᠯᠢᠩ ᠬᠥᠯᠥᠰᠦ᠎ᠶᠢ ᠪᠠᠢᠴᠠᠭᠠᠨ ᠦᠵᠡᠵᠦ ᠪᠣᠯᠬᠤ ᠪᠥᠭᠡᠳ ᠴᠠᠭ ᠲᠤᠬᠠᠢ ᠳ᠋ᠤᠨᠢ ᠠᠰᠠᠭᠤᠯᠲᠠ ᠠᠰᠠᠭᠤᠵᠤ᠂ ᠨᠡᠪᠲᠡᠷᠡᠯᠴᠡᠬᠦ ᠥᠪᠡᠷ᠎ᠦᠨ ᠥᠷᠲᠡᠭ᠎ᠢ ᠪᠠᠭᠤᠷᠠᠭᠤᠯᠵᠤ᠂ ᠠᠵᠢᠯᠲᠠᠨ ᠡᠯᠰᠡᠬᠦ ᠮᠡᠳᠡᠭᠡ ᠵᠠᠩᠭᠢ᠎ᠶᠢ 171.6 ᠲᠦᠮᠡᠨ ᠤᠳᠠᠭ᠎ᠠ ᠦᠵᠡᠵᠦ᠂ ᠠᠵᠤ ᠠᠬᠤᠢᠯᠠᠯ ᠪᠣᠯᠣᠨ ᠠᠵᠢᠯ ᠡᠷᠢᠭᠰᠡᠳ᠎ᠦᠨ ᠬᠣᠭᠣᠷᠣᠨᠳᠣᠬᠢ 《 ᠵᠣᠯᠭᠠᠯᠴᠠᠭ᠎ᠠ》 ᠎ᠶᠢ ᠨᠠᠩ ᠦᠨᠡᠨᠴᠢ ᠂ ᠥᠨᠳᠥᠷ ᠪᠦᠲᠦᠮᠵᠢᠲᠡᠶ ᠂ ᠨᠠᠷᠢᠯᠢᠭ᠋ ᠣᠨᠣᠴᠠᠲᠠᠢ ᠪᠣᠯᠭᠠᠵᠠᠢ᠃
      ᠺᠣᠳ᠋ ᠰᠢᠷᠪᠢᠵᠦ ᠨᠢᠭᠡ ᠳᠠᠷᠤᠪᠴᠢ᠎ᠪᠠᠷ ᠲᠥᠷᠥ᠎ᠶᠢᠨ ᠪᠣᠳᠣᠯᠭ᠎ᠠ᠎ᠶᠢᠨ ᠪᠥᠬᠥ ᠠᠭᠤᠯᠭ᠎ᠠ᠎ᠶᠢ ᠪᠠᠢᠴᠠᠭᠠᠨ ᠯᠠᠪᠯᠠᠵᠤ ᠪᠣᠯᠣᠨ᠎ᠠ
      《 ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢ ᠣᠢᠯᠠᠭᠠᠶ᠎ᠠ ᠭᠡᠪᠡᠯ ᠂ ᠥᠩᠭᠡᠷᠡᠭᠰᠡᠨ᠎ᠳᠦ ᠴᠣᠩᠬᠣᠪᠴᠢ᠎ᠳᠤ ᠣᠴᠢᠵᠤ ᠠᠰᠠᠭᠤᠬᠤ ᠪᠤᠶᠤ ᠰᠦᠯᠵᠢᠶᠡᠨ ᠳᠡᠭᠡᠷ᠎ᠡ᠎ᠡᠴᠡ ᠡᠷᠢᠬᠦ ᠬᠡᠷᠡᠭᠲᠡᠢ ᠪᠠᠢᠵᠠᠢ ᠂ ᠣᠲᠣ᠌ ᠵᠥᠪᠬᠡᠨ 〈 ᠪᠤᠭᠤᠲᠤ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ 〉᠎ᠶᠢᠨ ᠨᠡᠶ᠋ᠢᠲᠡ᠎ᠶᠢᠨ ᠳ᠋ᠤᠭᠠᠷ᠎ᠠᠴᠠ ᠬᠣᠶᠠᠷ ᠬᠡᠮᠵᠢᠯᠲᠦ ᠺᠣᠳ᠋᠎ᠢ ᠰᠢᠷᠪᠢᠪᠡᠯ ᠪᠣᠯᠴᠢᠬᠠᠨ᠎ᠠ ᠂ ᠶᠠᠭᠠᠬᠢᠪᠠᠯ ᠵᠣᠬᠢᠬᠤ ᠂ ᠬᠠᠮᠢᠭ᠎ᠠ ᠣᠴᠢᠵᠤ ᠭᠦᠢᠴᠡᠳᠬᠡᠬᠦ᠂ ᠠᠰᠠᠭᠤᠨ ᠯᠠᠪᠯᠠᠬᠤ ᠤᠲᠠᠰᠤ ᠵᠡᠷᠭᠡ ᠪᠦᠷ ᠮᠠᠰᠢ ᠲᠣᠳᠣᠷᠬᠠᠢ ᠪᠠᠢᠨ᠎ᠠ ! 》 ᠤᠯᠠᠨ ᠲᠦᠮᠡᠨ᠎ᠦ ᠮᠠᠭᠲᠠᠭᠠᠯ ᠰᠠᠢᠰᠢᠶᠠᠯ ᠨᠢ 《 ᠺᠣᠳ᠋᠎ᠢᠶᠠᠷ ᠪᠠᠢᠴᠠᠭᠠᠬᠤ 》 ᠵᠢᠨ ᠨᠠᠷᠢᠯᠢᠭ᠋ ᠣᠨᠣᠪᠴᠢᠲᠠᠢ ᠥᠨᠳᠥᠷ ᠪᠦᠲᠦᠮᠵᠢᠲᠡᠢ ᠪᠠᠢᠬᠤ᠎ᠶᠢ ᠭᠡᠷᠡᠴᠢᠯᠡᠵᠦ ᠂ ᠲᠥᠷᠥ᠎ᠶᠢᠨ ᠪᠣᠳᠣᠯᠭ᠎ᠠ᠎ᠶᠢᠨ ᠰᠡᠵᠢᠭᠯᠡᠯ᠎ᠢ 《 ᠨᠢᠭᠡ ᠦᠷᠲᠡᠭᠡᠴᠢᠯᠡᠭᠰᠡᠨ ᠮᠠᠶᠢᠭ᠋ 》᠎ᠢᠶᠠᠷ ᠰᠢᠢᠳᠪᠦᠷᠢᠯᠡᠬᠦ᠎ᠶᠢ ᠪᠡᠶᠡᠯᠡᠭᠦᠯᠪᠡ᠃
      ᠲᠥᠷᠥ᠎ᠶᠢᠨ ᠪᠣᠳᠣᠯᠭ᠎ᠠ᠎ᠶᠢ ᠣᠢᠯᠠᠭᠠᠬᠤ 《 ᠡᠴᠦᠰ᠎ᠦᠨ ᠨᠢᠭᠡ ᠰᠠᠨᠲ᠋ᠢᠮᠧᠲᠷ 》᠎ᠢ ᠨᠡᠪᠲᠡᠷᠡᠭᠦᠯᠬᠦ᠎ᠶᠢᠨ ᠲᠥᠯᠥᠭᠡ᠂ 《 ᠪᠤᠭᠤᠲᠤ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ 》᠎ᠶᠢᠨ ᠸᠢᠴᠠᠲ᠎ᠤᠨ ᠨᠡᠶ᠋ᠢᠲᠡ᠎ᠶᠢᠨ ᠳ᠋ᠤᠭᠠᠷ ᠨᠢ ᠰᠢᠨ᠎ᠡ᠎ᠶᠢ ᠡᠭᠦᠳᠴᠦ 《 ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢᠨ 〈 ᠺᠣᠳ᠋ 〉᠎ᠢᠶᠡᠷ ᠪᠠᠢᠴᠠᠭᠠᠬᠤ 》 ᠦᠢᠯᠡᠴᠢᠯᠡᠭᠡ ᠭᠠᠷᠭᠠᠪᠠ ᠃ ᠲᠠᠪᠴᠠᠩ ᠨᠢ ᠬᠡᠷᠡᠭᠯᠡᠭᠴᠢ᠎ᠶᠢᠨ ᠬᠡᠷᠡᠭᠴᠡᠭᠡ᠎ᠪᠡᠷ ᠲᠥᠪ ᠪᠣᠯᠭᠠᠵᠤ᠂ ᠠᠵᠤ ᠠᠬᠤᠢᠯᠠᠯ᠎ᠤᠨ ᠬᠡᠰᠡᠭ ᠂ ᠬᠤᠪᠢ ᠬᠥᠮᠥᠨ᠎ᠦ ᠬᠡᠰᠡᠭ ᠂ ᠪᠠᠢᠭᠤᠯᠭ᠎ᠠ ᠠᠵᠢᠯ ᠦᠢᠯᠡᠰ᠎ᠦᠨ ᠬᠡᠰᠡᠭ ᠵᠡᠷᠭᠡ ᠭᠤᠷᠪᠠᠨ ᠲᠣᠮᠣ᠌ ᠬᠡᠰᠡᠭ᠎ᠢ ᠨᠠᠷᠢᠨ ᠨᠢᠮᠪᠠᠢ ᠡᠮᠬᠢᠯᠡᠨ ᠳᠢᠭᠯᠡᠵᠦ᠂ 178 ᠵᠦᠢᠯ᠎ᠦᠨ ᠥᠨᠳᠥᠷ ᠳᠠᠪᠲᠠᠮᠵᠢᠲᠤ ᠲᠥᠷᠥ᠎ᠶᠢᠨ ᠪᠣᠳᠣᠯᠭ᠎ᠠ᠎ᠶᠢᠨ ᠨᠠᠷᠢᠯᠢᠭ᠋ ᠣᠨᠣᠴᠠᠲᠠᠢ᠎ᠪᠠᠷ ᠲᠠᠢᠯᠤᠮᠵᠢ ᠬᠢᠬᠦ ᠬᠣᠶᠠᠷ ᠬᠡᠮᠵᠢᠯᠲᠦ ᠺᠣᠳ᠋᠎ᠢ ᠪᠦᠷᠢᠯᠳᠦᠭᠦᠯᠵᠦ ᠂ ᠠᠭᠤᠯᠭ᠎ᠠ ᠳ᠋ᠤᠨᠢ ᠪᠣᠳᠠᠲᠠᠢ ᠲᠥᠷᠥ᠎ᠶᠢᠨ ᠪᠣᠳᠣᠯᠭ᠎ᠠ ᠂ ᠭᠤᠶᠤᠴᠢᠯᠠᠬᠤ ᠴᠢᠬᠤᠯᠠ ᠨᠥᠬᠥᠴᠡᠯ ᠂ ᠭᠦᠢᠴᠡᠳᠬᠡᠬᠦ ᠶᠠᠪᠤᠴᠠ᠂ ᠲᠥᠷᠥ᠎ᠶᠢᠨ ᠪᠣᠳᠣᠯᠭ᠎ᠠ᠎ᠶᠢᠨ ᠦᠨᠳᠦᠰᠦᠯᠡᠯ᠂ ᠭᠠᠷᠲᠠᠨ ᠭᠦᠢᠴᠡᠳᠬᠡᠬᠦ ᠰᠠᠯᠠᠭ᠎ᠠ ᠮᠥᠴᠢᠷ ᠵᠢᠴᠢ ᠠᠰᠠᠭᠤᠨ ᠯᠠᠪᠯᠠᠬᠤ ᠤᠲᠠᠰᠤ ᠪᠠᠭᠲᠠᠨ᠎ᠠ ᠃ ᠣᠯᠠᠨ ᠲᠦᠮᠡᠨ ᠵᠥᠪᠬᠡᠨ ᠬᠤᠷᠤᠭᠤᠨ᠎ᠤ ᠦᠵᠦᠭᠦᠷ᠎ᠢᠶᠡᠨ ᠬᠥᠳᠡᠯᠭᠡᠪᠡᠯ ᠳᠠᠷᠤᠢ 《 ᠨᠢᠭᠡ ᠦᠷᠲᠡᠭᠡᠴᠢᠯᠡᠭᠰᠡᠨ ᠮᠠᠶᠢᠭ᠋ 》᠎ᠢᠶᠠᠷ ᠥᠪᠡᠷ᠎ᠦᠨ ᠪᠡᠶ᠎ᠡ ᠳ᠋ᠦ᠍ᠨᠢ ᠲᠣᠬᠢᠷᠠᠭᠤᠯᠤᠨ ᠲᠣᠭᠲᠠᠭᠠᠭᠰᠠᠨ ᠲᠥᠷᠥ᠎ᠶᠢᠨ ᠪᠣᠳᠣᠯᠭ᠎ᠠ᠎ᠶᠢᠨ ᠵᠦᠭᠯᠡᠭᠦᠷ ᠪᠣᠯᠣᠨ ᠯᠠᠪᠯᠠᠯᠲᠠ᠎ᠶᠢᠨ ᠦᠢᠯᠡᠴᠢᠯᠡᠭᠡ᠎ᠶᠢ ᠣᠯᠵᠤ ᠪᠣᠯᠣᠨ᠎ᠠ᠃ ᠡᠭᠦᠨ᠎ᠦ ᠵᠡᠷᠭᠡ᠎ᠪᠡᠷ ᠪᠤᠭᠤᠲᠤ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠯᠪᠠᠨ ᠰᠦᠯᠵᠢᠶ᠎ᠡ᠎ᠳᠦ ᠲᠦᠰᠢᠭᠯᠡᠨ ᠂ ᠪᠥᠬᠥ ᠵᠢᠯ᠎ᠳᠦ ᠬᠥᠳᠡᠯᠦᠩᠭᠦᠢ ᠮᠡᠳᠡᠭᠡ ᠵᠠᠩᠭᠢ ᠂ ᠠᠯᠪᠠᠨ ᠵᠠᠷ ᠵᠢᠴᠢ ᠠᠵᠤ ᠠᠬᠤᠢᠯᠠᠯ᠎ᠳᠤ ᠠᠰᠢᠭ᠋ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠲᠥᠷᠥ᠎ᠶᠢᠨ ᠪᠣᠳᠣᠯᠭ᠎ᠠ᠎ᠶᠢ 681 ᠵᠤᠷᠪᠤᠰ ᠨᠡᠢᠲᠡᠯᠡᠵᠦ ᠂ ᠨᠡᠶ᠋ᠢᠲᠡ᠎ᠶᠢᠨ ᠳ᠋ᠤᠭᠠᠷ᠎ᠤᠨ ᠮᠡᠳᠡᠭᠡ ᠵᠠᠩᠭᠢ᠎ᠶᠢ 475 ᠬᠤᠪᠢ ᠨᠠᠷᠢᠯᠢᠭ᠋ ᠰᠣᠩᠭᠣᠨ ᠬᠦᠷᠭᠡᠵᠦ᠂ ᠮᠡᠳᠡᠭᠡ ᠵᠠᠩᠭᠢ᠎ᠶᠢᠨ ᠳᠠᠮᠵᠢᠭᠤᠯᠭ᠎ᠠ᠎ᠶᠢ ᠴᠠᠭ ᠲᠤᠬᠠᠢ ᠳ᠋ᠤᠨᠢ ᠰᠠᠭᠠᠳ ᠦᠭᠡᠢ ᠨᠡᠪᠲᠡᠷᠡᠭᠦᠯᠬᠦ᠎ᠶᠢ ᠦᠨᠡᠨ ᠬᠦ᠌ ᠪᠠᠲᠤᠯᠠᠵᠤ᠂ ᠣᠯᠠᠨ ᠲᠦᠮᠡᠨ ᠲᠥᠷᠥ᠎ᠶᠢᠨ ᠪᠣᠳᠣᠯᠭ᠎ᠠ᠎ᠶᠢ ᠪᠠᠢᠴᠠᠭᠠᠨ ᠯᠠᠪᠯᠠᠬᠤ᠎ᠳᠤ 《 ᠺᠣᠳ᠋ ᠰᠢᠷᠪᠢᠵᠦ ᠪᠠᠷᠠᠭ᠎ᠠ ᠬᠤᠳᠠᠯᠳᠤᠨ ᠠᠪᠬᠤ 》 ᠰᠢᠭ᠋ ᠲᠥᠬᠥᠮ ᠪᠣᠯᠭᠠᠵᠠᠢ᠃
      ᠪᠣᠳᠠᠲᠤ ᠴᠣᠭᠴᠠ᠎ᠳᠤ ᠭᠦᠨᠵᠡᠭᠡᠢ ᠤᠬᠠᠭᠤᠯᠬᠤ᠎ᠠᠴᠠ ᠡᠭᠦᠯᠡᠨ ᠦᠵᠦᠭᠦᠷ᠎ᠦᠨ ᠶᠠᠷᠢᠯᠴᠠᠭ᠎ᠠ ᠬᠢᠬᠦ ᠬᠦᠷᠲᠡᠯ᠎ᠡ᠂ 《 ᠬᠥᠮᠥᠨ ᠨᠢ ᠲᠥᠷᠥ᠎ᠶᠢᠨ ᠪᠣᠳᠣᠯᠭ᠎ᠠ ᠡᠷᠢᠬᠦ 》᠎ᠡᠴᠡ 《 ᠲᠥᠷᠥ᠎ᠶᠢᠨ ᠪᠣᠳᠣᠯᠭ᠎ᠠ ᠨᠢ ᠬᠥᠮᠥᠨ ᠡᠷᠢᠬᠦ 》 ᠬᠦᠷᠲᠡᠯ᠎ᠡ᠂ ᠪᠤᠭᠤᠲᠤ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠪᠣᠰᠣᠭ᠎ᠠ ᠴᠣᠭᠴᠠᠲᠤ ᠤᠬᠠᠭᠤᠯᠭ᠎ᠠ ᠦᠢᠯᠡᠳᠦᠯᠭᠡ ᠪᠣᠯ ᠠᠷᠠᠳ ᠲᠦᠮᠡᠨ᠎ᠢᠶᠡᠷ ᠭᠣᠣᠯ ᠪᠣᠯᠭᠠᠭᠰᠠᠨ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠬᠦ᠎ᠶᠢ ᠪᠠᠷᠢᠮᠲᠠᠯᠠᠭᠰᠠᠨ ᠰᠢᠨ᠎ᠡ ᠡᠭᠦᠳᠦᠯᠲᠡ᠎ᠶᠢᠨ ᠬᠤᠷᠢᠶᠠᠩᠭᠤᠢ ᠳᠦᠷᠰᠦ ᠪᠣᠯᠣᠨ᠎ᠠ᠃ ᠡᠨᠡ ᠵᠢᠯ ᠡᠴᠡᠨᠠᠭᠠᠰᠢ ᠂ ᠪᠤᠭᠤᠲᠤ ᠬᠣᠲᠠ᠎ᠶᠢᠨ ᠬᠣᠲᠠ ᠪᠠᠯᠭᠠᠰᠤᠨ᠎ᠳᠤ 2.36 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ 1.69 ᠳ᠋ᠦᠩᠰᠢᠭᠤᠷ ᠲᠥᠭᠥᠷᠢᠭ᠎ᠦᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠲᠠᠯᠪᠢᠵᠤ ᠂ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ 160.45 ᠲᠦᠮᠡ᠎ᠳᠦ ᠬᠦᠷᠴᠦ ᠂ 4399 ᠳᠡᠭᠡᠳᠦ ᠲᠠᠰ ᠳᠠᠪᠬᠤᠷᠭ᠎ᠠ᠎ᠶᠢᠨ ᠪᠠ ᠪᠠᠴᠢᠮ ᠬᠡᠷᠡᠭᠴᠡᠭᠡ ᠱᠠᠭᠠᠷᠳᠠᠯᠭ᠎ᠠ᠎ᠲᠠᠢ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ 3377 ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠰᠢᠨ᠎ᠡ᠎ᠪᠡᠷ ᠨᠡᠮᠡᠭᠳᠡᠭᠦᠯᠦᠨ᠂ 742 ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠲᠠᠢ ᠨᠢᠭᠡᠴᠢ᠎ᠶᠢ ᠮᠠᠭᠠᠳᠯᠠᠨ ᠲᠣᠭᠲᠠᠭᠠᠵᠤ ᠂ ᠨᠢᠭᠡ ᠬᠤᠪᠢ ᠣᠯᠠᠨ ᠲᠦᠮᠡᠨ᠎ᠦ ᠰᠠᠨᠠᠭᠠᠨ᠎ᠳᠤ ᠨᠡᠢᠴᠡᠭᠰᠡᠨ 《 ᠬᠤᠭᠤᠴᠠᠭᠠᠨ ᠳᠤᠮᠳᠠᠬᠢ ᠰᠢᠯᠭᠠᠯᠲᠠ᠎ᠶᠢᠨ ᠬᠠᠭᠤᠳᠠᠰᠤ 》᠎ᠶᠢ ᠲᠤᠰᠢᠶᠠᠭᠰᠠᠨ ᠪᠠᠢᠨ᠎ᠠ᠃ ᠪᠤᠭᠤᠲᠤ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠦᠷᠭᠦᠯᠵᠢᠯᠡᠨ ᠨᠠᠷᠢᠯᠢᠭ᠋ ᠳᠤᠯᠠᠭᠠᠨ ᠬᠠᠢᠷ᠎ᠠ ᠰᠡᠳᠬᠢᠯᠭᠡ᠎ᠪᠡᠷ ᠠᠷᠠᠳ᠎ᠤᠨ ᠰᠠᠨᠠᠯ᠎ᠢ ᠰᠣᠨᠣᠰᠴᠤ᠂ ᠠᠷᠠᠳ ᠤᠯᠠᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤ ᠥᠭᠴᠦ᠂ ᠦᠢᠯᠡᠴᠢᠯᠡᠭᠡᠨ᠎ᠦ ᠵᠠᠭᠪᠤᠷ᠎ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠷᠠᠳ᠎ᠲᠤ ᠠᠰᠢᠭ᠋ ᠬᠦᠷᠲᠡᠭᠡᠵᠦ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ ᠨᠢᠭᠡᠪᠦᠷᠢ᠎ᠶᠢ ᠴᠥᠮ ᠤᠨᠢᠨ ᠳᠡᠭᠡᠷ᠎ᠡ ᠨᠢ ᠵᠣᠯᠭᠠᠭᠤᠯᠬᠤ᠎ᠶᠢ ᠪᠠᠲᠤᠯᠠᠵᠤ᠂ ᠤᠯᠠᠨ ᠲᠦᠮᠡᠨ᠎ᠳᠤ ᠭᠦᠨᠵᠡᠭᠡᠢ ᠵᠤᠵᠠᠭᠠᠨ ᠬᠦᠷᠲᠡᠮᠵᠢ᠎ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠣᠯᠭᠣᠵᠤ᠂ ᠪᠤᠭᠤᠲᠤ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠳᠦ ᠲᠠᠰᠤᠷᠠᠯᠳᠡ ᠦᠭᠡᠢ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ ᠪᠠ ᠬᠥᠭᠵᠢᠯᠲᠡ᠎ᠶᠢᠨ ᠬᠥᠳᠡᠯᠭᠡᠬᠦ ᠬᠦᠴᠦᠨ ᠨᠡᠮᠡᠷᠢᠯᠡᠨ᠎ᠡ᠃ ( ᠵᠠᠩ ᠫᠢᠨ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            