ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠪᠥᠬᠥ ᠬᠦᠴᠦᠨ᠎ᠢᠶᠡᠷ ᠠᠬᠢᠭᠤᠯᠬᠤ᠎ᠶᠢᠨ ᠲᠥᠯᠥᠭᠡ᠂ ᠠᠯᠠᠱᠠ ᠠᠢᠮᠠᠭ ᠠᠵᠢᠯ ᠠᠯᠳᠠᠯᠲᠠ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ 《 ᠲᠣᠭᠲᠠᠪᠤᠷᠢᠵᠢᠭᠤᠯᠤᠭ᠍ᠴᠢ 》 《 ᠳᠠᠷᠤᠯᠲᠠ ᠪᠠᠭᠤᠷᠠᠭᠤᠯᠬᠤ ᠨᠡᠭᠡᠯᠡᠭᠡᠢ 》᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠨᠥᠬᠥᠪᠦᠷᠢ᠂ ᠨᠢᠭᠡ ᠯᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠵᠡᠷᠭᠡ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠪᠡᠷ ᠳᠠᠮᠵᠢᠭᠤᠯᠤᠨ᠂ ᠠᠵᠤ ᠠᠬᠤᠢᠯᠠᠯ᠎ᠤᠨ 6056.72 ᠲᠦᠮᠡᠨ ᠲᠥᠭᠥᠷᠢᠭ᠎ᠤᠨ ᠬᠦᠴᠢᠷᠳᠡᠯ᠎ᠢ ᠰᠢᠢᠳᠪᠦᠷᠢᠯᠡᠨ ᠳᠠᠷᠤᠭᠠᠰᠤ᠎ᠶᠢ ᠬᠥᠩᠭᠡᠯᠡᠵᠦ᠂ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠨᠡᠨ ᠬᠦ᠌ ᠪᠡᠶᠡᠯᠡᠭᠦᠯᠵᠦ ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠪᠠ᠃
《 ᠭᠤᠶᠤᠴᠢᠯᠠᠬᠤ ᠦᠭᠡᠢ᠎ᠪᠡᠷ ᠳᠠᠷᠤᠢ ᠡᠳ᠋ᠯᠡᠬᠦ 》 ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠨᠥᠬᠥᠪᠦᠷᠢ᠄ ᠠᠵᠤ ᠠᠬᠤᠢᠯᠠᠯ᠎ᠳᠤ ᠳᠠᠷᠤᠭᠠᠰᠤ᠎ᠶᠢ ᠬᠥᠩᠭᠡᠯᠡᠬᠦ《 ᠵᠢᠷᠦᠬᠡ ᠴᠢᠩᠭᠠᠷᠠᠭᠤᠯᠬᠤ ᠡᠮ 》 ᠪᠣᠯᠣᠨ᠎ᠠ
ᠠᠯᠠᠱᠠ ᠠᠢᠮᠠᠭ᠎ᠲᠤ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠢ 12 ᠰᠠᠷ᠎ᠠ᠎ᠠᠴᠠ ᠳᠡᠭᠡᠭᠰᠢ ᠭᠦᠢᠴᠡᠳ ᠲᠤᠰᠢᠶᠠᠭᠰᠠᠨ᠂ ᠠᠵᠢᠯᠲᠠᠨ ᠬᠠᠰᠤᠭᠰᠠᠨ ᠨᠣᠷᠮ᠎ᠠ ᠨᠢ ᠲᠣᠭᠲᠠᠭᠠᠯ᠎ᠳᠤ ᠨᠡᠢᠴᠡᠭᠰᠡᠨ ᠳᠠᠭᠠᠳᠬᠠᠯ᠎ᠳᠤ ᠣᠷᠣᠯᠴᠠᠭᠰᠠᠨ ᠠᠵᠤ ᠠᠬᠤᠢᠯᠠᠯ᠎ᠳᠤ 《 ᠭᠤᠶᠤᠴᠢᠯᠠᠬᠤ ᠦᠭᠡᠢ᠎ᠪᠡᠷ ᠳᠠᠷᠤᠢ ᠡᠳ᠋ᠯᠡᠬᠦ + ᠠᠶᠠᠨ᠎ᠳᠠᠭᠠᠨ ᠣᠯᠭᠣᠬᠤ 》 ᠭᠠᠷᠲᠠᠨ ᠭᠦᠢᠴᠡᠳᠬᠡᠬᠦ ᠵᠠᠭᠪᠤᠷ᠎ᠢ ᠬᠡᠷᠡᠭᠯᠡᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠨᠥᠬᠥᠪᠦᠷᠢ᠎ᠶᠢᠨ ᠪᠡᠯᠡ ᠮᠥᠩᠭᠥ᠎ᠶᠢ ᠰᠠᠯᠭᠠᠨ ᠥᠭᠭᠦᠨ᠎ᠡ᠃ ᠲᠣᠮᠣ᠌ ᠬᠡᠯᠪᠡᠷᠢ᠎ᠶᠢᠨ ᠠᠵᠤ ᠠᠬᠤᠢᠯᠠᠯ᠎ᠳᠤ ᠳᠡᠭᠡᠷ᠎ᠡ ᠵᠢᠯ᠎ᠦᠨ ᠪᠣᠳᠠᠲᠠᠢ ᠲᠤᠰᠢᠶᠠᠭᠰᠠᠨ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ 30%᠎ᠪᠠᠷ ᠪᠤᠴᠠᠭᠠᠨ ᠥᠭᠴᠦ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ 60%᠎ᠪᠠᠷ ᠪᠤᠴᠠᠭᠠᠨ ᠥᠭᠬᠦ ᠪᠠᠷᠢᠮᠵᠢᠶ᠎ᠠ᠎ᠪᠠᠷ᠂ ᠪᠥᠬᠥ ᠠᠢᠮᠠᠭ᠎ᠤᠨ ᠳᠠᠭᠠᠳᠬᠠᠯ᠎ᠳᠤ ᠣᠷᠣᠯᠴᠠᠭᠰᠠᠨ 1016 ᠨᠢᠭᠡᠴᠢ᠎ᠳᠦ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠨᠥᠬᠥᠪᠦᠷᠢ᠎ᠶᠢ 1509.73 ᠲᠦᠮᠡᠨ ᠲᠥᠭᠥᠷᠢᠭ ᠲᠠᠷᠬᠠᠭᠠᠵᠤ᠂ ᠪᠤᠴᠠᠭᠠᠨ ᠥᠭᠬᠦ ᠪᠡᠯᠡ ᠮᠥᠩᠭᠥ᠎ᠶᠢ ᠭᠣᠣᠯᠳᠠᠭᠤ ᠠᠵᠢᠯᠲᠠᠨ ᠠᠵᠢᠯᠴᠢᠨ᠎ᠤ ᠠᠮᠢᠳᠤᠷᠠᠯ᠎ᠤᠨ ᠨᠥᠬᠥᠪᠦᠷᠢ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ᠂ ᠤᠷ᠎ᠠ ᠮᠡᠷᠭᠡᠵᠢᠯ᠎ᠦᠨ ᠪᠣᠯᠪᠠᠰᠤᠷᠠᠯ ᠵᠡᠷᠭᠡ ᠠᠵᠢᠯ᠎ᠤᠨ ᠪᠠᠢᠷᠢ᠎ᠶᠢᠨ ᠵᠠᠷᠤᠯᠭ᠎ᠠ᠎ᠶᠢ ᠲᠣᠭᠲᠠᠪᠤᠷᠢᠵᠢᠭᠤᠯᠬᠤ᠎ᠳᠤ ᠬᠡᠷᠡᠭᠯᠡᠵᠦ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠦᠨᠡᠨ ᠬᠦ᠌ ᠪᠠᠭᠤᠷᠠᠭᠤᠯᠵᠠᠢ᠃
《 ᠨᠠᠷᠢᠯᠢᠭ᠋ ᠣᠨᠣᠴᠠᠲᠠᠢ᠎ᠪᠠᠷ ᠰᠢᠭᠤᠳ ᠬᠦᠷᠭᠡᠬᠦ 》ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ᠄ ᠠᠵᠤ ᠠᠬᠤᠢᠯᠠᠯ᠎ᠤᠨ ᠴᠢᠳᠠᠪᠤᠷᠢᠲᠠᠨ ᠲᠠᠲᠠᠬᠤ《 ᠰᠢᠨ᠎ᠡ ᠠᠮᠢᠵᠢᠷᠠᠯ᠎ᠤᠨ ᠬᠦᠴᠦᠨ 》᠎ᠢ ᠬᠥᠭᠵᠢᠭᠡᠨ᠎ᠡ
ᠲᠡᠭᠦᠰᠬᠦ ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠰᠤᠷᠭᠠᠭᠤᠯᠢ᠎ᠠᠴᠠ᠎ᠪᠠᠨ ᠰᠠᠯᠤᠭᠠᠳ ᠬᠣᠶᠠᠷ ᠵᠢᠯ᠎ᠦᠨ ᠳᠣᠲᠣᠷ᠎ᠠ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ 16 ︱ 24 ᠨᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ᠎ᠢ ᠡᠯᠰᠡᠨ ᠬᠡᠷᠡᠭᠯᠡᠬᠦ᠎ᠳᠦ᠂ ᠬᠥᠳᠡᠯᠮᠦᠷᠢ᠎ᠶᠢᠨ ᠭᠡᠷ᠎ᠡ ᠲᠣᠭᠲᠠᠬᠤ᠎ᠶᠢᠨ ᠬᠠᠮᠲᠤ ᠲᠣᠭᠲᠠᠭᠠᠯ ᠶᠣᠰᠣᠭᠠᠷ ᠲᠡᠭᠦᠨ᠎ᠳᠦ 3 ᠰᠠᠷ᠎ᠠ( ᠪᠠᠭᠲᠠᠨ᠎ᠠ )᠎ᠠᠴᠠ ᠳᠡᠭᠡᠭᠰᠢᠬᠢ ᠨᠡᠢᠭᠡᠮ᠎ᠦᠨ ᠳᠠᠭᠠᠳᠬᠠᠯ ᠲᠤᠰᠢᠶᠠᠭᠰᠠᠨ ᠠᠵᠤ ᠠᠬᠤᠢᠯᠠᠯ ᠪᠤᠶᠤ ᠨᠡᠢᠭᠡᠮ᠎ᠦᠨ ᠵᠣᠬᠢᠶᠠᠨ ᠪᠠᠢᠭᠤᠯᠤᠯᠲᠠ᠎ᠳᠤ ᠨᠢᠭᠡ ᠤᠳᠠᠭ᠎ᠠ᠎ᠶᠢᠨ ᠴᠢᠨᠠᠷᠲᠠᠢ ᠠᠵᠢᠯ᠎ᠤᠨ ᠪᠠᠢᠷᠢ ᠥᠷᠭᠡᠳᠬᠡᠭᠰᠡᠨ ᠨᠥᠬᠥᠪᠦᠷᠢ ᠣᠯᠭᠣᠨ᠎ᠠ᠃ ᠡᠨᠡ ᠵᠢᠯ ᠬᠥᠮᠥᠨ ᠪᠦᠷᠢᠳᠦ 1500 ᠲᠥᠭᠥᠷᠢᠭ᠎ᠦᠨ ᠪᠠᠷᠢᠮᠵᠢᠶ᠎ᠠ᠎ᠪᠠᠷ 17 ᠠᠵᠤ ᠠᠬᠤᠢᠯᠠᠯ᠎ᠳᠤ ᠨᠢᠭᠡ ᠤᠳᠠᠭ᠎ᠠ᠎ᠶᠢᠨ ᠴᠢᠨᠠᠷᠲᠠᠢ 40.65 ᠲᠦᠮᠡᠨ ᠲᠥᠭᠥᠷᠢᠭ᠎ᠦᠨ ᠠᠵᠢᠯ᠎ᠤᠨ ᠪᠠᠢᠷᠢ᠎ᠶᠢ ᠥᠷᠭᠡᠳᠬᠡᠭᠰᠡᠨ ᠨᠥᠬᠥᠪᠦᠷᠢ ᠲᠠᠷᠬᠠᠭᠠᠵᠤ᠂ ᠠᠵᠤ ᠠᠬᠤᠢᠯᠠᠯ᠎ᠤᠨ ᠭᠣᠣᠯᠳᠠᠯᠭ᠎ᠠ᠎ᠲᠠᠢ ᠬᠥᠮᠥᠰ᠎ᠢ ᠣᠷᠣᠭᠤᠯᠤᠨ ᠠᠵᠢᠯ ᠣᠯᠭᠣᠬᠤ᠎ᠶᠢ ᠪᠦᠲᠦᠮᠵᠢᠲᠡᠶ᠎ᠪᠡᠷ ᠤᠷᠮᠠᠰᠢᠭᠤᠯᠵᠠᠢ᠃
《 ᠦᠷᠬᠦᠯᠵᠢᠯᠡᠨ ᠪᠠᠭᠤᠷᠠᠭᠤᠯᠬᠤ 》 ᠳᠠᠭᠠᠳᠬᠠᠯ᠎ᠤᠨ ᠰᠦᠢᠳᠬᠡᠯ᠎ᠦᠨ ᠨᠣᠷᠮ᠎ᠠ᠄ ᠠᠵᠤ ᠠᠬᠤᠢᠯᠠᠯ᠎ᠤᠨ ᠳᠠᠷᠤᠭᠠᠰᠤ᠎ᠶᠢ ᠬᠥᠩᠭᠡᠯᠡᠬᠦ᠎ᠳᠦ 《 ᠲᠦᠷᠭᠡᠳᠬᠡᠬᠦ ᠳᠠᠷᠤᠪᠴᠢ 》 ᠶ᠋ᠢ ᠳᠠᠷᠤᠨ᠎ᠠ
ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ᠎ᠶᠢ ᠦᠷᠭᠦᠯᠵᠢᠯᠡᠨ ᠬᠡᠷᠡᠭᠵᠢᠭᠦᠯᠵᠦ ( ᠨᠢᠭᠡᠴᠢ ᠂ ᠬᠤᠪᠢ ᠬᠥᠮᠥᠨ ᠲᠣᠰ ᠲᠣᠰ 0.5% ᠪᠡᠷ ᠲᠤᠰᠢᠶᠠᠨ᠎ᠠ )᠂ ᠳᠠᠭᠠᠳᠬᠠᠯ᠎ᠳᠤ ᠣᠷᠣᠯᠴᠠᠭᠰᠠᠨ 3010 ᠨᠢᠭᠡᠴᠢ᠎ᠶᠢᠨ ᠳᠠᠷᠤᠭᠠᠰᠤ᠎ᠶᠢ 4506.34 ᠲᠦᠮᠡᠨ ᠲᠥᠭᠥᠷᠢᠭ ᠬᠥᠩᠭᠡᠯᠡᠵᠦ᠂ ᠠᠵᠤ ᠠᠬᠤᠢᠯᠠᠯ᠎ᠢ ᠬᠠᠪᠰᠤᠷᠤᠨ《 ᠳᠠᠷᠤᠭᠠᠰᠤ᠎ᠶᠢ ᠬᠥᠩᠭᠡᠷᠡᠭᠦᠯᠬᠦ 》 ᠪᠠ 《 ᠠᠵᠢᠯ᠎ᠤᠨ ᠪᠠᠢᠷᠢ᠎ᠶᠢ ᠲᠣᠭᠲᠠᠭᠤᠨ ᠪᠠᠢᠯᠭᠠᠬᠤ 》᠎ᠶᠢ ᠬᠣᠣᠰ ᠴᠢᠭᠯᠡᠯ᠎ᠢᠶᠡᠷ ᠠᠬᠢᠭᠤᠯᠬᠤ᠎ᠶᠢ ᠪᠡᠶᠡᠯᠡᠭᠦᠯᠪᠡ᠃ ᠲᠣᠰ ᠲᠥᠷᠥ᠎ᠶᠢᠨ ᠪᠣᠳᠣᠯᠭ᠎ᠠ᠎ᠶᠢ 2025 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠨ᠎ᠡ᠃
ᠲᠠᠷᠠᠭᠠᠴᠢ᠎ᠶᠢᠨ ᠠᠯᠬᠤᠮ᠎ᠳᠤ᠂ ᠪᠥᠬᠥ ᠠᠢᠮᠠᠭ᠎ᠤᠨ ᠡᠯ᠎ᠡ ᠱᠠᠲᠤᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠠᠯᠠᠭ᠎ᠠ ᠮᠥᠴᠢᠷ᠎ᠦᠳ ᠭᠠᠷᠲᠠᠨ ᠭᠦᠢᠴᠡᠳᠬᠡᠬᠦ ᠦᠢᠯᠡᠴᠢᠯᠡᠭᠡ᠎ᠶᠢ ᠰᠢᠯᠢᠳᠡᠭᠵᠢᠭᠦᠯᠬᠦ᠎ᠪᠡᠷ ᠭᠠᠷᠳᠠᠴᠠ ᠪᠣᠯᠭᠠᠵᠤ ᠂ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢᠨ ᠣᠨᠣᠪᠴᠢ᠎ᠶᠢᠨ ᠬᠡᠮᠵᠢᠶ᠎ᠡ ᠪᠠ ᠳᠥᠭᠥᠮ ᠳᠥᠲᠡ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ 《 ᠴᠠᠭ᠎ᠤᠨ ᠵᠥᠷᠢᠶ᠎ᠡ ᠦᠭᠡᠢ 》 《 ᠬᠠᠷᠰᠢ ᠰᠠᠭᠠᠳ ᠦᠭᠡᠢ 》 ᠠᠵᠤ ᠠᠬᠤᠢᠯᠠᠯ᠎ᠳᠦ ᠰᠢᠭᠤᠳ ᠬᠦᠷᠭᠡᠬᠦ᠎ᠶᠢ ᠦᠨᠡᠨ ᠬᠦ᠌ ᠪᠠᠲᠤᠯᠠᠵᠤ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠪᠠ ᠠᠷᠠᠳ᠎ᠲᠤ ᠠᠰᠢᠭ᠋ ᠬᠦᠷᠲᠡᠭᠡᠬᠦ ᠪᠣᠳᠠᠲᠤ ᠦᠷ᠎ᠡ ᠪᠦᠲᠦᠮᠵᠢ᠎ᠶᠢ ᠦᠷᠭᠦᠯᠵᠢᠯᠡᠨ ᠴᠢᠩᠭᠠᠳᠬᠠᠵᠤ᠂ ᠠᠵᠢᠯ ᠣᠯᠭᠣᠯᠲᠠ᠎ᠶᠢᠨ ᠪᠠᠢᠳᠠᠯ᠎ᠢ ᠲᠣᠭᠲᠠᠭᠤᠨ ᠪᠠᠢᠯᠭᠠᠬᠤ᠂ ᠠᠵᠤ ᠠᠬᠤᠢᠯᠠᠯ᠎ᠤᠨ ᠬᠥᠭᠵᠢᠯᠲᠡ᠎ᠳᠦ ᠬᠦᠴᠦᠨ ᠨᠡᠮᠡᠷᠢᠯᠡᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃