ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠲᠦᠩᠯᠢᠶᠣᠣ ᠬᠣᠲᠠ᠎ᠶᠢᠨ ᠺᠠᠢᠯᠤ ᠰᠢᠶᠠᠨ ᠄ 《 ᠤᠷ᠎ᠠ ᠮᠡᠷᠭᠡᠵᠢᠯ᠎ᠦᠨ ᠪᠣᠯᠪᠠᠰᠤᠷᠠᠯ + ᠠᠵᠢᠯ ᠣᠯᠭᠣᠯᠲᠠ᠎ᠶᠢ ᠵᠣᠯᠭᠠᠭᠤᠯᠬᠤ 》 ᠨᠢ ᠬᠥᠳᠡᠯᠮᠦᠷᠢᠴᠢᠳ᠎ᠲᠦ 《 ᠮᠡᠷᠭᠡᠵᠢᠯ 》 ᠡᠵᠡᠮᠰᠢᠭᠦᠯᠵᠦ ᠠᠵᠢᠯ ᠲᠠᠢ ᠪᠣᠯᠭᠠᠨ᠎ᠠ
ᠨᠡᠶ᠋ᠢᠲᠡᠯᠡᠭᠰᠡᠨ ᠴᠠᠭ᠄ 2025-11-20

      《 ᠥᠩᠭᠡᠷᠡᠭᠰᠡᠨ᠎ᠳᠦ ᠥᠪᠡᠷ᠎ᠢᠶᠡᠨ ᠠᠵᠢᠯ ᠬᠢᠵᠦ᠂ ᠠᠵᠢᠯ ᠴᠥᠭᠡᠨ ᠮᠥᠷᠲᠡᠭᠡᠨ ᠲᠣᠭᠲᠠᠪᠤᠷᠢ ᠦᠭᠡᠢ ᠪᠠᠢᠪᠠ᠂ ᠲᠠᠷᠢᠶᠠᠨ ᠠᠵᠢᠯ᠎ᠤᠨ ᠶᠠᠭᠠᠷᠠᠤ ᠦᠶ᠎ᠡ᠎ᠳᠦ ᠪᠠᠰᠠ ᠲᠠᠷᠢᠶᠠᠨ ᠠᠵᠢᠯ᠎ᠳᠤ ᠰᠢᠭᠢᠳᠴᠦ ᠶᠠᠳᠠᠷᠠᠭᠠᠳ ᠨᠢᠷᠤᠭᠤ ᠭᠡᠳᠡᠢᠵᠦ ᠳᠡᠶ᠋ᠢᠯᠬᠦ ᠦᠭᠡᠢ ᠪᠠᠢᠭᠰᠠᠨ᠂ ᠣᠷᠣᠯᠭ᠎ᠠ ᠴᠤ᠌ ᠲᠣᠭᠲᠠᠪᠤᠷᠢ ᠦᠭᠡᠢ ᠪᠠᠢᠵᠠᠢ᠃》 ᠲᠦᠩᠯᠢᠶᠣᠣ ᠬᠣᠲᠠ᠎ᠶᠢᠨ ᠺᠠᠢᠯᠤ ᠰᠢᠶᠠᠨ᠎ᠤ ᠠᠵᠢᠯ ᠣᠯᠭᠣᠯᠲᠠ᠎ᠶᠢᠨ ᠲᠥᠪ᠎ᠦᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠳᠡᠭᠡᠷ᠎ᠡ᠂ ᠰᠠᠷ᠎ᠠ᠎ᠳᠤ ᠰᠠᠭᠤᠭᠰᠠᠳ᠎ᠢ ᠠᠰᠠᠷᠠᠭ᠍ᠴᠢ ᠴᠦ ᠶᠠᠨ ᠯᠢᠩ ᠳᠡᠷᠭᠡᠳᠡᠬᠢ ᠠᠵᠢᠯ ᠡᠷᠢᠵᠦ ᠪᠠᠢᠭ᠎ᠠ ᠨᠥᠬᠥᠳ᠎ᠲᠡᠬᠡᠨ ᠰᠡᠳᠬᠢᠯ᠎ᠦᠨ ᠦᠭᠡ᠎ᠪᠡᠨ ᠳᠡᠯᠭᠡᠵᠦ᠂ ᠠᠮᠢᠳᠤᠷᠠᠯ᠎ᠢᠶᠠᠨ ᠬᠤᠪᠢᠷᠠᠭᠤᠯᠤᠭᠰᠠᠨ ᠤᠷ᠎ᠠ ᠮᠡᠷᠭᠡᠵᠢᠯ᠎ᠦᠨ ᠦᠯᠢᠭᠡᠷ᠎ᠢᠶᠡᠨ ᠬᠤᠪᠢᠶᠠᠯᠴᠠᠵᠤ ᠪᠠᠢᠯ᠎ᠠ᠂ 《 ᠬᠣᠵᠢᠮ ᠨᠢ ᠲᠣᠰᠬᠣᠨ᠎ᠳᠤ ᠨᠡᠢᠲᠡᠯᠡᠭᠰᠡᠨ ᠰᠦᠢᠳᠬᠡᠯ ᠥᠯᠥ ᠬᠤᠷᠢᠶᠠᠬᠤ ᠪᠣᠯᠪᠠᠰᠤᠷᠠᠯ᠎ᠤᠨ ᠮᠡᠳᠡᠭᠳᠡᠯ᠎ᠢ ᠦᠵᠡᠭᠡᠳ᠂ 〈 ᠡᠷᠳᠡᠮ ᠰᠤᠷᠬᠤ 〉 ᠪᠣᠳᠣᠯ᠎ᠢ ᠡᠪᠦᠷᠯᠡᠨ ᠹᠠᠨ ᠨᠣᠣ ᠰᠧ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠶᠢᠨ ᠰᠠᠷ᠎ᠠ᠎ᠳᠤ ᠰᠠᠭᠤᠭᠰᠠᠳ᠎ᠢ ᠠᠰᠠᠷᠠᠭ᠍ᠴᠢ᠎ᠶᠢᠨ ᠠᠩᠭᠢ᠎ᠳᠤ ᠨᠡᠷ᠎ᠡ ᠮᠡᠳᠡᠭᠦᠯᠵᠡᠢ᠂ ᠡᠨᠡ ᠠᠯᠬᠤᠮ ᠮᠢᠨᠤ ᠠᠵᠢᠯ ᠣᠯᠬᠤ ᠵᠠᠮ᠎ᠢ ᠲᠤᠢᠯᠪᠤᠷᠢᠲᠠᠢ ᠥᠭᠡᠷᠡᠴᠢᠯᠡᠨ᠎ᠡ ᠭᠡᠵᠦ ᠰᠠᠨᠠᠭᠠᠨ᠎ᠳᠤ ᠣᠷᠣᠭᠰᠠᠨ ᠦᠭᠡᠢ ! 》 ᠭᠡᠪᠡ ᠃
      ᠡᠳᠦᠭᠡ᠂ ᠴᠦ ᠶᠠᠨ ᠯᠢᠩ ᠪᠣᠯᠪᠠᠰᠤᠷᠠᠯ᠎ᠳᠦ ᠡᠵᠡᠮᠰᠢᠭᠰᠡᠨ ᠯᠠᠪᠳᠠᠭᠤᠨ ᠪᠠᠲᠤᠲᠠᠢ ᠤᠷ᠎ᠠ ᠮᠡᠷᠭᠡᠵᠢᠯ᠎ᠢᠶᠡᠷ᠎ᠢᠶᠡᠨ ᠺᠠᠢᠯᠤ ᠰᠢᠶᠠᠨ᠎ᠤ ᠡᠷᠦᠬᠡ᠎ᠳᠦ ᠬᠦᠷᠴᠦ ᠦᠢᠯᠡᠴᠢᠯᠡᠵᠦ᠂ ᠲᠤᠰᠬᠠᠢᠯᠠᠨ ᠨᠢᠯᠬ᠎ᠠ ᠬᠡᠦᠬᠡᠳ ᠪᠣᠯᠣᠨ ᠪᠦᠪᠡᠢ᠎ᠶᠢᠨ ᠡᠵᠢ ᠨᠠᠷ᠎ᠢ ᠠᠰᠠᠷᠠᠨ ᠬᠠᠷᠠᠭᠠᠯᠵᠠᠵᠤ ᠪᠠᠢᠨ᠎ᠠ᠃ 《 ᠬᠡᠦᠬᠡᠳ᠎ᠢ ᠰᠢᠨᠵᠢᠯᠡᠬᠦ ᠤᠬᠠᠭᠠᠨᠴᠢ᠎ᠪᠠᠷ ᠢᠯᠪᠢᠬᠦ᠂ ᠨᠢᠯᠬᠠᠰᠠᠭ᠎ᠤᠨ ᠬᠥᠮᠦᠵᠢᠯ᠎ᠤᠨ ᠲᠣᠭᠯᠠᠭᠠᠮ ᠵᠣᠬᠢᠶᠠᠬᠤ᠂ ᠪᠦᠪᠡᠢ᠎ᠶᠢᠨ ᠡᠵᠢ᠎ᠶᠢ ᠬᠠᠪᠰᠤᠷᠤᠨ ᠬᠥᠩᠭᠡᠵᠢᠭᠰᠡᠨ᠎ᠦ ᠳᠠᠷᠠᠭᠠᠬᠢ ᠢᠳᠡᠭᠡᠨ ᠤᠮᠳᠠᠭᠠᠨ᠎ᠢ ᠨᠢ ᠲᠣᠬᠢᠷᠠᠭᠤᠯᠵᠤ ᠥᠭᠬᠦ᠁ ᠪᠣᠯᠪᠠᠰᠤᠷᠠᠯ᠎ᠤᠨ ᠦᠶ᠎ᠡ᠎ᠳᠦ ᠰᠣᠷᠣᠭᠰᠠᠨ ᠠᠭᠤᠯᠭ᠎ᠠ ᠪᠦᠬᠦᠨ ᠨᠢ ᠤᠳᠤ ᠪᠦᠷ ᠶᠡᠬᠡ ᠬᠡᠷᠡᠭᠴᠡᠭᠡ᠎ᠲᠠᠢ ᠪᠣᠯᠵᠠᠢ᠃ 》 ᠥᠩᠭᠡᠷᠡᠭᠰᠡᠨ᠎ᠦ 《 ᠭᠡᠷ ᠠᠬᠤᠢ᠎ᠶᠢᠨ ᠦᠢᠯᠡᠴᠢᠯᠡᠭᠡ + ᠲᠠᠷᠢᠶᠠᠨ ᠠᠵᠢᠯ 》᠎ᠤᠨ ᠥᠩᠭᠡᠷᠡᠯᠲᠡ᠎ᠲᠠᠢ ᠬᠠᠷᠢᠴᠠᠭᠤᠯᠪᠠᠯ ᠂ ᠴᠦ ᠶᠠᠨ ᠯᠢᠩ᠎ᠦᠨ ᠠᠵᠢᠯ ᠨᠡᠯᠢᠶᠡᠳ ᠬᠥᠩᠭᠡᠨ ᠪᠣᠯᠤᠭᠰᠠᠨ᠎ᠢᠶᠠᠷ ᠪᠠᠷᠠᠬᠤ ᠦᠭᠡᠢ ᠂ ᠣᠷᠣᠯᠭ᠎ᠠ ᠨᠢ ᠴᠦ᠍ ᠲᠣᠭᠲᠠᠭᠤᠨ᠎ᠢᠶᠠᠷ ᠳᠡᠭᠡᠭᠰᠢᠯᠡᠵᠦ ᠂ 《 ᠰᠡᠳᠬᠢᠯ ᠰᠠᠨᠠᠭ᠎ᠠ ᠠᠮᠤᠷ ᠪᠣᠯᠵᠠᠢ ᠂ ᠳᠠᠭᠢᠵᠤ 〈 ᠲᠠᠷᠠᠭᠠᠴᠢ᠎ᠶᠢᠨ ᠠᠵᠢᠯ ᠬᠠᠮᠢᠭ᠎ᠠ ᠪᠠᠢᠬᠤ 〉 ᠵᠢᠨ ᠲᠥᠯᠥᠭᠡ ᠰᠠᠨᠠᠭ᠎ᠠ ᠵᠣᠪᠠᠬᠤ ᠬᠡᠷᠡᠭ ᠦᠭᠡᠢ ᠪᠣᠯᠵᠠᠢ》  ᠭᠡᠪᠡ᠃
      ᠴᠦ ᠶᠠᠨ ᠯᠢᠩ᠎ᠦᠨ ᠤᠷ᠎ᠠ ᠮᠡᠷᠭᠡᠵᠢᠯ᠎ᠢᠶᠠᠷ ᠠᠮᠢᠳᠤᠷᠠᠯ᠎ᠢᠶᠠᠨ ᠬᠤᠪᠢᠷᠠᠭᠤᠯᠤᠭᠰᠠᠨ ᠦᠯᠢᠭᠡᠷ ᠪᠣᠯ ᠺᠠᠢᠯᠤ ᠰᠢᠶᠠᠨ᠎ᠤ 《ᠤᠷ᠎ᠠ ᠮᠡᠷᠭᠡᠵᠢᠯ᠎ᠦᠨ ᠪᠣᠯᠪᠠᠰᠤᠷᠠᠯ + ᠠᠵᠢᠯ ᠣᠯᠭᠣᠯᠲᠠ᠎ᠶᠢ ᠵᠣᠯᠭᠠᠭᠤᠯᠬᠤ 》 ᠲᠣᠭᠲᠠᠴᠠ᠎ᠶᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠣᠭᠰᠠᠨ᠎ᠤ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃ ᠣᠢᠷ᠎ᠠ᠎ᠳᠤ ᠂ 《 ᠭᠠᠷ᠎ᠲᠠᠭᠠᠨ ᠮᠡᠷᠭᠡᠵᠢᠯ ᠡᠵᠡᠮᠰᠢᠵᠦ᠂ ᠤᠷ᠎ᠠ ᠮᠡᠷᠭᠡᠵᠢᠯ᠎ᠢᠶᠡᠷ ᠢᠷᠡᠭᠡᠳᠦᠢ᠎ᠪᠡᠨ ᠨᠡᠭᠡᠭᠡᠬᠦ 》 ᠭᠡᠬᠦ ᠭᠣᠣᠯ ᠰᠡᠳᠦᠪᠲᠦ ᠵᠢᠵᠢᠭ ᠮᠥᠷᠲᠡᠭᠡᠨ ᠨᠠᠷᠢᠯᠢᠭ᠋ ᠠᠵᠢᠯᠲᠠᠨ ᠡᠯᠰᠡᠬᠦ ᠴᠤᠭᠯᠠᠭᠠᠨ ᠺᠠᠢᠯᠤ ᠰᠢᠶᠠᠨ᠎ᠤ ᠠᠵᠢᠯ ᠣᠯᠭᠣᠯᠲᠠ᠎ᠶᠢᠨ ᠲᠥᠪ᠎ᠦᠨ 2 ᠳ᠋ᠤᠭᠠᠷ ᠳᠠᠪᠬᠤᠷᠯᠢᠭ᠋᠎ᠲᠤ ᠬᠥᠷ ᠬᠥᠭᠵᠢᠶᠡᠨ᠎ᠲᠠᠢ ᠡᠬᠢᠯᠡᠪᠡ᠃ ᠲᠣᠰ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ᠎ᠢ ᠲᠦᠩᠯᠢᠶᠣᠣ ᠬᠣᠲᠠ᠎ᠶᠢᠨ ᠹᠠᠨ ᠨᠣᠣ ᠰᠧ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ ᠲᠦᠷᠦᠭᠦᠯᠡᠨ ᠵᠣᠬᠢᠶᠠᠨ ᠪᠠᠢᠭᠤᠯᠵᠤ᠂ ᠺᠠᠢᠯᠤ ᠰᠢᠶᠠᠨ᠎ᠤ ᠬᠣᠢ ᠨᠦᠩ ᠬᠥᠳᠡᠯᠮᠦᠷᠢ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠂ ᠲᠦᠩᠯᠢᠶᠣᠣ ᠬᠣᠲᠠ᠎ᠶᠢᠨ ᠢ ᠰᠢᠶᠠᠩ ᠰᠣᠶᠣᠯ ᠵᠠᠭᠤᠴᠢᠯᠠᠭᠤᠷ᠎ᠤᠨ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠢᠯᠠᠯ᠎ᠲᠠᠢ ᠨᠠᠷᠢᠯᠢᠭ᠋ ᠣᠨᠣᠴᠠᠲᠠᠢ᠎ᠪᠠᠷ ᠬᠣᠯᠪᠤᠭᠠᠯᠠᠨ ᠬᠥᠳᠡᠯᠦᠯᠴᠡᠵᠦ᠂ ᠠᠵᠢᠯ᠎ᠤᠨ ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠪᠣᠯᠪᠠᠰᠤᠷᠠᠯ᠎ᠳᠤ ᠣᠷᠣᠯᠴᠠᠭᠰᠠᠨ 40 ᠭᠠᠷᠤᠢ ᠰᠤᠷᠤᠭ᠍ᠴᠢᠳ᠎ᠤᠨ ᠡᠮᠦᠨ᠎ᠡ ᠰᠢᠭᠤᠳ ᠬᠦᠷᠭᠡᠵᠦ᠂ ᠤᠷ᠎ᠠ ᠮᠡᠷᠭᠡᠵᠢᠯ᠎ᠦᠨ ᠴᠢᠳᠠᠪᠤᠷᠢᠲᠠᠨ ᠪᠣᠯᠣᠨ ᠠᠵᠢᠯᠴᠢᠨ ᠬᠡᠷᠡᠭᠯᠡᠬᠦ ᠠᠵᠤ ᠠᠬᠤᠢᠯᠠᠯ᠎ᠤᠨ 《 ᠨᠢᠭᠤᠷᠲᠠᠨ 》 ᠨᠡᠪᠲᠡᠷᠡᠯᠴᠡᠬᠦ ᠬᠥᠭᠥᠷᠭᠡ᠎ᠶᠢ ᠪᠠᠢᠭᠤᠯᠤᠭᠰᠠᠨ ᠪᠠᠢᠨ᠎ᠠ᠃
      ᠠᠵᠢᠯᠲᠠᠨ ᠡᠯᠰᠡᠬᠦ ᠲᠤᠬᠠᠢ᠎ᠶᠢᠨ ᠲᠠᠯᠠᠪᠤᠷ᠎ᠲᠤ᠂ ᠲᠤᠰᠬᠠᠢ ᠮᠡᠷᠭᠡᠵᠢᠯ᠎ᠦᠨ ᠪᠣᠯᠪᠠᠰᠤᠷᠠᠯ ᠭᠥᠷᠳᠡᠭᠰᠡᠨ ᠰᠤᠷᠤᠭ᠍ᠴᠢᠳ ᠮᠡᠷᠭᠡᠵᠢᠯ᠎ᠦᠨ ᠦᠨᠡᠮᠯᠡᠯ ᠠᠪᠴᠤ᠂ ᠠᠵᠢᠯ ᠣᠯᠬᠤ ᠬᠦᠰᠡᠯ᠎ᠢᠶᠡᠨ ᠡᠪᠦᠷᠯᠡᠨ ᠠᠵᠤ ᠠᠬᠤᠢᠯᠠᠯ᠎ᠤᠨ ᠲᠥᠯᠥᠭᠡᠯᠡᠭᠴᠢᠳ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠠᠵᠢᠯ᠎ᠤᠨ ᠪᠠᠢᠷᠢ᠎ᠶᠢᠨ ᠲᠤᠰᠢᠶᠠᠯ ᠬᠠᠷᠢᠭᠤᠴᠠᠯᠭ᠎ᠠ᠂ ᠴᠠᠯᠢᠩ ᠣᠯᠭᠣᠮᠵᠢ᠎ᠠᠴᠠ ᠠᠵᠢᠯ ᠮᠡᠷᠭᠡᠵᠢᠯ᠎ᠦᠨ ᠬᠥᠭᠵᠢᠯᠲᠡ᠎ᠶᠢᠨ ᠬᠡᠲᠦ᠎ᠶᠢᠨ ᠲᠥᠯᠥᠪ ᠬᠦᠷᠲᠡᠯ᠎ᠡ᠂ ᠮᠠᠳᠠᠭ᠎ᠲᠠᠢ ᠠᠰᠠᠭᠤᠳᠠᠯ ᠨᠢᠭᠡᠪᠦᠷᠢ᠎ᠳᠦ ᠴᠥᠮ ᠨᠠᠷᠢᠨ ᠨᠢᠮᠪᠠᠢ ᠬᠠᠷᠢᠭᠤᠯᠲᠠ ᠥᠭᠴᠡᠢ ; ᠠᠵᠤ ᠠᠬᠤᠢᠯᠠᠯ᠎ᠤᠨ ᠲᠠᠯ᠎ᠠ᠎ᠶᠢᠨ ᠬᠢᠨ ᠲᠣᠰ ᠪᠡᠶ᠎ᠡ᠎ᠶᠢᠨ ᠬᠡᠷᠡᠭᠴᠡᠭᠡ᠎ᠲᠠᠢ᠎ᠪᠡᠨ ᠤᠶᠠᠯᠳᠤᠭᠤᠯᠤᠨ ᠂ ᠠᠵᠢᠯ᠎ᠤᠨ ᠪᠠᠢᠷᠢ᠎ᠶᠢᠨ ᠱᠠᠭᠠᠷᠳᠠᠯᠭ᠎ᠠ᠎ᠪᠠᠨ ᠨᠠᠷᠢᠨ ᠲᠠᠨᠢᠯᠴᠠᠭᠤᠯᠵᠤ᠂ ᠵᠣᠬᠢᠴᠠᠯᠳᠤᠭᠰᠠᠨ ᠴᠢᠳᠠᠪᠤᠷᠢᠲᠠᠨ᠎ᠢ ᠨᠠᠷᠢᠯᠢᠭ᠋ ᠣᠨᠣᠴᠠᠲᠠᠢ᠎ᠪᠠᠷ ᠰᠢᠯᠢᠨ ᠰᠣᠩᠭᠣᠪᠠ᠃ ᠬᠠᠮᠤᠭ᠎ᠤᠨ ᠡᠴᠦᠰ᠎ᠲᠦ᠂ ᠨᠡᠶ᠋ᠢᠲᠡ 12 ᠰᠣᠷᠣᠭ᠍ᠴᠢ ᠠᠵᠤ ᠠᠬᠤᠢᠯᠠᠯ᠎ᠲᠠᠢ ᠠᠩᠬ᠎ᠠ ᠠᠯᠬᠤᠮ᠎ᠤᠨ ᠠᠵᠢᠯ᠎ᠤᠨ ᠰᠠᠨᠠᠮᠵᠢ᠎ᠲᠠᠢ ᠪᠣᠯᠵᠤ᠂ ᠦᠷᠭᠦᠯᠵᠢᠯᠡᠨ ᠠᠵᠢᠯ᠎ᠳᠤ ᠣᠷᠣᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠢᠨ᠎ᠠ᠃
      ᠨᠠᠯᠠᠭᠠᠷ ᠨᠠᠮᠤᠷ ᠰᠠᠭᠠᠲᠠᠵᠤ᠂ ᠨᠡᠷᠡᠨ᠎ᠦ ᠭᠡᠷᠡᠯ ᠲᠠᠭᠠᠲᠠᠢ ᠰᠠᠢ᠍ᠬᠠᠨ᠃ ᠠᠵᠤ ᠠᠬᠤᠢᠯᠠᠯ ᠯᠤᠭ᠎ᠠ ᠲᠣᠬᠢᠷᠠᠯᠴᠠᠭᠰᠠᠨ ᠠᠵᠢᠯ ᠣᠯᠭᠣᠯᠲᠠ᠎ᠶᠢᠨ ᠬᠦᠰᠡᠯ ᠵᠣᠷᠢᠯᠲᠠ᠎ᠪᠠᠨ ᠡᠪᠦᠷᠯᠡᠵᠦ᠂ ᠰᠤᠷᠤᠭ᠍ᠴᠢᠳ ᠪᠤᠰᠢᠭᠤ ᠱᠠᠯᠠᠮᠠᠭᠠᠢ᠎ᠪᠠᠷ ᠠᠵᠢᠯ᠎ᠤᠨ ᠲᠠᠯᠠᠪᠤᠷ᠎ᠠᠴᠠ ᠰᠠᠯᠵᠤ᠂ ᠢᠷᠡᠭᠡᠳᠦᠢ᠎ᠶᠢᠨ ᠲᠤᠬᠠᠢ ᠢᠲᠡᠭᠡᠯ ᠳᠦᠭᠦᠷᠡᠩ ᠪᠢᠯᠬᠠᠨ᠎ᠠ᠃ ᠡᠨᠡ ᠬᠦ᠌ 《 ᠢᠲᠡᠭᠡᠯ 》 ᠨᠢ ᠠᠵᠢᠯ ᠮᠡᠷᠭᠡᠵᠢᠯ᠎ᠦᠨ ᠪᠣᠯᠪᠠᠰᠤᠷᠠᠯ᠎ᠳᠤ ᠣᠯᠭᠣᠭᠰᠠᠨ 《 ᠬᠠᠲᠠᠭᠤ ᠴᠢᠳᠠᠪᠤᠷᠢ 》 ᠎ᠠᠴᠠ ᠢᠷᠡᠯᠲᠡ᠎ᠲᠠᠢ ᠪᠠᠢᠵᠤ ᠂ ᠲᠡᠳᠡᠨ᠎ᠢ ᠠᠵᠢᠯ ᠡᠷᠢᠬᠦ ᠵᠠᠮ᠎ᠳᠤ ᠨᠠᠩ ᠢᠲᠡᠭᠡᠯ ᠵᠣᠷᠢᠭ᠋᠎ᠲᠠᠢ ᠪᠣᠯᠭᠠᠵᠠᠢ; ᠡᠨᠡ ᠬᠦ᠌ 《 ᠢᠲᠡᠭᠡᠯ 》 ᠨᠢ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠡᠴᠡ ᠣᠯᠭᠣᠭᠰᠠᠨ 《 ᠬᠠᠲᠠᠭᠤ ᠴᠢᠳᠠᠪᠤᠷᠢ 》 ᠎ᠠᠴᠠ ᠢᠷᠡᠯᠲᠡ᠎ᠲᠠᠢ ᠶᠤᠮ ᠃ ᠡᠨᠡ ᠬᠦ᠌ 《 ᠰᠠᠨᠠᠭ᠎ᠠ ᠠᠮᠤᠷ 》 ᠭᠡᠳᠡᠭ ᠨᠢ ᠪᠣᠯᠪᠠᠰᠤᠷᠠᠯ ᠬᠢᠭᠡᠳ ᠠᠵᠢᠯ ᠣᠯᠭᠣᠯᠲᠠ᠎ᠶᠢ ᠵᠠᠪᠰᠠᠷ ᠦᠭᠡᠢ ᠵᠣᠯᠭᠠᠯᠳᠤᠭᠤᠯᠬᠤ 《 ᠰᠠᠢᠨ ᠲᠣᠭᠲᠠᠴᠠ 》᠎ᠡᠴᠡ ᠢᠷᠡᠯᠲᠡ᠎ᠲᠠᠢ ᠪᠠᠢᠵᠤ ᠂ ᠤᠷ᠎ᠠ ᠮᠡᠷᠭᠡᠵᠢᠯ᠎ᠦᠨ ᠰᠤᠷᠤᠯᠴᠠᠯᠭ᠎ᠠ᠎ᠶᠢ ᠦᠨᠡᠨ ᠬᠦ᠌ ᠠᠵᠢᠯ ᠣᠯᠭᠣᠯᠲᠠ᠎ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠣᠯᠣᠨ᠎ᠠ᠃
      ᠵᠢᠯ᠎ᠦᠨ ᠡᠬᠢᠨ᠎ᠡᠴᠡ ᠨᠠᠭᠠᠰᠢ᠂ ᠺᠠᠢᠯᠤ ᠰᠢᠶᠠᠨ ᠥᠪᠥᠷ ᠮᠣᠩᠭᠣᠯ᠎ᠤᠨ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ᠎ᠳᠡᠬᠢ 《 ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠵᠤ ᠂ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠎ᠶᠢ ᠠᠬᠢᠭᠤᠯᠬᠤ 》 ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠢᠳᠡᠪᠬᠢᠲᠡᠢ ᠥᠷᠨᠢᠭᠦᠯᠵᠦ᠂ ᠬᠣᠲᠠ ᠪᠠᠯᠭᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠮᠠᠯᠵᠢᠬᠤ ᠲᠠᠷᠢᠶᠠᠯᠠᠬᠤ ᠣᠷᠣᠨ᠎ᠤ ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠨ ᠵᠡᠷᠭᠡ ᠠᠵᠢᠯ ᠣᠯᠭᠣᠯᠲᠠ᠎ᠶᠢᠨ ᠭᠣᠣᠯᠳᠠᠯᠭ᠎ᠠ᠎ᠲᠠᠢ ᠬᠥᠮᠥᠰ᠎ᠲᠤ ᠬᠠᠨᠳᠤᠭᠤᠯᠤᠨ ᠡᠪᠡᠳᠴᠢᠲᠡᠨ᠎ᠢ ᠠᠰᠠᠷᠠᠬᠤ ᠂ ᠡᠬᠡ ᠨᠢᠯᠬᠠᠰ᠎ᠢ ᠰᠤᠪᠢᠯᠠᠬᠤ ᠂ ᠢᠯᠢᠵᠦ ᠪᠠᠷᠢᠬᠤ ᠢᠯᠢᠵᠦ ᠨᠤᠬᠤᠯᠠᠬᠤ ᠵᠡᠷᠭᠡ ᠲᠤᠰᠬᠠᠢ ᠮᠡᠷᠭᠡᠵᠢᠯ᠎ᠦᠨ ᠠᠵᠢᠯ ᠣᠯᠭᠣᠯᠲᠠ᠎ᠶᠢᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ 30 ᠬᠤᠭᠤᠴᠠᠭ᠎ᠠ ᠂ 1024 ᠬᠥᠮᠥᠨ ᠤᠳᠠᠭ᠎ᠠ ᠥᠷᠨᠢᠭᠦᠯᠪᠡ᠃ ᠤᠷᠢᠵᠤ ᠡᠯᠰᠡᠬᠦ ᠴᠤᠭᠯᠠᠭᠠᠨ᠎ᠢ ᠤᠯᠠᠨ ᠤᠳᠠᠭ᠎ᠠ ᠡᠷᠬᠢᠯᠡᠵᠦ᠂ ᠬᠥᠳᠡᠯᠮᠦᠷᠢᠴᠢᠳ᠂ ᠠᠵᠤ ᠠᠬᠤᠢᠯᠠᠯ᠎ᠳᠤ ᠬᠠᠩᠭᠠᠯᠭ᠎ᠠ ᠬᠡᠷᠡᠭᠴᠡᠭᠡᠨ᠎ᠦ ᠲᠠᠪᠴᠠᠩ ᠪᠠᠢᠭᠤᠯᠵᠤ ᠥᠭᠪᠡ᠃ ᠺᠠᠢᠯᠤ ᠰᠢᠶᠠᠨ᠎ᠤ ᠠᠵᠢᠯ ᠣᠯᠭᠣᠬᠤ ᠦᠢᠯᠡᠴᠢᠯᠡᠭᠡᠨ᠎ᠦ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ ᠂ 《 ᠳᠠᠷᠠᠭᠠᠴᠢ᠎ᠶᠢᠨ ᠠᠯᠬᠤᠮ᠎ᠳᠤ ᠂ ᠪᠢᠳᠡ ᠦᠷᠭᠦᠯᠵᠢᠯᠡᠨ ᠬᠦᠴᠦᠯᠡᠵᠦ ᠂ ᠪᠣᠯᠪᠠᠰᠤᠷᠠᠯ᠎ᠤᠨ ᠳᠠᠷᠠᠭᠠᠬᠢ ᠮᠥᠷᠳᠡᠨ ᠰᠤᠷᠪᠤᠯᠵᠢᠯᠠᠬᠤ ᠪᠠ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠵᠢᠯ᠎ᠢ ᠪᠣᠳᠠᠲᠠᠢᠵᠢᠭᠤᠯᠤᠨ ᠨᠠᠷᠢᠯᠢᠭ᠋ ᠬᠢᠨ᠎ᠡ —— ᠤᠲᠠᠰᠤ᠎ᠪᠠᠷ ᠬᠠᠷᠢᠭᠤ ᠰᠤᠷᠪᠤᠯᠵᠢᠯᠠᠬᠤ᠎ᠪᠠᠷ ᠳᠠᠮᠵᠢᠭᠤᠯᠤᠨ ᠰᠤᠷᠤᠭ᠍ᠴᠢᠳ᠎ᠤᠨ ᠠᠵᠢᠯ ᠣᠯᠬᠤ ᠬᠡᠷᠡᠭᠴᠡᠭᠡ᠎ᠶᠢ ᠣᠢᠯᠠᠭᠠᠬᠤ ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠣᠨᠣᠪᠴᠢᠲᠠᠶ ᠬᠦᠷᠭᠡᠬᠦ ᠂ 〈 ᠵᠢᠵᠢᠭ ᠮᠥᠷᠲᠡᠭᠡᠨ ᠨᠠᠷᠢᠯᠢᠭ᠋ 〉 ᠲᠤᠰᠬᠠᠢ ᠠᠵᠢᠯᠲᠠᠨ ᠡᠯᠰᠡᠬᠦ ᠴᠤᠭᠯᠠᠭᠠᠨ ᠡᠷᠭᠢᠯᠡᠬᠦ ᠵᠡᠷᠭᠡ ᠠᠷᠭ᠎ᠠ ᠬᠡᠮᠵᠢᠶ᠎ᠡ ᠠᠪᠴᠤ ᠂ ᠪᠣᠯᠪᠠᠰᠤᠷᠠᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠷ᠎ᠠ ᠮᠡᠷᠭᠡᠵᠢᠯ᠎ᠦᠨ ᠪᠣᠯᠪᠠᠰᠤᠷᠠᠯ ᠬᠢᠭᠡᠳ ᠠᠵᠢᠯ ᠣᠯᠭᠣᠯᠲᠠ᠎ᠶᠢᠨ ᠬᠡᠷᠡᠭᠴᠡᠭᠡ᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ ᠂ ᠨᠠᠩ ᠣᠯᠠᠨ ᠬᠥᠳᠡᠯᠮᠦᠷᠢᠴᠢᠳ᠎ᠢ ᠬᠠᠪᠰᠤᠷᠤᠨ 〈 ᠤᠷ᠎ᠠ ᠮᠡᠷᠭᠡᠵᠢᠯ᠎ᠢᠶᠡᠷ ᠠᠵᠢᠯ ᠣᠯᠭᠣᠯᠲᠠ᠎ᠶᠢ ᠠᠬᠢᠭᠤᠯᠬᠤ 〉 ᠵᠠᠮ᠎ᠢᠶᠠᠷ ᠯᠠᠪᠳᠠᠭᠤᠨ᠎ᠢᠶᠠᠷ ᠤᠷᠤᠭᠰᠢᠯᠠᠭᠤᠯᠵᠤ ᠂ ᠨᠢᠭᠡ ᠵᠦᠢᠯ᠎ᠦᠨ ᠤᠷ᠎ᠠ ᠮᠡᠷᠭᠡᠵᠢᠯ᠎ᠢᠶᠡᠷ ᠠᠵᠢᠯ ᠮᠡᠷᠭᠡᠵᠢᠯ᠎ᠦᠨ ᠢᠷᠡᠭᠡᠳᠦᠢ᠎ᠶᠢ ᠭᠡᠷᠡᠯᠲᠦᠭᠦᠯᠦᠨ᠎ᠡ 》 ᠭᠡᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            