ᠥᠷᠭᠡᠨ ᠠᠭᠤᠳᠠᠮ ᠲᠠᠯ᠎ᠠ ᠨᠤᠲᠤᠭ᠎ᠲᠤ ᠤᠷᠳᠤ᠎ᠶᠢᠨ ᠳᠠᠭᠤᠤ ᠬᠠᠩᠭᠢᠨᠠᠨ᠎ᠠ᠃ ᠣᠢᠷ᠎ᠠ᠎ᠶᠢᠨ ᠵᠢᠯ᠎ᠡᠴᠡ᠂ ᠬᠥᠯᠥᠨ ᠪᠤᠢ᠍ᠢᠷ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠲᠠᠯ᠎ᠠ ᠨᠤᠲᠤᠭ᠎ᠤᠨ ᠮᠠᠯ ᠪᠡᠯᠴᠢᠭᠡᠷ᠎ᠦᠨ ᠠᠰᠠᠭᠤᠳᠠᠯ᠎ᠢ ᠰᠢᠰᠲᠧᠮ᠎ᠲᠠᠢ ᠰᠢᠢᠳᠪᠦᠷᠢᠯᠡᠬᠦ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠢ ᠬᠥᠭᠵᠢᠭᠦᠯᠬᠦ᠎ᠪᠠᠷ ᠬᠥᠳᠡᠯᠭᠡᠭᠦᠷ ᠪᠣᠯᠭᠠᠵᠤ᠂ ᠤᠯᠠᠮᠵᠢᠯᠠᠯᠲᠤ ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠮᠠᠯ ᠮᠠᠯᠵᠢᠬᠤ ᠳᠥᠷᠪᠡᠨ ᠬᠣᠰᠢᠭᠤ ᠨᠠᠷᠢᠯᠢᠭ᠋ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠵᠦ ᠂ ᠬᠠᠮᠵᠢᠯᠴᠠᠨ ᠬᠦᠴᠦᠯᠡᠵᠦ ᠂ ᠣᠯᠠᠨ ᠲᠠᠰ ᠳᠠᠪᠬᠤᠷᠭ᠎ᠠ᠎ᠶᠢᠨ ᠪᠣᠯᠪᠠᠰᠤᠷᠠᠯ᠎ᠤᠨ ᠰᠢᠰᠲᠧᠮ᠎ᠢ ᠪᠠᠶ᠋ᠢᠭᠤᠯᠬᠤ ᠂ ᠣᠨᠴᠠᠯᠢᠭ᠍ᠲᠤ ᠪᠣᠢᠵᠢᠭᠤᠯᠬᠤ ᠵᠠᠭᠪᠤᠷ᠎ᠢ ᠪᠣᠶ ᠪᠣᠯᠭᠠᠬᠤ ᠂ ᠠᠵᠢᠯ ᠣᠯᠭᠣᠬᠤ ᠪᠠ ᠦᠢᠯᠡᠰ ᠪᠣᠰᠬᠠᠬᠤ ᠪᠠᠲᠤᠯᠠᠭ᠎ᠠ᠎ᠶᠢ ᠲᠡᠭᠦᠯᠳᠡᠷᠵᠢᠭᠦᠯᠬᠦ᠎ᠪᠡᠷ ᠳᠠᠮᠵᠢᠭᠤᠯᠤᠨ ᠂ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠬᠢᠭᠡᠳ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ 《 ᠰᠢᠨ᠎ᠡ ᠬᠦᠴᠦᠨ 》 ᠪᠣᠯᠭᠠᠵᠤ ᠂ ᠠᠮᠢ ᠠᠬᠤᠢ᠎ᠶᠢ ᠲᠡᠷᠢᠭᠦᠨ᠎ᠳᠦ ᠲᠠᠯᠪᠢᠬᠤ ᠂ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠂ ᠠᠵᠤ ᠦᠢᠯᠡᠰ᠎ᠢ ᠲᠠᠰ ᠳᠡᠪᠰᠢᠭᠦᠯᠬᠦ᠎ᠶᠢ ᠠᠭᠤᠰᠤᠯᠳᠤᠭᠤᠯᠤᠨ ᠬᠥᠭᠵᠢᠬᠦ ᠵᠠᠮ᠎ᠢ ᠨᠡᠭᠡᠭᠡᠭᠰᠡᠨ ᠪᠠᠢᠨ᠎ᠠ᠃
ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ 《 ᠭᠣᠣᠯ ᠵᠢᠭ᠍ᠰᠠᠭᠠᠯ᠎ᠤᠨ ᠭᠠᠵᠠᠷ 》᠎ᠢ ᠪᠠᠲᠤ ᠴᠣᠭᠴᠠᠯᠠᠨ᠎ᠠ᠃ ᠬᠥᠯᠥᠨ ᠪᠤᠢ᠍ᠢᠷ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠮᠠᠯ ᠠᠵᠤ ᠠᠬᠤᠢ᠎ᠶᠢᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠴᠢᠳᠠᠪᠤᠷᠢᠲᠠᠨ᠎ᠢ ᠬᠥᠮᠥᠵᠢᠭᠦᠯᠬᠦ᠎ᠪᠡᠷ ᠮᠠᠯ ᠮᠠᠯᠵᠢᠬᠤ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ ᠭᠣᠣᠯ ᠭᠠᠷᠳᠠᠴᠠ ᠪᠣᠯᠭᠠᠵᠤ᠂ 《 ᠲᠦᠷᠦ᠎ᠶᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ ︱ ᠲᠡᠰ ᠬᠤᠪᠢᠶᠠᠨ ᠪᠣᠯᠪᠠᠰᠤᠷᠠᠭᠤᠯᠬᠤ ︱ ᠪᠦᠬᠦ ᠣᠷᠣᠨ ᠪᠦᠰᠡ᠎ᠪᠡᠷ ᠪᠦᠷᠬᠦᠭᠦᠯᠬᠦ 》 ᠠᠵᠢᠯ᠎ᠤᠨ ᠰᠢᠰᠲᠧᠮ᠎ᠢ ᠪᠠᠢᠭᠤᠯᠪᠠ᠃ ᠬᠣᠲᠠ᠎ᠶᠢᠨ ᠱᠠᠲᠤᠨ᠎ᠠᠴᠠ ᠨᠢᠭᠡᠳᠦᠯᠲᠡᠢ ᠲᠥᠯᠥᠪᠯᠡᠨ ᠪᠠᠢᠷᠢᠯᠠᠭᠤᠯᠵᠤ ᠂ 《 ᠲᠠᠯ᠎ᠠ ᠨᠤᠲᠤᠭ᠎ᠤᠨ ᠬᠡᠲᠦ ᠮᠠᠯᠵᠢᠬᠤ ᠠᠰᠠᠭᠤᠳᠠᠯ᠎ᠢ ᠰᠢᠰᠲᠧᠮ᠎ᠲᠠᠢ᠎ᠪᠡᠷ ᠰᠢᠢᠳᠪᠦᠷᠢᠯᠡᠵᠦ ᠂ ᠤᠯᠠᠮᠵᠢᠯᠠᠯᠲᠤ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ ᠴᠢᠳᠠᠪᠤᠷᠢᠲᠠᠨ᠎ᠤ ᠠᠵᠢᠯ᠎ᠢ ᠲᠦᠯᠬᠢᠨ ᠠᠬᠢᠭᠤᠯᠬᠤ ᠬᠣᠷᠢᠨ ᠵᠤᠷᠪᠤᠰ 》᠎ᠢ ᠨᠡᠢᠲᠡᠯᠡᠵᠦ ᠂ ᠡᠯ᠎ᠡ ᠬᠣᠰᠢᠭᠤ ᠬᠣᠲᠠ ᠲᠣᠭᠣᠷᠢᠭ᠋᠎ᠲᠤ ᠲᠥᠷᠥ᠎ᠶᠢᠨ ᠪᠣᠳᠣᠯᠭ᠎ᠠ᠎ᠶᠢᠨ ᠵᠢᠷᠤᠮᠯᠠᠯ ᠬᠠᠩᠭᠠᠪᠠ ᠃ ᠮᠠᠯ ᠮᠠᠯᠵᠢᠬᠤ ᠳᠥᠷᠪᠡᠨ ᠬᠣᠰᠢᠭᠤᠨ᠎ᠤ ᠪᠣᠯᠪᠠᠰᠤᠷᠠᠯ᠎ᠤᠨ ᠰᠢᠰᠲᠧᠮᠵᠢ᠎ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ ᠂ 《 ᠴᠡᠭ ᠱᠤᠭᠤᠮ ᠬᠡᠰᠡᠭ 》᠎ᠢ ᠨᠡᠢᠳᠡᠮ ᠪᠦᠷᠬᠦᠭᠦᠯᠬᠦ᠎ᠶᠢ ᠪᠡᠶᠡᠯᠡᠭᠦᠯᠵᠡᠢ ᠃ 《 ᠴᠡᠭ 》 ᠳᠡᠭᠡᠷ᠎ᠡ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ᠎ᠢᠶᠠᠨ ᠲᠥᠪᠯᠡᠷᠡᠭᠦᠯᠵᠦ ᠂ ᠰᠢᠨ᠎ᠡ ᠨᠢᠭᠡ ᠦᠶ᠎ᠡ᠎ᠶᠢᠨ ᠮᠠᠯᠴᠢᠨ ᠂ ᠨᠤᠲᠤᠭ᠎ᠲᠠᠭᠠᠨ ᠪᠤᠴᠠᠭᠰᠠᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠂ ᠵᠡᠮᠳᠡᠭᠴᠦᠳ᠎ᠲᠦ ᠵᠣᠷᠢᠭᠤᠯᠤᠨ ᠲᠣᠭᠲᠠᠭᠠᠭᠰᠠᠨ ᠪᠣᠯᠪᠠᠰᠤᠷᠠᠯ᠎ᠢ ᠥᠷᠨᠢᠭᠦᠯᠵᠦ ᠂ ᠣᠲᠣ᠌ ᠪᠣᠯᠲᠠᠯ᠎ᠠ ᠂ ᠮᠠᠯᠵᠢᠬᠤ ᠳᠥᠷᠪᠡᠨ ᠬᠣᠰᠢᠭᠤᠨ᠎ᠤ ᠬᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ ᠬᠠᠮᠢᠶ᠎ᠠ ᠪᠦᠬᠦᠢ ᠪᠣᠯᠪᠠᠰᠤᠷᠠᠯ᠎ᠢ ᠨᠡᠶ᠋ᠢᠲᠡ 200 ᠬᠤᠭᠤᠴᠠᠭ᠎ᠠ ᠢᠯᠡᠭᠦᠦ ᠡᠷᠬᠢᠯᠡᠵᠦ ᠂ 16000 ᠬᠥᠮᠥᠨ ᠤᠳᠠᠭ᠎ᠠ᠎ᠶᠢ ᠬᠠᠮᠤᠷᠤᠭᠰᠠᠨ ᠪᠠᠢᠨ᠎ᠠ᠃ 《 ᠱᠤᠭᠤᠮ 》᠎ᠤᠨ ᠲᠠᠯ᠎ᠠ᠎ᠪᠠᠷ ᠠᠵᠢᠯ ᠲᠥᠷᠥᠯ᠎ᠦᠨ ᠬᠠᠮᠵᠢᠯᠴᠠᠭ᠎ᠠ ᠂ ᠣᠶ ᠰᠢᠭᠤᠢ ᠡᠪᠡᠰᠦ ᠪᠡᠯᠴᠢᠭᠡᠷ ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ᠎ᠦᠳ ᠮᠠᠯ ᠮᠠᠯᠵᠢᠬᠤ᠎ᠶᠢᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠣᠯᠪᠠᠰᠤᠷᠠᠯ ᠥᠷᠨᠢᠭᠦᠯᠬᠦ᠎ᠶᠢ ᠳᠣᠪᠣᠶ᠋ᠢᠯᠭᠠᠵᠤ ᠂ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠰᠠᠯᠠᠭ᠎ᠠ ᠮᠥᠴᠢᠷ᠎ᠦᠳ ᠥᠨᠳᠥᠷ ᠬᠡᠪ ᠪᠣᠯᠪᠠᠰᠤᠷᠠᠯ᠎ᠲᠠᠢ ᠮᠠᠯᠴᠢᠨ ᠲᠠᠷᠢᠶᠠᠴᠢᠨ᠎ᠢ ᠬᠥᠮᠥᠵᠢᠭᠦᠯᠬᠦ ᠂ ᠠᠵᠢᠯ ᠣᠯᠭᠣᠬᠤ ᠂ ᠵᠡᠮᠳᠡᠭᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠦᠳ ᠡᠯᠧᠺᠲᠷᠣᠨ ᠬᠤᠳᠠᠯᠳᠤᠭᠠᠨ᠎ᠤ ᠶᠠᠪᠤᠳᠠᠯ ᠂ ᠡᠷᠡᠭᠦᠯᠵᠢᠯ᠎ᠦᠨ ᠢᠯᠢᠯᠭᠡ ᠵᠡᠷᠭᠡ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠢ ᠵᠣᠬᠢᠶᠠᠨ ᠪᠠᠢᠭᠤᠯᠵᠤ᠂ 《 ᠰᠠᠯᠠᠭ᠎ᠠ ᠮᠥᠴᠢᠷ᠎ᠦᠳ ᠬᠣᠯᠪᠤᠭᠠᠯᠠᠨ ᠬᠥᠳᠡᠯᠦᠯᠴᠡᠵᠦ ᠂ ᠲᠣᠰ ᠲᠣᠰ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ 》 ᠪᠣᠯᠪᠠᠰᠤᠷᠠᠯ᠎ᠤᠨ ᠪᠠᠢᠷᠢᠰᠢᠯ᠎ᠢ ᠪᠣᠶ ᠪᠣᠯᠭᠠᠪᠠ ᠃ 《 ᠬᠡᠰᠡᠭ 》᠎ᠦᠨ ᠲᠠᠯ᠎ᠠ᠎ᠪᠠᠷ ᠪᠥᠬᠥ ᠣᠷᠣᠨ ᠪᠦᠰᠡ᠎ᠶᠢᠨ ᠨᠡᠪᠴᠢᠯᠲᠡ᠎ᠶᠢ ᠴᠢᠩᠭᠠᠳᠬᠠᠵᠤ ᠂ ᠡᠸᠡᠩᠬᠢ ᠬᠣᠰᠢᠭᠤᠨ᠎ᠤ ᠬᠢᠨ 《 12333 》 ᠸᠢᠴᠠᠲ᠎ᠤᠨ ᠨᠡᠶ᠋ᠢᠲᠡ᠎ᠶᠢᠨ ᠳ᠋ᠤᠭᠠᠷ᠎ᠲᠤ 《 ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠬᠤ 》 ᠲᠤᠰᠬᠠᠢ ᠪᠤᠯᠤᠩ ᠭᠠᠷᠭᠠᠵᠤ ᠂ ᠪᠣᠯᠪᠠᠰᠤᠷᠠᠯ᠎ᠤᠨ ᠪᠣᠷᠣ᠌ ᠮᠠᠲᠧᠷᠢᠶᠠᠯ᠎ᠢ ᠨᠡᠶ᠋ᠢᠲᠡ 40 ᠭᠠᠷᠤᠢ ᠬᠦᠷᠭᠡᠪᠡ ; ᠬᠠᠭᠤᠴᠢᠨ ᠪᠠᠷᠭᠤ ᠬᠣᠰᠢᠭᠤ 44 ᠭᠠᠴᠠᠭ᠎ᠠ᠎ᠳᠤ ᠭᠦᠨᠵᠡᠭᠡᠢᠷᠡᠨ ᠠᠩᠬᠠᠨ᠎ᠤ ᠡᠭᠡᠯᠵᠢ᠎ᠶᠢᠨ ᠲᠤᠷᠰᠢᠯᠲᠠ᠎ᠶᠢᠨ ᠴᠡᠭ᠎ᠦᠨ ᠪᠣᠯᠪᠠᠰᠤᠷᠠᠯ᠎ᠢ ᠨᠡᠢᠳᠡᠮ ᠥᠷᠨᠢᠭᠦᠯᠵᠦ ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠰᠢᠭᠤᠳ ᠮᠠᠯᠵᠢᠬᠤ ᠡᠷᠦᠬᠡ᠎ᠳᠦ ᠬᠦᠷᠭᠡᠵᠡᠢ ᠃
ᠣᠨᠴᠠᠯᠢᠭ᠍ᠲᠤ ᠡᠨᠧᠷᠭᠢ ᠣᠯᠭᠣᠵᠤ ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ 《 ᠰᠢᠨ᠎ᠡ ᠬᠥᠳᠡᠯᠭᠡᠬᠦ ᠬᠦᠴᠦᠨ》᠎ᠢ ᠬᠥᠭᠵᠢᠭᠡᠨ᠎ᠡ᠃ ᠲᠠᠯ᠎ᠠ ᠨᠤᠲᠤᠭ᠎ᠤᠨ ᠰᠣᠶᠣᠯ ᠪᠣᠯᠣᠨ ᠠᠮᠢ ᠠᠬᠤᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠵᠤ᠂ ᠬᠥᠯᠥᠨ ᠪᠤᠢ᠍ᠢᠷ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠠᠴᠠ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠬᠤ ᠪᠠ ᠴᠢᠳᠠᠪᠤᠷᠢᠲᠠᠨ᠎ᠢ ᠪᠣᠯᠪᠠᠰᠤᠷᠠᠭᠤᠯᠬᠤ᠎ᠶᠢ ᠭᠦᠨᠵᠡᠭᠡᠢ ᠠᠭᠤᠰᠤᠯᠴᠠᠭᠤᠯᠵᠤ᠂ ᠮᠠᠯᠴᠢᠳ᠎ᠢ ᠰᠣᠶᠣᠯ᠎ᠢ ᠤᠯᠠᠮᠵᠢᠯᠠᠬᠤ᠂ ᠠᠮᠢ ᠠᠬᠤᠢ᠎ᠶᠢ ᠬᠠᠮᠠᠭᠠᠯᠠᠬᠤ ᠳᠤᠮᠳᠠ ᠣᠷᠣᠯᠭ᠎ᠠ᠎ᠶᠢ ᠨᠢ ᠨᠡᠮᠡᠭᠳᠡᠭᠦᠯᠵᠦ᠂ ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠬᠤ᠎ᠳᠤ 《 ᠰᠣᠶᠣᠯ + ᠰᠢᠨᠵᠢᠯᠡᠬᠦ ᠤᠬᠠᠭᠠᠨ ᠮᠡᠷᠭᠡᠵᠢᠯ 》᠎ᠤᠨ ᠬᠣᠣᠰ ᠬᠥᠳᠡᠯᠭᠡᠬᠦ ᠬᠦᠴᠦᠨ ᠨᠡᠮᠡᠷᠢᠯᠡᠵᠡᠢ᠃ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠬᠢ ᠨᠢ ᠤᠯᠠᠮᠵᠢᠯᠠᠯᠲᠤ ᠮᠠᠯ ᠠᠵᠤ ᠠᠬᠤᠢ᠎ᠶᠢᠨ 《 ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ 》 ᠪᠣᠯᠣᠨ᠎ᠠ᠃ ᠰᠢᠨ᠎ᠡ ᠪᠠᠷᠭᠤ ᠵᠡᠭᠦᠨ ᠬᠣᠰᠢᠭᠤᠨ᠎ᠤ ᠬᠢᠨ ᠵᠢᠯᠣᠭᠣᠴᠢ ᠦᠭᠡᠢ ᠨᠢᠰᠬᠡᠯ᠎ᠦᠨ ᠵᠢᠯᠣᠭᠣᠴᠢ᠎ᠶᠢᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠥᠷᠨᠢᠭᠦᠯᠵᠦ ᠂ 18 ᠮᠠᠯᠴᠢᠨ ᠰᠣᠷᠣᠭᠰᠠᠨᠤ ᠳᠠᠷᠠᠭ᠎ᠠ ᠵᠢᠯᠣᠭᠣᠴᠢ ᠦᠭᠡᠢ ᠨᠢᠰᠬᠡᠯ᠎ᠢ ᠨᠤᠲᠤᠭ ᠪᠡᠯᠴᠢᠭᠡᠷ᠎ᠦᠨ ᠲᠣᠭᠣᠷᠢᠨ ᠬᠠᠮᠠᠭᠠᠯᠠᠬᠤ ᠂ ᠮᠠᠯ ᠤᠨᠤᠭ᠎ᠠ᠎ᠶᠢ ᠲᠣᠭᠠᠯᠠᠨ ᠪᠦᠷᠢᠳᠬᠡᠬᠦ᠎ᠳᠦ ᠬᠡᠷᠡᠭᠯᠡᠨ ᠂ ᠤᠯᠠᠮᠵᠢᠯᠠᠯᠲᠤ ᠮᠣᠷᠢ ᠤᠨᠤᠵᠤ ᠲᠡᠷᠭᠡ ᠵᠢᠯᠤᠭᠣᠳᠬᠤ ᠠᠷᠭ᠎ᠠ ᠮᠠᠶᠢᠭ᠋᠎ᠢ ᠣᠷᠣᠯᠠᠭᠤᠯᠵᠤ ᠂ ᠬᠢᠨᠠᠨ ᠬᠡᠮᠵᠢᠬᠦ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠵᠦ ᠂ ᠮᠠᠯ ᠠᠵᠤ ᠠᠬᠤᠢ᠎ᠶᠢᠨ ᠨᠠᠷᠢᠯᠢᠭ᠋ ᠣᠨᠣᠴᠠᠵᠢᠭᠤᠯᠬᠤ ᠂ ᠣᠶᠤᠨᠴᠢᠯᠠᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠪᠠ ᠃ ᠬᠠᠭᠤᠴᠢᠨ ᠪᠠᠷᠭᠤ ᠬᠣᠰᠢᠭᠤ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ 《 ᠳ᠋ᠣᠺᠲ᠋ᠣᠷᠠᠨᠲ᠎ᠤᠨ ᠪᠦᠯᠬᠦᠮ 》 ᠲᠠᠢ ᠬᠣᠯᠪᠤᠭᠠᠯᠠᠨ ᠤᠳᠤ ᠦᠶ᠎ᠡ᠎ᠶᠢᠨ ᠮᠠᠯ ᠠᠵᠤ ᠠᠬᠤᠢ᠎ᠶᠢᠨ ᠮᠡᠳᠡᠯᠭᠡ᠎ᠶᠢᠨ ᠪᠣᠯᠪᠠᠰᠤᠷᠠᠯ᠎ᠢ ᠥᠷᠨᠢᠭᠦᠯᠵᠦ᠂ 100 ᠵᠠᠯᠠᠭᠤ ᠮᠠᠯᠴᠢᠨ ᠲᠠᠷᠢᠶᠠᠴᠢᠨ᠎ᠳᠤ ᠰᠢᠨᠵᠢᠯᠡᠬᠦ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ ᠮᠡᠷᠭᠡᠵᠢᠯ᠎ᠢ ᠡᠵᠡᠮᠰᠢᠭᠦᠯᠵᠦ᠂ ᠪᠡᠯᠴᠢᠭᠡᠷ᠎ᠦᠨ ᠳᠠᠭᠠᠭᠠᠴᠠ ᠪᠣᠯᠣᠨ ᠲᠡᠵᠢᠭᠡᠨ ᠦᠷᠡᠵᠢᠭᠦᠯᠬᠦ ᠦᠷ᠎ᠡ ᠠᠰᠢᠭ᠋᠎ᠤᠨ ᠬᠥᠳᠡᠯᠦᠩᠭᠦᠢ ᠲᠡᠩᠴᠡᠭᠦᠷᠢ᠎ᠶᠢ ᠠᠬᠢᠭᠤᠯᠪᠠ᠃ ᠰᠣᠶᠣᠯ᠎ᠤᠨ ᠴᠢᠳᠠᠪᠤᠷᠢ ᠨᠢ ᠦᠨᠳᠦᠰᠦᠲᠡᠨ᠎ᠦ ᠤᠷ᠎ᠠ ᠮᠡᠷᠭᠡᠵᠢᠯ᠎ᠢ 《 ᠠᠮᠢᠵᠢᠷᠠᠯ᠎ᠤᠨ ᠬᠦᠴᠦᠨ᠎ᠲᠠᠢ ᠪᠣᠯᠭᠠᠵᠤ 》 ᠴᠢᠳᠠᠨ᠎ᠠ ᠃
ᠡᠸᠡᠩᠬᠢ ᠬᠣᠰᠢᠭᠤ ᠨᠡᠷᠡᠨ ᠬᠤᠸᠠᠷ ᠬᠠᠳᠬᠤᠬᠤ ᠂ ᠦᠨᠳᠦᠰᠦᠲᠡᠨ᠎ᠦ ᠬᠤᠪᠴᠠᠰᠤ ᠵᠠᠰᠠᠯ ᠂ ᠠᠷᠠᠰᠤᠨ ᠰᠡᠢᠯᠦᠮᠡᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ᠎ᠳᠦ ᠲᠦᠰᠢᠭᠯᠡᠨ ᠂ ᠤᠳᠤᠮᠰᠢᠯ᠎ᠤᠨ ᠪᠤᠰᠤ ᠵᠠᠯᠭᠠᠮᠵᠢᠯᠠᠭ᠍ᠴᠢ᠎ᠶᠢ ᠵᠣᠬᠢᠶᠠᠨ ᠪᠠᠢᠭᠤᠯᠤᠨ ᠪᠣᠯᠪᠠᠰᠤᠷᠠᠯ ᠥᠷᠨᠢᠭᠦᠯᠵᠦ ᠂ ᠮᠠᠯᠴᠢᠳ᠎ᠲᠤ ᠤᠯᠠᠮᠵᠢᠯᠠᠯᠲᠤ ᠤᠷ᠎ᠠ ᠮᠡᠷᠭᠡᠵᠢᠯ ᠰᠤᠷᠤᠯᠴᠠᠬᠤ ᠳᠤᠮᠳᠠ ᠠᠵᠢᠯ ᠣᠯᠭᠣᠵᠤ ᠂ 122 ᠰᠣᠷᠣᠭ᠍ᠴᠢ᠎ᠳᠤ ᠦᠨᠳᠦᠰᠦᠲᠡᠨ᠎ᠦ ᠬᠤᠪᠴᠠᠰᠤ ᠬᠤᠨᠠᠷ ᠦᠢᠯᠡᠳᠬᠦ ᠂ ᠭᠠᠷ ᠤᠷᠠᠯᠠᠯ᠎ᠤᠨ ᠪᠣᠯᠪᠠᠰᠤᠷᠠᠯ᠎ᠢᠶᠠᠷ ᠳᠡᠮᠵᠢᠨ ᠨᠢᠭᠡ ᠵᠦᠢᠯ᠎ᠦᠨ ᠮᠡᠷᠭᠡᠵᠢᠯ ᠡᠵᠡᠮᠰᠢᠭᠦᠯᠪᠡ ᠃ ᠰᠢᠨ᠎ᠡ ᠪᠠᠷᠭᠤ ᠵᠡᠭᠦᠨ ᠬᠣᠰᠢᠭᠤᠨ᠎ᠤ ᠬᠣᠨᠢᠨ ᠢᠰᠡᠭᠡᠢ᠎ᠶᠢᠨ ᠭᠠᠷ ᠤᠷᠠᠯᠠᠯ᠎ᠤᠨ ᠪᠣᠯᠪᠠᠰᠤᠷᠠᠯ᠎ᠤᠨ ᠦᠷ᠎ᠡ ᠪᠦᠲᠦᠮᠵᠢ ᠢᠯᠡᠳᠲᠡ ᠪᠠᠢᠵᠤ ᠂ ᠰᠤᠷᠤᠭ᠍ᠴᠢᠳ᠎ᠤᠨ ᠦᠢᠯᠡᠳᠦᠭᠰᠡᠨ ᠭᠠᠷ ᠤᠲᠠᠰᠤᠨ᠎ᠤ ᠭᠢᠨᠵᠢ ᠂ ᠮᠣᠩᠭᠣᠯ ᠭᠡᠷ᠎ᠦᠨ ᠬᠥᠯᠳᠡᠭᠡᠭᠦᠷ᠎ᠦᠨ ᠨᠠᠭᠠᠯᠲᠠ ᠵᠡᠷᠭᠡ ᠦᠢᠯᠡᠳᠬᠦᠨ ᠨᠢ ᠵᠠᠬᠢᠶᠠᠯᠠᠭ᠎ᠠ᠎ᠶᠢᠨ ᠬᠠᠮᠲᠤᠷᠠᠯᠴᠠᠭ᠎ᠠ ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ᠎ᠪᠠᠷ ᠳᠡᠮᠵᠢᠨ ᠣᠷᠣᠯᠭ᠎ᠠ ᠣᠯᠵᠤ ᠂ ᠦᠨᠳᠦᠰᠦᠲᠡᠨ᠎ᠦ ᠰᠣᠶᠣᠯ᠎ᠢ ᠤᠯᠠᠮᠵᠢᠯᠠᠭᠰᠠᠨ᠎ᠢᠶᠠᠷ ᠪᠠᠷᠠᠬᠤ ᠦᠭᠡᠢ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠴᠤ᠌ ᠥᠷᠭᠡᠳᠬᠡᠭᠰᠡᠨ ᠪᠠᠢᠨ᠎ᠠ ᠃ ᠠᠵᠤ ᠦᠢᠯᠡᠰ᠎ᠦᠨ ᠠᠭᠤᠰᠤᠯᠴᠠᠯ ᠨᠢ ᠠᠮᠢ ᠠᠬᠤᠢ᠎ᠶᠢᠨ ᠥᠷᠲᠡᠭ᠎ᠢ 《 ᠪᠡᠯᠡᠨ ᠵᠣᠭᠣᠰ ᠪᠣᠯᠭᠠᠨ ᠬᠤᠪᠢᠷᠠᠭᠤᠯᠵᠤ ᠥᠷᠲᠡᠭ ᠨᠡᠮᠡᠭᠳᠡᠭᠦᠯᠦᠨ᠎ᠡ 》 ᠃ ᠬᠠᠭᠤᠴᠢᠨ ᠪᠠᠷᠭᠤ ᠬᠣᠰᠢᠭᠤᠨ᠎ᠤ ᠬᠢᠨ 《 ᠰᠧ ᠪᠢᠨ ᠪᠠᠶᠠᠷ᠎ᠤᠨ ᠡᠳᠦᠷ᠎ᠦᠨ ᠪᠣᠯᠵᠣᠭ᠎ᠠ ᠂ ᠠᠵᠢᠯ ᠣᠯᠭᠣᠯᠲᠠ ᠪᠠ ᠵᠢᠭᠤᠯᠴᠢᠯᠠᠯ 》 ᠲᠤᠰᠬᠠᠢ ᠠᠵᠢᠯᠲᠠᠨ ᠡᠯᠰᠡᠬᠦ ᠴᠤᠭᠯᠠᠭᠠᠨ᠎ᠢ ᠡᠷᠭᠢᠯᠡᠵᠦ ᠂ 《 ᠮᠠᠯ ᠠᠵᠤ ᠠᠬᠤᠢ ᠪᠠ ᠵᠤᠭᠠᠴᠠᠭᠰᠠᠳᠢ ᠠᠭᠤᠰᠤᠯᠴᠠᠭᠤᠯᠬᠤ 》 ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠳᠠᠯᠳᠠ ᠬᠦᠴᠦᠨ᠎ᠢ ᠠᠭᠤᠳᠠᠯᠵᠤ ᠂ ᠠᠮᠢ ᠠᠬᠤᠢ᠎ᠶᠢᠨ ᠬᠠᠮᠠᠭᠠᠯᠠᠯᠲᠠ ᠬᠢᠭᠡᠳ ᠮᠠᠯᠴᠢᠳ᠎ᠤᠨ ᠣᠷᠣᠯᠭ᠎ᠠ᠎ᠶᠢᠨ ᠨᠡᠮᠡᠭᠳᠡᠯ᠎ᠦᠨ ᠬᠣᠣᠰ ᠠᠮᠵᠢᠯᠲᠠ᠎ᠶᠢ ᠪᠡᠶᠡᠯᠡᠭᠦᠯᠪᠡ ; ᠰᠢᠨ᠎ᠡ ᠪᠠᠷᠭᠤ ᠪᠠᠷᠠᠭᠤᠨ ᠬᠣᠰᠢᠭᠤᠨ᠎ᠤ ᠬᠢᠨ ᠡᠯᠧᠺᠲᠷᠣᠨ ᠬᠤᠳᠠᠯᠳᠤᠭ᠎ᠠ ᠪᠣᠯᠣᠨ ᠮᠠᠯ ᠠᠵᠤ ᠠᠬᠤᠢ᠎ᠶᠢᠨ ᠤᠶᠠᠯᠳᠤᠯ᠎ᠢ ᠠᠬᠢᠭᠤᠯᠵᠤ᠂ 14 ᠲᠠᠯᠠᠪᠠᠢ ᠲᠠᠷᠢᠶᠠᠯᠠᠩ᠎ᠢ ᠲᠤᠰᠠᠯᠠᠬᠤ ᠰᠢᠭᠤᠳ ᠨᠡᠪᠲᠡᠷᠡᠭᠦᠯᠭᠡ ᠬᠢᠵᠦ᠂ ᠪᠣᠷᠤᠯᠠᠭᠤᠯᠭ᠎ᠠ᠎ᠶᠢᠨ ᠬᠡᠮᠵᠢᠶ᠎ᠡ 108 ᠲᠦᠮᠡᠨ ᠲᠥᠭᠥᠷᠢᠭ᠎ᠲᠦ ᠬᠦᠷᠴᠦ᠂ ᠲᠠᠯ᠎ᠠ ᠨᠤᠲᠤᠭ᠎ᠤᠨ ᠦᠬᠡᠷ ᠬᠤᠨᠢᠨ ᠮᠢᠬ᠎ᠠ᠂ ᠴᠠᠭᠠᠨ ᠢᠳᠡᠭᠡ ᠵᠡᠷᠭᠡ ᠣᠨᠴᠠᠯᠢᠭ᠍ᠲᠤ ᠪᠦᠲᠦᠭᠡᠭᠳᠡᠬᠦᠨ᠎ᠢ ᠡᠭᠦᠯᠡᠨ ᠵᠠᠬ᠎ᠠ᠎ᠪᠠᠷ ᠪᠦᠬᠦ ᠤᠯᠤᠰ᠎ᠲᠤ ᠬᠦᠷᠭᠡᠪᠡ᠃
ᠠᠶᠠᠯᠠᠯ᠎ᠤᠨ ᠬᠠᠮᠠᠭᠠᠯᠠᠯᠲᠠ᠎ᠳᠤ ᠦᠢᠯᠡᠴᠢᠯᠡᠵᠦ᠂ ᠠᠵᠢᠯ ᠣᠯᠭᠣᠯᠲᠠ ᠦᠢᠯᠡᠰ ᠪᠣᠰᠬᠠᠬᠤ 《 ᠬᠣᠯᠪᠣᠯᠳᠤᠭᠰᠠᠨ ᠬᠥᠭᠥᠷᠭᠡ 》᠎ᠶᠢ ᠪᠠᠢᠭᠤᠯᠤᠨ᠎ᠠ᠃ ᠬᠥᠯᠥᠨ ᠪᠤᠢ᠍ᠢᠷ ᠬᠤᠳᠠ 《 ᠠᠵᠢᠯ ᠣᠯᠭᠣᠯᠲᠠ᠎ᠳᠤ ᠠᠵᠢᠯ᠎ᠤᠨ ᠪᠠᠢᠷᠢ᠎ᠲᠠᠢ᠂ ᠦᠢᠯᠡᠰ ᠪᠣᠰᠬᠠᠬᠤ᠎ᠳᠤ ᠳᠡᠮᠵᠢᠯᠭᠡ᠎ᠲᠠᠢ 》 ᠪᠠᠢᠬᠤ ᠪᠡᠷ ᠬᠠᠷᠠᠯᠲᠠ ᠪᠣᠯᠭᠠᠵᠤ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶ᠋ᠢᠯᠬᠦ᠂ ᠰᠠᠢᠲᠤᠷ ᠬᠡᠷᠡᠭᠯᠡᠬᠦ ᠪᠣᠯᠭᠠᠵᠤ᠂ ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠬᠤ᠎ᠳᠤ ᠪᠦᠬᠦ ᠬᠡᠯᠬᠢᠶ᠎ᠡ᠎ᠶᠢᠨ ᠲᠤᠯᠭᠠᠭᠤᠷᠢᠯᠠᠯ ᠬᠠᠩᠭᠠᠪᠠ᠃ ᠠᠵᠢᠯ ᠣᠯᠭᠣᠯᠲᠠ᠎ᠶᠢᠨ ᠦᠢᠯᠡᠴᠢᠯᠡᠭᠡ ᠨᠢ 《 ᠬᠠᠩᠭᠠᠯᠭ᠎ᠠ ᠬᠡᠷᠡᠭᠴᠡᠭᠡᠨ᠎ᠦ ᠬᠣᠶᠠᠷ ᠲᠠᠯ᠎ᠠ 》᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠤᠨ᠎ᠠ ᠃ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ᠎ᠤ ᠲᠠᠪᠴᠠᠩ ᠪᠠᠶ᠋ᠢᠭᠤᠯᠬᠤ᠎ᠪᠠᠷ ᠳᠡᠮᠵᠢᠨ ᠂ ᠬᠠᠭᠤᠴᠢᠨ ᠪᠠᠷᠭᠤ ᠬᠣᠰᠢᠭᠤᠨ᠎ᠤ 2025 ᠣᠨ᠎ᠤ 《 ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ 》᠎ᠳᠤ 648 ᠠᠵᠢᠯ ᠡᠷᠢᠭᠰᠡᠳ᠎ᠦᠨ ᠠᠩᠬᠠᠷᠤᠯ᠎ᠢ ᠲᠠᠲᠠᠵᠤ ᠂ 50 ᠬᠥᠮᠥᠨ ᠠᠵᠢᠯ ᠣᠯᠬᠤ ᠰᠠᠨᠠᠮᠵᠢ ᠲᠣᠬᠢᠷᠠᠯᠴᠠᠪᠠ ; ᠡᠸᠡᠩᠬᠢ ᠬᠣᠰᠢᠭᠤᠨ᠎ᠤ ᠬᠢᠨ 5000 ᠭᠠᠷᠤᠢ ᠮᠠᠯᠴᠢᠳ᠎ᠤᠨ ᠬᠡᠷᠡᠭᠴᠡᠭᠡ ᠱᠠᠭᠠᠷᠳᠠᠯᠭ᠎ᠠ᠎ᠶᠢ ᠣᠢᠯᠠᠭᠠᠵᠤ ᠂ 《 ᠠᠵᠢᠯ᠎ᠤᠨ ᠪᠠᠢᠷᠢ᠎ᠶᠢᠨ ᠨᠠᠷᠢᠨ ᠲᠠᠩᠰᠠ 》 《 ᠠᠵᠢᠯᠲᠠᠨ᠎ᠤ ᠨᠠᠷᠢᠨ ᠲᠠᠩᠰᠠ 》 ᠪᠠᠢᠭᠤᠯᠵᠤ ᠂ ᠠᠵᠢᠯ ᠣᠯᠭᠣᠯᠲᠠ᠎ᠶᠢᠨ ᠡᠬᠢ ᠪᠠᠶᠠᠯᠢᠭ᠋᠎ᠢ ᠬᠥᠳᠡᠯᠦᠩᠭᠦᠢ᠎ᠪᠡᠷ ᠲᠣᠬᠢᠷᠠᠭᠤᠯᠤᠨ ᠂ 368 ᠨᠡᠷᠡᠰ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠦ ᠰᠢᠯᠵᠢᠵᠦ ᠠᠵᠢᠯ ᠣᠯᠬᠤ᠎ᠶᠢ ᠲᠦᠯᠬᠢᠨ ᠠᠬᠢᠭᠤᠯᠪᠠ ᠃ ᠦᠢᠯᠡᠰ ᠪᠣᠰᠬᠠᠬᠤ᠎ᠳᠤ 《 ᠳᠣᠲᠣᠭᠠᠳᠤ᠎ᠶᠢᠨ ᠬᠥᠳᠡᠯᠭᠡᠬᠦ ᠬᠦᠴᠦᠨ 》᠎ᠢ ᠬᠥᠭᠵᠢᠭᠡᠬᠦ᠎ᠶᠢ ᠲᠡᠳᠬᠦᠨ ᠳᠡᠮᠵᠢᠨ᠎ᠡ ᠃ ᠦᠢᠯᠡᠰ ᠪᠣᠰᠬᠠᠬᠤ ᠲᠠᠭᠠᠭᠠᠠᠯᠳᠠᠳᠤ ᠵᠢᠭᠡᠯᠡᠯᠭᠡ ᠂ ᠦᠢᠯᠡᠰ ᠪᠣᠰᠬᠠᠬᠤ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠪᠠᠷ ᠳᠠᠮᠵᠢᠭᠤᠯᠤᠨ ᠦᠢᠯᠡᠰ ᠪᠣᠰᠬᠠᠭ᠍ᠴᠢᠳ᠎ᠲᠤ ᠬᠦᠴᠦᠨ ᠣᠯᠭᠣᠵᠤ ᠂ ᠬᠠᠭᠤᠴᠢᠨ ᠪᠠᠷᠭᠤ ᠬᠣᠰᠢᠭᠤ 29.5 ᠲᠦᠮᠡᠨ ᠲᠥᠭᠥᠷᠢᠭ᠎ᠦᠨ ᠵᠢᠭᠡᠯᠡᠯᠭᠡ ᠲᠠᠯᠪᠢᠵᠤ ᠂ 9 ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢ ᠨᠡᠪᠴᠢᠭᠦᠯᠪᠡ ᠃ ᠰᠢᠨ᠎ᠡ ᠪᠠᠷᠭᠤ ᠪᠠᠷᠠᠭᠤᠨ ᠬᠣᠰᠢᠭᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ 30 ᠲᠦᠮᠡᠨ ᠲᠥᠭᠥᠷᠢᠭ᠎ᠦᠨ ᠦᠢᠯᠡᠰ ᠪᠣᠰᠬᠠᠬᠤ ᠵᠢᠭᠡᠯᠡᠯᠭᠡ ᠲᠠᠯᠪᠢᠵᠤ ᠂ ᠰᠠᠷᠠᠨ ᠭᠡᠷ ᠪᠦᠯᠢ᠎ᠶᠢᠨ ᠮᠠᠯᠵᠢᠯ᠎ᠤᠨ ᠲᠠᠯᠠᠪᠠᠶ ᠵᠢᠭᠡᠯᠡᠯᠭᠡ ᠣᠯᠣᠭᠰᠠᠨ᠎ᠤ ᠳᠠᠷᠠᠭ᠎ᠠ ᠦᠢᠯᠡᠳᠪᠦᠷᠢᠯᠡᠯ᠎ᠦᠨ ᠦᠷ᠎ᠡ ᠪᠦᠲᠦᠮᠵᠢ ᠨᠢ ᠢᠯᠡᠳᠲᠡ ᠳᠡᠭᠡᠭᠰᠢᠯᠡᠪᠡ ; ᠠᠩᠭᠢᠷ᠎ᠤᠨ 《 ᠨᠠᠬᠢᠶ᠎ᠠ ᠠᠵᠢᠯᠯᠠᠬᠤ ᠦᠷᠦᠭᠡ 》 ᠨᠢ ᠦᠢᠯᠡᠰ ᠪᠣᠰᠬᠠᠬᠤ ᠬᠦᠷᠢᠶᠡᠯᠡᠩ᠎ᠦᠨ ᠳᠡᠮᠵᠢᠯᠭᠡ᠎ᠪᠡᠷ ᠰᠢᠭᠤᠳ ᠨᠡᠪᠲᠡᠷᠡᠭᠦᠯᠭᠡ᠎ᠶᠢᠨ ᠦᠷ᠎ᠡ ᠪᠦᠲᠦᠮᠵᠢ ᠲᠣᠭᠲᠠᠭᠤᠨ᠎ᠢᠶᠠᠷ ᠨᠡᠮᠡᠭᠳᠡᠵᠦ᠂ ᠮᠠᠯᠴᠢᠳ᠎ᠤᠨ ᠦᠢᠯᠡᠰ ᠪᠣᠰᠬᠠᠬᠤ ᠦᠯᠢᠬᠡᠷ ᠵᠢᠱ᠌ᠢᠶ᠎ᠡ ᠪᠣᠯᠵᠠᠢ᠃ ᠲᠦᠷᠦ᠎ᠶᠢᠨ ᠪᠣᠳᠣᠯᠭ᠎ᠠ᠎ᠶᠢᠨ ᠪᠠᠲᠤᠯᠠᠭ᠎ᠠ᠎ᠪᠡᠷ 《 ᠬᠥᠭᠵᠢᠯᠲᠡ᠎ᠶᠢᠨ ᠢᠳᠡ ᠬᠦᠴᠦᠨ 》᠎ᠢ ᠪᠠᠲᠤᠳᠬᠠᠪᠠ᠃ ᠴᠢᠳᠠᠪᠤᠷᠢᠲᠠᠨ᠎ᠤ ᠬᠥᠮᠥᠷᠭᠡ ᠂ ᠪᠠᠭ᠍ᠰᠢ᠎ᠶᠢᠨ ᠬᠥᠮᠥᠷᠭᠡ ᠂ ᠪᠣᠯᠪᠠᠰᠤᠷᠠᠯ᠎ᠤᠨ ᠬᠥᠮᠥᠷᠭᠡ ᠂ ᠠᠵᠤ ᠠᠬᠤᠢᠯᠠᠯ᠎ᠤᠨ ᠬᠥᠮᠥᠷᠭᠡ 《 ᠳᠥᠷᠪᠡᠨ ᠮᠡᠳᠡᠭᠡ ᠵᠠᠩᠭᠢ᠎ᠶᠢᠨ ᠬᠥᠮᠥᠷᠭᠡ 》᠎ᠶᠢ ᠪᠠᠢᠭᠤᠯᠵᠤ ᠂ 《 ᠪᠣᠯᠪᠠᠰᠤᠷᠠᠯ ︱ ᠦᠨᠡᠯᠡᠯᠲᠡ ︱ ᠠᠵᠢᠯ ᠣᠯᠭᠣᠯᠲᠠ 》᠎ᠶᠢᠨ ᠪᠢᠲᠡᠭᠦᠦ ᠴᠠᠭᠠᠷᠢᠭ᠋᠎ᠤᠨ ᠲᠣᠭᠲᠠᠴᠠ᠎ᠶᠢ ᠲᠡᠭᠦᠯᠳᠡᠷᠵᠢᠭᠦᠯᠦᠨ᠎ᠡ ᠃ ᠨᠢᠭᠡᠳᠦᠯᠲᠡᠢ ᠡᠵᠡᠩᠨᠡᠬᠦ ᠪᠠ ᠰᠠᠯᠭᠠᠬᠤ᠎ᠶᠢ ᠤᠶᠠᠯᠳᠤᠭᠤᠯᠬᠤ ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠂ ᠭᠠᠴᠠᠭ᠎ᠠ ᠲᠣᠰᠬᠣᠨ᠎ᠢ ᠳᠠᠭᠠᠭᠠᠴᠢᠯᠠᠨ ᠬᠣᠯᠪᠣᠭᠠᠯᠠᠬᠤ ᠂ ᠵᠠᠬᠢᠶᠠᠯᠠᠭ᠎ᠠ᠎ᠶᠢᠨ ᠪᠣᠯᠪᠠᠰᠤᠷᠠᠯ ᠬᠢᠬᠦ ᠂ ᠦᠷ᠎ᠡ ᠪᠦᠲᠦᠮᠵᠢ᠎ᠶᠢ ᠮᠥᠷᠳᠡᠨ ᠠᠰᠠᠭᠤᠬᠤ 《 ᠲᠠᠪᠤᠨ ᠵᠦᠢᠯ᠎ᠦᠨ ᠲᠣᠭᠲᠠᠴᠠ 》᠎ᠶᠢ ᠪᠠᠢᠭᠤᠯᠵᠤ ᠂ ᠪᠣᠯᠪᠠᠰᠤᠷᠠᠯ᠎ᠤᠨ ᠰᠢᠰᠲᠧᠮᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠦᠨᠡᠨ ᠬᠦ᠌ ᠪᠠᠲᠤᠯᠠᠪᠠ ᠃ ᠮᠠᠯᠵᠢᠬᠤ ᠳᠥᠷᠪᠡᠨ ᠬᠣᠰᠢᠭᠤᠨ᠎ᠤ ᠨᠡᠢᠲᠡᠯᠢᠭ ᠡᠷᠦᠬᠡ ᠪᠠ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠢᠭᠤᠯᠵᠤ ᠂ ᠮᠠᠯᠵᠢᠬᠤ ᠳᠥᠷᠪᠡᠨ ᠬᠣᠰᠢᠭᠤ᠎ᠠᠴᠠ ᠲᠣᠰ ᠲᠣᠰ ᠲᠤᠬᠠᠢ᠎ᠶᠢᠨ ᠲᠠᠯᠠᠪᠤᠷ᠎ᠤᠨ ᠰᠣᠯᠢᠯᠴᠠᠭ᠎ᠠ ᠂ ᠲᠤᠬᠠᠢ᠎ᠶᠢᠨ ᠭᠠᠵᠠᠷ᠎ᠤᠨ ᠪᠣᠯᠪᠠᠰᠤᠷᠠᠯ᠎ᠢ ᠵᠣᠬᠢᠶᠠᠨ ᠪᠠᠢᠭᠤᠯᠵᠠᠢ ᠃
ᠲᠠᠯ᠎ᠠ ᠨᠤᠲᠤᠭ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠬᠢᠴᠢᠶᠡᠯ᠎ᠦᠨ ᠲᠠᠩᠬᠢᠮ᠎ᠠᠴᠠ ᠰᠢᠭᠤᠳ ᠨᠡᠪᠲᠡᠷᠡᠭᠦᠯᠭᠡ᠎ᠶᠢᠨ ᠲᠠᠰᠤᠯᠭ᠎ᠠ᠎ᠶᠢᠨ ᠣᠨᠴᠠᠯᠢᠭ᠍ᠲᠤ ᠪᠦᠲᠦᠭᠡᠭᠳᠡᠬᠦᠨ᠎ᠦ ᠳᠡᠯᠭᠡᠨ ᠪᠣᠷᠤᠯᠠᠭᠤᠯᠭ᠎ᠠ᠎ᠳᠤ ᠬᠦᠷᠲᠡᠯ᠎ᠡ ᠂ ᠵᠢᠯᠣᠭᠣᠴᠢ ᠦᠭᠡᠢ ᠨᠢᠰᠬᠡᠯ᠎ᠢᠶᠡᠷ ᠲᠣᠭᠣᠷᠢᠨ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠤᠷᠢ᠎ᠶᠢ ᠣᠯᠭᠣᠬᠤ᠎ᠠᠴᠠ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭᠳᠡᠬᠦᠨ᠎ᠦ ᠰᠣᠶᠣᠯ᠎ᠤᠨ ᠤᠯᠠᠮᠵᠢᠯᠠᠯ ᠬᠦᠷᠲᠡᠯ᠎ᠡ᠂ ᠬᠥᠯᠥᠨ ᠪᠤᠢ᠍ᠢᠷ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠴᠢᠳᠠᠪᠤᠷᠢᠲᠠᠨ᠎ᠢ ᠬᠥᠭᠵᠢᠭᠦᠯᠬᠦ᠎ᠪᠠᠷ ᠲᠠᠯ᠎ᠠ ᠨᠤᠲᠤᠭ᠎ᠤᠨ ᠮᠠᠯ ᠮᠠᠯᠵᠢᠬᠤ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ᠎ᠳᠤ ᠰᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠨᠡᠩ ᠤᠯᠠᠨ ᠮᠠᠯᠴᠢᠳ᠎ᠲᠤ ᠠᠮᠢ ᠠᠬᠤᠢ᠎ᠶᠢᠨ ᠬᠠᠮᠠᠭᠠᠯᠠᠯᠲᠠ ᠪᠣᠯᠣᠨ ᠠᠵᠤ ᠦᠢᠯᠡᠰ᠎ᠦᠨ ᠬᠥᠭᠵᠢᠯᠲᠡ᠎ᠶᠢᠨ ᠠᠰᠢᠭ᠋ ᠲᠤᠰᠠ᠎ᠶᠢ ᠡᠳ᠋ᠯᠡᠭᠦᠯᠵᠦ᠂ ᠲᠠᠯ᠎ᠠ ᠨᠤᠲᠤᠭ ᠮᠠᠯᠵᠢᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ ᠪᠠᠢᠨ᠎ᠠ᠃