ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠥᠪᠥᠷ ᠮᠣᠩᠭᠣᠯ᠎ᠤᠨ ᠮᠠᠨᠵᠤᠤᠷ ᠄ ᠦᠢᠯᠡᠰ ᠪᠣᠰᠬᠠᠬᠤ 《 ᠬᠥᠭᠵᠢᠯᠲᠡ᠎ᠶᠢᠨ ᠴᠢᠬᠢ 》᠎ᠶᠢ ᠤᠰᠤᠯᠠᠬᠤ᠎ᠶᠢ ᠪᠥᠬᠥ ᠬᠡᠯᠬᠢᠶ᠎ᠡ᠎ᠪᠡᠷ ᠳᠡᠮᠵᠢᠨ᠎ᠡ
ᠨᠡᠶ᠋ᠢᠲᠡᠯᠡᠭᠰᠡᠨ ᠴᠠᠭ᠄ 2025-11-08

《 ᠦᠢᠯᠡᠰ ᠪᠣᠰᠬᠠᠬᠤ ᠡᠬᠢᠨ᠎ᠦ ᠬᠤᠭᠤᠴᠠᠭᠠᠨ᠎ᠳᠤ ᠪᠡᠯᠡ ᠮᠥᠩᠭᠥᠨ᠎ᠦ ᠡᠷᠭᠢᠯᠲᠡ ᠬᠦᠴᠢᠷᠳᠡᠯ᠎ᠳᠦ ᠲᠤᠯᠭᠠᠷᠠᠵᠠᠢ ᠂ ᠪᠡᠯᠡ ᠮᠥᠩᠭᠥᠨ᠎ᠦ ᠳᠤᠲᠠᠭᠳᠠᠯ᠎ᠠᠴᠠ ᠪᠣᠯᠵᠤ ᠬᠡᠳᠦ ᠳᠡᠯᠭᠡᠭᠦᠷ ᠵᠣᠭᠰᠣᠩᠭᠢᠷᠠᠬᠤ ᠪᠠᠢᠳᠠᠯ᠎ᠳᠤ ᠣᠷᠣᠵᠤ ᠂ ᠰᠠᠨᠠᠭ᠎ᠠ ᠵᠣᠪᠠᠵᠤ ᠪᠠᠢᠭᠰᠠᠨ ᠪᠥᠭᠡᠳ ᠪᠠᠰᠠ ᠠᠷᠭ᠎ᠠ ᠮᠤᠬᠤᠷᠳᠠᠵᠤ ᠪᠠᠢᠪᠠ ᠂ ᠶᠠᠭ ᠡᠨᠡ ᠦᠶ᠎ᠡ᠎ᠳᠦ ᠂ ᠡᠨᠡ ᠬᠦ᠌ 10000 ᠲᠥᠭᠥᠷᠢᠭ᠎ᠦᠨ ᠨᠥᠬᠥᠪᠦᠷᠢ ᠨᠢ ᠶᠠᠭ ᠯᠠ 〈 ᠴᠠᠭ᠎ᠤᠨ ᠬᠤᠷ᠎ᠠ 〉 ᠰᠢᠭ᠋᠎ᠢᠶᠡᠷ ᠮᠢᠨᠤ ᠪᠠᠴᠢᠮ ᠪᠠᠢᠳᠠᠯ᠎ᠢ ᠰᠢᠢᠳᠪᠦᠷᠢᠯᠡᠵᠦ ᠥᠭᠭᠦᠭᠰᠡᠨ

ᠪᠠᠢᠨ᠎ᠠ !》 ᠭᠡᠵᠦ ᠦᠢᠯᠡᠰ ᠪᠣᠰᠬᠠᠬᠤ ᠨᠥᠬᠥᠪᠦᠷᠢ᠎ᠶᠢ ᠲᠣᠰᠣᠨ ᠣᠯᠣᠭᠰᠠᠨ ᠪᠡᠶ᠎ᠡ᠎ᠪᠡᠨ ᠳᠠᠭᠠᠭᠠᠵᠤ ᠦᠢᠯᠡᠰ ᠪᠣᠰᠬᠠᠭ᠍ᠴᠢ ᠸᠠᠩ ᠣᠪᠣᠭᠲᠤ ᠰᠡᠳᠬᠢᠯ ᠳᠣᠭᠳᠣᠯᠤᠨ ᠬᠡᠯᠡᠪᠡ᠃
ᠡᠨᠡ ᠵᠢᠯ᠎ᠡᠴᠡ ᠨᠠᠭᠠᠰᠢ ᠂ ᠥᠪᠥᠷ ᠮᠣᠩᠭᠣᠯ᠎ᠤᠨ ᠮᠠᠨᠵᠤᠤᠷ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ 》᠎ᠪᠠᠷ ᠬᠥᠲᠥᠯᠥᠮᠵᠢ ᠪᠣᠯᠭᠠᠵᠤ ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠂ ᠨᠢᠭᠡ ᠯᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠵᠡᠷᠭᠡ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠠᠷᠠᠳ᠎ᠤᠨ ᠠᠮᠢᠳᠤᠷᠠᠯ᠎ᠢ ᠪᠠᠲᠤᠯᠠᠬᠤ ᠂ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠶᠢᠨ ᠬᠦᠴᠦᠲᠡᠢ ᠭᠠᠷᠳᠠᠴᠠ ᠪᠣᠯᠭᠠᠵᠤ ᠂ ᠲᠥᠷᠥ᠎ᠶᠢᠨ ᠪᠣᠳᠣᠯᠭ᠎ᠠ᠎ᠶᠢ ᠤᠬᠠᠭᠤᠯᠬᠤ ᠂ ᠶᠠᠪᠤᠴᠠ᠎ᠶᠢ ᠰᠢᠯᠢᠳᠡᠭᠵᠢᠭᠦᠯᠬᠦ ᠂ ᠦᠢᠯᠡᠴᠢᠯᠡᠭᠡ᠎ᠶᠢ ᠲᠠᠰ ᠳᠡᠪᠰᠢᠭᠦᠯᠬᠦ ᠭᠤᠷᠪᠠᠨ ᠶᠡᠬᠡ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠂ ᠦᠢᠯᠡᠰ ᠪᠣᠰᠬᠠᠭ᠍ᠴᠢᠳ᠎ᠲᠤ ᠪᠥᠬᠥ ᠲᠠᠯ᠎ᠠ᠎ᠶᠢᠨ ᠂ ᠪᠥᠬᠥ ᠬᠡᠯᠬᠢᠶ᠎ᠡ᠎ᠶᠢᠨ ᠦᠢᠯᠡᠰ ᠪᠣᠰᠬᠠᠬᠤ ᠳᠡᠮᠵᠢᠯᠭᠡ ᠬᠠᠩᠭᠠᠵᠤ ᠂ ᠨᠠᠩ ᠣᠯᠠᠨ ᠦᠢᠯᠡᠰ ᠪᠣᠰᠬᠠᠬᠤ 《 ᠬᠥᠭᠵᠢᠯᠲᠡ᠎ᠶᠢᠨ ᠴᠢᠬᠢ 》᠎ᠶᠢ ᠬᠢᠯᠢ᠎ᠶᠢᠨ ᠪᠣᠭᠣᠮᠲᠠ᠎ᠳᠤ ᠦᠨᠳᠦᠰᠦᠯᠡᠭᠦᠯᠦᠨ ᠰᠣᠶᠣᠭᠠᠯᠠᠭᠤᠯᠵᠤ ᠂ ᠴᠡᠴᠡᠭᠯᠡᠨ ᠵᠢᠮᠢᠰᠯᠡᠭᠦᠯᠦᠨ᠎ᠡ᠃

ᠮᠠᠨᠵᠤᠤᠷ ᠬᠣᠲᠠ᠎ᠶᠢᠨ ᠠᠵᠢᠯ ᠣᠯᠭᠣᠬᠤ ᠦᠢᠯᠡᠴᠢᠯᠡᠭᠡᠨ᠎ᠦ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ ᠂ ᠨᠢᠭᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠪᠣᠯ ᠰᠤᠷᠭᠠᠭᠤᠯᠢ᠎ᠠᠴᠠ᠎ᠪᠠᠨ ᠰᠠᠯᠤᠭᠠᠳ ᠪᠦᠬᠦᠯᠢ 2 ᠵᠢᠯ ᠪᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠂ ᠠᠵᠢᠯ ᠣᠯᠬᠤ᠎ᠳᠤ ᠬᠦᠴᠢᠷᠲᠡᠢ ᠬᠥᠮᠥᠰ᠂ ᠨᠤᠲᠤᠭ᠎ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠂ ᠴᠡᠷᠢᠭ᠎ᠡᠴᠡ ᠬᠠᠯᠠᠭᠳᠠᠭᠰᠠᠳ ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠢᠯᠠᠯ ᠡᠭᠦᠳᠦᠨ ᠡᠷᠭᠢᠯᠡᠭᠰᠡᠨ ᠪᠤᠶᠤ ᠬᠤᠪᠢ᠎ᠶᠢᠨ ᠡᠵᠡᠩᠨᠡᠯᠲᠡ ᠡᠷᠭᠢᠯᠡᠵᠦ ᠪᠠᠢᠭ᠎ᠠ ᠪᠥᠭᠡᠳ ᠡᠭᠦᠳᠦᠨ ᠡᠷᠭᠢᠯᠡᠭᠰᠡᠨ ᠠᠵᠤ ᠠᠬᠤᠢᠯᠠᠯ ᠪᠤᠶᠤ ᠬᠤᠪᠢ᠎ᠶᠢᠨ ᠠᠵᠤ ᠦᠢᠯᠡᠳᠪᠦᠷᠢ ᠬᠤᠳᠠᠯᠳᠤᠭ᠎ᠠ᠎ᠶᠢᠨ ᠡᠷᠦᠬᠡ᠎ᠳᠦ ᠠᠵᠤ ᠦᠢᠯᠡᠳᠪᠦᠷᠢ ᠬᠤᠳᠠᠯᠳᠤᠭ᠎ᠠ᠎ᠶᠢᠨ ᠪᠦᠷᠢᠳᠬᠡᠨ ᠳᠠᠩᠰᠠᠯᠠᠭᠤᠯᠤᠭᠰᠠᠨ ᠡᠳᠦᠷ᠎ᠡᠴᠡ ᠡᠬᠢᠯᠡᠨ 1 ᠵᠢᠯ᠎ᠡᠴᠡ ᠳᠡᠭᠡᠭᠰᠢ ᠬᠡᠪ᠎ᠦᠨ ᠡᠵᠡᠩᠨᠡᠯᠲᠡ ᠬᠢᠵᠦ ᠪᠠᠢᠭ᠎ᠠ ᠪᠣᠯ 10000 ᠲᠥᠭᠥᠷᠢᠭ᠎ᠦᠨ ᠨᠢᠭᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠣᠯᠭᠣᠨ᠎ᠠ ᠃ ᠨᠢᠭᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ ᠂ ᠵᠢᠵᠢᠭ ᠪᠢᠴᠢᠯ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠦᠢᠯᠡᠰ ᠪᠣᠰᠬᠠᠬᠤ ᠪᠠᠷᠢᠮᠵᠢᠶ᠎ᠠ ᠪᠠ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ ᠂ ᠠᠩᠬ᠎ᠠ ᠡᠭᠦᠳᠦᠭᠰᠡᠨ ᠠᠵᠤ ᠠᠬᠤᠢᠯᠠᠯ᠎ᠳᠤ 《 ᠪᠡᠯᠡ ᠮᠥᠩᠭᠥ᠎ᠶᠢᠨ ᠠᠮᠢᠳᠤᠯᠢᠭ᠋ ᠤᠰᠤ 》 ᠣᠷᠣᠭᠤᠯᠵᠤ ᠂ ᠦᠢᠯᠡᠰ ᠪᠣᠰᠬᠠᠭ᠍ᠴᠢ᠎ᠶᠢᠨ ᠠᠵᠤ ᠠᠬᠤᠢ᠎ᠶᠢᠨ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠪᠡ᠃

ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ᠎ᠶᠢᠨ ᠪᠦᠷᠬᠦᠴᠡ᠎ᠶᠢ ᠥᠷᠭᠡᠳᠬᠡᠨ᠎ᠡ ᠃ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠳᠤ 《 ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ 》 ᠪᠣᠰᠣᠭ᠎ᠠ ᠴᠣᠭᠴᠠᠲᠤ ᠵᠢᠭ᠍ᠰᠠᠭᠠᠯ᠎ᠢ ᠪᠠᠢᠭᠤᠯᠵᠤ ᠂ ᠰᠦᠯᠵᠢᠶᠡᠨ ᠳᠡᠭᠡᠷ᠎ᠡ ᠸᠢᠴᠠᠲ᠎ᠤᠨ ᠣᠯᠠᠨ ᠨᠡᠶ᠋ᠢᠲᠡ᠎ᠶᠢᠨ ᠳ᠋ᠤᠭᠠᠷ ᠂ ᠲᠢᠺ ᠲᠤᠺ ᠲᠠᠪᠴᠠᠩ᠂ 《 ᠠᠷᠠᠳ᠎ᠤᠨ ᠠᠮᠢᠳᠤᠷᠠᠯ᠎ᠤᠨ ᠰᠣᠷᠪᠤᠯᠵᠢᠯᠠᠭ᠎ᠠ 》 ᠷᠠᠳᠢᠣ᠋ ᠪᠤᠯᠤᠩ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠂ ᠭᠤᠶᠤᠴᠢᠯᠠᠨ ᠮᠡᠳᠡᠭᠦᠯᠬᠦ ᠵᠦᠭᠯᠡᠭᠦᠷ ᠪᠠ ᠬᠠᠯᠠᠭᠤᠨ ᠳᠣᠲᠣᠨᠣ᠌ ᠰᠠᠨᠠᠭᠤᠯᠤᠮᠵᠢ᠎ᠶᠢ ᠴᠠᠭ ᠲᠤᠬᠠᠢ ᠳ᠋ᠤᠨᠢ ᠨᠡᠢᠲᠡᠯᠡᠵᠦ ᠂ 《 ᠡᠩ᠎ᠦᠨ ᠦᠭᠡ 》᠎ᠪᠠᠷ 《 ᠲᠥᠷᠥ᠎ᠶᠢᠨ ᠪᠣᠳᠣᠯᠭ᠎ᠠ᠎ᠶᠢᠨ ᠲᠠᠩᠰᠠ 》᠎ᠶᠢ ᠲᠣᠳᠣᠷᠬᠠᠢ ᠶᠠᠷᠢᠵᠤ ᠂ ᠲᠥᠷᠥ᠎ᠶᠢᠨ ᠪᠣᠳᠣᠯᠭ᠎ᠠ᠎ᠶᠢᠨ ᠮᠡᠳᠡᠭᠡ ᠵᠠᠩᠭᠢ᠎ᠶᠢ ᠲᠦᠷᠭᠡᠨ ᠪᠥᠭᠡᠳ ᠥᠷᠭᠡᠨ᠎ᠢᠶᠡᠷ ᠤᠯᠠᠮᠵᠢᠯᠠᠬᠤ᠎ᠶᠢ ᠪᠡᠶᠡᠯᠡᠭᠦᠯᠵᠦ᠂ ᠲᠥᠷᠥ᠎ᠶᠢᠨ ᠪᠣᠳᠣᠯᠭ᠎ᠠ᠎ᠶᠢ ᠣᠢᠯᠠᠭᠠᠬᠤ ᠨᠣᠷᠮ᠎ᠠ ᠪᠠ ᠭᠤᠶᠤᠴᠢᠯᠠᠨ ᠮᠡᠳᠡᠭᠦᠯᠬᠦ᠎ᠳᠦ ᠲᠥᠬᠥᠮ ᠦᠵᠡᠭᠦᠯᠬᠦ ᠬᠡᠮᠵᠢᠶ᠎ᠡ᠎ᠶᠢ ᠪᠦᠲᠦᠮᠵᠢᠲᠡᠶ ᠳᠡᠭᠡᠭᠰᠢᠯᠡᠭᠦᠯᠦᠨ᠎ᠡ ᠃ ᠰᠦᠯᠵᠢᠶᠡᠨ᠎ᠡᠴᠡ ᠭᠠᠳᠠᠨ᠎ᠠ 《 ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ 》 《 ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠲᠤᠰᠬᠠᠢᠯᠠᠨ ᠤᠷᠢᠬᠤ 》 ᠵᠡᠷᠭᠡ ᠠᠵᠢᠯᠯᠠᠭ᠎ᠠ᠎ᠶᠢ ᠠᠰᠢᠭ᠍ᠯᠠᠨ ᠂ ᠲᠥᠷᠥ᠎ᠶᠢᠨ ᠪᠣᠳᠣᠯᠭ᠎ᠠ᠎ᠶᠢᠨ ᠠᠭᠤᠯᠭ᠎ᠠ ᠂ ᠨᠥᠬᠥᠪᠦᠷᠢ᠎ᠶᠢᠨ ᠪᠠᠷᠢᠮᠵᠢᠶ᠎ᠠ ᠂ ᠭᠤᠶᠤᠴᠢᠯᠠᠨ ᠮᠡᠳᠡᠭᠦᠯᠬᠦ ᠶᠠᠪᠤᠴᠠ ᠪᠠ ᠬᠡᠷᠡᠭᠰᠡᠬᠦ ᠮᠠᠲᠧᠷᠢᠶᠠᠯ᠎ᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠂ ᠨᠤᠲᠤᠭ᠎ᠲᠠᠭᠠᠨ ᠪᠤᠴᠠᠭᠰᠠᠨ ᠬᠥᠯᠥᠰᠦᠨ ᠠᠵᠢᠯᠴᠢᠨ ᠂ ᠴᠡᠷᠢᠭ᠎ᠡᠴᠡ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠨᠠᠷᠢᠯᠢᠭ᠋ ᠣᠨᠣᠴᠠᠲᠠᠢ᠎ᠪᠠᠷ ᠬᠦᠷᠭᠡᠨ ᠥᠭᠴᠦ ᠂ ᠦᠢᠯᠡᠴᠢᠯᠡᠭᠡᠨ᠎ᠦ ᠠᠷᠭ᠎ᠠ ᠮᠠᠶᠢᠭ᠋᠎ᠢ 《 ᠬᠥᠮᠥᠨ ᠨᠢ ᠲᠥᠷᠥ᠎ᠶᠢᠨ ᠪᠣᠳᠣᠯᠭ᠎ᠠ ᠡᠷᠢᠵᠦ 》 ᠪᠠᠢᠭᠰᠠᠨ᠎ᠠᠴᠠ 《 ᠲᠥᠷᠥ᠎ᠶᠢᠨ ᠪᠣᠳᠣᠯᠭ᠎ᠠ᠎ᠪᠠᠷ ᠬᠥᠮᠥᠨ ᠡᠷᠢᠬᠦ 》 ᠪᠣᠯᠭᠠᠨ ᠬᠤᠪᠢᠷᠠᠭᠤᠯᠬᠤ᠎ᠶᠢ ᠪᠡᠶᠡᠯᠡᠭᠦᠯᠦᠨ᠎ᠡ᠃

ᠡᠨᠡ ᠵᠢᠯ᠎ᠡᠴᠡ ᠨᠠᠭᠠᠰᠢ ᠂ ᠡᠯ᠎ᠡ ᠲᠥᠷᠥᠯ᠎ᠦᠨ ᠠᠵᠢᠯᠲᠠᠨ ᠡᠯᠰᠡᠬᠦ ᠠᠵᠢᠯᠯᠠᠭ᠎ᠠ᠎ᠶᠢ 68 ᠲᠠᠯᠠᠪᠤᠷ ᠡᠷᠭᠢᠯᠡᠵᠦ ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠮᠠᠲᠧᠷᠢᠶᠠᠯ᠎ᠢ 5000 ᠭᠠᠷᠤᠢ ᠬᠤᠪᠢ ᠲᠠᠷᠬᠠᠭᠠᠵᠠᠢ ; ᠸᠢᠴᠠᠲ᠎ᠤᠨ ᠨᠡᠶ᠋ᠢᠲᠡ᠎ᠶᠢᠨ ᠳ᠋ᠤᠭᠠᠷ ᠂ ᠲᠢᠺ ᠲᠤᠺ ᠳ᠋ᠤᠭᠠᠷ᠎ᠲᠦ ᠲᠦᠰᠢᠭᠯᠡᠨ ᠲᠥᠷᠥ᠎ᠶᠢᠨ ᠪᠣᠳᠣᠯᠭ᠎ᠠ᠎ᠶᠢᠨ 14 ᠣᠬᠣᠷ ᠸᠢᠳᠢᠤ᠋᠎ᠶᠢ ᠨᠠᠷᠢᠯᠢᠭ᠋ ᠦᠢᠯᠡᠳᠴᠦ ᠂ 5.3 ᠲᠦᠮᠡᠨ ᠬᠥᠮᠥᠨ ᠤᠳᠠᠭ᠎ᠠ ᠨᠡᠪᠲᠡᠷᠡᠭᠦᠯᠪᠡ ; 《 ᠰᠢᠭᠤᠳ ᠨᠠᠪᠲᠠᠷᠡᠭᠦᠯᠵᠦ ᠲᠥᠷᠥ᠎ᠶᠢᠨ ᠪᠣᠳᠣᠯᠭ᠎ᠠ᠎ᠶᠢ ᠳᠠᠢᠴᠢᠯᠠᠬᠤ 》 ᠠᠵᠢᠯᠯᠠᠭ᠎ᠠ᠎ᠶᠢ 35 ᠬᠤᠭᠤᠴᠠᠭ᠎ᠠ ᠥᠷᠨᠢᠭᠦᠯᠵᠦ ᠂ ᠰᠢᠨ᠎ᠡ ᠵᠠᠭᠤᠴᠢᠯᠠᠭᠤᠷ᠎ᠲᠤ ᠲᠦᠰᠢᠭᠯᠡᠨ ᠦᠢᠯᠡᠰ ᠪᠣᠰᠬᠠᠬᠤ ᠨᠥᠬᠥᠪᠦᠷᠢ ᠂ ᠲᠠᠭᠠᠭᠠᠯᠳᠠᠳᠤ ᠵᠢᠭᠡᠯᠡᠯᠭᠡ ᠵᠡᠷᠭᠡ ᠬᠠᠮᠤᠭ᠎ᠤᠨ ᠰᠢᠨ᠎ᠡ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠬᠥᠮᠥᠰ᠎ᠲᠤ ᠨᠢᠭᠡ ᠦᠷᠲᠡᠭᠡᠴᠢᠯᠡᠭᠰᠡᠨ ᠮᠠᠶᠢᠭ᠋᠎ᠤᠨ ᠡᠭᠦᠯᠡᠨ ᠵᠢᠯᠣᠭᠣᠳᠤᠯᠭ᠎ᠠ ᠬᠠᠩᠭᠠᠪᠠ᠃

ᠠᠵᠢᠯ᠎ᠤᠨ ᠶᠠᠪᠤᠴᠠ᠎ᠶᠢ ᠰᠢᠯᠢᠳᠡᠭᠵᠢᠭᠦᠯᠵᠦ ᠂ ᠠᠷᠠᠳ᠎ᠲᠤ ᠲᠥᠬᠥᠮ ᠦᠵᠡᠭᠦᠯᠬᠦ 《 ᠰᠡᠳᠬᠢᠯ᠎ᠢᠶᠡᠨ ᠬᠣᠯᠪᠣᠬᠤ ᠬᠥᠭᠥᠷᠭᠡ 》᠎ᠶᠢ ᠪᠠᠢᠭᠤᠯᠤᠨ᠎ᠠ ᠃ 《 ᠳᠤᠲᠠᠭᠤ ᠭᠦᠶᠦᠬᠦ ᠂ ᠭᠤᠶᠤᠴᠢᠯᠠᠬᠤ᠎ᠳᠤ ᠬᠢᠯᠪᠠᠷ ᠂ ᠲᠦᠷᠭᠡᠨ ᠣᠯᠭᠣᠬᠤ 》 ᠦᠢᠯᠡᠴᠢᠯᠡᠭᠡᠨ᠎ᠦ ᠵᠠᠭᠪᠤᠷ᠎ᠢ ᠬᠦᠴᠦᠯᠡᠨ ᠪᠣᠶ ᠪᠣᠯᠭᠠᠵᠤ ᠂ ᠲᠦᠷᠭᠡᠨ ᠬᠢᠨᠠᠨ ᠬᠠᠷᠭᠤᠭᠤᠯᠬᠤ ᠲᠣᠭᠲᠠᠴᠠ᠎ᠶᠢ ᠪᠠᠢᠭᠤᠯᠤᠨ ᠂ ᠭᠦᠢᠴᠡᠳᠬᠡᠬᠦ ᠶᠠᠪᠤᠴᠠ᠎ᠶᠢ ᠰᠢᠯᠢᠳᠡᠭᠵᠢᠭᠦᠯᠵᠦ ᠂ ᠬᠡᠷᠡᠭ ᠭᠦᠢᠴᠡᠳᠬᠡᠬᠦ ᠲᠠᠰ ᠳᠠᠷᠠᠭᠠᠯᠠᠯ ᠂ ᠭᠤᠶᠤᠴᠢᠯᠠᠨ ᠭᠦᠢᠴᠡᠳᠬᠡᠬᠦ ᠮᠠᠲᠧᠷᠢᠶᠠᠯ᠎ᠢ ᠡᠮᠬᠢᠯᠡᠨ ᠨᠡᠢᠯᠡᠭᠦᠯᠬᠦ᠎ᠶᠢ ᠪᠠᠭᠠᠰᠬᠠᠨ ᠂ ᠨᠥᠬᠥᠪᠦᠷᠢ᠎ᠶᠢ ᠭᠦᠢᠴᠡᠳᠬᠡᠬᠦ᠎ᠳᠦ ᠨᠠᠩ ᠳᠥᠭᠥᠮ ᠳᠥᠲᠡ ᠂ ᠨᠥᠬᠥᠪᠦᠷᠢ᠎ᠶᠢ ᠨᠠᠩ ᠲᠦᠷᠭᠡᠨ ᠨᠠᠩ ᠣᠨᠣᠪᠴᠢᠲᠠᠶ ᠣᠯᠭᠣᠬᠤ᠎ᠶᠢ ᠠᠬᠢᠭᠤᠯᠪᠠ ᠃ ᠡᠭᠦᠨ᠎ᠦ ᠵᠡᠷᠭᠡ᠎ᠳᠦ ᠂ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ᠎ᠢ ᠴᠢᠩᠭ᠎ᠠ ᠦᠨᠳᠦᠰᠦᠯᠡᠨ ᠂ ᠳᠡᠪᠰᠢᠭᠦᠯᠦᠭᠰᠡᠨ ᠭᠤᠶᠤᠴᠢᠯᠠᠯ᠎ᠢ ᠨᠠᠷᠢᠨ ᠬᠢᠨᠠᠮᠠᠭᠠᠢ ᠬᠠᠷᠭᠤᠭᠤᠯᠤᠨ ᠪᠠᠢᠴᠠᠭᠠᠵᠤ ᠂ ᠦᠢᠯᠡᠰ ᠪᠣᠰᠬᠠᠬᠤ ᠪᠣᠳᠠᠲᠤ ᠴᠣᠭᠴᠠ᠎ᠶᠢᠨ ᠦᠨᠡᠨ ᠪᠣᠳᠠᠲᠤ ᠴᠢᠨᠠᠷ ᠂ ᠡᠵᠡᠩᠨᠡᠯᠲᠡ᠎ᠶᠢᠨ ᠪᠠᠢᠳᠠᠯ ᠵᠢᠴᠢ ᠭᠤᠶᠤᠴᠢᠯᠠᠭ᠍ᠴᠢ᠎ᠶᠢᠨ ᠪᠡᠶ᠎ᠡ ᠬᠡᠮ᠎ᠦᠨ ᠨᠥᠬᠥᠴᠡᠯ᠎ᠳᠦ ᠨᠡᠢᠴᠡᠬᠦ ᠴᠢᠨᠠᠷ᠎ᠢ ᠭᠣᠣᠯᠳᠠᠯᠭ᠎ᠠ᠎ᠲᠠᠢ ᠬᠢᠨᠠᠨ ᠬᠠᠷᠭᠤᠭᠤᠯᠵᠤ ᠂ ᠵᠢᠷᠤᠮᠵᠢᠭ᠍ᠰᠠᠨ ᠂ ᠪᠦᠷᠢᠨ ᠪᠦᠲᠦᠨ ᠂ ᠮᠥᠷᠳᠡᠵᠦ ᠪᠣᠯᠬᠤ ᠲᠤᠬᠠᠢᠯᠠᠭᠰᠠᠨ ᠠᠵᠢᠯ᠎ᠤᠨ ᠲᠠᠩᠰᠠ ᠡᠪᠬᠡᠮᠡᠯ᠎ᠢ ᠨᠢᠭᠡᠳ ᠨᠢᠭᠡ᠎ᠪᠡᠷ ᠪᠠᠢᠭᠤᠯᠵᠤ ᠂ ᠠᠷᠠᠳ᠎ᠲᠤ ᠠᠰᠢᠭ᠋ ᠬᠦᠷᠲᠡᠭᠡᠵᠦ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢᠨ 《 ᠪᠤᠷᠤᠭᠤ ᠭᠠᠷᠭᠠᠬᠤ ᠦᠭᠡᠢ ᠣᠷᠬᠢᠭ᠍ᠳᠠᠭᠤᠯᠬᠤ ᠦᠭᠡᠢ ᠂ ᠡᠳ᠋ᠯᠡᠪᠡᠰᠦ ᠵᠣᠬᠢᠬᠤ᠎ᠶᠢ ᠨᠢ ᠴᠥᠮ ᠡᠳ᠋ᠯᠡᠬᠦᠯᠬᠦ 》᠎ᠶᠢ ᠪᠡᠶᠡᠯᠡᠭᠦᠯᠦᠨ᠎ᠡ᠃ ᠡᠨᠡ ᠵᠢᠯ᠎ᠡᠴᠡ ᠨᠠᠭᠠᠰᠢ ᠂ ᠨᠢᠭᠡ ᠯᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠨᠡᠶ᠋ᠢᠲᠡ 142 ᠲᠦᠮᠡᠨ ᠲᠥᠭᠥᠷᠢᠭ ᠲᠠᠷᠬᠠᠭᠠᠭᠰᠠᠨ ᠪᠠᠢᠨ᠎ᠠ᠃

ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠵᠦ᠂ ᠦᠢᠯᠡᠰ ᠪᠣᠰᠬᠠᠭ᠍ᠴᠢ᠎ᠶᠢᠨ 《 ᠰᠡᠳᠬᠢᠯ᠎ᠢ ᠮᠡᠳᠡᠭᠴᠢ 》  ᠪᠣᠯᠣᠨ᠎ᠠ᠃ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠨᠢᠭᠡ ᠯᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠣᠯᠭᠣᠬᠤ᠎ᠪᠠᠷ ᠮᠠᠭᠠᠳᠯᠠᠨ ᠲᠣᠭᠲᠠᠭᠠᠭᠰᠠᠨ ᠦᠢᠯᠡᠰ ᠪᠣᠰᠬᠠᠬᠤ ᠲᠥᠷᠥᠯ ᠵᠦᠢᠯᠡᠰ᠎ᠲᠦ ᠂ ᠨᠥᠬᠥᠪᠦᠷᠢ᠎ᠶᠢ ᠲᠠᠷᠬᠠᠭᠠᠵᠤ ᠳᠠᠭᠤᠰᠬᠠᠪᠠᠯ ᠳᠠᠷᠤᠢ ᠠᠵᠢᠯ᠎ᠢᠶᠠᠨ ᠳᠠᠭᠤᠰᠬᠠᠬᠤ ᠪᠢᠰᠢ ᠂ ᠬᠠᠷᠢᠨ 《 ᠠᠰᠠᠷᠠᠭ᠍ᠴᠢ ᠮᠠᠶᠢᠭ᠋ 》᠎ᠤᠨ 《 ᠦᠢᠯᠡᠴᠢᠯᠡᠭᠴᠢ ᠮᠠᠶᠢᠭ᠋ 》᠎ᠤᠨ ᠮᠥᠷᠳᠡᠨ ᠦᠢᠯᠡᠴᠢᠯᠡᠬᠦ ᠲᠣᠭᠲᠠᠴᠠ᠎ᠶᠢ ᠪᠠᠢᠭᠤᠯᠵᠤ᠂ ᠠᠩᠬ᠎ᠠ ᠡᠭᠦᠳᠦᠯᠲᠡ᠎ᠶᠢᠨ ᠬᠤᠭᠤᠴᠠᠭᠠᠨ᠎ᠤ ᠠᠵᠤ ᠠᠬᠤᠢᠯᠠᠯ᠎ᠢ 《 ᠳᠡᠮᠵᠢᠨ ᠬᠥᠭᠵᠢᠭᠦᠯᠵᠦ 》 ᠂ ᠣᠷᠳᠣ᠌ ᠬᠤᠭᠤᠴᠠᠭᠠᠨ᠎ᠤ ᠠᠵᠤ ᠠᠬᠤᠢᠯᠠᠯ᠎ᠢ 《 ᠵᠠᠮ᠎ᠳᠤ ᠭᠠᠷᠭᠠᠵᠤ 》 ᠂ ᠪᠣᠯᠪᠠᠰᠤᠷᠠᠩᠭᠤᠢ ᠬᠤᠭᠤᠴᠠᠭᠠᠨ᠎ᠤ ᠠᠵᠤ ᠠᠬᠤᠢᠯᠠᠯ᠎ᠢ 《 ᠳᠠᠪᠰᠢᠯᠲᠠ᠎ᠲᠠᠢ ᠪᠣᠯᠭᠠᠨ᠎ᠠ 》 ᠃ ᠨᠥᠬᠥᠪᠦᠷᠢ ᠣᠯᠬᠤ᠎ᠪᠠᠷ ᠭᠤᠶᠤᠴᠢᠯᠠᠭᠰᠠᠳ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠭᠤ ᠰᠤᠷᠪᠤᠯᠵᠢᠯᠠᠵᠤ ᠂ ᠦᠢᠯᠡᠰ ᠪᠣᠰᠬᠠᠭ᠍ᠴᠢ᠎ᠶᠢᠨ ᠪᠣᠳᠠᠲᠠᠢ ᠬᠦᠴᠢᠷᠳᠡᠯ ᠪᠠ ᠬᠥᠭᠵᠢᠯᠲᠡ᠎ᠶᠢᠨ ᠪᠣᠭᠣᠮᠢ᠎ᠶᠢ ᠴᠠᠭ ᠲᠤᠬᠠᠢ ᠳ᠋ᠤᠨᠢ ᠣᠢᠯᠠᠭᠠᠨ ᠂ ᠦᠢᠯᠡᠰ ᠪᠣᠰᠬᠠᠭ᠍ᠴᠢ᠎ᠳᠤ ᠦᠷᠭᠦᠯᠵᠢᠯᠡᠨ ᠳᠡᠮᠵᠢᠯᠭᠡ ᠪᠠ ᠦᠢᠯᠡᠴᠢᠯᠡᠭᠡ ᠬᠠᠩᠭᠠᠨ᠎ᠠ ᠃ ᠡᠭᠦᠨ᠎ᠦ ᠬᠠᠮᠲᠤ ᠠᠵᠤ ᠠᠬᠤᠢᠯᠠᠯ᠎ᠤᠨ ᠨᠡᠢᠭᠡᠮ᠎ᠦᠨ ᠳᠠᠭᠠᠳᠬᠠᠯ᠎ᠤᠨ ᠨᠥᠬᠥᠪᠦᠷᠢ ᠂ ᠠᠵᠢᠯ ᠣᠯᠭᠣᠯᠲᠠ᠎ᠶᠢᠨ ᠳᠠᠳᠤᠯᠭ᠎ᠠ᠎ᠶᠢᠨ ᠨᠥᠬᠥᠪᠦᠷᠢ ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠂ ᠠᠵᠤ ᠠᠬᠤᠢᠯᠠᠯ᠎ᠤᠨ ᠴᠢᠳᠠᠪᠤᠷᠢᠲᠠᠨ᠎ᠤ ᠨᠥᠭᠡᠴᠡ ᠂ SYB ᠦᠢᠯᠡᠰ ᠪᠣᠰᠬᠠᠬᠤ ᠪᠣᠯᠪᠠᠰᠤᠷᠠᠯ ᠵᠡᠷᠭᠡ ᠠᠵᠢᠯ ᠣᠯᠵᠤ ᠦᠢᠯᠡᠰ ᠪᠣᠰᠬᠠᠬᠤ᠎ᠶᠢ ᠲᠡᠳᠬᠦᠨ ᠳᠡᠮᠵᠢᠬᠦ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠰᠢᠩᠭᠡᠬᠡᠨ ᠠᠪᠬᠤ᠎ᠶᠢ ᠶᠡᠬᠡ᠎ᠪᠡᠷ ᠤᠬᠠᠭᠤᠯᠵᠤ ᠂ ᠦᠢᠯᠡᠰ ᠪᠣᠰᠬᠠᠭ᠍ᠴᠢ᠎ᠶᠢᠨ ᠦᠢᠯᠡᠰ ᠪᠣᠰᠬᠠᠬᠤ ᠲᠥᠷᠥᠯ ᠵᠦᠢᠯ᠎ᠢᠶᠡᠨ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠶᠢ ᠵᠣᠷᠢᠭ᠍ᠵᠢᠭᠤᠯᠤᠨ᠎ᠠ᠃

《 ᠬᠣᠢᠰᠢᠳᠠ᠎ᠶᠢᠨ ᠠᠵᠢᠯ᠎ᠤᠨ ᠳᠤᠮᠳᠠ ᠂ ᠪᠢᠳᠡ ᠦᠢᠯᠡᠴᠢᠯᠡᠭᠡᠨ᠎ᠦ ᠲᠣᠭᠲᠠᠴᠠ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠦᠢᠯᠡᠴᠢᠯᠡᠭᠡᠨ᠎ᠦ ᠵᠠᠭᠪᠤᠷ᠎ᠤᠨ ᠰᠢᠨ᠎ᠡ᠎ᠶᠢ ᠡᠭᠦᠳᠴᠦ ᠂ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢᠨ ᠨᠠᠷᠢᠯᠢᠭ᠋᠎ᠤᠨ ᠬᠡᠮᠵᠢᠶ᠎ᠡ ᠂ ᠡᠬᠢ ᠪᠠᠶᠠᠯᠢᠭ᠋᠎ᠤᠨ ᠨᠡᠢᠯᠡᠯᠲᠡ᠎ᠶᠢᠨ ᠭᠦᠨᠴᠡ ᠂ ᠮᠥᠷᠳᠡᠨ ᠦᠢᠯᠡᠴᠢᠯᠡᠬᠦ ᠳᠤᠯᠠᠭᠠᠴᠠ᠎ᠶᠢᠨ ᠬᠡᠮᠵᠢᠶ᠎ᠡ᠎ᠶᠢᠨ ᠲᠠᠯ᠎ᠠ᠎ᠪᠠᠷ ᠬᠦᠴᠦ ᠣᠷᠣᠭᠤᠯᠵᠤ ᠂ ᠨᠠᠩ ᠣᠯᠠᠨ ᠬᠡᠷᠡᠭᠴᠡᠭᠡ ᠪᠦᠬᠦᠢ ᠰᠢᠨ᠎ᠡ᠎ᠶᠢ ᠡᠭᠦᠳᠦᠭᠴᠢᠳ᠎ᠲᠦ ᠲᠥᠷᠥ᠎ᠶᠢᠨ ᠪᠣᠳᠣᠯᠭ᠎ᠠ᠎ᠶᠢ ᠣᠢᠯᠠᠭᠠᠭᠤᠯᠵᠤ ᠂ ᠲᠥᠷᠥ᠎ᠶᠢᠨ ᠪᠣᠳᠣᠯᠭ᠎ᠠ᠎ᠶᠢ ᠰᠠᠢᠲᠤᠷ ᠬᠡᠷᠡᠭᠯᠡᠭᠦᠯᠵᠦ ᠂ ᠲᠡᠳᠡᠨ᠎ᠦ ᠦᠢᠯᠡᠰ ᠪᠣᠰᠬᠠᠬᠤ ᠠᠶᠠᠨ ᠵᠠᠮ᠎ᠳᠠᠭᠠᠨ ᠰᠠᠯᠬᠢ ᠳᠠᠪᠠᠯᠭᠠᠨ᠎ᠢ ᠵᠦᠰᠦᠨ ᠂ ᠯᠠᠪᠳᠠᠭᠤᠨ᠎ᠢᠶᠠᠷ ᠠᠯᠤᠰ᠎ᠢ ᠵᠣᠷᠢᠨ ᠤᠷᠤᠭᠰᠢᠯᠠᠬᠤ ᠳ᠋ᠤᠨᠢ ᠬᠦᠴᠦᠨ ᠨᠡᠮᠡᠷᠢᠯᠡᠨ᠎ᠡ 》 ᠭᠡᠵᠦ ᠮᠠᠨᠵᠤᠤᠷ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠪᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            