ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ᠄ ᠠᠭᠤᠯᠠ ᠳᠠᠪᠠᠵᠤ ᠤᠰᠤ ᠭᠠᠲᠤᠯᠤᠨ ᠡᠷᠳᠡᠮᠲᠡᠨ ᠴᠢᠳᠠᠪᠤᠷᠢᠲᠠᠳ ᠴᠤᠭᠯᠠᠷᠠᠵᠤ ᠠᠵᠤ ᠦᠢᠯᠡᠰ ᠪᠣᠯᠣᠨ ᠴᠢᠳᠠᠪᠤᠷᠢᠲᠠᠨ᠎ᠢ ᠠᠭᠤᠰᠤᠯᠴᠠᠭᠤᠯᠤᠨ ᠪᠤᠭᠤᠲᠤ ᠬᠤᠳᠠ᠎ᠶᠢ ᠬᠥᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-12-10

      ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠋᠂ ᠰᠢᠨ᠎ᠡ᠎ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ᠃ ᠡᠨᠡ ᠵᠢᠯ᠎ᠦᠨ 9 ᠰᠠᠷ᠎ᠠ᠎ᠠᠴᠠ ᠨᠠᠭᠠᠰᠢ᠂ ᠥᠪᠥᠷ ᠮᠣᠩᠭᠣᠯ᠎ᠤᠨ ᠪᠤᠭᠤᠲᠤ ᠬᠣᠲᠠ᠎ᠶᠢᠨ ᠬᠢᠨ 《 ᠲᠡᠦᠬᠡ᠎ᠶᠢᠨ ᠬᠠᠮᠤᠭ᠎ᠤᠨ ᠥᠨᠳᠥᠷ ᠲᠦᠪᠰᠢᠨ᠎ᠳᠦ ᠪᠤᠴᠠᠵᠤ ᠂ ᠪᠤᠭᠤᠲᠤ᠎ᠶᠢᠨ ᠰᠦᠷ ᠵᠢᠪᠬᠤᠭ᠎ᠠ᠎ᠶᠢ ᠳᠠᠬᠢᠨ ᠮᠠᠨᠳᠤᠭᠤᠯᠬᠤ 》 ᠬᠠᠷᠠᠯᠲᠠ ᠲᠣᠭᠲᠠᠭᠠᠵᠤ᠂ 《 ᠴᠢᠳᠠᠪᠤᠷᠢᠲᠠᠨ᠎ᠤ ᠲᠡᠷᠢᠭᠦᠨ ᠵᠡᠷᠭᠡ᠎ᠶᠢᠨ ᠶᠡᠬᠡ ᠶᠠᠪᠤᠳᠠᠯ᠎ᠢ ᠪᠥᠬᠥᠨ᠎ᠢ ᠬᠠᠮᠤᠷᠬᠤ 》 ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ 《 ᠤᠮᠠᠷᠠᠲᠤ᠎ᠶᠢᠨ ᠴᠢᠳᠠᠪᠤᠷᠢᠲᠠᠨ᠎ᠢ ᠲᠠᠲᠠᠬᠤ 》 ᠤᠯᠠᠮᠵᠢᠯᠠᠯᠲᠤ ᠬᠢᠵᠠᠭᠠᠷᠯᠠᠯ᠎ᠢ ᠡᠪᠳᠡᠵᠦ᠂ ᠵᠣᠷᠢᠭ᠍ᠲᠠᠢ᠎ᠪᠠᠷ ᠲᠦᠷᠦᠭᠦᠯᠡᠬᠦ ᠰᠥᠰᠥ ᠵᠣᠷᠢᠭ᠋᠎ᠢᠶᠠᠷ ᠣᠷᠣᠨ ᠪᠦᠰᠡ᠎ᠶᠢᠨ ᠪᠡᠬᠢᠯᠡᠯᠲᠡ᠎ᠶᠢ ᠳᠠᠪᠠᠵᠤ᠂ ᠴᠢᠳᠠᠪᠤᠷᠢᠲᠠᠨ᠎ᠢ ᠲᠠᠲᠠᠬᠤ ᠬᠠᠷᠠᠴᠠ᠎ᠪᠠᠨ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠰᠧᠴᠤᠸᠠᠨ ᠴᠦᠩᠴᠢᠩ᠂ ᠬᠤᠨᠠᠨ ᠬᠤᠪᠧᠢ ᠵᠡᠷᠭᠡ ᠰᠢᠨ᠎ᠡ᠎ᠶᠢ ᠡᠭᠦᠳᠬᠦ ᠴᠢᠳᠠᠪᠤᠷᠢᠲᠠᠨ ᠴᠤᠭᠯᠠᠷᠠᠭᠰᠠᠨ ᠣᠷᠣᠨ ᠬᠦᠷᠲᠡᠯ᠎ᠡ ᠥᠷᠭᠡᠳᠬᠡᠵᠦ᠂ 《 ᠠᠵᠤ ᠦᠢᠯᠡᠰ᠎ᠢᠶᠠᠷ ᠤᠳᠤᠷᠢᠳᠤᠮᠵᠢ ᠪᠣᠯᠭᠠᠬᠤ᠂ ᠲᠣᠭᠲᠠᠴᠠ᠎ᠶᠢᠨ ᠰᠢᠨ᠎ᠡ᠎ᠶᠢ ᠡᠭᠦᠳᠬᠦ᠂ ᠪᠦᠬᠦ ᠬᠡᠯᠬᠢᠶ᠎ᠡ᠎ᠪᠡᠷ ᠦᠢᠯᠡᠴᠢᠯᠡᠬᠦ 》 ᠣᠷᠣᠨ ᠪᠦᠰᠡ ᠠᠯᠤᠰᠯᠠᠨ ᠴᠢᠳᠠᠪᠤᠷᠢᠲᠠᠨ᠎ᠢ ᠲᠠᠲᠠᠬᠤ ᠰᠢᠨ᠎ᠡ ᠪᠠᠢᠷᠢᠰᠢᠯ᠎ᠢ ᠪᠠᠢᠭᠤᠯᠵᠤ᠂ ᠡᠯ᠎ᠡ ᠵᠠᠮ᠎ᠤᠨ ᠴᠢᠳᠠᠪᠤᠷᠢᠲᠠᠨ᠎ᠢ ᠠᠭᠤᠯᠠ ᠤᠰᠤ᠎ᠶᠢ ᠳᠠᠪᠠᠭᠤᠯᠤᠨ ᠪᠤᠭᠤᠲᠤ ᠬᠤᠳᠠ᠎ᠳᠤ ᠴᠤᠭᠯᠠᠷᠠᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ᠎ᠶᠢᠨ ᠰᠢᠰᠲᠧᠮ᠎ᠤᠨ ᠪᠠᠢᠭᠤᠯᠤᠯᠲᠠ᠎ᠳᠤ ᠬᠦᠴᠦᠷᠬᠡᠭ ᠶᠡᠬᠡ ᠤᠶᠤᠨ᠎ᠤ ᠬᠥᠳᠡᠯᠭᠡᠬᠦ ᠬᠦᠴᠦᠨ ᠨᠡᠮᠡᠷᠢᠯᠡᠪᠡ᠃
      ᠣᠷᠣᠨ ᠪᠦᠰᠡ ᠠᠯᠤᠰᠯᠠᠭᠰᠠᠨ ᠥᠷᠭᠡᠳᠬᠡᠯ ᠄ ᠪᠥᠬᠥ ᠤᠯᠤᠰ ᠬᠣᠯᠪᠤᠭᠠᠯᠠᠨ ᠬᠥᠳᠡᠯᠦᠯᠴᠡᠵᠦ ᠴᠢᠳᠠᠪᠤᠷᠢᠲᠠᠨ ᠲᠠᠲᠠᠬᠤ ᠲᠣᠣᠷ᠎ᠢ ᠨᠢᠭ᠍ᠲᠠ ᠰᠦᠯᠵᠢᠨ᠎ᠡ
      ᠭᠠᠵᠠᠷ ᠣᠷᠣᠨ᠎ᠤ ᠬᠦᠯᠢᠶᠡᠰᠦᠯᠡᠯ᠎ᠢ ᠡᠪᠳᠡᠪᠡᠯ ᠰᠠᠶᠢ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠭᠤᠯᠵᠤ ᠴᠢᠳᠠᠨ᠎ᠠ᠃ ᠪᠤᠭᠤᠲᠤ ᠬᠣᠲᠠ ᠤᠯᠠᠮᠵᠢᠯᠠᠯᠲᠤ ᠴᠢᠳᠠᠪᠤᠷᠢᠲᠠᠨ᠎ᠢ ᠲᠠᠲᠠᠬᠤ ᠲᠠᠭᠠᠯᠠᠮᠵᠢᠲᠠᠢ ᠣᠷᠣᠨ᠎ᠠᠴᠠ ᠳᠠᠪᠠᠵᠤ ᠂ ᠨᠠᠨᠵᠢᠩ᠎ᠤᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠂ ᠬᠤᠸᠠᠳᠦ᠋ᠩ᠎ᠦᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠂ ᠰᠧᠴᠤᠸᠠᠨ ᠶᠡᠬᠡ ᠰᠤᠷᠭᠠᠭᠤᠯᠢ᠂ ᠴᠦᠩᠴᠢᠩ ᠶᠡᠬᠡ ᠰᠤᠷᠭᠠᠭᠤᠯᠢ᠂ ᠵᠥᠩᠨᠡᠨ ᠶᠡᠬᠡ ᠰᠤᠷᠭᠠᠭᠤᠯᠢ ᠵᠡᠷᠭᠡ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠰᠧᠴᠤᠸᠠᠨ ᠴᠦᠩᠴᠢᠩ᠂ ᠬᠤᠨᠠᠨ ᠬᠤᠪᠧᠢ ᠣᠷᠣᠨ᠎ᠤ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢ ᠠᠩᠬ᠎ᠠ ᠤᠳᠠᠭ᠎ᠠ ᠭᠣᠣᠯᠳᠠᠯᠭ᠎ᠠ ᠲᠠᠢ ᠤᠷᠢᠨ ᠡᠯᠰᠡᠬᠦ ᠨᠠᠷᠢᠨ ᠳᠠᠩᠰᠠᠨ᠎ᠳᠤ ᠣᠷᠣᠭᠤᠯᠵᠤ᠂ ᠲᠤᠰᠬᠠᠢ ᠲᠦᠷᠦᠯ᠎ᠦᠨ ᠤᠷᠢᠨ ᠡᠯᠰᠡᠬᠦ ᠪᠠᠭ᠎ᠠ ᠠᠩᠭᠢ᠎ᠶᠢ ᠵᠣᠬᠢᠶᠠᠨ ᠪᠠᠢᠭᠤᠯᠵᠤ ᠪᠦᠬᠦ ᠤᠯᠤᠰ᠎ᠤᠨ ᠲᠠᠪᠤᠨ ᠶᠡᠬᠡ ᠣᠷᠣᠨ ᠪᠦᠰᠡ᠎ᠶᠢᠨ 36 ᠶᠡᠬᠡ ᠳᠡᠭᠡᠳᠦ ᠰᠤᠷᠭᠠᠭᠤᠯᠢ᠎ᠳᠤ ᠣᠴᠢᠭᠤᠯᠵᠤ᠂ 《 ᠤᠮᠠᠷᠠᠲᠤ ᠣᠷᠣᠨ᠎ᠢ ᠪᠡᠬᠢᠵᠢᠭᠦᠯᠬᠦ᠂ ᠡᠮᠦᠨᠡᠲᠦ ᠣᠷᠣᠨ᠎ᠳᠤ ᠥᠷᠭᠡᠳᠬᠡᠬᠦ᠂ ᠪᠦᠬᠦ ᠤᠯᠤᠰ᠎ᠢᠶᠠᠷ᠎ᠢᠶᠠᠨ ᠬᠠᠮᠲᠤᠷᠠᠯᠴᠠᠬᠤ 》 ᠪᠣᠰᠣᠭ᠎ᠠ ᠴᠣᠭᠴᠠᠲᠤ ᠴᠢᠳᠠᠪᠤᠷᠢᠲᠠᠨ ᠡᠯᠰᠡᠬᠦ ᠬᠡᠪᠴᠢᠶ᠎ᠡ᠎ᠶᠢ ᠪᠠᠢᠭᠤᠯᠪᠠ᠃
      ᠲᠣᠭᠲᠠᠴᠠ᠎ᠶᠢᠨ ᠰᠢᠨ᠎ᠡ᠎ᠶᠢ ᠡᠭᠦᠳᠬᠦ ᠪᠣᠯ ᠴᠢᠳᠠᠪᠤᠷᠢᠲᠠᠨ᠎ᠢ ᠲᠠᠳᠠᠨ ᠠᠪᠴᠢᠷᠠᠵᠤ ᠦᠷ᠎ᠡ ᠠᠰᠢᠭ᠋᠎ᠢ ᠨᠡᠮᠡᠭᠳᠡᠭᠦᠯᠬᠦ᠎ᠶᠢᠨ ᠵᠠᠩᠭᠢᠯᠠᠭ᠎ᠠ ᠮᠥᠨ᠃ ᠪᠤᠭᠤᠲᠤ ᠬᠤᠳᠠ᠎ᠶᠢᠨ ᠬᠢᠨ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ 《 ᠠᠵᠤ ᠦᠢᠯᠡᠰ ᠪᠣᠯᠣᠨ ᠴᠢᠳᠠᠪᠤᠷᠢᠲᠠᠨ᠎ᠢ ᠠᠭᠤᠰᠤᠯᠴᠠᠭᠤᠯᠬᠤ 》 ᠲᠡᠷᠢᠭᠦᠨ᠎ᠦ ᠲᠤᠷᠰᠢᠯᠭ᠎ᠠ᠎ᠪᠠᠷ ᠲᠣᠯᠢ ᠪᠣᠯᠭᠠᠵᠤ᠂ 《 ᠬᠣᠶᠠᠷ ᠭᠠᠵᠠᠷ᠎ᠤᠨ ᠵᠢᠷᠤᠭ + ᠲᠦᠷᠪᠡᠨ ᠨᠠᠷᠢᠨ ᠳᠠᠩᠰᠠ + ᠭᠤᠷᠪᠠᠨ ᠵᠦᠢᠯ᠎ᠦᠨ ᠵᠠᠭᠪᠤᠷ + ᠵᠢᠷᠭᠤᠭᠠᠨ ᠵᠦᠢᠯ᠎ᠦᠨ ᠠᠵᠢᠯᠯᠠᠭ᠎ᠠ 》 ᠵᠢᠨ ᠠᠵᠢᠯ᠎ᠤᠨ ᠠᠷᠭ᠎ᠠ᠎ᠶᠢ ᠰᠢᠨ᠎ᠡ᠎ᠪᠡᠷ ᠡᠭᠦᠳᠴᠡᠢ᠄ 《 ᠭᠣᠣᠯᠳᠠᠯᠭ᠎ᠠ᠎ᠲᠠᠢ ᠠᠵᠤ ᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠵᠠᠷ᠎ᠤᠨ ᠵᠢᠷᠤᠭ 》 ᠪᠠ 《 ᠪᠤᠭᠤᠲᠤ ᠬᠤᠳᠠ᠎ᠶᠢᠨ ᠠᠵᠤ ᠦᠢᠯᠡᠰ᠎ᠦᠨ ᠴᠢᠳᠠᠪᠤᠷᠢᠲᠠᠨ ᠣᠷᠣᠭᠤᠯᠬᠤ ᠭᠠᠵᠠᠷ᠎ᠤᠨ ᠵᠢᠷᠤᠭ 》᠎ᠢ ᠤᠨᠢᠨ ᠳᠡᠭᠡᠷ᠎ᠡ ᠨᠢ ᠵᠢᠷᠤᠵᠤ᠂ 《 ᠠᠵᠤ ᠦᠢᠯᠡᠰ ︱ ᠲᠤᠰᠬᠠᠢ ᠮᠡᠷᠭᠡᠵᠢᠯ ︱ ᠶᠡᠬᠡ ᠳᠡᠭᠡᠳᠦ ᠰᠤᠷᠭᠠᠭᠤᠯᠢ 》 ᠵᠢᠨ ᠲᠣᠬᠢᠷᠠᠭᠤᠯᠬᠤ ᠠᠷᠭ᠎ᠠ ᠵᠠᠮ᠎ᠢ ᠲᠣᠳᠣᠷᠬᠠᠢ ᠵᠢᠷᠤᠭᠯᠠᠪᠠ; ᠪᠠᠴᠢᠮ ᠳᠤᠲᠠᠭᠳᠠᠵᠤ ᠪᠠᠢᠭ᠎ᠠ ᠴᠢᠳᠠᠪᠤᠷᠢᠲᠠᠨ᠂ ᠵᠠᠯᠠᠭᠤ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠷᠥᠯ ᠵᠦᠢᠯ᠂ ᠥᠪᠥᠷ ᠮᠣᠩᠭᠣᠯ᠎ᠦᠨ ᠴᠢᠳᠠᠪᠤᠷᠢᠲᠠᠨ ᠪᠤᠭᠤᠲᠤ᠎ᠶᠢᠨ ᠴᠢᠳᠠᠪᠤᠷᠢᠲᠠᠨ᠎ᠤ ᠳᠥᠷᠪᠡᠨ ᠨᠠᠷᠢᠨ ᠲᠠᠩᠰᠠ᠎ᠶᠢ ᠰᠢᠰᠲᠧᠮ᠎ᠲᠠᠢ ᠡᠮᠬᠢᠯᠡᠵᠦ᠂ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢᠨ ᠨᠠᠷᠢᠯᠢᠭ᠋ ᠣᠨᠣᠴᠠᠲᠠᠢ ᠬᠥᠷᠥᠭ ᠵᠢᠷᠤᠭ᠎ᠢ ᠪᠡᠶᠡᠯᠡᠭᠦᠯᠪᠡ ; 《 ᠲᠤᠰᠬᠠᠢ ᠲᠠᠯᠠᠪᠤᠷ᠎ᠲᠤ ᠠᠵᠢᠯᠲᠠᠨ ᠡᠯᠰᠡᠬᠦ + ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠵᠣᠯᠭᠠᠭᠤᠯᠬᠤ + ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠭᠠᠤᠯᠬᠤ 》 ᠭᠤᠷᠪᠠᠨ ᠬᠡᠮᠵᠢᠯᠲᠦ ᠵᠠᠭᠪᠤᠷ᠎ᠢᠶᠠᠷ ᠳᠠᠮᠵᠢᠭᠤᠯᠤᠨ᠂ 《 ᠴᠢᠳᠠᠪᠤᠷᠢᠲᠠᠨ ᠲᠠᠲᠠᠬᠤ ︱ ᠵᠣᠯᠭᠠᠭᠤᠯᠬᠤ ︱ ᠦᠢᠯᠡᠴᠢᠯᠡᠬᠦ 》 ᠪᠥᠬᠥ ᠬᠡᠯᠬᠢᠶ᠎ᠡ᠎ᠶᠢ ᠨᠡᠪᠲᠡᠷᠡᠭᠦᠯᠵᠡᠢ᠃ AI ᠴᠢᠳᠠᠪᠤᠷᠢᠲᠠᠨ ᠴᠤᠭᠯᠠᠭᠤᠯᠬᠤ 《 ᠺᠣᠳ᠋᠎ᠢᠶᠠᠷ ᠴᠢᠳᠠᠪᠤᠷᠢᠲᠠᠨ ᠴᠤᠭᠯᠠᠭᠤᠯᠬᠤ 》 ᠲᠠᠪᠴᠠᠩ᠎ᠳᠤ ᠲᠦᠰᠢᠭᠯᠡᠨ᠂ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠬᠦᠷᠭᠡᠬᠦ᠂ ᠲᠣᠪᠴᠢ ᠨᠠᠮᠲᠠᠷ᠎ᠢ ᠣᠶᠤᠨᠴᠢ᠎ᠪᠠᠷ ᠰᠢᠯᠢᠨ ᠰᠣᠩᠭᠣᠬᠤ᠂ ᠲᠥᠷᠥ᠎ᠶᠢᠨ ᠪᠣᠳᠣᠯᠭ᠎ᠠ᠎ᠶᠢ ᠠᠶᠠᠨᠳᠠᠭᠠᠨ ᠵᠣᠬᠢᠴᠠᠭᠤᠯᠬᠤ᠎ᠶᠢ ᠪᠡᠶᠡᠯᠡᠭᠦᠯᠵᠦ᠂ 《 ᠲᠥᠷᠥ᠎ᠶᠢᠨ ᠪᠣᠳᠣᠯᠭ᠎ᠠ᠎ᠪᠠᠷ ᠬᠥᠮᠥᠨ ᠡᠷᠢᠬᠦ 》 《 ᠠᠵᠢᠯ᠎ᠤᠨ ᠪᠠᠢᠷᠢ᠎ᠪᠠᠷ ᠬᠥᠮᠥᠨ ᠡᠷᠢᠬᠦ》᠎ᠶᠢ ᠪᠣᠳᠠᠲᠠᠢ ᠨᠠᠢᠳᠠᠪᠤᠷᠢᠵᠢᠭᠤᠯᠤᠨ᠂ ᠴᠢᠳᠠᠪᠤᠷᠢᠲᠠᠨ ᠣᠷᠣᠭᠤᠯᠬᠤ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ᠃
      ᠠᠵᠤ ᠦᠢᠯᠡᠰ ᠪᠠ ᠰᠤᠷᠭᠠᠨ ᠬᠥᠮᠦᠵᠢᠯ᠎ᠢ ᠤᠨᠢᠨ ᠳᠡᠭᠡᠷ᠎ᠡ ᠨᠢ ᠵᠣᠯᠭᠠᠭᠤᠯᠵᠤ ᠬᠠᠮᠲᠤᠷᠠᠯᠴᠠᠭᠠᠨ᠎ᠤ ᠰᠠᠭᠤᠷᠢ᠎ᠶᠢ ᠪᠠᠲᠤᠳᠬᠠᠨ᠎ᠠ᠃ ᠲᠣᠨᠣᠭᠯᠠᠯ ᠦᠢᠯᠡᠳᠬᠦ ᠂ ᠬᠣᠪᠣᠷ ᠰᠢᠷᠣᠢ ᠵᠡᠷᠭᠡ ᠭᠣᠣᠯᠳᠠᠯᠭ᠎ᠠ ᠎ᠲᠠᠢ ᠠᠵᠤ ᠦᠢᠯᠡᠰ᠎ᠦᠨ ᠬᠡᠷᠡᠭᠴᠡᠭᠡ᠎ᠶᠢᠨ ᠲᠣᠭᠣᠷᠢᠨ᠎ᠳᠤ᠂ ᠪᠤᠭᠤᠲᠤ ᠬᠤᠳᠠ᠎ᠶᠢᠨ ᠬᠢᠨ ᠨᠠᠨᠵᠢᠩ᠎ᠤᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠂ ᠵᠥᠩᠨᠡᠨ ᠶᠡᠬᠡ ᠰᠤᠷᠭᠠᠭᠤᠯᠢ᠂ ᠰᠧᠴᠤᠸᠠᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶᠢᠨ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ᠎ᠲᠠᠢ ᠤᠷᠢᠳᠴᠢᠯᠠᠨ ᠵᠣᠯᠭᠠᠭᠤᠯᠵᠤ᠂ ᠲᠡᠭᠦᠰᠬᠦ ᠰᠤᠷᠤᠭ᠍ᠴᠢᠳ᠎ᠤᠨ ᠬᠡᠪᠴᠢᠶ᠎ᠡ᠂ ᠲᠤᠰᠬᠠᠢ ᠮᠡᠷᠭᠡᠵᠢᠯ᠎ᠦᠨ ᠪᠦᠲᠦᠴᠡ ᠵᠢᠴᠢ ᠠᠵᠢᠯ ᠣᠯᠭᠣᠯᠲᠠ᠎ᠶᠢᠨ ᠰᠠᠨᠠᠮᠵᠢ᠎ᠶᠢ ᠭᠦᠨᠵᠡᠭᠡᠢ ᠣᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠦᠷᠦᠯ ᠵᠦᠢᠯ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ ᠪᠣᠯᠣᠨ ᠵᠠᠯᠠᠭᠤ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ᠎ᠶᠢ ᠬᠠᠨᠳᠤᠯᠭ᠎ᠠ᠎ᠲᠠᠢ᠎ᠪᠠᠷ ᠬᠦᠷᠭᠡᠵᠦ᠂ 《 ᠴᠢᠳᠠᠪᠤᠷᠢᠲᠠᠨ ᠡᠯᠰᠡᠬᠦ 》 ᠪᠣᠯᠣᠨ 《 ᠤᠶᠤᠨ ᠮᠡᠳᠡᠯᠭᠡ᠎ᠶᠢ ᠣᠷᠣᠭᠤᠯᠬᠤ 》 ᠶ᠋ᠢ ᠬᠠᠮᠲᠤ᠎ᠪᠠᠷ ᠠᠬᠢᠭᠤᠯᠵᠤ᠂ ᠴᠢᠳᠠᠪᠤᠷᠢᠲᠠᠨ᠎ᠤ ᠬᠠᠩᠭᠠᠯᠭ᠎ᠠ ᠪᠣᠯᠣᠨ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢ ᠨᠠᠷᠢᠯᠢᠭ᠋ ᠤᠨᠤᠪᠴᠢᠳᠠᠢ ᠵᠣᠬᠢᠴᠠᠭᠤᠯᠬᠤ᠎ᠶᠢ ᠪᠡᠶᠡᠯᠡᠭᠦᠯᠵᠡᠢ᠃
      ᠠᠵᠤ ᠦᠢᠯᠡᠰ ᠪᠣᠯᠣᠨ ᠴᠢᠳᠠᠪᠤᠷᠢᠲᠠᠨ᠎ᠤ ᠠᠭᠤᠰᠤᠯᠴᠠᠯ᠄ ᠣᠷᠣᠨ ᠪᠦᠰᠡ ᠠᠯᠤᠰᠯᠠᠨ ᠣᠶᠤᠨ ᠤᠬᠠᠭᠠᠨ ᠣᠷᠣᠭᠤᠯᠤᠨ ᠦᠷ᠎ᠡ ᠪᠦᠲᠦᠭᠡᠯ ᠭᠠᠷᠭᠠᠨ᠎ᠠ
      ᠲᠣᠰ ᠤᠳᠠᠭᠠᠨ᠎ᠤ ᠨᠠᠮᠤᠷ᠎ᠤᠨ ᠤᠷᠢᠨ ᠡᠯᠰᠡᠯᠳᠡ᠎ᠳᠤ ᠴᠢᠳᠠᠪᠤᠷᠢᠲᠠᠨ᠎ᠤ ᠬᠡᠪᠴᠢᠶ᠎ᠡ᠎ᠶᠢ ᠢᠯᠡᠳᠲᠡ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ ᠂ ᠨᠠᠩ ᠴᠤ᠌ ᠶᠠᠰᠤ ᠴᠢᠨᠠᠷ ᠪᠠ ᠦᠷ᠎ᠡ ᠠᠰᠢᠭ᠋᠎ᠢ ᠳᠠᠪᠬᠤᠷ ᠳᠡᠭᠡᠭᠰᠢᠯᠡᠭᠦᠯᠬᠦ᠎ᠶᠢ ᠪᠡᠶᠡᠯᠡᠭᠦᠯᠦᠭᠰᠡᠨ ᠪᠠᠢᠨ᠎ᠠ ᠃ ᠲᠣᠰ ᠠᠵᠢᠯᠯᠠᠭ᠎ᠠ᠎ᠳᠤ ᠨᠡᠶ᠋ᠢᠲᠡ ᠲᠦᠮᠡ ᠭᠠᠷᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠲᠡᠳᠡᠨ ᠣᠷᠣᠯᠴᠠᠭᠤᠯᠵᠤ᠂ 10311 ᠬᠤᠪᠢ ᠲᠣᠪᠴᠢ ᠨᠠᠮᠲᠠᠷ ᠬᠣᠷᠢᠶᠠᠨ ᠣᠯᠪᠠ᠂ ᠡᠭᠦᠨ᠎ᠳᠦ ᠳ᠋ᠣᠺᠲ᠋ᠣᠷ᠎ᠤᠨ 332᠂ ᠮᠠᠰᠲᠧᠷ᠎ᠤᠨ 5073 ᠪᠠᠢᠵᠤ᠂ ᠠᠰᠫᠢᠷᠠᠨᠲ ᠪᠠ ᠳ᠋ᠣᠺᠲ᠋ᠣᠷᠠᠨᠲ᠎ᠤᠨ ᠴᠢᠳᠠᠪᠤᠷᠢᠲᠠᠨ᠎ᠤ ᠡᠵᠡᠯᠡᠬᠦ ᠬᠠᠷᠢᠴᠠᠯ ᠨᠢ 52.4% ᠬᠦᠷᠴᠦ᠂ ᠠᠵᠤ ᠦᠢᠯᠡᠰ᠎ᠦᠨ ᠲᠠᠰ ᠳᠡᠪᠰᠢᠬᠦ᠎ᠳᠦ ᠪᠠᠲᠤ ᠪᠡᠬᠢ ᠳᠡᠭᠡᠳᠦ ᠲᠠᠰ᠎ᠤᠨ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠰᠢᠨ᠎ᠡ᠎ᠪᠡᠷ ᠥᠷᠭᠡᠳᠬᠡᠭᠰᠡᠨ ᠣᠷᠣᠨ ᠪᠦᠰᠡ᠎ᠶᠢᠨ ᠴᠢᠳᠠᠪᠤᠷᠢᠲᠠᠨ ᠲᠠᠲᠠᠬᠤ ᠦᠷ᠎ᠡ ᠪᠦᠲᠦᠮᠵᠢ ᠨᠢ ᠨᠡᠩ ᠢᠯᠡ ᠲᠣᠳᠣ᠌ ᠪᠠᠢᠵᠤ᠂ ᠬᠥᠬᠡᠮᠥ᠋ᠷᠡᠨ᠎ᠦ ᠰᠠᠪᠠ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠶᠢᠨ 536 ᠬᠤᠪᠢ ᠲᠣᠪᠴᠢ ᠨᠠᠮᠲᠠᠷ᠎ᠢ ᠲᠣᠰᠣᠨ ᠣᠯᠵᠤ᠂ ᠡᠭᠦᠨ᠎ᠳᠦ ᠳ᠋ᠣᠺᠲ᠋ᠣᠷ᠎ᠤᠨ 59 ᠪᠠᠢᠵᠤ᠂ ᠮᠠᠰᠲᠧᠷ᠎ᠡᠴᠡ ᠳᠡᠭᠡᠭᠰᠢᠬᠢ ᠡᠵᠡᠯᠡᠬᠦ ᠬᠠᠷᠢᠴᠠᠯ ᠨᠢ 76% ᠳ᠋ᠤ᠌ ᠬᠦᠷᠴᠡᠢ᠂ ᠡᠳᠡᠭᠡᠷ ᠴᠢᠳᠠᠪᠤᠷᠢᠲᠠᠨ ᠬᠣᠪᠣᠷ ᠰᠢᠷᠣᠢ᠂ ᠲᠣᠨᠣᠭᠯᠠᠯ ᠦᠢᠯᠡᠳᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠲᠥᠪᠯᠡᠷᠡᠵᠦ᠂ 《 ᠬᠣᠶᠠᠷ ᠬᠣᠪᠣᠷ ᠰᠢᠷᠣᠢ᠎ᠶᠢᠨ ᠰᠠᠭᠤᠷᠢᠨ 》᠎ᠤ ᠪᠦᠲᠦᠭᠡᠨ ᠪᠠᠢᠭᠤᠯᠤᠯᠲᠠ᠎ᠳᠤ ᠨᠠᠷᠢᠯᠢᠭ᠋ ᠤᠨᠤᠪᠴᠢᠳᠠᠢ ᠤᠶᠤᠨ᠎ᠤ ᠬᠥᠳᠡᠯᠭᠡᠬᠦ ᠬᠦᠴᠦᠨ ᠨᠡᠮᠡᠷᠢᠯᠡᠵᠡᠢ᠃
      ᠣᠷᠣᠨ ᠪᠦᠰᠡ᠎ᠶᠢᠨ ᠬᠠᠮᠵᠢᠯᠴᠠᠭ᠎ᠠ ᠨᠢ ᠠᠵᠤ ᠦᠢᠯᠡᠰ᠎ᠦᠨ ᠲᠣᠬᠢᠷᠠᠭᠤᠯᠭ᠎ᠠ᠎ᠶᠢ ᠨᠡᠩ ᠣᠨᠣᠪᠴᠢᠲᠠᠢ ᠪᠣᠯᠭᠠᠨ᠎ᠠ᠃ ᠣᠷᠣᠨ ᠪᠦᠰᠡ ᠠᠯᠤᠰᠯᠠᠨ ᠡᠯᠰᠡᠬᠦ᠎ᠪᠡᠷ ᠳᠠᠮᠵᠢᠭᠤᠯᠤᠨ᠂ ᠪᠤᠭᠤᠲᠤ ᠬᠣᠲᠠ᠎ᠶᠢᠨ ᠬᠢᠨ ᠤᠯᠠᠮᠵᠢᠯᠠᠯᠲᠤ ᠠᠵᠤ ᠦᠢᠯᠡᠰ᠎ᠦᠨ 《 ᠴᠢᠳᠠᠪᠤᠷᠢᠲᠠᠨ᠎ᠤ ᠪᠦᠲᠦᠴᠡ ᠲᠠᠩ ᠴᠤᠯᠭᠤᠢ 》 ᠪᠠᠢᠬᠤ ᠬᠥᠭᠵᠢᠯᠲᠡ᠎ᠶᠢᠨ ᠪᠡᠷᠬᠡ ᠰᠡᠳᠦᠪ᠎ᠢ ᠪᠦᠲᠦᠮᠵᠢᠲᠡᠶ ᠰᠢᠢᠳᠪᠦᠷᠢᠯᠡᠪᠡ᠃ ᠳᠤᠮᠳᠠᠳᠤ ᠤᠯᠤᠰ᠎ᠤᠨ ᠤᠮᠠᠷᠠᠲᠤ᠎ᠶᠢᠨ ᠬᠣᠪᠣᠷ ᠰᠢᠷᠣᠢ ᠨᠢ ᠰᠧᠴᠤᠸᠠᠨ ᠴᠦᠩᠴᠢᠩ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠡᠯᠰᠡᠯᠲᠡ᠎ᠪᠡᠷ ᠳᠠᠮᠵᠢᠭᠤᠯᠵᠤ᠂ 8 ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠎ᠤ ᠡᠵᠡᠮᠰᠢᠯ᠎ᠦᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠠᠮᠵᠢᠯᠲᠠ᠎ᠲᠠᠢ ᠵᠣᠯᠭᠠᠭᠤᠯᠵᠤ᠂ ᠮᠡᠷᠭᠡᠵᠢᠯ᠎ᠦᠨ ᠰᠤᠳᠤᠯᠭᠠᠨ᠎ᠤ ᠳᠤᠲᠠᠭᠤᠳᠠᠯ᠎ᠢ ᠨᠥᠬᠥᠪᠦᠷᠢᠯᠡᠪᠡ; ᠳᠤᠮᠳᠠᠳᠤ ᠤᠯᠤᠰ᠎ᠤᠨ ᠴᠥᠮ᠎ᠡ᠎ᠶᠢᠨ ᠵᠡᠪᠰᠡᠭ᠎ᠦᠨ ᠤᠮᠠᠷᠠᠲᠤ᠎ᠶᠢᠨ ᠴᠥᠮ᠎ᠡ᠎ᠶᠢᠨ ᠲᠦᠯᠡᠰᠢ᠎ᠶᠢᠨ ᠲᠤᠨᠤᠭ ᠲᠥᠬᠦᠭᠡᠷᠦᠮᠵᠢ᠎ᠶᠢᠨ ᠬᠢᠵᠠᠭᠠᠷᠲᠤ ᠺᠣᠮᠫᠠᠨᠢ ᠨᠠᠨᠵᠢᠩ᠎ᠤᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ 5 ᠨᠡᠷᠡᠰ ᠮᠠᠲᠧᠷᠢᠶᠠᠯ ᠰᠤᠳᠤᠯᠤᠨ ᠨᠡᠭᠡᠭᠡᠬᠦ ᠴᠢᠳᠠᠪᠤᠷᠢᠲᠠᠨ᠎ᠲᠠᠢ ᠠᠵᠢᠯ ᠣᠯᠬᠤ ᠰᠠᠨᠠᠮᠵᠢ ᠲᠣᠬᠢᠷᠠᠯᠴᠠᠵᠤ᠂ ᠴᠥᠮ᠎ᠡ᠎ᠶᠢᠨ ᠲᠦᠯᠡᠰᠢ᠎ᠶᠢᠨ ᠲᠤᠨᠤᠭ ᠲᠥᠬᠦᠭᠡᠷᠦᠮᠵᠢ᠎ᠶᠢᠨ ᠮᠡᠷᠭᠡᠵᠢᠯ᠎ᠤᠨ ᠦᠶ᠎ᠡ ᠤᠯᠠᠷᠢᠨ ᠲᠡᠰ ᠳᠡᠪᠰᠢᠬᠦ᠎ᠳᠦ ᠬᠦᠴᠦᠨ ᠨᠡᠮᠡᠷᠢᠯᠡᠪᠡ ᠃ ᠡᠢᠮᠦᠷᠬᠦᠦ 《 ᠠᠵᠤ ᠦᠢᠯᠡᠰ᠎ᠦᠨ ᠬᠡᠷᠡᠭᠴᠡᠭᠡ ︱ ᠣᠷᠣᠨ ᠪᠦᠰᠡ᠎ᠶᠢᠨ ᠴᠢᠳᠠᠪᠤᠷᠢᠲᠠᠨ ᠰᠣᠩᠭᠣᠬᠤ ︱ ᠨᠠᠷᠢᠯᠢᠭ᠋ ᠣᠨᠣᠴᠠᠲᠠᠢ᠎ᠪᠠᠷ ᠵᠣᠬᠢᠴᠠᠭᠤᠯᠬᠤ 》 ᠵᠠᠭᠪᠤᠷ ᠨᠢ ᠴᠢᠳᠠᠪᠤᠷᠢᠲᠠᠨ᠎ᠤ ᠬᠠᠩᠭᠠᠯᠭ᠎ᠠ ᠬᠢᠭᠡᠳ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢᠨ ᠵᠣᠬᠢᠴᠠᠯᠳᠤᠬᠤ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠵᠦ ᠂ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠴᠢᠳᠠᠪᠤᠷᠢᠲᠠᠨ ᠲᠠᠲᠠᠬᠤ ᠨᠠᠷᠠᠲᠤ ᠲᠥᠷᠥᠯ ᠲᠡᠮᠳᠡᠭ᠎ᠦᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠪᠡ᠃ 《 ᠴᠢᠳᠠᠪᠤᠷᠢᠲᠠᠨ᠎ᠤ ᠲᠡᠷᠢᠭᠦᠨ ᠵᠡᠷᠭᠡ᠎ᠶᠢᠨ ᠶᠡᠬᠡ ᠶᠠᠪᠤᠳᠠᠯ᠎ᠢ ᠪᠥᠬᠥᠨ᠎ᠢ ᠬᠠᠮᠤᠷᠬᠤ 》 ᠨᠠᠷᠠᠲᠤ ᠲᠥᠷᠥᠯ ᠲᠡᠮᠳᠡᠭ᠎ᠦᠨ ᠬᠥᠬᠡᠮᠥ᠋ᠷᠡᠨ᠎ᠦ ᠭᠤᠷᠪᠠᠯᠵᠢᠨ ᠬᠣᠢᠭ᠋ ᠂ ᠰᠧᠴᠤᠸᠠᠨ ᠴᠦᠩᠴᠢᠩ ᠵᠡᠷᠭᠡ ᠰᠢᠨ᠎ᠡ ᠣᠷᠣᠨ ᠪᠦᠰᠡ᠎ᠳᠡᠬᠢ ᠠᠯᠳᠠᠷᠰᠢᠯ ᠪᠠ ᠮᠡᠳᠡᠷᠡᠮᠵᠢ᠎ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠨᠠᠨᠵᠢᠩ᠎ᠤᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠂ ᠳᠤᠮᠳᠠᠳᠤ ᠡᠮᠦᠨᠡᠲᠦ᠎ᠶᠢᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠨᠤᠭᠤᠳ ᠬᠠᠮᠲᠤᠷᠠᠯᠴᠠᠭᠠᠨ᠎ᠤ ᠲᠣᠭᠲᠠᠴᠠ᠎ᠶᠢᠨ ᠲᠠᠪᠴᠠᠩ᠎ᠢ ᠪᠠᠢᠭᠤᠯᠪᠠ᠃ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ ᠨᠢ ᠲᠦᠮᠡ ᠭᠠᠷᠤᠢ ᠬᠥᠮᠥᠨ ᠤᠳᠠᠭ᠎ᠠ᠎ᠶᠢᠨ ᠠᠩᠬᠠᠷᠤᠯ᠎ᠢ ᠲᠠᠲᠠᠵᠤ᠂ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ 》 ᠬᠣᠯᠪᠤᠭᠠᠯᠠᠨ ᠬᠥᠳᠡᠯᠦᠯᠴᠡᠭᠰᠡᠨ ᠴᠢᠳᠠᠪᠤᠷᠢᠲᠠᠨ ᠲᠠᠲᠠᠬᠤ ᠵᠠᠭᠪᠤᠷ ᠨᠢ ᠨᠡᠩ ᠤᠯᠠᠨ ᠵᠠᠯᠠᠭᠤ ᠴᠢᠳᠠᠪᠤᠷᠢᠲᠠᠨ᠎ᠤ ᠪᠤᠭᠤᠲᠤ᠎ᠶᠢ ᠣᠢᠯᠠᠭᠠᠬᠤ᠂ ᠪᠤᠭᠤᠲᠤ᠎ᠶᠢ ᠬᠦᠰᠡᠨ ᠮᠥᠷᠥᠭᠡᠳᠬᠦ᠂ ᠪᠤᠭᠤᠲᠤ᠎ᠶᠢ ᠰᠣᠩᠭᠣᠬᠤ᠎ᠳᠤ ᠬᠦᠷᠭᠡᠵᠦ᠂ ᠣᠷᠣᠨ ᠪᠦᠰᠡ᠎ᠶᠢᠨ ᠴᠢᠳᠠᠪᠤᠷᠢᠲᠠᠨ᠎ᠤ ᠵᠣᠬᠢᠴᠠᠩᠭᠤᠢ᠎ᠪᠠᠷ ᠬᠥᠭᠵᠢᠬᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ᠃
      ᠤᠷᠳᠤ ᠬᠤᠭᠤᠴᠠᠭᠠᠨ᠎ᠤ ᠪᠦᠲᠦᠮᠵᠢᠲᠦ ᠬᠦᠴᠦᠨ ᠣᠯᠭᠣᠯᠲᠠ᠄ ᠴᠢᠳᠠᠪᠤᠷᠢᠲᠠᠨ᠎ᠢ ᠴᠤᠭᠯᠠᠭᠤᠯᠤᠨ ᠬᠤᠳᠠ᠎ᠶᠢ ᠬᠥᠭᠵᠢᠭᠦᠯᠬᠦ ᠰᠠᠭᠤᠷᠢ᠎ᠶᠢ ᠪᠠᠲᠤᠳᠬᠠᠨ᠎ᠠ
      ᠴᠢᠳᠠᠪᠤᠷᠢᠲᠠᠨ᠎ᠢ ᠲᠠᠲᠠᠬᠤ ᠪᠣᠯ ᠰᠠᠭᠤᠷᠢ᠂ ᠴᠢᠳᠠᠪᠤᠷᠢᠲᠠᠨ᠎ᠢ ᠦᠯᠡᠳᠡᠭᠡᠬᠦ ᠪᠣᠯ ᠵᠠᠩᠭᠢᠯᠠᠭ᠎ᠠ᠂ ᠴᠢᠳᠠᠪᠤᠷᠢᠲᠠᠨ᠎ᠢ ᠬᠡᠷᠡᠭᠯᠡᠬᠦ ᠪᠣᠯ ᠭᠣᠣᠯᠳᠠᠯᠭ᠎ᠠ ᠪᠣᠯᠣᠨ᠎ᠠ᠃ ᠴᠢᠳᠠᠪᠤᠷᠢᠲᠠᠨ᠎ᠢ ᠴᠤᠭᠯᠠᠷᠠᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠶ᠋ᠢᠭᠤᠯᠬᠤ᠎ᠶᠢᠨ ᠲᠥᠯᠥᠭᠡ᠂ ᠪᠤᠭᠤᠲᠤ ᠬᠤᠳᠠ᠎ᠶᠢᠨ ᠬᠢᠨ ᠭᠦᠨ ᠳᠠᠪᠬᠤᠷᠭ᠎ᠠ᠎ᠶᠢᠨ ᠠᠰᠠᠭᠤᠳᠠᠯ᠎ᠢ ᠬᠠᠨᠳᠤᠯᠭ᠎ᠠ᠎ᠲᠠᠢ᠎ᠪᠠᠷ ᠰᠢᠢᠳᠪᠦᠷᠢᠯᠡᠵᠦ᠂ ᠴᠢᠳᠠᠪᠤᠷᠢᠲᠠᠨ᠎ᠢ ᠴᠤᠭᠯᠠᠷᠠᠭᠤᠯᠬᠤ ᠰᠠᠭᠤᠷᠢ᠎ᠶᠢ ᠦᠷᠭᠦᠯᠵᠢᠯᠡᠨ ᠪᠠᠲᠤᠳᠬᠠᠪᠠ᠃
      ᠣᠷᠣᠨ ᠪᠦᠰᠡ ᠠᠯᠤᠰᠯᠠᠨ ᠬᠠᠮᠵᠢᠯᠴᠠᠨ ᠴᠢᠳᠠᠪᠤᠷᠢᠲᠠᠨ ᠣᠷᠣᠭᠤᠯᠬᠤ ᠲᠣᠭᠲᠠᠴᠠ᠎ᠶᠢ ᠪᠦᠷᠢᠨᠰᠢᠭᠦᠯᠦᠨ᠎ᠡ᠃ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠰᠧᠴᠤᠸᠠᠨ ᠴᠦᠩᠴᠢᠩ᠂ ᠬᠤᠨᠠᠨ ᠬᠤᠪᠧᠢ ᠣᠷᠣᠨ᠎ᠤ ᠶᠡᠬᠡ ᠳᠡᠭᠡᠳᠦ ᠰᠤᠷᠭᠠᠭᠤᠯᠢ ᠯᠤᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ 《 ᠰᠤᠷᠭᠠᠭᠤᠯᠢ ᠪᠠ ᠣᠷᠣᠨ ᠨᠤᠲᠤᠭ᠎ᠤᠨ ᠴᠢᠳᠠᠪᠤᠷᠢᠲᠠᠨ᠎ᠤ ᠠᠵᠢᠯ᠎ᠤᠨ ᠦᠷᠳᠡᠭᠡ 》᠎ᠶᠢ ᠪᠠᠢᠭᠤᠯᠵᠤ᠂ 《 ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ᠎ᠢ ᠠᠵᠤ ᠠᠬᠤᠢᠯᠠᠯ ᠬᠡᠷᠡᠭᠯᠡᠬᠦ 》᠂ 《 ᠠᠵᠢᠯ ᠦᠢᠯᠡᠰ᠎ᠦᠨ ᠣᠷᠣᠨ ᠲᠣᠭ᠎ᠠ᠎ᠶᠢ ᠠᠵᠤ ᠠᠬᠤᠢᠯᠠᠯ ᠬᠡᠷᠡᠭᠯᠡᠬᠦ 》 ᠵᠡᠷᠭᠡ ᠴᠢᠳᠠᠪᠤᠷᠢᠲᠠᠨ᠎ᠢ ᠤᠶᠠᠨ ᠬᠠᠳᠠᠨ ᠴᠢᠨᠠᠷᠲᠠᠢ᠎ᠪᠠᠷ ᠲᠠᠳᠠᠨ ᠣᠷᠣᠭᠤᠯᠬᠤ ᠲᠦᠷᠦ᠎ᠶᠢᠨ ᠪᠣᠳᠣᠯᠭ᠎ᠠ᠎ᠶᠢ ᠳᠡᠯᠭᠡᠷᠡᠭᠦᠯᠵᠦ᠂ 《 ᠰᠤᠷᠤᠭ᠍ᠴᠢ ᠡᠯᠰᠡᠬᠦ — ᠬᠥᠮᠥᠵᠢᠭᠦᠯᠬᠦ — ᠠᠵᠢᠯ ᠣᠯᠭᠣᠬᠤ — ᠦᠢᠯᠡᠰ ᠪᠣᠰᠬᠠᠬᠤ 》 ᠪᠦᠬᠦ ᠦᠶᠡᠯᠡᠯ᠎ᠦᠨ ᠦᠢᠯᠡᠴᠢᠯᠡᠭᠡᠨ᠎ᠦ ᠬᠡᠯᠬᠢᠶ᠎ᠡ᠎ᠶᠢ ᠪᠤᠢ ᠪᠣᠯᠭᠠᠵᠤ᠂ ᠴᠢᠳᠠᠪᠤᠷᠢᠲᠠᠨ᠎ᠢ ᠲᠠᠲᠠᠬᠤ ᠬᠥᠮᠥᠵᠢᠭᠦᠯᠬᠦ ᠬᠡᠷᠡᠭᠯᠡᠬᠦ ᠦᠯᠡᠳᠡᠭᠡᠬᠦ ᠡᠯ᠎ᠡ ᠭᠣᠭᠴᠣᠭ᠎ᠠ᠎ᠶᠢ ᠵᠠᠪᠰᠠᠷ ᠦᠭᠡᠢ ᠵᠣᠯᠭᠠᠭᠤᠯᠤᠨ᠎ᠠ᠃
      ᠰᠣᠳᠣᠨ ᠴᠢᠳᠠᠪᠤᠷᠢᠲᠠᠨ᠎ᠤ ᠣᠶᠣᠨ ᠤᠬᠠᠭᠠᠨ᠎ᠢ ᠪᠤᠭᠤᠲᠤ ᠬᠣᠲᠠ᠎ᠳᠤ ᠬᠤᠷᠠᠮᠳᠤᠭᠤᠯᠬᠤ ᠠᠵᠢᠯᠯᠠᠭ᠎ᠠ᠎ᠶᠢ ᠬᠡᠷᠡᠭᠵᠢᠭᠦᠯᠦᠨ᠎ᠡ᠃ 《 ᠴᠢᠳᠠᠪᠤᠷᠢᠲᠠᠨ᠎ᠤ ᠲᠡᠷᠢᠭᠦᠨ ᠵᠡᠷᠭᠡ᠎ᠶᠢᠨ ᠶᠡᠬᠡ ᠶᠠᠪᠤᠳᠠᠯ᠎ᠢ ᠪᠥᠬᠥᠨ᠎ᠢ ᠬᠠᠮᠤᠷᠬᠤ 》 ᠨᠠᠷᠠᠲᠤ ᠲᠥᠷᠥᠯ ᠲᠡᠮᠳᠡᠭ᠎ᠢ ᠦᠷᠭᠦᠯᠵᠢᠯᠡᠨ ᠭᠡᠷᠡᠯᠲᠦᠭᠦᠯᠵᠦ᠂ 《 ᠳ᠋ᠣᠺᠲ᠋ᠣᠷᠠᠨᠲ᠎ᠤᠨ ᠪᠤᠭᠤᠲᠤ᠎ᠳᠡᠬᠢ ᠠᠶᠠᠯᠠᠯ 》 ᠪᠠ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ ᠲᠤᠰᠬᠠᠢ ᠣᠷᠣᠭᠤᠯᠤᠨ ᠠᠪᠴᠢᠷᠠᠬᠤ ᠠᠵᠢᠯᠯᠠᠭ᠎ᠠ᠎ᠶᠢ ᠪᠥᠬᠥ ᠲᠠᠯ᠎ᠠ᠎ᠪᠠᠷ ᠰᠠᠢᠲᠤᠷ ᠬᠡᠷᠡᠭᠵᠢᠭᠦᠯᠵᠦ᠂ ᠪᠥᠬᠥ ᠤᠯᠤᠰ᠎ᠤᠨ ᠰᠠᠭᠤᠷᠢ ᠪᠠ ᠬᠡᠷᠡᠭᠯᠡᠭᠡᠨ᠎ᠦ ᠰᠠᠭᠤᠷᠢ ᠰᠤᠳᠤᠯᠭᠠᠨ᠂ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠤᠨ ᠨᠡᠭᠡᠭᠡᠯᠲᠡ᠂ ᠳᠡᠭᠡᠳᠦ ᠲᠠᠰ᠎ᠤᠨ ᠬᠠᠮᠢᠶᠠᠷᠤᠯᠲᠠ ᠵᠡᠷᠭᠡ ᠬᠦᠷᠢᠶᠡᠨ᠎ᠳᠡᠬᠢ ᠳᠡᠭᠡᠳᠦ ᠲᠠᠰ᠎ᠤᠨ ᠳᠤᠲᠠᠭᠳᠠᠵᠤ ᠪᠠᠢᠭ᠎ᠠ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠲᠠᠰ ᠳᠡᠪᠰᠢᠬᠦ᠎ᠳᠦ ᠣᠶᠤᠨ᠎ᠤ ᠲᠤᠯᠭᠠᠭᠤᠷᠢᠯᠠᠯ ᠬᠠᠩᠭᠠᠨ᠎ᠠ᠃
      ᠠᠵᠤ ᠦᠢᠯᠡᠰ ᠪᠣᠯᠣᠨ ᠴᠢᠳᠠᠪᠤᠷᠢᠲᠠᠨ᠎ᠢ ᠠᠭᠤᠰᠤᠯᠴᠠᠭᠤᠯᠤᠨ ᠬᠡᠯᠬᠢᠶ᠎ᠡ᠎ᠶᠢ ᠴᠤᠭᠯᠠᠷᠠᠭᠤᠯᠬᠤ ᠠᠵᠢᠯᠯᠠᠭ᠎ᠠ᠎ᠶᠢ ᠭᠦᠨᠵᠡᠭᠡᠢᠷᠡᠭᠦᠯᠦᠨ᠎ᠡ᠃ ᠠᠵᠤ ᠦᠢᠯᠡᠰ᠎ᠦᠨ ᠴᠢᠳᠠᠪᠤᠷᠢᠲᠠᠨ᠎ᠤ ᠭᠠᠵᠠᠷ᠎ᠤᠨ ᠵᠢᠷᠤᠭ᠎ᠢ ᠲᠡᠰ ᠳᠡᠪᠰᠢᠭᠦᠯᠵᠦ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢ ᠲᠥᠪᠯᠡᠷᠡᠭᠦᠯᠦᠨ ᠨᠡᠢᠲᠡᠯᠡᠬᠦ ᠰᠢᠰᠲᠧᠮ᠎ᠢ ᠲᠡᠭᠦᠯᠳᠡᠷᠵᠢᠭᠦᠯᠵᠦ᠂ ᠬᠠᠪᠤᠷ ᠨᠠᠮᠤᠷ᠎ᠤᠨ ᠤᠯᠠᠷᠢᠯ᠎ᠤᠨ ᠰᠤᠷᠭᠠᠭᠤᠯᠢ᠎ᠶᠢᠨ ᠬᠦᠷᠢᠶᠡᠨ᠎ᠠᠴᠠ ᠴᠢᠳᠠᠪᠤᠷᠢᠲᠠᠨ ᠡᠯᠰᠡᠬᠦ᠂ ᠪᠦᠬᠦ ᠤᠯᠤᠰ᠎ᠤᠨ ᠠᠵᠢᠯ ᠡᠯᠰᠡᠯᠳᠡ᠎ᠶᠢᠨ ᠭᠠᠵᠠᠷ᠎ᠤᠨ ᠳᠠᠷᠤᠭ᠎ᠠ᠎ᠶᠢᠨ ᠪᠤᠭᠤᠲᠤ᠎ᠳᠠᠬᠢ ᠠᠶᠠᠯᠠᠯ ᠵᠡᠷᠭᠡ ᠠᠵᠢᠯᠯᠠᠭ᠎ᠠ᠎ᠶᠢᠨ ᠲᠦᠷᠦᠯ ᠲᠡᠮᠳᠡᠭ᠎ᠢ ᠬᠦᠴᠦᠷᠬᠡᠭᠵᠢᠭᠦᠯᠵᠦ᠂ ᠣᠷᠣᠨ ᠪᠦᠰᠡ᠎ᠶᠢᠨ ᠴᠢᠳᠠᠪᠤᠷᠢᠲᠠᠨ᠎ᠤ ᠰᠣᠯᠢᠯᠴᠠᠭ᠎ᠠ ᠬᠠᠮᠲᠤᠷᠠᠯᠴᠠᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ 《 ᠠᠵᠤ ᠦᠢᠯᠡᠰ᠎ᠢᠶᠡᠷ ᠴᠢᠳᠠᠪᠤᠷᠢᠲᠠᠨ᠎ᠢ ᠴᠤᠭᠯᠠᠷᠠᠭᠤᠯᠬᠤ᠂ ᠴᠢᠳᠠᠪᠤᠷᠢᠲᠠᠨ᠎ᠢᠶᠠᠷ ᠠᠵᠤ ᠦᠢᠯᠡᠰ᠎ᠢ ᠬᠥᠭᠵᠢᠭᠦᠯᠬᠦ 》 ᠰᠠᠢᠨ ᠣᠷᠴᠢᠯ᠎ᠢ ᠪᠦᠷᠢᠯᠳᠦᠭᠦᠯᠵᠦ᠂ ᠴᠢᠳᠠᠪᠤᠷᠢᠲᠠᠨ᠎ᠤ ᠠᠰᠢᠭ᠋᠎ᠢ ᠦᠷᠭᠦᠯᠵᠢᠯᠡᠨ ᠬᠥᠭᠵᠢᠯᠲᠡ᠎ᠶᠢᠨ ᠠᠰᠢᠭ᠋ ᠪᠣᠯᠭᠠᠨ ᠬᠤᠪᠢᠷᠠᠭᠤᠯᠤᠨ᠎ᠠ᠃
      ᠠᠭᠤᠯᠠ ᠤᠰᠤ᠎ᠶᠢ ᠳᠠᠪᠠᠵᠤ ᠡᠷᠳᠡᠮᠲᠡᠨ ᠴᠢᠳᠠᠪᠤᠷᠢᠲᠠᠨ᠎ᠢ ᠳᠠᠳᠠᠨ ᠠᠪᠴᠢᠷᠠᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠪᠤᠭᠤᠲᠤ ᠬᠤᠳᠠ᠎ᠶᠢ ᠬᠥᠭᠵᠢᠭᠦᠯᠦᠨ᠎ᠡ᠃ ᠪᠤᠭᠤᠲᠤ ᠬᠤᠳᠠ᠎ᠶᠢᠨ ᠬᠢᠨ ᠨᠡᠭᠡᠭᠡᠯᠲᠡᠲᠤ ᠳᠦᠷᠰᠦ ᠪᠠᠢᠳᠠᠯ᠂ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ᠂ ᠪᠣᠳᠠᠲᠠᠢ᠎ᠶᠢ ᠡᠷᠬᠢᠮᠯᠡᠭᠰᠡᠨ ᠦᠢᠯᠡᠴᠢᠯᠡᠭᠡ᠎ᠪᠡᠷ ᠣᠷᠣᠨ ᠪᠦᠰᠡ ᠠᠯᠤᠰᠯᠠᠨ ᠴᠢᠳᠠᠪᠤᠷᠢᠲᠠᠨ ᠣᠷᠣᠭᠤᠯᠬᠤ 《 ᠠᠮᠢᠳᠤ ᠤᠰᠤ 》᠎ᠶᠢ ᠦᠷᠭᠦᠯᠵᠢᠯᠡᠨ ᠤᠷᠤᠰᠬᠠᠵᠤ᠂ ᠣᠳᠣᠬᠢᠴᠢᠯᠠᠭᠰᠠᠨ ᠰᠢᠨ᠎ᠡ ᠪᠤᠭᠤᠲᠤ᠎ᠶᠢ ᠪᠦᠲᠦᠭᠡᠨ ᠪᠠᠶ᠋ᠢᠭᠤᠯᠬᠤ᠎ᠳᠤ ᠲᠠᠰᠤᠷᠠᠯᠳᠡ ᠦᠭᠡᠢ ᠴᠢᠳᠠᠪᠤᠷᠢᠲᠠᠨ᠎ᠤ ᠪᠠᠲᠤᠯᠠᠭ᠎ᠠ ᠪᠣᠯᠣᠨ ᠤᠶᠤᠨ᠎ᠤ ᠳᠡᠮᠵᠢᠯᠭᠡ ᠬᠠᠩᠭᠠᠵᠤ᠂ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠠᠶᠠᠨ ᠵᠠᠮ᠎ᠳᠤ ᠭᠣᠢᠳᠠ ᠰᠠᠢᠬᠠᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            