ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠥᠪᠥᠷ ᠮᠣᠩᠭᠣᠯ᠎ᠤᠨ ᠬᠥᠬᠡᠬᠣᠲᠠ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠠᠮᠲᠤ᠎ᠶᠢᠨ ᠨᠥᠬᠥᠪᠦᠷᠢ᠎ᠶᠢ ᠪᠥᠬᠥ ᠲᠠᠯ᠎ᠠ᠎ᠪᠠᠷ ᠠᠬᠢᠭᠤᠯᠵᠤ ᠦᠢᠯᠡᠴᠢᠯᠡᠭᠡ᠎ᠶᠢᠨ ᠳᠤᠯᠠᠭᠠᠴᠠ᠎ᠶᠢ ᠲᠡᠭᠡᠭᠰᠢᠯᠡᠬᠦᠯᠵᠦ ᠵᠣᠯ ᠵᠢᠷᠭᠠᠯ᠎ᠤᠨ ᠬᠦᠴᠦᠯᠡᠴᠡ᠎ᠶᠢ ᠨᠡᠮᠡᠭᠳᠡᠭᠦᠯᠦᠨ᠎ᠡ
ᠨᠡᠶ᠋ᠢᠲᠡᠯᠡᠭᠰᠡᠨ ᠴᠠᠭ᠄ 2025-12-10

      《 ᠲᠠ ᠰᠠᠢᠨ ᠤᠤ᠂ ᠪᠢ ᠭᠠᠴᠠᠭᠠᠨ᠎ᠤ ᠠᠷᠠᠳ᠎ᠲᠤ ᠬᠠᠮᠲᠤ᠎ᠶᠢᠨ ᠨᠥᠬᠥᠪᠦᠷᠢ᠎ᠶᠢᠨ ᠰᠦᠢᠳᠬᠡᠯ᠎ᠢ ᠭᠦᠢᠴᠡᠳᠬᠡᠵᠦ ᠥᠭᠭᠦᠶ᠎ᠡ᠃》 ᠵᠡᠭᠦᠨ ᠤᠰᠤᠲᠤ ᠲᠣᠰᠬᠣᠨ᠎ᠤ ᠠᠵᠢᠯᠲᠠᠨ ᠵᠠᠢ ᠼᠠᠢ ᠶᠦᠨ ᠪᠠᠩᠬᠢ᠎ᠶᠢᠨ ᠺᠠᠷᠲ᠎ᠢᠶᠠᠷ 5 ᠲᠣᠰᠬᠣᠨ᠎ᠤ ᠠᠷᠠᠳ᠎ᠲᠤ ᠲᠣᠰ ᠲᠣᠰ 100 ᠲᠥᠭᠥᠷᠢᠭ᠎ᠦᠨ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠠᠮᠲᠤ᠎ᠶᠢᠨ ᠨᠥᠬᠥᠪᠦᠷᠢ᠎ᠶᠢ ᠲᠤᠰᠢᠶᠠᠭᠰᠠᠨ ᠪᠠᠢᠨ᠎ᠠ᠃ ᠨᠠᠮᠤᠷ᠎ᠤᠨ ᠬᠤᠷᠢᠶᠠᠯᠲᠠ᠎ᠶᠢᠨ ᠲᠠᠷᠢᠶᠠᠯᠠᠩ᠎ᠤᠨ ᠶᠠᠭᠠᠷᠠᠯᠲᠠᠢ ᠠᠵᠢᠯ ᠡᠬᠢᠯᠡᠬᠦ᠎ᠶᠢ ᠳᠠᠭᠠᠯᠳᠤᠨ᠂ ᠥᠪᠥᠷ ᠮᠣᠩᠭᠣᠯ᠎ᠤᠨ ᠬᠥᠬᠡᠬᠣᠲᠠ᠎ᠶᠢᠨ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠠᠮᠲᠤ᠎ᠶᠢᠨ ᠨᠥᠬᠥᠪᠦᠷᠢ ᠰᠦᠢᠳᠬᠡᠯ ᠲᠤᠰᠢᠶᠠᠬᠤ ᠠᠵᠢᠯ 《 ᠰᠢᠪᠲᠤᠯᠤᠯᠲᠠ᠎ᠶᠢᠨ ᠵᠠᠩᠭᠢᠯᠠᠭ᠎ᠠ᠎ᠶᠢᠨ ᠬᠤᠭᠤᠴᠠᠭ᠎ᠠ 》᠎ᠳᠤ ᠣᠷᠣᠪᠠ᠃
      ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠨᠠᠷᠢᠯᠢᠭ᠋ ᠣᠨᠣᠴᠠᠲᠠᠢ᠎ᠪᠠᠷ ᠨᠠᠢᠳᠠᠪᠤᠷᠢᠵᠢᠭᠤᠯᠬᠤ᠎ᠶᠢᠨ ᠲᠥᠯᠥᠭᠡ᠂ ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠨᠢ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠂ ᠡᠳ᠋᠎ᠦᠨ ᠵᠠᠰᠠᠭ᠂ ᠭᠠᠢᠯᠢ᠎ᠶᠢᠨ ᠶᠠᠪᠤᠳᠠᠯ ᠵᠡᠷᠭᠡ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠤᠷᠢᠳᠴᠢᠯᠠᠨ ᠠᠷᠭ᠎ᠠ ᠰᠦᠪᠡᠭᠴᠢᠯᠡᠵᠦ᠂ ᠣᠯᠠᠨ ᠲᠦᠮᠡᠨ᠎ᠦ ᠠᠵᠢᠯ ᠶᠠᠪᠤᠳᠠᠯ ᠰᠢᠢᠳᠪᠦᠷᠢᠯᠡᠬᠦ᠎ᠳᠦ ᠬᠦᠴᠢᠷᠲᠡᠢ ᠠᠰᠠᠭᠤᠳᠠᠯ ᠪᠠ ᠲᠦᠪᠡᠭᠲᠡᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠬᠦ᠂ ᠶᠠᠪᠤᠴᠠ ᠲᠣᠭᠲᠠᠴᠠ᠎ᠶᠢ ᠰᠢᠯᠢᠳᠡᠭᠵᠢᠭᠦᠯᠬᠦ᠎ᠪᠡᠷ ᠭᠠᠷᠳᠠᠴᠠ ᠪᠣᠯᠭᠠᠵᠤ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠠᠮᠲᠤ᠎ᠶᠢᠨ ᠨᠥᠬᠥᠪᠦᠷᠢ᠎ᠶᠢᠨ ᠠᠵᠢᠯ᠎ᠢ ᠲᠤᠷᠰᠢᠯᠲᠠ᠎ᠶᠢᠨ ᠴᠡᠭ᠎ᠤᠨ ᠬᠠᠢᠨ ᠰᠦᠪᠡᠭᠴᠢᠯᠡᠯᠲᠡ᠎ᠡᠴᠡ ᠪᠥᠬᠥ ᠲᠠᠯ᠎ᠠ᠎ᠶᠢ ᠬᠠᠮᠤᠷᠬᠤ ᠰᠢᠨ᠎ᠡ ᠱᠠᠲᠤᠨ᠎ᠳᠤ ᠣᠷᠣᠭᠤᠯᠬᠤ᠎ᠶᠢ ᠲᠦᠯᠬᠢᠨ ᠠᠬᠢᠭᠤᠯᠪᠠ᠃
      《 ᠬᠥᠮᠥᠨ ᠨᠢ ᠲᠦᠷᠦ᠎ᠶᠢᠨ ᠪᠣᠳᠣᠯᠭ᠎ᠠ᠎ᠶᠢ ᠡᠷᠢᠬᠦ 》 ᠡᠴᠡ 《 ᠲᠦᠷᠦ᠎ᠶᠢᠨ ᠪᠣᠳᠣᠯᠭ᠎ᠠ᠎ᠪᠠᠷ ᠬᠥᠮᠥᠨ ᠡᠷᠢᠬᠦ 》 ᠬᠦᠷᠲᠡᠯ᠎ᠡ᠂ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ ᠪᠠᠢᠭᠠᠳ ᠣᠢᠯᠠᠭᠠᠵᠤ ᠮᠡᠳᠡᠬᠦ ᠬᠦᠴᠢᠷ ᠠᠰᠠᠭᠤᠳᠠᠯ᠎ᠢ ᠰᠢᠢᠳᠪᠦᠷᠢᠯᠡᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠢ᠎ᠶᠢᠨ ᠰᠠᠯᠠᠭ᠎ᠠ ᠮᠥᠴᠢᠷ᠎ᠦᠳ ᠰᠤᠷᠪᠤᠯᠵᠢᠯᠠᠨ ᠪᠠᠢᠴᠠᠭᠠᠨ ᠰᠤᠳᠤᠯᠤᠯᠲᠠ ᠬᠢᠬᠦ᠎ᠶᠢ ᠭᠦᠨᠵᠡᠭᠡᠢ ᠥᠷᠨᠢᠭᠦᠯᠵᠦ᠂ ᠡᠯ᠎ᠡ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠪᠠᠢᠳᠠᠯ᠎ᠢ ᠪᠥᠬᠥ ᠲᠠᠯ᠎ᠠ᠎ᠪᠠᠷ ᠡᠵᠡᠮᠰᠢᠨ᠂ ᠭᠣᠣᠯᠳᠠᠯᠭ᠎ᠠ᠎ᠲᠠᠢ ᠠᠬᠢᠭᠤᠯᠬᠤ ᠡᠲᠡᠭᠡᠳ᠎ᠢ ᠣᠨᠣᠪᠴᠢᠲᠠᠶ ᠲᠣᠭᠲᠠᠭᠠᠵᠤ᠂ ᠲᠥᠷᠥ᠎ᠶᠢᠨ ᠪᠣᠳᠣᠯᠭ᠎ᠠ᠎ᠶᠢᠨ ᠮᠡᠳᠡᠭᠡ ᠵᠠᠩᠭᠢ᠎ᠶᠢ ᠰᠠᠨᠠᠭᠠᠴᠢᠯᠠᠭ᠎ᠠ᠎ᠠᠴᠠ᠎ᠪᠠᠨ ᠬᠦᠷᠭᠡᠨ᠂ ᠰᠠᠨᠠᠭᠠᠴᠢᠯᠠᠭᠠᠲᠤ ᠪᠤᠰᠤ ᠬᠦᠯᠢᠶᠡᠯᠲᠡ᠎ᠶᠢ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ ᠨᠥᠬᠥᠪᠦᠷᠢᠯᠡᠬᠦ ᠶᠣᠰᠣᠲᠠᠢ᠎ᠶᠢ ᠨᠢ ᠪᠦᠬᠦᠨ᠎ᠢ ᠨᠥᠬᠥᠪᠦᠷᠢᠯᠡᠵᠦ᠂ ᠨᠢᠭᠡ ᠬᠥᠮᠥᠨ᠎ᠢ ᠴᠦ᠍ ᠣᠷᠬᠢᠭ᠍ᠳᠠᠭᠤᠯᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠪᠠ᠃ 《 ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠲᠦᠮᠡᠨ ᠡᠷᠦᠬᠡ᠎ᠳᠦ ᠬᠦᠷᠭᠡᠬᠦ 》 ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠨᠡᠢᠭᠡᠮ ᠲᠣᠭᠣᠷᠢᠭ᠋᠂ ᠬᠥᠳᠡᠭᠡ ᠲᠣᠰᠬᠣᠨ᠎ᠳᠤ ᠬᠦᠷᠴᠦ᠂ ᠣᠯᠠᠨ ᠲᠦᠮᠡᠨ᠎ᠦ ᠠᠰᠠᠭᠤᠯᠲᠠ᠎ᠳᠤ ᠨᠢᠭᠤᠷᠲᠠᠨ ᠬᠠᠷᠢᠭᠤᠯᠲᠠ ᠥᠭᠪᠡ᠃《 ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠳᠠᠭᠠᠳᠬᠠᠯ᠎ᠳᠤ ᠣᠷᠣᠯᠴᠠᠪᠠᠯ ᠬᠡᠳᠦᠢ ᠨᠠᠰᠤᠵᠢᠯ᠎ᠤᠨ ᠠᠰᠠᠷᠠᠮᠵᠢ᠎ᠶᠢᠨ ᠮᠥᠩᠭᠥ ᠣᠯᠬᠤ ᠪᠣᠢ ? 》  《 ᠬᠠᠮᠲᠤ ᠨᠡᠶ᠋ᠢᠲᠡ᠎ᠶᠢᠨ ᠨᠥᠬᠥᠪᠦᠷᠢ᠎ᠶᠢ ᠬᠡᠷᠬᠢᠨ ᠭᠤᠶᠤᠴᠢᠯᠠᠬᠤ ᠪᠣᠢ? 》 ᠣᠯᠠᠨ ᠲᠦᠮᠡᠨ᠎ᠦ ᠠᠩᠬᠠᠷᠤᠯ ᠲᠥᠪᠯᠡᠷᠡᠭᠰᠡᠨ ᠠᠰᠠᠭᠤᠯᠲᠠ ᠬᠠᠷᠢᠭᠤᠯᠲᠠ᠎ᠶᠢᠨ ᠳᠤᠮᠳᠠ᠂ ᠠᠵᠢᠯᠲᠠᠳ ᠬᠢᠯᠪᠠᠷᠴᠢᠯᠠᠭᠰᠠᠨ ᠦᠭᠡ ᠬᠡᠯᠡ᠎ᠪᠡᠷ ᠲᠥᠷᠥ᠎ᠶᠢᠨ ᠪᠣᠳᠣᠯᠭ᠎ᠠ᠎ᠶᠢᠨ ᠵᠦᠢᠯ ᠵᠤᠷᠪᠤᠰ᠎ᠢ ᠵᠠᠳᠠᠯᠵᠤ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠡᠷᠲᠡᠬᠡᠨ ᠳᠠᠭᠠᠳᠬᠠᠯ᠎ᠳᠤ ᠣᠷᠣᠭᠤᠯᠬᠤ᠂ ᠣᠷᠳᠣ᠌ ᠬᠤᠭᠤᠴᠠᠭ᠎ᠠ᠎ᠪᠠᠷ ᠰᠦᠢᠳᠬᠡᠯ ᠲᠤᠰᠢᠶᠠᠬᠤ᠂ ᠢᠯᠡᠭᠦᠦ ᠠᠰᠢᠭ᠋ ᠭᠥᠷᠳᠡᠬᠦ ᠣᠢᠯᠠᠭᠠᠭᠳᠠᠬᠤᠨ᠎ᠲᠠᠢ ᠪᠣᠯᠭᠠᠵᠠᠢ᠃ ᠣᠳᠣᠬᠠᠨ᠎ᠳᠤ᠂ ᠤᠯᠠᠮ᠎ᠠᠴᠠ ᠤᠯᠠᠮ ᠤᠯᠠᠨ ᠲᠣᠰᠬᠣᠨ᠎ᠤ ᠠᠷᠠᠳ ᠰᠠᠨᠠᠭᠠᠴᠢᠯᠠᠭ᠎ᠠ᠎ᠠᠴᠠ᠎ᠪᠠᠨ ᠳᠠᠭᠠᠳᠬᠠᠯ᠎ᠳᠤ ᠣᠷᠣᠯᠴᠠᠬᠤ ᠤᠴᠢᠷ ᠶᠠᠪᠤᠳᠠᠯ᠎ᠢ ᠠᠰᠠᠭᠤᠨ ᠯᠠᠪᠯᠠᠵᠤ᠂ ᠲᠦᠷᠦ᠎ᠶᠢᠨ ᠪᠣᠳᠣᠯᠭ᠎ᠠ᠎ᠶᠢ ᠣᠢᠯᠠᠭᠠᠬᠤ ᠨᠤᠷᠮ᠎ᠠ ᠪᠣᠯᠣᠨ ᠣᠷᠣᠯᠴᠠᠬᠤ ᠬᠡᠮᠵᠢᠶ᠎ᠡ ᠢᠯᠡᠳᠲᠡ ᠳᠡᠭᠡᠭᠰᠢᠯᠡᠯᠲᠡ᠎ᠲᠠᠢ ᠪᠣᠯᠵᠠᠢ᠃
      《 ᠨᠢᠭᠡ ᠴᠣᠩᠬᠣᠪᠴᠢ᠎ᠳᠤ ᠬᠣᠯᠪᠤᠭᠠᠯᠠᠨ ᠭᠦᠢᠴᠡᠳᠬᠡᠵᠦ 》 ᠭᠣᠭᠴᠣᠭ᠎ᠠ᠎ᠶᠢ ᠪᠠᠭᠠᠰᠬᠠᠵᠤ᠂ ᠥᠨᠳᠥᠷ ᠪᠦᠲᠦᠮᠵᠢᠲᠡᠢ ᠦᠢᠯᠡᠴᠢᠯᠡᠭᠡ᠎ᠪᠡᠷ ᠠᠵᠢᠯ ᠶᠠᠪᠤᠳᠠᠯ ᠰᠢᠢᠳᠪᠦᠷᠢᠯᠡᠬᠦ᠎ᠳᠦ ᠬᠦᠴᠢᠷ ᠠᠰᠠᠭᠤᠳᠠᠯ᠎ᠢ ᠰᠢᠢᠳᠪᠦᠷᠢᠯᠡᠪᠡ᠃《 ᠠᠯᠢ ᠰᠠᠯᠠᠭ᠎ᠠ ᠮᠥᠴᠢᠷ᠎ᠲᠦ ᠣᠴᠢᠵᠤ ᠭᠦᠢᠴᠡᠳᠬᠡᠬᠦ ᠪᠤᠶ ? ᠶᠠᠮᠠᠷ ᠶᠠᠮᠠᠷ ᠮᠠᠲᠧᠷᠢᠶᠠᠯ ᠠᠪᠴᠤ ᠶᠠᠪᠤᠬᠤ ᠬᠡᠷᠡᠭᠲᠡᠢ ᠪᠤᠶ ? ᠬᠡᠳᠦ ᠤᠳᠠᠭ᠎ᠠ ᠭᠦᠶᠦᠪᠡᠯ ᠰᠠᠶᠢ ᠬᠢᠵᠦ ᠳᠠᠭᠤᠰᠬᠠᠵᠤ ᠴᠢᠳᠠᠬᠤ ᠪᠤᠶ ? 》 ᠡᠳᠡᠭᠡᠷ ᠲᠤᠬᠠᠢᠯᠠᠭᠰᠠᠨ ᠠᠵᠢᠯ ᠎ᠢ ᠭᠦᠢᠴᠡᠳᠬᠡᠬᠦ ᠨᠠᠷᠢᠨ ᠵᠦᠢᠯᠡᠰ ᠨᠢ ᠣᠯᠠᠨ ᠲᠦᠮᠡᠨ᠎ᠦ ᠠᠩᠬᠠᠷᠤᠯ ᠎ᠢ ᠲᠠᠲᠠᠭᠰᠠᠭᠠᠷ ᠢᠷᠡᠭᠰᠡᠨ ᠶᠤᠮ᠃ ᠡᠨᠡ ᠵᠢᠯ᠂ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠬᠢᠨ ᠡᠩ ᠲᠡᠷᠢᠭᠦᠨ᠎ᠳᠦ 《 ᠨᠢᠭᠡ ᠴᠣᠩᠬᠣᠪᠴᠢ᠎ᠳᠤ ᠬᠣᠯᠪᠤᠭᠠᠯᠠᠨ ᠭᠦᠢᠴᠡᠳᠬᠡᠬᠦ 》 ᠰᠢᠢᠳᠪᠦᠷᠢᠯᠡᠬᠦ ᠲᠥᠰᠥᠯ ᠭᠠᠷᠭᠠᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠂ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠬᠠᠮᠲᠤᠷᠠᠨ 《 ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠢ ᠲᠠᠲᠠᠪᠤᠷᠢᠯᠠᠨ ᠲᠤᠰᠢᠶᠠᠬᠤ ᠪᠠ ᠨᠥᠬᠥᠪᠦᠷᠢ ᠥᠭᠬᠦ 》 ᠲᠤᠰᠬᠠᠢ ᠴᠣᠩᠬᠣᠪᠴᠢ ᠭᠠᠷᠭᠠᠵᠤ᠂ ᠬᠡᠷᠡᠭ ᠭᠦᠢᠴᠡᠳᠬᠡᠬᠦ ᠶᠠᠪᠤᠴᠠ᠎ᠶᠢ ᠰᠢᠯᠢᠳᠡᠭᠵᠢᠭᠦᠯᠪᠡ᠃ ᠣᠯᠠᠨ ᠲᠦᠮᠡᠨ ᠵᠥᠪᠬᠡᠨ ᠨᠢᠭᠡ ᠯᠡ ᠤᠳᠠᠭ᠎ᠠ ᠮᠠᠲᠧᠷᠢᠶᠠᠯ ᠲᠤᠰᠢᠶᠠᠪᠠᠯ ᠪᠣᠯᠴᠢᠬᠠᠨ᠎ᠠ᠂ ᠲᠠᠷᠠᠭᠠᠴᠢ᠎ᠶᠢᠨ ᠲᠣᠭ᠎ᠠ ᠪᠠᠷᠢᠮᠲᠠ᠎ᠶᠢ ᠬᠠᠷᠭᠤᠭᠤᠯᠤᠨ ᠰᠢᠯᠭᠠᠬᠤ᠂ ᠨᠥᠬᠥᠪᠦᠷᠢ᠎ᠶᠢᠨ ᠪᠠᠷᠢᠮᠵᠢᠶ᠎ᠠ᠎ᠶᠢ ᠬᠢᠨᠠᠨ ᠲᠣᠭᠲᠠᠭᠠᠬᠤ᠂ ᠪᠡᠯᠡ ᠮᠥᠩᠭᠥ ᠲᠠᠲᠠᠪᠤᠷᠢᠯᠠᠨ ᠲᠤᠰᠢᠶᠠᠬᠤ ᠵᠡᠷᠭᠡ ᠭᠣᠭᠴᠣᠭ᠎ᠠ᠎ᠶᠢ ᠴᠥᠮ ᠲᠣᠭᠣᠷᠢᠭ᠋ ᠂ ᠪᠠᠯᠭᠠᠰᠤ ( ᠵᠡᠭᠡᠯᠢ ᠭᠤᠳᠤᠮᠵᠢ )᠂ ᠲᠣᠰᠬᠣᠨ ( ᠨᠡᠢᠭᠡᠮ ᠲᠣᠭᠣᠷᠢᠭ᠋ ) ᠭᠤᠷᠪᠠᠨ ᠱᠠᠲᠤᠨ᠎ᠤ ᠠᠵᠢᠯᠲᠠᠨ ᠳᠣᠲᠣᠭᠠᠳᠤ᠎ᠳᠠᠭᠠᠨ ᠬᠠᠮᠵᠢᠯᠴᠠᠨ ᠭᠦᠢᠴᠡᠳᠬᠡᠵᠦ᠂ 《 ᠭᠤᠶᠤᠴᠢᠯᠠᠬᠤ ︱ ᠬᠢᠨᠠᠨ ᠬᠠᠷᠭᠤᠭᠤᠯᠬᠤ ︱ ᠰᠦᠢᠳᠬᠡᠯ ᠲᠤᠰᠢᠶᠠᠬᠤ ︱ ᠨᠥᠬᠥᠪᠦᠷᠢ᠎ᠶᠢ ᠲᠠᠩᠰᠠᠨ᠎ᠳᠤ ᠣᠷᠣᠭᠤᠯᠬᠤ 》 ᠪᠥᠬᠥ ᠬᠡᠯᠬᠢᠶ᠎ᠡ᠎ᠶᠢ ᠵᠠᠪᠰᠠᠷ ᠦᠭᠡᠢ ᠵᠣᠯᠭᠠᠭᠤᠯᠬᠤ᠎ᠶᠢ ᠪᠡᠶᠡᠯᠡᠭᠦᠯᠵᠦ᠂ 《 ᠲᠣᠭ᠎ᠠ ᠪᠠᠷᠢᠮᠲᠠ᠎ᠶᠢ ᠢᠯᠡᠭᠦᠦ ᠶᠠᠪᠤᠭᠤᠯᠵᠤ᠂ ᠣᠯᠠᠨ ᠲᠦᠮᠡᠨ᠎ᠢ ᠳᠤᠲᠠᠭᠤ ᠭᠦᠶᠦᠯᠭᠡᠬᠦ 》᠎ᠶᠢ ᠪᠡᠶᠡᠯᠡᠭᠦᠯᠦᠨ᠎ᠡ᠃
      ᠣᠯᠭᠣᠮᠵᠢ ᠬᠠᠷᠠᠭᠠᠯᠵᠠᠯ᠎ᠤᠨ ᠲᠠᠰ ᠳᠡᠪᠰᠢᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠲᠦᠮᠡᠨ᠎ᠦ ᠨᠠᠰᠤᠵᠢᠯ᠎ᠤᠨ ᠠᠰᠠᠷᠠᠮᠵᠢ᠎ᠶᠢ ᠨᠡᠩ ᠪᠠᠲᠤᠯᠠᠭ᠎ᠠ ᠲᠠᠢ ᠪᠣᠯᠭᠠᠨ᠎ᠠ᠃ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠣᠯᠭᠣᠮᠵᠢ ᠬᠠᠷᠠᠭᠠᠯᠵᠠᠯ᠎ᠤᠨ ᠬᠢᠷᠢ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠬᠦ ᠬᠠᠷᠠᠯᠲᠠ᠎ᠪᠠᠨ ᠲᠣᠭᠲᠠᠭᠠᠵᠤ᠂ ᠰᠠᠭᠤᠷᠢ ᠨᠠᠰᠤᠵᠢᠯ᠎ᠤᠨ ᠠᠰᠠᠷᠠᠮᠵᠢ᠎ᠶᠢᠨ ᠮᠥᠩᠭᠥ ᠣᠯᠭᠣᠬᠤ ᠪᠠᠷᠢᠮᠵᠢᠶ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ ᠪᠠ ᠬᠤᠪᠢ ᠬᠥᠮᠥᠨ᠎ᠦ ᠲᠠᠩᠰᠠᠨ ᠡᠷᠦᠬᠡ᠎ᠶᠢᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠬᠠᠳᠠᠭᠠᠯᠠᠮᠵᠢ᠎ᠶᠢᠨ ᠲᠣᠭ᠎ᠠ᠎ᠶᠢ ᠨᠡᠮᠡᠭᠳᠡᠭᠦᠯᠬᠦ᠎ᠳᠦ ᠬᠦᠴᠦ ᠨᠡᠮᠡᠷᠢᠯᠡᠬᠦ ᠬᠣᠶᠠᠷ ᠵᠠᠩᠭᠢᠯᠠᠭ᠎ᠠ᠎ᠶᠢᠨ ᠴᠡᠭ᠎ᠡᠴᠡ ᠬᠦᠴᠦᠯᠡᠨ ᠴᠢᠷᠮᠠᠢᠵᠤ ᠪᠠᠢᠭᠠᠳ ᠣᠯᠠᠨ ᠲᠦᠮᠡᠨ᠎ᠳᠦ ᠢᠷᠡᠭᠡᠳᠦᠢ᠎ᠳᠦ ᠨᠠᠩ ᠣᠯᠠᠨ ᠨᠠᠰᠤᠵᠢᠯ᠎ᠤᠨ ᠠᠰᠠᠷᠠᠮᠵᠢ᠎ᠶᠢᠨ ᠮᠥᠩᠭᠥ ᠣᠯᠭᠣᠬᠤ᠎ᠪᠠᠷ ᠴᠢᠷᠮᠠᠢᠨ᠎ᠠ᠃ ᠡᠨᠡ ᠵᠢᠯ᠂ ᠪᠥᠬᠥ ᠬᠣᠲᠠ᠎ᠶᠢᠨ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠲᠠᠰ ᠳᠡᠭᠡᠭᠰᠢᠯᠡᠭᠦᠯᠬᠦ ᠬᠠᠮᠢᠶᠠᠷᠤᠯᠲᠠ᠎ᠶᠢ ᠪᠡᠶᠡᠯᠡᠭᠦᠯᠵᠦ᠂ ᠬᠥᠮᠥᠨ ᠳᠤᠮᠳᠠᠴᠢ᠎ᠶᠢᠨ ᠣᠯᠭᠣᠬᠤ ᠣᠯᠭᠣᠮᠵᠢ ᠬᠠᠷᠠᠭᠠᠯᠵᠠᠯ ᠵᠢᠯ ᠪᠦᠷᠢ 3292 ᠲᠥᠭᠥᠷᠢᠭ᠎ᠲᠦ ᠬᠦᠷᠴᠦ᠂ ᠨᠢᠭᠡᠨᠲᠡ 2.7 ᠲᠦᠮᠡᠨ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠠᠵᠢᠯᠲᠠᠨ᠂ ᠵᠡᠮᠳᠡᠭᠴᠦᠳ ᠵᠡᠷᠭᠡ ᠣᠨᠴᠠ ᠬᠦᠴᠢᠷᠳᠡᠯᠲᠡᠢ ᠬᠥᠮᠥᠰ᠎ᠲᠤ 370 ᠭᠠᠷᠤᠢ ᠲᠦᠮᠡᠨ ᠲᠥᠭᠥᠷᠢᠭ᠎ᠦᠨ ᠳᠠᠭᠠᠳᠬᠠᠯ᠎ᠤᠨ ᠰᠦᠢᠳᠬᠡᠯ᠎ᠢ ᠨᠢ ᠣᠷᠣᠯᠠᠨ ᠲᠤᠰᠢᠶᠠᠭᠰᠠᠨ ᠪᠠᠢᠨ᠎ᠠ᠃
      ᠲᠦᠭᠵᠢᠷᠡᠯ᠎ᠢ ᠡᠪᠳᠡᠬᠦ᠂ ᠬᠠᠮᠵᠢᠯᠴᠠᠬᠤ᠎ᠶᠢ ᠴᠢᠩᠭᠠᠳᠬᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠲᠤᠬᠠᠢᠯᠠᠭᠰᠠᠨ ᠠᠵᠢᠯ᠎ᠢ ᠥᠨᠳᠥᠷ ᠪᠦᠲᠦᠮᠵᠢᠲᠡᠶ᠎ᠪᠡᠷ ᠬᠢᠨᠠᠨ ᠰᠢᠢᠳᠪᠦᠷᠢᠯᠡᠬᠦ᠎ᠶᠢ ᠪᠡᠶᠡᠯᠡᠭᠦᠯᠦᠨ᠎ᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠲᠤᠬᠠᠢᠯᠠᠭᠰᠠᠨ ᠠᠵᠢᠯ᠎ᠤᠨ ᠬᠠᠮᠵᠢᠯᠴᠠᠭ᠎ᠠ᠎ᠪᠠᠨ ᠴᠢᠩᠭᠠᠳᠬᠠᠵᠤ ᠂ ᠬᠠᠮᠲᠤ᠎ᠶᠢᠨ ᠨᠥᠬᠥᠪᠦᠷᠢ᠎ᠶᠢ ᠭᠠᠷᠲᠠᠨ ᠭᠦᠢᠴᠡᠳᠬᠡᠬᠦ ᠶᠠᠪᠤᠴᠠ᠎ᠶᠢ ᠵᠢᠷᠤᠮᠵᠢᠭᠤᠯᠬᠤ᠎ᠪᠠᠷ ᠳᠠᠮᠵᠢᠭᠤᠯᠤᠨ᠂ ᠰᠢᠰᠲᠧᠮ᠎ᠦᠨ ᠲᠣᠭ᠎ᠠ ᠪᠠᠷᠢᠮᠲᠠ᠎ᠶᠢᠨ ᠪᠡᠬᠢᠯᠡᠯᠲᠡ᠎ᠶᠢ ᠨᠠᠪᠲᠠᠷᠡᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ 《 ᠬᠣᠲᠠ᠎ᠶᠢᠨ ᠰᠠᠭᠤᠭᠠᠯᠢ ᠠᠷᠠᠳ᠎ᠤᠨ ᠳᠠᠭᠠᠳᠬᠠᠯ 》᠎ᠤᠨ ᠲᠤᠬᠠᠢᠯᠠᠭᠰᠠᠨ ᠠᠵᠢᠯ᠎ᠤᠨ ᠰᠢᠰᠲᠧᠮ ᠬᠢᠭᠡᠳ ᠭᠠᠢᠯᠢ᠎ᠶᠢᠨ ᠶᠠᠪᠤᠳᠠᠯ᠎ᠤᠨ ᠮᠥᠩᠭᠥ ᠭᠤᠷᠪᠠᠨ ᠰᠢᠰᠲᠧᠮ᠎ᠦᠨ ᠬᠣᠭᠣᠷᠣᠨᠳᠣᠬᠢ ᠲᠣᠭ᠎ᠠ ᠪᠠᠷᠢᠮᠲᠠ᠎ᠶᠢ ᠨᠠᠷᠢᠯᠢᠭ᠋ ᠣᠨᠣᠴᠠᠲᠠᠢ᠎ᠪᠠᠷ ᠬᠣᠯᠪᠣᠭᠳᠠᠭᠤᠯᠵᠤ᠂ ᠴᠠᠭ ᠲᠤᠬᠠᠢ ᠳ᠋ᠤᠨᠢ ᠰᠣᠯᠢᠯᠴᠠᠬᠤ᠎ᠶᠢ ᠪᠡᠶᠡᠯᠡᠭᠦᠯᠵᠡᠢ᠃ 《 ᠡᠨᠡ ᠵᠢᠯ᠂ ᠪᠢᠳᠡ ᠬᠠᠮᠲᠤ᠎ᠶᠢᠨ ᠨᠥᠬᠥᠪᠦᠷᠢ᠎ᠶᠢᠨ ᠲᠤᠬᠠᠢᠯᠠᠭᠰᠠᠨ ᠠᠵᠢᠯ᠎ᠤᠨ ᠭᠠᠷᠲᠠᠨ ᠭᠦᠢᠴᠡᠳᠬᠡᠬᠦ ᠲᠠᠰ ᠳᠠᠪᠬᠤᠷᠭ᠎ᠠ᠎ᠳᠤ ᠬᠠᠮᠲᠤ᠎ᠶᠢᠨ ᠵᠣᠬᠢᠶᠠᠨ ᠪᠠᠢᠭᠤᠯᠤᠯᠲᠠ᠎ᠶᠢᠨ ᠬᠡᠢᠰᠪᠦᠷᠢ ᠡᠷᠦᠬᠡ᠎ᠶᠢ ᠵᠢᠷᠤᠮᠵᠢᠭᠤᠯᠤᠨ ᠳᠠᠩᠰᠠᠯᠠᠬᠤ ᠪᠠ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠬᠤ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠬᠣᠯᠪᠣᠬᠤ᠎ᠶᠢ ᠤᠷᠢᠳ᠎ᠢᠶᠠᠷ ᠪᠡᠶᠡᠯᠡᠭᠦᠯᠵᠦ᠂ ᠨᠥᠬᠥᠪᠦᠷᠢ ᠣᠯᠭᠣᠬᠤ ᠡᠲᠡᠭᠡᠳ᠎ᠢ ᠨᠠᠷᠢᠯᠢᠭ᠋ ᠣᠨᠣᠴᠠᠲᠠᠢ᠎ᠪᠠᠷ ᠢᠯᠭᠠᠨ ᠲᠠᠨᠢᠬᠤ᠂ ᠰᠦᠢᠳᠬᠡᠯ ᠲᠤᠰᠢᠶᠠᠭᠰᠠᠨ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠬᠠᠷᠭᠤᠭᠤᠯᠤᠨ ᠪᠠᠢᠴᠠᠭᠠᠬᠤ᠎ᠶᠢ ᠪᠡᠶᠡᠯᠡᠭᠦᠯᠬᠦ᠎ᠳᠦ ᠪᠠᠲᠤ ᠪᠡᠬᠢ ᠰᠠᠭᠤᠷᠢ ᠲᠠᠯᠪᠢᠵᠤ᠂ ᠨᠥᠬᠥᠪᠦᠷᠢ᠎ᠶᠢᠨ ᠲᠤᠬᠠᠢᠯᠠᠭᠰᠠᠨ ᠠᠵᠢᠯ᠎ᠤᠨ ᠪᠥᠬᠥ ᠶᠠᠪᠤᠴᠠ᠎ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠵᠠᠩᠭᠢᠯᠠᠭ᠎ᠠ᠎ᠶᠢᠨ ᠭᠣᠭᠴᠣᠭ᠎ᠠ᠎ᠶᠢ ᠨᠡᠪᠲᠡᠷᠡᠭᠦᠯᠪᠡ 》 ᠭᠡᠵᠦ ᠨᠡᠢᠭᠡᠮ᠎ᠦᠨ ᠳᠠᠭᠠᠳᠬᠠᠯ᠎ᠤᠨ ᠠᠵᠢᠯᠲᠠᠨ ᠱᠧᠨ ᠣᠪᠣᠭᠲᠤ ᠲᠠᠨᠢᠯᠴᠠᠭᠤᠯᠪᠠ᠃ ᠬᠣᠲᠠ ᠬᠥᠳᠡᠭᠡ᠎ᠶᠢᠨ ᠰᠠᠭᠤᠭᠠᠯᠢ ᠠᠷᠠᠳ ᠰᠦᠢᠳᠬᠡᠯ ᠲᠤᠰᠢᠶᠠᠭᠰᠠᠨ᠎ᠤ ᠳᠠᠷᠠᠭ᠎ᠠ᠂ ᠵᠥᠪᠬᠡᠨ 3 ᠠᠵᠢᠯ᠎ᠤᠨ ᠡᠳᠦᠷ ᠬᠡᠷᠡᠭᠰᠡᠪᠡᠯ᠂ ᠪᠡᠯᠡ ᠮᠥᠩᠭᠥ᠎ᠶᠢ ᠲᠠᠩᠰᠠᠨ᠎ᠳᠤ ᠣᠷᠣᠭᠤᠯᠵᠤ ᠲᠠᠩᠰᠠ ᠰᠢᠯᠵᠢᠭᠦᠯᠬᠦ᠎ᠶᠢ ᠪᠡᠶᠡᠯᠡᠭᠦᠯᠵᠦ᠂ ᠨᠥᠬᠥᠪᠦᠷᠢ ᠪᠡᠯᠡ ᠮᠥᠩᠭᠥ᠎ᠶᠢᠨ ᠪᠢᠲᠡᠭᠦᠦ ᠬᠠᠮᠢᠶᠠᠷᠤᠯᠲᠠ᠎ᠶᠢ ᠪᠡᠶᠡᠯᠡᠭᠦᠯᠵᠦ᠂ ᠥᠨᠳᠥᠷ ᠪᠦᠲᠦᠮᠵᠢᠲᠡᠶ᠎ᠪᠡᠷ ᠰᠢᠭᠤᠳ ᠬᠦᠷᠴᠦ᠂ ᠣᠯᠠᠨ ᠲᠦᠮᠡᠨ᠎ᠳᠦ ᠳᠥᠭᠥᠮ ᠳᠥᠲᠡ ᠦᠢᠯᠡᠴᠢᠯᠡᠭᠡ᠎ᠶᠢ ᠨᠠᠩ ᠰᠠᠢᠨ ᠡᠳ᠋ᠯᠡᠭᠦᠯᠬᠦ ᠪᠣᠯᠣᠨ᠎ᠠ᠃
      ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ ᠲᠦᠷᠦ᠎ᠶᠢᠨ ᠪᠣᠳᠣᠯᠭ᠎ᠠ ᠬᠦᠷᠭᠡᠬᠦ᠎ᠡᠴᠡ 《 ᠨᠢᠭᠡ ᠴᠣᠩᠬᠣᠪᠴᠢ᠎ᠳᠤ ᠬᠣᠯᠪᠤᠭᠠᠯᠠᠨ ᠭᠦᠢᠴᠡᠳᠬᠡᠬᠦ 》 ᠭᠣᠭᠴᠣᠭ᠎ᠠ᠎ᠶᠢ ᠪᠠᠭᠠᠰᠬᠠᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠦᠷᠲᠡᠯ᠎ᠡ᠂ ᠲᠠᠬᠢᠭᠠᠳ ᠠᠷᠠᠳᠴᠢᠯᠠᠯ᠎ᠢᠶᠠᠷ ᠬᠢᠨᠠᠯᠲᠠ ᠲᠠᠯᠪᠢᠵᠤ ᠡᠷᠬᠡ ᠲᠡᠭᠰᠢ ᠲᠥᠪ ᠭᠣᠣᠯᠴᠢ᠎ᠶᠢ ᠪᠠᠲᠤᠯᠠᠬᠤ ᠬᠦᠷᠲᠡᠯ᠎ᠡ᠂ ᠬᠥᠬᠡᠬᠣᠲᠠ᠎ᠶᠢᠨ ᠬᠢᠨ ᠢᠮᠠᠭᠲᠠ ᠤᠯᠠᠨ ᠲᠦᠮᠡᠨ᠎ᠦ ᠬᠡᠷᠡᠭᠴᠡᠭᠡ᠎ᠪᠡᠷ ᠤᠳᠤᠷᠢᠳᠤᠮᠵᠢ ᠪᠣᠯᠭᠠᠵᠤ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠬᠠᠮᠲᠤ᠎ᠶᠢᠨ ᠨᠥᠬᠥᠪᠦᠷᠢ᠎ᠶᠢᠨ ᠠᠵᠢᠯ᠎ᠢ ᠦᠷᠭᠦᠯᠵᠢᠯᠡᠨ ᠠᠬᠢᠭᠤᠯᠵᠤ᠂ 《 ᠦᠢᠯᠡᠴᠢᠯᠡᠭᠡ ᠰᠠᠢᠵᠢᠷᠠᠬᠤ 》 ᠪᠡᠷ 《 ᠵᠣᠯ ᠵᠢᠷᠭᠠᠯ᠎ᠤᠨ ᠨᠡᠮᠡᠭᠳᠡᠯ 》᠎ᠢ ᠰᠣᠯᠢᠵᠤ᠂ ᠨᠡᠩ ᠤᠯᠠᠨ ᠬᠤᠳᠠ ᠬᠥᠳᠡᠭᠡ᠎ᠶᠢᠨ ᠰᠠᠭᠤᠭᠠᠯᠢ ᠠᠷᠠᠳ᠎ᠲᠤ ᠨᠡᠩ ᠰᠢᠯᠢᠳᠡᠭ ᠪᠥᠭᠡᠳ ᠳᠥᠭᠥᠮ ᠳᠥᠲᠡ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠬᠠᠩᠭᠠᠬᠤ᠎ᠪᠠᠷ ᠴᠢᠷᠮᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            