ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ᠎ᠶᠢᠨ ᠴᠢᠩᠱᠠᠨ ᠲᠣᠭᠣᠷᠢᠭ᠋᠎ᠤᠨ 《 ᠬᠠᠲᠠᠭᠤ ᠴᠥᠮᠡᠲᠦ ᠬᠣᠲᠠ 》 ᠨᠢ 《 ᠵᠥᠭᠡᠯᠡᠨ ᠬᠠᠯᠠᠮᠵᠢᠯᠠᠯ 》᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2025-12-10

      ᠥᠷᠯᠥᠭᠡ ᠡᠷᠲᠡ᠎ᠶᠢᠨ ᠨᠡᠷᠡᠨ᠎ᠦ ᠬᠡᠷᠡᠯ ᠳᠠᠯᠠᠨ ᠬᠠᠷ᠎ᠠ ᠠᠭᠤᠯᠠ᠎ᠶᠢᠨ ᠣᠷᠣᠢ᠎ᠳᠤ ᠲᠤᠰᠬᠤ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠤᠳᠠ᠎ᠶᠢᠨ ᠴᠢᠩᠱᠠᠨ ᠲᠣᠭᠣᠷᠢᠭ᠋᠎ᠤᠨ ᠲᠦᠷᠭᠡᠨ ᠬᠦᠷᠭᠡᠭᠴᠢ ᠯᠢ ᠠᠪᠤᠭᠠᠢ ᠠᠵᠢᠯ᠎ᠤᠨ ᠪᠠᠢᠷᠢ ᠳᠡᠭᠡᠷ᠎ᠡ᠎ᠪᠡᠨ ᠶᠠᠭᠠᠷᠠᠯᠲᠠᠢ ᠠᠵᠢᠯᠯᠠᠵᠤ ᠡᠬᠢᠯᠡᠵᠡᠢ᠃ ᠡᠨᠡ ᠬᠦ᠌ ᠪᠣᠯᠣᠳ ᠲᠡᠮᠦᠷ᠎ᠦᠨ ᠠᠵᠤ ᠦᠢᠯᠡᠰ᠎ᠢᠶᠡᠷ ᠠᠯᠳᠠᠷᠰᠢᠭ᠍ᠰᠠᠨ ᠠᠵᠤ ᠦᠢᠯᠡᠳᠪᠦᠷᠢ᠎ᠶᠢᠨ ᠬᠦᠴᠦᠷᠬᠡᠭ ᠣᠷᠣᠨ᠎ᠳᠤ᠂ ᠯᠢ ᠠᠪᠤᠭᠠᠢ ᠰᠢᠭ᠋ ᠡᠢᠮᠦ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ ᠨᠡᠢᠳᠡ 8000 ᠭᠠᠷᠤᠢ ᠬᠥᠮᠥᠨ ᠪᠣᠶ᠃ ᠲᠡᠳᠡ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ᠎ᠤ ᠭᠦᠢᠯᠭᠡᠭᠡ᠂ ᠳᠠᠷᠤᠢ ᠲᠦᠷᠭᠡᠨ ᠲᠣᠬᠢᠷᠠᠭᠤᠯᠤᠨ ᠬᠦᠷᠭᠡᠬᠦ ᠵᠡᠷᠭᠡ ᠨᠢᠭᠡᠳᠦᠭᠡᠷ ᠹᠷᠣᠨᠲ᠎ᠲᠤ ᠢᠳᠡᠪᠬᠢᠲᠡᠢ ᠠᠵᠢᠯᠯᠠᠵᠤ᠂ ᠴᠢᠩᠱᠠᠨ ᠲᠣᠭᠣᠷᠢᠭ᠋᠎ᠤᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠤᠯᠭᠠᠭᠤᠷᠢᠯᠠᠬᠤ ᠴᠢᠬᠤᠯᠠ ᠬᠦᠴᠦᠨ ᠪᠣᠯᠤᠭᠰᠠᠨ ᠪᠠᠢᠨ᠎ᠠ᠃ ᠴᠢᠩᠱᠠᠨ ᠲᠣᠭᠣᠷᠢᠭ᠋᠎ᠤᠨ ᠬᠥᠳᠡᠯᠮᠦᠷᠢᠴᠢᠳ᠎ᠦᠨ ᠡᠷᠬᠡ ᠠᠰᠢᠭ᠋ ᠎ᠢ ᠬᠠᠮᠠᠭᠠᠯᠠᠬᠤ ᠦᠢᠯᠡᠴᠢᠯᠡᠭᠡᠨ᠎ᠦ ᠲᠥᠪ ( ᠳᠣᠷᠣᠭ᠍ᠰᠢ 《 ᠲᠥᠪ 》 ᠭᠡᠵᠦ ᠲᠣᠪᠴᠢᠯᠠᠨ᠎ᠠ ) ᠨᠢ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ 《 ᠲᠦᠰᠢᠭ 》 ᠪᠣᠯᠤᠭᠰᠠᠨ᠎ᠤ ᠬᠤᠪᠢ᠎ᠳᠤ ᠂ ᠣᠲᠣ᠌ ᠶᠠᠭ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠦᠢᠯᠡᠴᠢᠯᠡᠭᠡᠨ᠎ᠦ ᠰᠢᠨ᠎ᠡ᠎ᠶᠢ ᠡᠭᠦᠳᠬᠦ᠂ ᠬᠣᠯᠪᠤᠭᠠᠯᠠᠨ ᠬᠥᠳᠡᠯᠦᠯᠴᠡᠵᠦ ᠬᠠᠮᠲᠤ᠎ᠪᠠᠷ ᠵᠠᠰᠠᠬᠤ᠎ᠪᠠᠷ ᠳᠠᠮᠵᠢᠭᠤᠯᠤᠨ᠂ ᠡᠲᠡᠭᠡᠷ ᠰᠢᠷᠭᠠᠭᠤ ᠬᠠᠲᠠᠭᠤᠵᠢᠯᠲᠠᠢ 《 ᠬᠣᠲᠠ᠎ᠶᠢᠨ ᠭᠠᠳᠤᠯᠭᠠᠴᠢ 》᠎ᠳᠤ ᠡᠷᠬᠡ ᠠᠰᠢᠭ᠋᠎ᠢ ᠪᠠᠲᠤᠯᠠᠬᠤ ᠪᠠᠲᠤ ᠪᠡᠬᠢ ᠲᠣᠣᠷ᠎ᠢ ᠰᠦᠯᠵᠢᠵᠦ ᠪᠠᠢᠨ᠎ᠠ᠃
      ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠪᠠᠢᠳᠠᠯ᠎ᠤᠨ ᠬᠦᠷᠢᠶᠡᠨ᠎ᠳᠡᠬᠢ ᠬᠥᠳᠡᠯᠮᠦᠷᠢ᠎ᠶᠢᠨ ᠬᠠᠷᠢᠴᠠᠭ᠎ᠠ᠎ᠶᠢ ᠮᠠᠭᠠᠳᠯᠠᠨ ᠲᠣᠭᠲᠠᠭᠠᠬᠤ᠎ᠳᠤ ᠬᠦᠴᠢᠷᠲᠡᠢ ᠪᠠᠢᠬᠤ ᠠᠰᠠᠭᠤᠳᠠᠯ᠎ᠳᠤ ᠴᠢᠭᠯᠡᠭᠦᠯᠦᠨ᠂ ᠲᠥᠪ ᠬᠣᠯᠪᠣᠭᠠᠲᠤ ᠣᠷᠣᠨ᠎ᠤ ᠰᠢᠭᠦᠬᠦ ᠬᠣᠷᠢᠶ᠎ᠠ 《 ᠲᠠᠰᠤᠯᠬᠤ ᠪᠠ ᠰᠢᠭᠦᠬᠦ᠎ᠶᠢ ᠵᠣᠯᠭᠠᠭᠤᠯᠬᠤ 》 ᠲᠣᠭᠲᠠᠴᠠ᠎ᠶᠢ ᠪᠠᠢᠭᠤᠯᠵᠤ᠂ ᠬᠥᠳᠡᠯᠮᠦᠷᠢ᠎ᠶᠢᠨ ᠬᠠᠷᠢᠴᠠᠭ᠎ᠠ᠎ᠶᠢ ᠨᠤᠲᠠᠯᠠᠬᠤ ᠬᠡᠷᠡᠭ᠎ᠦᠨ ᠰᠢᠭᠦᠨ ᠲᠠᠰᠤᠯᠬᠤ ᠪᠠᠷᠢᠮᠵᠢᠶ᠎ᠠ᠎ᠪᠠᠷ ᠯᠠᠪᠯᠠᠯᠲᠠ ᠪᠣᠯᠭᠠᠵᠤ᠂ 《 ᠠᠵᠢᠯ᠎ᠤᠨ ᠠᠭᠤᠯᠭ᠎ᠠ᠎ᠶᠢᠨ ᠬᠠᠷᠢᠶᠠᠯᠠᠯ᠂ ᠬᠠᠮᠢᠶᠠᠷᠴᠤ ᠵᠠᠬᠢᠷᠬᠤ ᠬᠠᠷᠢᠴᠠᠭ᠎ᠠ᠂ ᠬᠥᠯᠥᠰᠦ ᠣᠯᠭᠣᠮᠵᠢ ᠥᠭᠬᠦ ᠵᠢᠮ᠎ᠡ ᠶᠣᠰᠣ᠌ 》 ᠵᠡᠷᠭᠡ ᠮᠠᠭᠠᠳᠯᠠᠨ ᠲᠣᠭᠲᠠᠭᠠᠬᠤ ᠭᠤᠷᠪᠠᠨ ᠶᠡᠬᠡ ᠴᠢᠬᠤᠯᠠ ᠨᠥᠬᠥᠴᠡᠯ᠎ᠢ ᠲᠣᠳᠣᠷᠬᠠᠢᠯᠠᠪᠠ᠃
      ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ ᠲᠠᠯ᠎ᠠ᠎ᠪᠠᠷ᠂ ᠲᠣᠰ ᠲᠥᠪ ᠨᠢ ᠰᠢᠨ᠎ᠡ᠎ᠶᠢ ᠡᠭᠦᠳᠦᠨ 《 ᠲᠥᠷᠥ᠎ᠶᠢᠨ ᠪᠣᠳᠣᠯᠭ᠎ᠠ᠎ᠶᠢᠨ ᠰᠢᠭᠤᠳ ᠨᠡᠪᠲᠡᠷᠡᠬᠦ ᠲᠡᠷᠭᠡ 》 ᠵᠢᠨ ᠦᠢᠯᠡᠴᠢᠯᠡᠭᠡ ᠭᠠᠷᠭᠠᠵᠤ᠂ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ ᠂ ᠨᠡᠢᠭᠡᠮ ᠲᠣᠭᠣᠷᠢᠭ᠋ ᠂ ᠰᠤᠷᠭᠠᠭᠤᠯᠢ᠎ᠳᠤ ᠬᠦᠷᠴᠦ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ᠂ ᠲᠤᠰᠬᠠᠢ ᠮᠡᠷᠭᠡᠵᠢᠯ᠎ᠦᠨ ᠲᠥᠷᠥ᠎ᠶᠢᠨ ᠪᠣᠳᠣᠯᠭ᠎ᠠ᠎ᠶᠢ 《 ᠦᠵᠡᠮᠡᠭᠴᠡ ᠣᠢᠯᠠᠭᠠᠬᠤ 》 ᠴᠤᠪᠤᠷᠠᠯ ᠵᠢᠷᠤᠭ᠎ᠤᠨ ᠲᠠᠢᠯᠪᠤᠷᠢ ᠪᠣᠯᠭᠠᠨ ᠬᠤᠪᠢᠷᠠᠭᠤᠯᠵᠤ ᠂ ᠲᠠᠪᠴᠠᠩ᠎ᠤᠨ ᠠᠵᠢᠯᠲᠠᠨ᠎ᠢ ᠨᠡᠶ᠋ᠢᠲᠡ 3000 ᠭᠠᠷᠤᠢ ᠬᠥᠮᠥᠨ ᠤᠳᠠᠭ᠎ᠠ ᠬᠠᠮᠤᠷᠪᠠ ᠃
《 ᠥᠩᠭᠡᠷᠡᠭᠰᠡᠨ᠎ᠳᠦ ᠡᠷᠬᠡ᠎ᠪᠡᠨ ᠬᠠᠮᠠᠭᠠᠯᠠᠬᠤ᠎ᠳᠦ ᠤᠯᠠᠨ ᠤᠳᠠᠭ᠎ᠠ ᠭᠦᠶᠦᠳᠡᠭ ᠪᠠᠢᠭᠰᠠᠨ ᠪᠣᠯ ᠣᠳᠣ᠌ ᠭᠡᠷ᠎ᠦᠨ ᠡᠭᠦᠳᠡᠨ᠎ᠳᠡᠭᠡᠨ ᠰᠢᠢᠳᠪᠦᠷᠢᠯᠡᠴᠢᠬᠡᠬᠦ ᠶᠤᠮ 》 ᠃ ᠪᠠᠷᠠᠭᠠᠨ᠎ᠤ ᠲᠡᠭᠡᠭᠡᠪᠦᠷᠢ᠎ᠶᠢᠨ ᠵᠢᠯᠣᠭᠣᠴᠢ ᠴᠧᠨ ᠭᠤᠸᠠᠢ᠎ᠶᠢᠨ ᠡᠳᠡᠭᠡᠷ ᠦᠭᠡ ᠨᠢ ᠮᠠᠰᠢ ᠣᠯᠠᠨ ᠰᠢᠨ᠎ᠡ ᠬᠡᠯᠪᠡᠷᠢ᠎ᠶᠢᠨ ᠬᠥᠳᠡᠯᠮᠦᠷᠢᠴᠢᠳ᠎ᠦᠨ ᠰᠡᠳᠬᠢᠯ᠎ᠦᠨ ᠦᠭᠡ᠎ᠶᠢ ᠬᠡᠯᠡᠭᠰᠡᠨ ᠪᠠᠢᠨ᠎ᠠ ᠃ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠰᠢᠯᠵᠢᠩᠭᠦᠢ ᠴᠢᠨᠠᠷ᠎ᠢᠶᠠᠷ ᠴᠢᠩᠭ᠎ᠠ᠂ ᠴᠠᠭ ᠬᠤᠭᠤᠴᠠᠭ᠎ᠠ ᠨᠢ ᠬᠡᠰᠡᠭ ᠪᠤᠰᠠᠭ ᠪᠠᠢᠬᠤ ᠣᠨᠴᠠᠯᠢᠭ᠋᠎ᠲᠤ ᠴᠢᠭᠯᠡᠭᠦᠯᠦᠨ᠂ ᠭᠣᠣᠯᠳᠠᠯᠭ᠎ᠠ᠎ᠲᠠᠢ ᠣᠷᠣᠨ ᠪᠦᠰᠡ᠎ᠳᠦ 5 《 ᠨᠡᠭᠦᠳᠡᠯ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠦᠷᠳᠡᠭᠡ 》 ᠪᠠᠢᠭᠤᠯᠵᠤ᠂ ᠠᠪᠴᠤ ᠶᠠᠪᠤᠬᠤ᠎ᠳᠤ ᠳᠥᠭᠥᠮ ᠬᠡᠯᠪᠡᠷᠢ᠎ᠶᠢᠨ ᠥᠪᠡᠷᠲᠡᠭᠡᠨ ᠦᠢᠯᠡᠴᠢᠯᠡᠬᠦ ᠦᠵᠦᠭᠦᠷᠯᠢᠭ᠎ᠢ ᠲᠣᠬᠢᠷᠠᠭᠤᠯᠵᠤ᠂ ᠡᠷᠬᠡ ᠠᠰᠢᠭ᠋᠎ᠤᠨ ᠯᠠᠪᠯᠠᠯᠭ᠎ᠠ ᠥᠭᠬᠦ᠂ ᠬᠡᠷᠡᠭ ᠮᠡᠳᠡᠭᠦᠯᠬᠦ ᠵᠡᠷᠭᠡ ᠲᠤᠬᠠᠢᠯᠠᠭᠰᠠᠨ ᠠᠵᠢᠯ᠎ᠢ 《 ᠣᠢᠷ᠎ᠠ ᠬᠠᠪᠢ᠎ᠳᠠᠭᠠᠨ ᠭᠦᠢᠴᠡᠳᠬᠡᠬᠦ᠂ ᠳᠠᠷᠤᠢ ᠳ᠋ᠤᠨᠢ ᠭᠦᠢᠴᠡᠳᠬᠡᠬᠦ 》 ᠶ᠋ᠢ ᠪᠡᠶᠡᠯᠡᠭᠦᠯᠪᠡ᠃
      ᠡᠭᠦᠨ᠎ᠡᠴᠡ ᠭᠠᠳᠠᠨ᠎ᠠ᠂ ᠲᠥᠪ᠎ᠡᠴᠡ ᠨᠡᠭᠡᠭᠡᠨ ᠬᠥᠭᠵᠢᠭᠦᠯᠦᠭᠰᠡᠨ 《 ᠳᠥᠲᠡ ᠵᠠᠭᠠᠯᠳᠤᠯᠭ᠎ᠠ 》 ᠵᠢᠵᠢᠭ ᠫᠷᠣᠭ᠌ᠷᠠᠮ ᠨᠢ ᠥᠩᠭᠡᠷᠡᠭᠰᠡᠨ᠎ᠦ ᠵᠠᠭᠠᠯᠳᠤᠯᠭ᠎ᠠ᠎ᠳᠤ ᠡᠷᠬᠡᠪᠰᠢ ᠲᠣᠰ ᠬᠥᠮᠥᠨ ᠨᠢ ᠲᠤᠬᠠᠢ᠎ᠶᠢᠨ ᠲᠠᠯᠠᠪᠤᠷ᠎ᠲᠤ ᠢᠷᠡᠬᠦ ᠬᠡᠷᠡᠭᠲᠡᠢ ᠪᠠᠢᠭᠰᠠᠨ ᠳᠥᠭᠥᠮ ᠦᠭᠡᠢ ᠪᠠᠢᠳᠠᠯ᠎ᠢ ᠰᠢᠢᠳᠪᠦᠷᠢᠯᠡᠵᠡᠢ᠃ ᠰᠢᠰᠲᠧᠮ ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠬᠡᠷᠡᠭ᠎ᠢ ᠳᠤᠮᠳᠠᠴᠢ᠎ᠪᠠᠷ ᠰᠢᠢᠳᠪᠦᠷᠢᠯᠡᠬᠦ ᠴᠠᠭ᠎ᠢ 15 ᠡᠳᠦᠷ ᠪᠠᠢᠭᠰᠠᠨ᠎ᠠᠴᠠ 7 ᠡᠳᠦᠷ ᠪᠣᠯᠭᠠᠨ ᠪᠣᠭᠣᠨᠢᠰᠬᠠᠵᠠᠢ᠃ ᠡᠨᠡ ᠵᠢᠯ᠎ᠦᠨ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠲᠥᠪ᠎ᠡᠴᠡ ᠲᠤᠰᠬᠠᠢᠯᠠᠨ 《 ᠴᠠᠯᠢᠩ ᠎ᠢ ᠬᠠᠮᠠᠭᠠᠯᠠᠬᠤ ᠰᠠᠭᠠᠳ ᠦᠭᠡᠢ ᠨᠡᠪᠲᠡᠷᠡᠬᠦ ᠵᠠᠮ 》᠎ᠢ ᠨᠡᠭᠡᠭᠡᠵᠦ᠂ ᠲᠤᠰᠬᠠᠢ ᠬᠥᠮᠥᠨ ᠲᠣᠬᠢᠷᠠᠭᠤᠯᠤᠨ 24 ᠴᠠᠭ᠎ᠢᠶᠠᠷ ᠠᠵᠢᠯᠯᠠᠵᠤ᠂ ᠴᠠᠯᠢᠩ ᠥᠷᠢᠲᠦᠬᠦ᠎ᠳᠦ ᠬᠣᠯᠪᠣᠭᠳᠠᠭᠰᠠᠨ ᠬᠡᠷᠡᠭ᠎ᠢ 48 ᠴᠠᠭ᠎ᠤᠨ ᠳᠣᠲᠣᠷ᠎ᠠ ᠡᠶᠡᠳᠡᠭᠦᠯᠭᠡ ᠬᠢᠨ᠎ᠡ ᠭᠡᠵᠦ ᠠᠮᠠᠯᠠᠭᠰᠠᠨ ᠪᠠᠢᠨ᠎ᠠ᠃
      ᠴᠢᠩᠱᠠᠨ ᠲᠣᠭᠣᠷᠢᠭ᠋᠎ᠲᠤ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ ᠨᠢ 《 ᠭᠠᠭᠴᠠᠭᠠᠷ᠎ᠢᠶᠠᠨ ᠲᠡᠮᠡᠴᠡᠬᠦ 》 ᠶᠠᠪᠤᠳᠠᠯ ᠪᠢᠰᠢ ᠶᠤᠮ᠃ ᠲᠥᠪ᠎ᠡᠴᠡ ᠲᠦᠷᠦᠭᠦᠯᠡᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠳᠣᠲᠣᠭᠠᠳᠤ᠎ᠶᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠦᠨ ᠣᠷᠣᠯᠴᠠᠭᠰᠠᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢᠭᠤᠯᠵᠤ ᠂ ᠴᠠᠯᠢᠩ ᠥᠷᠢᠲᠦᠬᠦ᠎ᠶᠢ ᠰᠡᠷᠡᠮᠵᠢᠯᠡᠭᠦᠯᠬᠦ ᠲᠣᠭ᠎ᠠ ᠪᠠᠷᠢᠮᠲᠠ᠎ᠳᠤ ᠰᠠᠷ᠎ᠠ ᠪᠦᠷᠢ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠨ᠎ᠡ᠃ ᠭᠣᠣᠯᠳᠠᠯᠭ᠎ᠠ᠎ᠲᠠᠢ ᠨᠢᠭᠡᠴᠢ᠎ᠳᠦ ᠴᠢᠭᠯᠡᠭᠦᠯᠦᠨ᠂ ᠲᠥᠪ᠎ᠡᠴᠡ 《 ᠲᠣᠭᠲᠠᠭᠠᠯ᠎ᠳᠤ ᠨᠡᠢᠴᠡᠭᠦᠯᠦᠨ ᠠᠵᠢᠯᠴᠢᠨ ᠬᠡᠷᠡᠭᠯᠡᠬᠦ ᠪᠡᠶ᠎ᠡ᠎ᠶᠢᠨ ᠪᠠᠢᠴᠠᠭᠠᠯᠲᠠ 》᠎ᠶᠢ ᠢᠳᠡᠪᠬᠢᠲᠡᠢ ᠥᠷᠨᠢᠭᠦᠯᠵᠦ᠂ ᠠᠵᠤ ᠠᠬᠤᠢᠯᠠᠯ᠎ᠢ ᠬᠠᠪᠰᠤᠷᠤᠨ ᠠᠵᠢᠯᠴᠢᠨ ᠬᠡᠷᠡᠭᠯᠡᠬᠦ ᠳᠦᠷᠢᠮ᠎ᠢ ᠲᠡᠭᠦᠯᠳᠡᠷᠵᠢᠭᠦᠯᠵᠦ᠂ ᠬᠥᠳᠡᠯᠮᠦᠷᠢ᠎ᠶᠢᠨ ᠮᠠᠷᠭᠤᠯᠳᠤᠭᠠᠨ ᠡᠭᠦᠰᠬᠦ᠎ᠶᠢ ᠡᠬᠢ ᠡᠭᠦᠰᠦᠯ᠎ᠡᠴᠡ ᠨᠢ ᠰᠡᠷᠭᠡᠢᠯᠡᠨ ᠪᠠᠭᠠᠰᠬᠠᠪᠠ᠃
      《 ᠪᠣᠯᠣᠳ ᠲᠡᠮᠦᠷ᠎ᠦᠨ ᠤᠷᠤᠰᠬᠠᠯ᠎ᠠᠴᠠ ᠲᠣᠭᠠᠴᠢᠯᠠᠭᠰᠠᠨ ᠤᠷᠤᠰᠬᠠᠯ ᠬᠦᠷᠲᠡᠯ᠎ᠡ᠂ ᠴᠢᠩᠱᠠᠨ ᠲᠣᠭᠣᠷᠢᠭ᠋᠎ᠤᠨ ᠤᠳᠠᠭ᠎ᠠ ᠪᠦᠷᠢ᠎ᠶᠢᠨ ᠠᠵᠤ ᠦᠢᠯᠡᠰ᠎ᠦᠨ ᠳᠡᠰ ᠳᠡᠪᠰᠢᠬᠦ ᠨᠢ ᠴᠥᠮ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠬᠤ ᠰᠢᠰᠲᠧᠮ᠎ᠤᠨ ᠠᠯᠬᠤᠮ ᠠᠯᠬᠤᠮ᠎ᠢᠶᠠᠷ ᠲᠡᠭᠦᠯᠳᠡᠷᠵᠢᠬᠦ ᠲᠠᠢ ᠬᠣᠯᠪᠣᠭᠳᠠᠵᠤ᠂ ᠪᠢᠳᠡ 〈 ᠴᠠᠭ ᠢᠮᠠᠭᠲᠠ ᠰᠠᠨᠠᠭᠠᠰᠢᠷᠠᠬᠤ 〉 ᠬᠠᠷᠢᠭᠤᠴᠠᠯᠭᠠᠲᠤ ᠰᠡᠳᠬᠢᠯᠭᠡ᠎ᠪᠡᠷ ᠲᠦᠷᠦ᠎ᠶᠢᠨ ᠪᠣᠳᠣᠯᠭ᠎ᠠ᠎ᠶᠢᠨ ᠳᠠᠪᠠᠭᠤᠯᠢᠭ᠋᠎ᠢ ᠦᠢᠯᠡᠴᠢᠯᠡᠭᠡᠨ᠎ᠦ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ ᠨᠢᠭᠡᠪᠦᠷᠢ᠎ᠳᠦ 〈 ᠬᠠᠲᠠᠭᠤ ᠴᠥᠮ᠎ᠡ᠎ᠶᠢᠨ ᠠᠵᠤ ᠦᠢᠯᠡᠰ 〉᠎ᠤᠨ ᠠᠷᠤ᠎ᠳᠤ 〈ᠤᠶᠠᠨ ᠵᠥᠭᠡᠯᠡᠨ ᠬᠠᠯᠠᠮᠵᠢᠯᠠᠯ 〉᠎ᠢ ᠬᠦᠷᠲᠡᠭᠡᠨ᠎ᠡ 》 ᠭᠡᠵᠦ ᠴᠢᠩᠱᠠᠨ ᠲᠣᠭᠣᠷᠢᠭ᠋᠎ᠤᠨ ᠬᠥᠳᠡᠯᠮᠦᠷᠢᠴᠢᠳ᠎ᠦᠨ ᠡᠷᠬᠡ ᠠᠰᠢᠭ᠋᠎ᠢ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            