ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ᠎ᠶᠢᠨ ᠭᠣᠣᠯ ᠠᠢᠮᠠᠭ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 《 ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ ᠨᠡᠪᠴᠢᠬᠦᠯᠦᠬᠦᠷ᠂ ᠦᠢᠯᠡᠰ ᠪᠣᠰᠬᠠᠬᠤ ᠠᠵᠢᠯᠯᠠᠭ᠎ᠠ 》 ᠵᠢᠨ ᠳᠥᠷᠪᠡᠨ ᠰᠢᠨ᠎ᠡ᠎ᠶᠢ ᠡᠭᠦᠳᠬᠦ᠎ᠶᠢ ᠬᠣᠯᠪᠣᠯᠳᠤᠭᠤᠯᠤᠭᠰᠠᠨ ᠳᠡᠮᠵᠢᠯᠭᠡ᠎ᠶᠢᠨ ᠰᠢᠰᠲᠧᠮᠵᠢ᠎ᠶᠢ ᠪᠥᠬᠥ ᠬᠦᠴᠦᠨ᠎ᠢᠶᠡᠷ᠎ᠢᠶᠡᠨ ᠪᠠᠢᠭᠤᠯᠵᠤ᠂ ᠪᠣᠳᠠᠲᠠᠢ᠎ᠶᠢ ᠡᠷᠬᠢᠮᠯᠡᠬᠦ ᠠᠷᠭ᠎ᠠ ᠬᠡᠮᠵᠢᠶ᠎ᠡ᠎ᠪᠡᠷ ᠪᠥᠬᠥ ᠨᠡᠢᠭᠡᠮ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠳᠠᠬᠢᠨ᠎ᠢᠶᠠᠷ ᠨᠡᠮᠡᠭᠳᠡᠭᠦᠯᠬᠦ ᠦᠢᠯᠡᠳᠦᠯ᠎ᠢ ᠪᠦᠲᠦᠮᠵᠢᠲᠡᠶ ᠪᠠᠳᠠᠷᠠᠭᠤᠯᠪᠠ᠃
ᠰᠢᠯᠢ᠎ᠶᠢᠨ ᠭᠣᠣᠯ ᠠᠢᠮᠠᠭ᠎ᠤᠨ ᠬᠢᠨ ᠦᠢᠯᠡᠰ ᠪᠣᠰᠬᠠᠬᠤ ᠪᠣᠯᠪᠠᠰᠤᠷᠠᠯ᠎ᠤᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠷᠠᠯ᠎ᠢ ᠦᠢᠯᠡᠰ ᠪᠣᠰᠬᠠᠬᠤ ᠬᠦᠰᠡᠯ ᠰᠠᠨᠠᠭ᠎ᠠ᠎ᠶᠢ ᠬᠥᠭᠵᠢᠭᠡᠬᠦ᠂ ᠦᠢᠯᠡᠰ ᠪᠣᠰᠬᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠡᠷᠢᠭᠦᠨ ᠴᠢᠬᠤᠯᠠ ᠭᠣᠭᠴᠣᠭ᠎ᠠ ᠪᠣᠯᠭᠠᠪᠠ᠃ ᠬᠠᠨᠳᠤᠯᠭᠠᠲᠤ ᠴᠢᠨᠠᠷ᠎ᠢᠶᠠᠷ ᠴᠢᠩᠭ᠎ᠠ᠂ ᠬᠡᠷᠡᠭᠯᠡᠭᠡᠨ᠎ᠦ ᠴᠢᠨᠠᠷ᠎ᠢᠶᠠᠷ ᠥᠨᠳᠥᠷ ᠦᠢᠯᠡᠰ ᠪᠣᠰᠬᠠᠬᠤ ᠪᠣᠯᠪᠠᠰᠤᠷᠠᠯ᠎ᠤᠨ ᠠᠩᠭᠢ ᠡᠷᠭᠢᠯᠡᠬᠦ᠎ᠪᠡᠷ ᠳᠡᠮᠵᠢᠨ᠂ 1680 ᠰᠣᠷᠣᠭ᠍ᠴᠢ᠎ᠶᠢ ᠠᠮᠵᠢᠯᠲᠠ᠎ᠲᠠᠢ ᠪᠣᠯᠪᠠᠰᠤᠷᠠᠭᠤᠯᠪᠠ ; ᠪᠣᠯᠪᠠᠰᠤᠷᠠᠯ᠎ᠤᠨ ᠳᠠᠷᠠᠭ᠎ᠠ 465 ᠬᠥᠮᠥᠨ ᠠᠮᠵᠢᠯᠲᠠ᠎ᠲᠠᠢ᠎ᠪᠠᠷ ᠦᠢᠯᠡᠰ ᠪᠣᠰᠬᠠᠭᠰᠠᠨ ᠪᠥᠭᠡᠳ 503 ᠬᠥᠮᠥᠨ᠎ᠢ ᠳᠠᠶ᠋ᠢᠴᠢᠯᠠᠨ ᠠᠵᠢᠯ ᠣᠯᠭᠣᠭᠰᠠᠨ ᠪᠠᠢᠨ᠎ᠠ᠃
《 ᠦᠢᠯᠡᠰ ᠪᠣᠰᠬᠠᠬᠤ ᠪᠣᠯᠪᠠᠰᠤᠷᠠᠯ᠎ᠤᠨ ᠠᠩᠭᠢ ᠳᠡᠯᠭᠡᠭᠦᠷ ᠨᠡᠭᠡᠭᠡᠬᠦ ᠪᠡᠯᠡᠳᠬᠡᠯ᠂ ᠪᠠᠷᠠᠭ᠎ᠠ ᠰᠣᠩᠭᠣᠬᠤ᠂ ᠲᠠᠸᠠᠷ᠎ᠤᠨ ᠦᠵᠡᠭᠦᠯᠭᠡ ᠵᠡᠷᠭᠡ ᠠᠭᠤᠯᠭ᠎ᠠ᠎ᠶᠢ ᠤᠯᠠᠮᠵᠢᠯᠠᠵᠤ᠂ ᠦᠢᠯᠡᠰ ᠪᠣᠰᠬᠠᠬᠤ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ᠎ᠶᠢ ᠨᠠᠷᠢᠨ ᠲᠠᠢᠯᠪᠤᠷᠢᠯᠠᠬᠤ᠎ᠪᠠᠷ ᠪᠠᠷᠠᠬᠤ ᠦᠭᠡᠢ ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠴᠦ᠍ ᠪᠢᠳᠡᠨ᠎ᠢ ᠬᠠᠪᠰᠤᠷᠤᠨ ᠡᠯᠧᠺᠲᠷᠣᠨ ᠬᠤᠳᠠᠯᠳᠤᠭᠠᠨ᠎ᠤ ᠡᠬᠢ ᠪᠠᠶᠠᠯᠢᠭ᠋᠎ᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ ᠪᠠᠢᠨ᠎ᠠ 》 ᠭᠡᠵᠦ ᠪᠣᠯᠪᠠᠰᠤᠷᠠᠯ᠎ᠢᠶᠠᠨ ᠰᠠᠶᠢᠬᠠᠨ ᠲᠡᠭᠦᠰᠬᠡᠭᠰᠡᠨ ᠪᠥᠭᠡᠳ ᠰᠦᠯᠵᠢᠶᠡᠨ᠎ᠦ ᠰᠢᠭᠤᠳ ᠨᠡᠪᠲᠡᠷᠡᠭᠦᠯᠭᠡ᠎ᠪᠡᠨ ᠠᠮᠵᠢᠯᠲᠠ᠎ᠲᠠᠢ ᠡᠬᠢᠯᠡᠭᠦᠯᠦᠭᠰᠡᠨ ᠰᠤᠷᠤᠭ᠍ᠴᠢ ᠸᠠᠩ ᠠᠪᠤᠭᠠᠢ ᠰᠡᠳᠬᠢᠯ ᠬᠥᠳᠡᠯᠦᠨ ᠬᠡᠯᠡᠪᠡ᠃
ᠦᠢᠯᠡᠰ ᠪᠣᠰᠬᠠᠭ᠍ᠴᠢ᠎ᠶᠢᠨ ᠪᠡᠯᠡ ᠮᠥᠩᠭᠥ᠎ᠶᠢᠨ ᠬᠦᠴᠢᠷᠳᠡᠯ᠎ᠢ ᠰᠢᠢᠳᠪᠦᠷᠢᠯᠡᠬᠦ᠎ᠶᠢᠨ ᠲᠥᠯᠥᠭᠡ᠂ ᠰᠢᠯᠢ᠎ᠶᠢᠨ ᠭᠣᠣᠯ ᠠᠢᠮᠠᠭ᠎ᠤᠨ ᠬᠢᠨ ᠦᠢᠯᠡᠰ ᠪᠣᠰᠬᠠᠬᠤ ᠲᠠᠭᠠᠭᠠᠯᠳᠠᠳᠤᠤ ᠵᠢᠭᠡᠯᠡᠯᠭᠡ ᠲᠠᠯᠪᠢᠬᠤ ᠡᠷᠴᠢᠮ᠎ᠢᠶᠡᠨ ᠴᠢᠩᠭᠠᠷᠠᠭᠤᠯᠵᠤ᠂ ᠲᠡᠳᠡᠨ᠎ᠦ 《 ᠴᠢᠰᠤ ᠶᠡᠭᠦᠯᠡᠵᠦ ᠴᠢᠰᠤ ᠰᠠᠢᠵᠢᠷᠠᠭᠤᠯᠬᠤ 》 ᠦᠢᠯᠡᠳᠦᠯ᠎ᠢ ᠭᠦᠢᠴᠡᠳ ᠪᠠᠳᠠᠷᠠᠭᠤᠯᠪᠠ᠃ ᠢᠳᠡᠭᠡᠨ ᠤᠮᠳᠠᠭᠠᠨ᠎ᠤ ᠠᠵᠢᠯ ᠬᠢᠵᠦ ᠪᠠᠢᠭ᠎ᠠ ᠱᠢ ᠠᠪᠤᠭᠠᠢ ᠪᠣᠯ ᠳᠠᠷᠤᠢ ᠠᠰᠢᠭ᠋ ᠬᠦᠷᠲᠡᠭᠴᠢ᠎ᠶᠢᠨ ᠨᠢᠭᠡ ᠨᠢ ᠮᠥᠨ᠃ ᠲᠤᠬᠠᠢ᠎ᠶᠢᠨ ᠭᠠᠵᠠᠷ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠬᠠᠪᠰᠤᠷᠤᠯᠭ᠎ᠠ᠎ᠪᠠᠷ ᠲᠡᠷᠡ 359 ᠲᠦᠮᠡᠨ ᠲᠥᠭᠥᠷᠢᠭ᠎ᠦᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢ ᠠᠮᠵᠢᠯᠲᠠ᠎ᠲᠠᠢ᠎ᠪᠠᠷ ᠭᠤᠶᠤᠴᠢᠯᠠᠵᠤ᠂ ᠬᠣᠶᠠᠳᠤᠭᠠᠷ ᠳᠡᠯᠭᠡᠭᠦᠷ᠎ᠢᠶᠡᠨ ᠤᠷᠤᠭᠰᠢᠲᠠᠢ᠎ᠪᠠᠷ ᠨᠡᠭᠡᠭᠡᠵᠡᠢ᠃ ᠣᠳᠣᠬᠠᠨ᠎ᠳᠤ ᠬᠣᠭᠣᠯᠠᠨ ᠲᠢᠩᠬᠢᠮ᠎ᠦᠨ ᠡᠵᠡᠩᠨᠡᠯᠲᠡ᠎ᠶᠢᠨ ᠪᠠᠢᠳᠠᠯ ᠨᠡᠯᠢᠶᠡᠳ ᠰᠠᠢᠨ ᠪᠠᠢᠵᠤ᠂ ᠪᠠᠰᠠ 32 ᠬᠥᠮᠥᠨ᠎ᠦ ᠠᠵᠢᠯ ᠣᠯᠭᠣᠯᠲᠠ᠎ᠶᠢ ᠳᠠᠶ᠋ᠢᠴᠢᠯᠠᠵᠤ ᠪᠠᠢᠨ᠎ᠠ᠃ ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠠᠢᠮᠠᠭ᠎ᠤᠨ ᠬᠢᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ 6919.5 ᠲᠦᠮᠡᠨ ᠲᠥᠭᠥᠷᠢᠭ ᠲᠠᠷᠬᠠᠭᠠᠵᠤ᠂ ᠦᠢᠯᠡᠰ ᠪᠣᠰᠬᠠᠭ᠍ᠴᠢ ᠪᠠ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠳᠠᠷᠤᠯᠲᠠ᠎ᠶᠢ ᠪᠦᠲᠦᠮᠵᠢᠲᠡᠶ ᠬᠥᠩᠭᠡᠷᠡᠭᠦᠯᠪᠡ᠃
ᠰᠢᠯᠢ᠎ᠶᠢᠨ ᠭᠣᠣᠯ ᠠᠢᠮᠠᠭ ᠨᠢ ᠦᠢᠯᠡᠰ ᠪᠣᠰᠬᠠᠬᠤ ᠬᠦᠷᠢᠶᠡᠯᠡᠩ ( ᠨᠡᠪᠴᠢᠭᠦᠯᠬᠦ ᠰᠠᠭᠤᠷᠢᠨ ᠭᠠᠵᠠᠷ )᠎ᠤᠨ ᠠᠴᠢᠶᠠᠯᠠᠪᠤᠷᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠦᠷᠢᠶᠡᠰᠦᠨ ᠮᠥᠩᠭᠥ᠎ᠶᠢ ᠬᠠᠰᠤᠵᠤ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ᠎ᠪᠡᠷ ᠦᠢᠯᠡᠰ ᠪᠣᠰᠬᠠᠬᠤ ᠪᠣᠯᠪᠠᠰᠤᠷᠠᠯ ᠪᠠ ᠵᠢᠯᠣᠭᠣᠳᠤᠯᠭ᠎ᠠ ᠬᠠᠩᠭᠠᠬᠤ ᠵᠡᠷᠭᠡ ᠲᠡᠳᠬᠦᠬᠦ ᠲᠥᠷᠥ᠎ᠶᠢᠨ ᠪᠣᠳᠣᠯᠭ᠎ᠠ᠎ᠶᠢ ᠢᠳᠡᠪᠬᠢᠲᠡᠢ ᠨᠠᠢᠳᠠᠪᠤᠷᠢᠵᠢᠭᠤᠯᠤᠨ᠂ ᠠᠩᠬ᠎ᠠ ᠡᠭᠦᠳᠦᠭᠰᠡᠨ ᠠᠵᠤ ᠠᠬᠤᠢᠯᠠᠯ᠎ᠳᠤ ᠥᠪᠡᠷ᠎ᠦᠨ ᠥᠷᠲᠡᠭ᠎ᠢᠶᠡᠷ ᠳᠣᠣᠷ᠎ᠠ᠂ ᠪᠥᠬᠥ ᠬᠦᠴᠦᠨ ᠵᠦᠢᠯ᠎ᠲᠠᠢ᠂ ᠳᠥᠭᠥᠮ ᠳᠥᠲᠡ ᠦᠰᠦᠨ ᠪᠣᠢᠵᠢᠬᠤ ᠣᠷᠴᠢᠨ ᠲᠣᠭᠣᠷᠢᠨ᠎ᠢ ᠪᠣᠶ ᠪᠣᠯᠭᠠᠵᠤ ᠥᠭᠭᠦᠭᠰᠡᠨ ᠪᠠᠢᠨ᠎ᠠ᠃ ᠰᠣᠶᠣᠯ᠎ᠤᠨ ᠡᠭᠦᠳᠦᠯᠲᠡ᠎ᠶᠢᠨ ᠵᠢᠷᠤᠭ ᠲᠥᠯᠥᠪᠯᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠭᠰᠡᠨ ᠠᠩᠬ᠎ᠠ ᠡᠭᠦᠳᠦᠯᠲᠡ᠎ᠶᠢᠨ ᠪᠦᠯᠬᠦᠮ᠎ᠦᠨ ᠬᠠᠷᠢᠭᠤᠴᠠᠯᠭᠠᠲᠠᠨ᠄ 《 ᠦᠢᠯᠡᠰ ᠪᠣᠰᠬᠠᠬᠤ ᠬᠦᠷᠢᠶᠡᠯᠡᠩ᠎ᠳᠦ ᠣᠷᠣᠵᠤ ᠰᠠᠭᠤᠭᠰᠠᠨ ᠨᠢ ᠠᠩᠬᠠᠨ᠎ᠤ ᠬᠤᠭᠤᠴᠠᠭᠠᠨ᠎ᠤ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠠᠷᠪᠢᠯᠠᠭᠰᠠᠨ᠎ᠢᠶᠠᠷ ᠪᠠᠷᠠᠬᠤ ᠦᠭᠡᠢ᠂ ᠨᠠᠩ ᠴᠢᠬᠤᠯᠠ ᠨᠢ ᠲᠤᠰᠬᠠᠢ ᠮᠡᠷᠭᠡᠵᠢᠯ᠎ᠦᠨ ᠦᠢᠯᠡᠰ ᠪᠣᠰᠬᠠᠬᠤ ᠵᠢᠯᠣᠭᠣᠳᠤᠯᠭ᠎ᠠ ᠪᠠ ᠡᠯᠪᠡᠭ ᠪᠠᠶᠠᠯᠢᠭ᠋ ᠡᠬᠢ ᠪᠠᠶᠠᠯᠢᠭ᠋᠎ᠢ ᠵᠣᠯᠭᠠᠭᠤᠯᠬᠤ ᠲᠣᠬᠢᠶᠠᠯ᠎ᠢ ᠣᠯᠵᠤ᠂ ᠪᠢᠳᠡᠨ᠎ᠢ ᠮᠤᠷᠤᠢ ᠵᠠᠮ᠎ᠢᠶᠠᠷ ᠳᠤᠲᠠᠭᠤ ᠵᠠᠮᠨᠠᠭᠤᠯᠤᠭᠰᠠᠨ ᠶᠠᠪᠤᠳᠠᠯ ᠪᠣᠯᠣᠨ᠎ᠠ 》 ᠭᠡᠵᠡᠢ᠃ ᠣᠲᠣ᠌ ᠪᠣᠯᠲᠠᠯ᠎ᠠ᠂ ᠪᠥᠬᠥ ᠠᠢᠮᠠᠭ᠎ᠤᠨ ᠦᠢᠯᠡᠰ ᠪᠣᠰᠬᠠᠬᠤ ᠨᠡᠪᠴᠢᠭᠦᠯᠬᠦ ᠠᠴᠢᠶᠠᠯᠠᠪᠤᠷᠢ᠎ᠶᠢᠨ ᠳᠣᠲᠣᠭᠠᠳᠤ᠎ᠳᠠᠭᠠᠨ ᠨᠡᠪᠴᠢᠭᠦᠯᠦᠨ ᠦᠢᠯᠡᠰ ᠪᠣᠰᠬᠠᠬᠤ ᠪᠣᠳᠠᠲᠤ ᠴᠣᠭᠴᠠ 527 ᠪᠣᠯᠵᠤ᠂ ᠨᠡᠶ᠋ᠢᠲᠡ 4339 ᠬᠥᠮᠥᠨ᠎ᠦ ᠠᠵᠢᠯ ᠣᠯᠭᠣᠯᠲᠠ᠎ᠶᠢ ᠳᠠᠶ᠋ᠢᠴᠢᠯᠠᠪᠠ᠃
ᠰᠢᠯᠢ᠎ᠶᠢᠨ ᠭᠣᠣᠯ ᠠᠢᠮᠠᠭ᠎ᠤᠨ ᠬᠢᠨ ᠰᠢᠨ᠎ᠡ᠎ᠶᠢ ᠡᠭᠦᠳᠦᠨ ᠦᠢᠯᠡᠰ ᠪᠣᠰᠬᠠᠬᠤ ᠲᠥᠷᠥᠯ ᠵᠦᠢᠯ᠎ᠦᠨ ᠬᠥᠮᠥᠷᠭᠡ᠎ᠶᠢ ᠬᠥᠳᠡᠯᠦᠩᠭᠦᠢ᠎ᠪᠡᠷ ᠲᠣᠬᠢᠷᠠᠭᠤᠯᠤᠨ᠂ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠰ ᠪᠣᠰᠬᠠᠭ᠍ᠴᠢᠳ᠎ᠲᠤ ᠡᠯᠪᠡᠭ ᠪᠠᠶᠠᠯᠢᠭ᠋ ᠲᠥᠷᠥᠯ ᠵᠦᠢᠯ᠎ᠦᠨ ᠰᠣᠩᠭᠣᠯᠲᠠ ᠪᠠ ᠮᠡᠳᠡᠭᠡ ᠵᠠᠩᠭᠢ᠎ᠶᠢᠨ ᠯᠠᠪᠯᠠᠯᠲᠠ ᠬᠠᠩᠭᠠᠪᠠ᠃ ᠣᠳᠣᠬᠠᠨ᠎ᠳᠤ᠂ ᠲᠥᠷᠥᠯ ᠵᠦᠢᠯ᠎ᠦᠨ ᠬᠥᠮᠥᠷᠭᠡ᠎ᠡᠴᠡ ᠨᠢᠭᠡᠨᠲᠡ 802 ᠦᠢᠯᠡᠰ ᠪᠣᠰᠬᠠᠬᠤ ᠲᠥᠷᠥᠯ ᠵᠦᠢᠯ᠎ᠢ ᠡᠯᠰᠡᠨ ᠴᠤᠭᠯᠠᠭᠤᠯᠵᠤ᠂ ᠡᠭᠦᠨ᠎ᠳᠦ 21 ᠰᠢᠯᠢᠳᠡᠭ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠦᠢᠯᠡᠰ ᠪᠣᠰᠬᠠᠬᠤ ᠲᠥᠷᠥᠯ ᠵᠦᠢᠯ᠎ᠦᠨ ᠬᠥᠮᠥᠷᠭᠡ᠎ᠳᠦ ᠠᠮᠵᠢᠯᠲᠠ᠎ᠲᠠᠢ᠎ᠪᠠᠷ ᠣᠷᠣᠭᠤᠯᠪᠠ᠃ ᠡᠭᠦᠨ᠎ᠦ ᠬᠠᠮᠲᠤ᠂ ᠰᠢᠯᠢ᠎ᠶᠢᠨ ᠭᠣᠣᠯ ᠠᠢᠮᠠᠭ᠎ᠤᠨ ᠬᠢᠨ ᠦᠢᠯᠡᠰ ᠪᠣᠰᠬᠠᠬᠤ ᠪᠣᠯᠪᠠᠰᠤᠷᠠᠯ᠎ᠤᠨ ᠬᠤᠸᠠᠷᠠᠨ᠂ ᠦᠢᠯᠡᠰ ᠪᠣᠰᠬᠠᠵᠤ ᠰᠢᠨ᠎ᠡ᠎ᠶᠢ ᠡᠭᠦᠳᠬᠦ ᠤᠷᠤᠯᠳᠤᠭᠠᠨ ᠵᠡᠷᠭᠡ ᠦᠢᠯᠡᠰ ᠪᠣᠰᠬᠠᠬᠤ ᠦᠢᠯᠡᠴᠢᠯᠡᠭᠡᠨ᠎ᠦ ᠰᠢᠷᠢᠰ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠨᠡᠶ᠋ᠢᠲᠡ 229 ᠦᠢᠯᠡᠰ ᠪᠣᠰᠬᠠᠬᠤ ᠲᠥᠷᠥᠯ ᠵᠦᠢᠯ ᠪᠠ ᠪᠦᠯᠬᠦᠮ ᠨᠡᠶ᠋ᠢᠲᠡ᠎ᠶᠢ ᠢᠳᠡᠪᠬᠢᠲᠡᠢ ᠣᠷᠣᠯᠴᠠᠭᠤᠯᠤᠭᠰᠠᠨ ᠪᠠᠢᠨ᠎ᠠ᠃