ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠄ ᠨᠠᠷᠢᠯᠢᠭ᠋ ᠣᠨᠣᠴᠠᠲᠠᠢ ᠠᠵᠢᠯ ᠣᠯᠭᠣᠬᠤ ᠦᠢᠯᠡᠴᠢᠯᠡᠭᠡ ᠨᠢ ᠣᠯᠠᠨ ᠲᠦᠮᠡᠨ᠎ᠦ ᠰᠡᠳᠬᠢᠯ᠎ᠢ ᠳᠤᠯᠠᠭᠠᠴᠠᠭᠤᠯᠤᠨ ᠠᠵᠢᠯ᠎ᠤᠨ ᠪᠠᠢᠷᠢ᠎ᠳᠤ ᠭᠠᠷᠬᠤ ᠵᠠᠮ᠎ᠢ ᠳᠡᠪᠢᠰᠴᠦ ᠥᠭᠭᠦᠨ᠎ᠡ
ᠨᠡᠶ᠋ᠢᠲᠡᠯᠡᠭᠰᠡᠨ ᠴᠠᠭ᠄ 2025-12-10

      ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠨᠡᠩ ᠴᠤ᠌ ᠤᠯᠠᠨ ᠲᠦᠮᠡᠨ᠎ᠦ ᠠᠮᠤᠷ ᠲᠣᠭᠲᠠᠭᠤᠨ ᠠᠮᠢᠳᠤᠷᠠᠬᠤ᠎ᠶᠢᠨ ᠰᠠᠭᠤᠷᠢ ᠮᠥᠨ᠃ ᠬᠣᠲᠠ ᠪᠠᠯᠭᠠᠰᠤᠨ᠎ᠤ ᠬᠦᠴᠢᠷᠳᠡᠯᠲᠡᠢ ᠬᠥᠮᠥᠰ᠎ᠤᠨ ᠠᠵᠢᠯ ᠣᠯᠭᠣᠯᠲᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠨ ᠨᠠᠷᠢᠯᠢᠭ᠋ ᠣᠨᠣᠴᠠᠲᠠᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠢᠨ᠎ᠡ ᠠᠷᠭ᠎ᠠ ᠵᠠᠮ᠎ᠢ ᠢᠳᠡᠪᠬᠢᠲᠡᠢ᠎ᠪᠡᠷ ᠰᠦᠪᠡᠭᠴᠢᠯᠡᠵᠦ᠂ ᠡᠷᠦᠬᠡ᠎ᠳᠦ ᠬᠦᠷᠴᠦ ᠪᠠᠢᠴᠠᠭᠠᠨ ᠵᠢᠭ᠍ᠰᠠᠭᠠᠬᠤ᠂ ᠠᠵᠢᠯ᠎ᠤᠨ ᠪᠠᠢᠷᠢ᠎ᠶᠢ ᠠᠭᠤᠳᠠᠯᠬᠤ᠂ ᠪᠥᠬᠥ ᠶᠠᠪᠤᠴᠠ᠎ᠶᠢ ᠮᠥᠷᠳᠡᠬᠦ ᠵᠡᠷᠭᠡ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠣᠯᠠᠨ ᠲᠦᠮᠡᠨ᠎ᠢ ᠦᠨᠡᠨ ᠬᠦ᠌ ᠬᠠᠪᠰᠤᠷᠤᠨ ᠠᠵᠢᠯ ᠣᠯᠬᠤ᠎ᠳᠤ ᠬᠦᠴᠢᠷᠲᠡᠢ ᠪᠠᠢᠭᠰᠠᠨ᠎ᠠᠴᠠ ᠨᠢ 《ᠠᠵᠢᠯ᠎ᠤᠨ ᠪᠠᠢᠷᠢ᠎ᠳᠤ ᠲᠣᠭᠲᠠᠭᠤᠨ᠎ᠢᠶᠠᠷ ᠭᠠᠷᠬᠤ》 ᠬᠤᠪᠢᠷᠠᠯᠲᠠ᠎ᠶᠢ ᠦᠨᠡᠨ ᠬᠦ᠌ ᠪᠡᠶᠡᠯᠡᠭᠦᠯᠵᠦ᠂ ᠬᠠᠯᠠᠭᠤᠨ ᠳᠤᠯᠠᠭᠠᠨ᠂ ᠡᠷᠴᠢᠮᠲᠡᠢ ᠣᠯᠠᠨ ᠨᠡᠶ᠋ᠢᠲᠡ᠎ᠶᠢᠨ ᠦᠢᠯᠡᠴᠢᠯᠡᠭᠡ᠎ᠪᠡᠷ ᠠᠷᠠᠳ ᠣᠯᠠᠨ᠎ᠤ 《ᠲᠣᠭᠲᠠᠭᠤᠨ ᠵᠣᠯ ᠵᠢᠷᠭᠠᠯ》᠎ᠢ ᠬᠠᠩᠭᠠᠵᠤ ᠪᠠᠢᠨ᠎ᠠ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠭᠦᠳᠡᠨ ᠬᠠᠷᠠᠭᠤᠯ᠎ᠳᠤ᠂ ᠭᠣᠸ᠋ ᠴᠢᠩ ᠬᠤᠸᠠ ᠴᠡᠪᠡᠷ ᠲᠡᠭᠰᠢ ᠠᠮᠤᠷ᠎ᠢ ᠬᠠᠮᠠᠭᠠᠯᠠᠬᠤ ᠳᠦᠷᠢᠮᠲᠦ ᠬᠤᠪᠴᠠᠰᠤ ᠡᠮᠦᠰᠴᠦ᠂ ᠣᠷᠣᠵᠤ ᠭᠠᠷᠤᠭᠰᠠᠳ᠎ᠤᠨ ᠮᠡᠳᠡᠭᠡ ᠵᠠᠩᠭᠢ᠎ᠶᠢ ᠲᠡᠮᠳᠡᠭᠯᠡᠨ᠎ᠡ᠃ 《 ᠪᠢ ᠥᠩᠭᠡᠷᠡᠭᠰᠡᠨ᠎ᠳᠦ ᠪᠠᠷᠢᠯᠭ᠎ᠠ᠎ᠶᠢᠨ ᠭᠠᠵᠠᠷ᠎ᠲᠤ ᠠᠷᠰᠠᠷ ᠠᠵᠢᠯ ᠬᠢᠵᠦ ᠪᠠᠢᠭᠰᠠᠨ᠂ ᠠᠵᠢᠯ ᠲᠣᠭᠲᠠᠪᠤᠷᠢ ᠦᠭᠡᠢ ᠪᠠᠢᠵᠤ ᠭᠡᠷ᠎ᠦᠨ ᠵᠠᠷᠤᠳᠠᠯ᠎ᠢ ᠪᠦᠷ ᠬᠥᠭᠰᠢᠨ᠎ᠢᠶᠠᠨ ᠲᠦᠰᠢᠵᠦ ᠪᠠᠢᠭᠰᠠᠨ ᠰᠢᠸ᠋᠃》 ᠥᠩᠭᠡᠷᠡᠭᠰᠡᠨ᠎ᠦ ᠠᠵᠢᠯ᠎ᠤᠨ ᠥᠩᠭᠡᠷᠡᠯᠲᠡ᠎ᠪᠡᠨ ᠡᠷᠭᠢᠴᠡᠭᠦᠯᠬᠦ᠎ᠳᠡᠭᠡᠨ᠂ ᠭᠣᠸ᠋ ᠴᠢᠩ ᠬᠤᠸᠠ᠄ 《 ᠬᠣᠵᠢᠮ ᠨᠢ ᠨᠡᠢᠭᠡᠮ ᠲᠣᠭᠣᠷᠢᠭ᠋᠎ᠤᠨ ᠬᠥᠮᠥᠰ ᠢᠷᠡᠵᠦ ᠵᠢᠭ᠍ᠰᠠᠭᠠᠨ ᠪᠠᠢᠴᠠᠭᠠᠵᠤ᠂ ᠨᠠᠳᠠ᠎ᠶᠢ ᠬᠠᠪᠰᠤᠷᠤᠨ ᠠᠵᠢᠯ ᠣᠯᠭᠣᠬᠤ ᠦᠢᠯᠡᠴᠢᠯᠡᠭᠡᠨ᠎ᠦ ᠲᠥᠪ᠎ᠲᠠᠢ ᠬᠠᠷᠢᠯᠴᠠᠵᠤ᠂ ᠡᠨᠡ ᠠᠵᠢᠯ᠎ᠢ ᠡᠷᠢᠵᠦ ᠣᠯᠪᠠ᠂ ᠣᠲᠣ᠌ ᠰᠠᠷ᠎ᠠ ᠪᠦᠷᠢ᠎ᠶᠢᠨ ᠴᠠᠯᠢᠩ᠎ᠢ ᠴᠠᠭ ᠲᠤᠬᠠᠢ ᠳ᠋ᠤᠨᠢ ᠥᠭᠴᠦ᠂ ᠭᠡᠷ᠎ᠡᠴᠡ᠎ᠪᠡᠨ ᠴᠤ᠌ ᠣᠢᠷᠠᠬᠠᠨ ᠪᠣᠯᠬᠣᠷ ᠭᠡᠷ ᠪᠦᠯᠢ᠎ᠪᠡᠨ ᠪᠠᠰᠠ ᠬᠠᠷᠠᠭᠠᠯᠵᠠᠵᠤ ᠳᠡᠶ᠋ᠢᠯᠬᠦ ᠪᠣᠯᠵᠠᠢ᠂ ᠦᠨᠡᠬᠡᠷ ᠰᠡᠳᠬᠢᠯ ᠠᠮᠤᠷ ᠪᠣᠯᠪᠠ 》 ᠭᠡᠵᠦ ᠰᠡᠳᠬᠢᠯ ᠳᠣᠭᠳᠣᠯᠤᠨ ᠬᠡᠯᠡᠵᠡᠢ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ᠂ ᠭᠣᠸ᠋ ᠴᠢᠩ ᠬᠤᠸᠠ ᠮᠡᠲᠦ᠎ᠶᠢᠨ ᠨᠡᠢᠭᠡᠮ ᠲᠣᠭᠣᠷᠢᠭ᠋᠎ᠤᠨ ᠨᠠᠷᠢᠯᠢᠭ᠋ ᠣᠨᠣᠴᠠᠲᠠᠢ᠎ᠪᠠᠷ ᠠᠵᠢᠯ ᠣᠯᠭᠣᠯᠲᠠ᠎ᠶᠢ ᠪᠡᠶᠡᠯᠡᠭᠦᠯᠵᠦ ᠪᠠᠢᠭ᠎ᠠ ᠣᠯᠠᠨ ᠲᠦᠮᠡᠨ ᠴᠥᠭᠡᠨ ᠪᠤᠰᠤ ᠪᠠᠢᠨ᠎ᠠ᠃ ᠬᠣᠲᠠ ᠪᠠᠯᠭᠠᠰᠤᠨ᠎ᠤ ᠬᠦᠴᠢᠷᠳᠡᠯᠲᠡᠢ ᠬᠥᠮᠥᠰ᠎ᠤᠨ ᠠᠵᠢᠯ ᠣᠯᠬᠤ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠡᠵᠡᠮᠰᠢᠬᠦ᠎ᠶᠢᠨ ᠲᠥᠯᠥᠭᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠣᠣᠷᠵᠢᠯ᠎ᠤᠨ ᠬᠠᠮᠢᠶᠠᠷᠤᠭ᠍ᠴᠢ᠎ᠶᠢᠨ 《 ᠡᠮᠦᠨ᠎ᠡ ᠦᠵᠦᠭᠦᠷ᠎ᠦᠨ ᠲᠡᠮᠲᠡᠷᠢᠭᠦᠯ 》᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ ᠲᠣᠭᠣᠷᠢᠭ᠋᠎ᠤᠨ ᠰᠦᠯᠵᠢᠶᠡᠨ᠎ᠦ ᠠᠵᠢᠯᠲᠠᠨ᠎ᠢ ᠵᠣᠬᠢᠶᠠᠨ ᠪᠠᠢᠭᠤᠯᠤᠨ ᠭᠡᠷ ᠲᠦ᠍ᠨᠢ ᠬᠦᠷᠴᠦ ᠰᠤᠷᠪᠤᠯᠵᠢᠯᠠᠬᠤ᠂ ᠤᠲᠠᠰᠤ᠎ᠪᠠᠷ ᠬᠢᠨᠠᠨ ᠪᠠᠢᠴᠠᠭᠠᠬᠤ᠂ ᠰᠠᠭᠤᠭᠠᠯᠢ ᠠᠷᠠᠳ᠎ᠤᠨ ᠸᠢᠴᠠᠲ᠎ᠤᠨ ᠴᠤᠭᠯᠠᠷᠠᠯ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠬᠠᠷᠢᠶᠠᠲᠤ ᠣᠷᠣᠨ᠎ᠤ ᠠᠵᠢᠯ ᠠᠯᠳᠠᠭᠰᠠᠳ᠂ ᠣᠷᠣᠯᠭ᠎ᠠ ᠪᠠᠭᠠᠲᠠᠢ ᠭᠡᠷ ᠪᠦᠯᠢ᠎ᠶᠢᠨ ᠬᠥᠳᠡᠯᠮᠦᠷᠢ ᠬᠦᠴᠦᠨ ᠵᠡᠷᠭᠡ ᠬᠥᠮᠥᠰ᠎ᠲᠤ ᠪᠥᠬᠥ ᠲᠠᠯ᠎ᠠ᠎ᠶᠢᠨ ᠪᠠᠢᠴᠠᠭᠠᠯᠲᠠ ᠬᠢᠵᠦ᠂ 《 ᠨᠢᠭᠡ ᠬᠥᠮᠥᠨ᠎ᠳᠦ ᠨᠢᠭᠡ ᠲᠠᠩᠰᠠ ᠡᠪᠬᠡᠮᠡᠯ 》᠎ᠤᠨ ᠦᠨᠡᠨ ᠨᠡᠷ᠎ᠡ᠎ᠶᠢᠨ ᠳᠦᠷᠢᠮ᠎ᠦᠨ ᠡᠬᠡ ᠲᠠᠩᠰᠠ᠎ᠶᠢ ᠪᠠᠢᠭᠤᠯᠵᠠᠢ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠬᠢᠩᠭᠠᠨ ᠪᠡᠭᠡᠵᠢᠩ᠎ᠦᠨ ᠨᠡᠢᠭᠡᠮ ᠲᠣᠭᠣᠷᠢᠭ᠋᠎ᠤᠨ ᠰᠦᠯᠵᠢᠶᠡᠨ᠎ᠦ ᠠᠵᠢᠯᠲᠠᠨ ᠯᠢ ᠨᠠᠨ ᠬᠡᠯᠡᠬᠦ᠎ᠳᠡᠭᠡᠨ᠄ 《 ᠪᠢᠳᠡ ᠭᠣᠣᠯᠳᠠᠭᠤ ᠶᠠᠳᠠᠭᠤ ᠬᠦᠴᠢᠷᠳᠡᠯᠲᠡᠢ ᠬᠥᠮᠥᠰ᠎ᠦᠨ ᠠᠵᠢᠯ ᠣᠯᠬᠤ ᠳᠠᠩᠰᠠᠯᠠᠯᠲᠠ᠎ᠳᠦ ᠠᠩᠬᠠᠷᠤᠯ᠎ᠢᠶᠠᠨ ᠲᠥᠪᠯᠡᠷᠡᠭᠦᠯᠵᠡᠢ᠂ ᠴᠥᠭᠡᠨ ᠪᠤᠰᠤ ᠰᠠᠭᠤᠭᠠᠯᠢ ᠠᠷᠠᠳ ᠡᠬᠢᠨ᠎ᠳᠡᠭᠡᠨ ᠣᠢᠯᠠᠭᠠᠬᠤ ᠦᠭᠡᠢ ᠪᠠᠢᠭᠰᠠᠨ᠂ ᠪᠢᠳᠡ ᠲᠥᠷᠥ᠎ᠶᠢᠨ ᠪᠣᠳᠣᠯᠭ᠎ᠠ᠎ᠶᠢ ᠬᠠᠯᠠᠰᠢᠷᠠᠯ ᠦᠭᠡᠢ ᠲᠠᠢᠯᠪᠤᠷᠢᠯᠠᠨ ᠶᠠᠷᠢᠵᠤ᠂ ᠬᠦᠰᠦᠨᠦᠭ ᠲᠠᠭᠯᠠᠬᠤ᠎ᠳᠤ ᠬᠠᠮᠵᠢᠵᠤ᠂ ᠳᠠᠭᠢᠵᠤ ᠴᠤᠭᠯᠠᠭᠤᠯᠤᠭᠰᠠᠨ ᠬᠡᠷᠡᠭᠴᠡᠭᠡ᠎ᠪᠡᠨ ᠠᠵᠢᠯ ᠣᠯᠭᠣᠬᠤ ᠰᠠᠯᠠᠭ᠎ᠠ ᠮᠥᠴᠢᠷ ᠲᠠᠢ ᠵᠣᠯᠭᠠᠭᠤᠯᠵᠤ᠂ ᠪᠥᠬᠥ ᠬᠦᠴᠦᠨ᠎ᠢᠶᠡᠷ᠎ᠢᠶᠡᠨ ᠣᠯᠠᠨ᠎ᠢ ᠬᠠᠪᠰᠤᠷᠤᠨ ᠠᠵᠢᠯ ᠣᠯᠬᠤ ᠬᠦᠴᠢᠷ ᠠᠰᠠᠭᠤᠳᠠᠯ᠎ᠢ ᠰᠢᠢᠳᠪᠦᠷᠢᠯᠡᠵᠦ ᠥᠭᠭᠦᠭᠰᠡᠨ ᠶᠤᠮ᠃ ᠵᠠᠯᠭᠠᠭᠠᠳ ᠪᠢᠳᠡ ᠦᠷᠭᠦᠯᠵᠢᠯᠡᠨ ᠮᠥᠷᠳᠡᠨ ᠦᠢᠯᠡᠴᠢᠯᠡᠵᠦ᠂ ᠬᠡᠷᠡᠭᠴᠡᠭᠡ᠎ᠲᠠᠢ ᠬᠥᠮᠥᠰ᠎ᠲᠦ ᠠᠯᠢ ᠲᠦᠷᠭᠡᠨ᠎ᠢᠶᠡᠷ ᠲᠣᠬᠢᠷᠠᠮᠵᠢᠲᠠᠢ ᠠᠵᠢᠯ ᠣᠯᠭᠣᠨ᠎ᠠ 》 ᠭᠡᠵᠡᠢ᠃
      ᠨᠡᠢᠭᠡᠮ ᠲᠣᠭᠣᠷᠢᠭ᠋᠎ᠤᠨ ᠬᠢᠨ ᠨᠠᠷᠢᠯᠢᠭ᠋ ᠣᠨᠣᠴᠠᠲᠠᠢ᠎ᠪᠠᠷ ᠪᠠᠢᠴᠠᠭᠠᠨ ᠰᠢᠢᠳᠪᠦᠷᠢᠯᠡᠵᠦ᠂ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ᠎ᠳᠦ 《 ᠬᠡᠷᠡᠭᠴᠡᠭᠡᠨ᠎ᠦ ᠬᠥᠭᠥᠷᠭᠡ 》 ᠪᠠᠢᠭᠤᠯᠵᠤ ᠥᠭᠭᠦᠭᠰᠡᠨ ᠪᠥᠭᠡᠳ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ ᠵᠣᠯᠭᠠᠭᠤᠯᠤᠭᠰᠠᠨ᠎ᠢᠶᠠᠷ 《 ᠠᠵᠢᠯ ᠣᠯᠭᠣᠯᠲᠠ᠎ᠶᠢᠨ ᠬᠦᠰᠡᠯ 》᠎ᠢ ᠪᠣᠳᠠᠲᠤ ᠪᠠᠢᠳᠠᠯ᠎ᠳᠤ ᠲᠤᠰᠬᠠᠵᠤ ᠴᠢᠳᠠᠭᠰᠠᠨ ᠪᠠᠢᠨ᠎ᠠ᠃ ᠬᠦᠴᠢᠷᠳᠡᠯᠲᠡᠢ ᠬᠥᠮᠥᠰ᠎ᠦᠨ ᠠᠵᠢᠯ ᠣᠯᠬᠤ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠨ ᠨᠠᠷᠢᠨ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠵᠦ ᠂ 《 ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠲᠠ ᠪᠠᠯᠭᠠᠰᠤᠨ᠎ᠤ ᠬᠦᠴᠢᠷᠳᠡᠯ᠎ᠲᠠᠢ ᠬᠥᠮᠥᠰ᠎ᠲᠦ ᠨᠠᠷᠢᠯᠢᠭ᠋ ᠣᠨᠣᠴᠠᠲᠠᠢ᠎ᠪᠠᠷ ᠠᠵᠢᠯ ᠣᠯᠭᠣᠬᠤ ᠠᠷᠪᠠᠨ ᠭᠤᠷᠪᠠᠨ ᠵᠦᠢᠯ᠎ᠦᠨ ᠠᠷᠭ᠎ᠠ ᠬᠡᠮᠵᠢᠶ᠎ᠡ 》᠎ᠪᠡᠷ ᠵᠢᠯᠣᠭᠣᠳᠤᠮᠵᠢ ᠪᠣᠯᠭᠠᠵᠤ᠂ 《 ᠲᠤᠰᠬᠠᠢ ᠵᠦᠢᠯ᠎ᠢᠶᠡᠷ ᠲᠠᠩᠰᠠ ᠡᠪᠬᠡᠮᠡᠯ ᠪᠠᠶ᠋ᠢᠭᠤᠯᠬᠤ 》 《 ᠨᠡᠶ᠋ᠢᠲᠡ᠎ᠶᠢᠨ ᠠᠰᠠᠷᠠᠮᠵᠢ᠎ᠶᠢᠨ ᠠᠵᠢᠯ᠎ᠤᠨ ᠪᠠᠢᠷᠢ᠎ᠶᠢᠨ ᠪᠠᠲᠤᠯᠠᠭ᠎ᠠ 》 《 ᠠᠵᠤ ᠠᠬᠤᠢᠯᠠᠯ ᠠᠵᠢᠯ ᠣᠯᠭᠣᠯᠲᠠ᠎ᠶᠢ ᠰᠢᠩᠭᠡᠬᠡᠨ ᠠᠪᠬᠤ 》 ᠵᠡᠷᠭᠡ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ᠎ᠪᠡᠷ ᠳᠡᠮᠵᠢᠨ᠂ ᠬᠠᠪᠰᠤᠷᠤᠨ ᠲᠡᠳᠬᠦᠬᠦ ᠡᠲᠡᠭᠡᠳ᠎ᠢ ᠣᠨᠣᠪᠴᠢᠲᠠᠶ ᠲᠣᠭᠲᠠᠭᠠᠵᠤ᠂ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠣᠯᠠᠨ ᠲᠠᠯ᠎ᠠ᠎ᠪᠠᠷ ᠠᠭᠤᠳᠠᠯᠤᠨ᠂ ᠦᠨᠳᠦᠰᠦᠨ ᠵᠦᠢᠯ᠎ᠢ ᠪᠠᠲᠤᠯᠠᠨ ᠬᠠᠪᠰᠤᠷᠤᠨ ᠲᠡᠳᠬᠦᠬᠦ᠎ᠶᠢ ᠴᠢᠩᠭᠠᠳᠬᠠᠵᠤ᠂ ᠠᠳᠠᠯᠢ ᠪᠤᠰᠤ ᠤᠷ᠎ᠠ ᠮᠡᠷᠭᠡᠵᠢᠯ᠎ᠦᠨ ᠬᠢᠷᠢ ᠲᠦᠪᠰᠢᠨ᠂ ᠠᠳᠠᠯᠢ ᠪᠤᠰᠤ ᠨᠠᠰᠤᠨ᠎ᠤ ᠲᠠᠰ ᠳᠠᠪᠬᠤᠷᠭ᠎ᠠ᠎ᠶᠢ ᠬᠠᠮᠤᠷᠤᠭᠰᠠᠨ 《 ᠳᠥᠷᠪᠡᠨ ᠲᠥᠷᠥᠯ᠎ᠦᠨ ᠠᠵᠢᠯ᠎ᠤᠨ ᠪᠠᠢᠷᠢ᠎ᠶᠢᠨ ᠬᠥᠮᠥᠷᠭᠡ 》᠎ᠶᠢ ᠪᠠᠢᠭᠤᠯᠵᠤ ᠂ ᠠᠵᠢᠯ᠎ᠤᠨ ᠪᠠᠢᠷᠢ᠎ᠶᠢᠨ ᠡᠬᠢ ᠪᠠᠶᠠᠯᠢᠭ᠋ ᠬᠢᠭᠡᠳ ᠠᠵᠢᠯ ᠣᠯᠭᠣᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠥᠨᠳᠥᠷ ᠪᠦᠲᠦᠮᠵᠢᠲᠡᠶ ᠵᠣᠯᠭᠠᠭᠤᠯᠬᠤ᠎ᠶᠢ ᠪᠦᠲᠦᠮᠵᠢᠲᠡᠶ ᠠᠬᠢᠭᠤᠯᠪᠠ᠃ ᠣᠲᠣ᠌ ᠪᠣᠯᠲᠠᠯ᠎ᠠ᠂ ᠨᠡᠶ᠋ᠢᠲᠡ 237 ᠠᠵᠢᠯ᠎ᠤᠨ ᠪᠠᠢᠷᠢ᠎ᠶᠢ ᠡᠮᠬᠢᠯᠡᠨ ᠳᠢᠭᠯᠡᠵᠦ᠂ ᠶᠡᠷᠦᠩᠬᠡᠢ ᠬᠡᠷᠡᠭᠰᠡᠬᠦ ᠬᠥᠮᠥᠨ᠎ᠦ ᠲᠣᠭ᠎ᠠ 733 ᠬᠦᠷᠴᠦ ᠂ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠬᠤ᠎ᠪᠠᠷ ᠳᠡᠮᠵᠢᠨ᠂ 113 ᠬᠥᠮᠥᠨ᠎ᠢ ᠬᠠᠪᠰᠤᠷᠤᠨ ᠲᠣᠭᠲᠠᠪᠤᠷᠢᠲᠠᠢ ᠠᠵᠢᠯ ᠣᠯᠭᠣᠯᠲᠠ᠎ᠶᠢ ᠪᠡᠶᠡᠯᠡᠭᠦᠯᠪᠡ᠃
      ᠰᠦᠯᠵᠢᠶᠡᠨ᠎ᠦ ᠠᠵᠢᠯᠲᠠᠨ ᠡᠷᠦᠬᠡ᠎ᠳᠦ ᠣᠷᠣᠵᠤ 《 ᠠᠷᠠᠳ᠎ᠤᠨ ᠪᠠᠢᠳᠠᠯ᠎ᠢ ᠣᠢᠯᠠᠭᠠᠬᠤ 》᠎ᠡᠴᠡ ᠠᠵᠢᠯ ᠣᠯᠭᠣᠯᠲᠠ᠎ᠶᠢᠨ ᠲᠥᠪ᠎ᠠᠴᠠ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ 《 ᠠᠵᠢᠯ᠎ᠤᠨ ᠪᠠᠢᠷᠢ ᠬᠦᠷᠭᠡᠬᠦ 》 ᠬᠦᠷᠲᠡᠯ᠎ᠡ᠂ ᠳᠠᠬᠢᠭᠠᠳ 《 ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ 》 ᠬᠦᠷᠲᠡᠯ᠎ᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠨ ᠠᠵᠢᠯ ᠣᠯᠭᠣᠯᠲᠠ᠎ᠶᠢᠨ ᠬᠠᠪᠰᠤᠷᠤᠨ ᠲᠡᠳᠬᠦᠬᠦ 《 ᠬᠠᠮ ᠠᠷᠭ᠎ᠠ 》 ᠭᠠᠷᠭᠠᠵᠤ ᠂ ᠣᠯᠠᠨ ᠲᠦᠮᠡᠨ᠎ᠦ ᠠᠵᠢᠯ ᠣᠯᠭᠣᠯᠲᠠ᠎ᠳᠤ ᠦᠢᠯᠡᠴᠢᠯᠡᠬᠦ 《 ᠡᠴᠦᠰ᠎ᠦᠨ ᠨᠢᠭᠡ ᠺᠢᠯᠣᠮᠧᠲᠷ 》᠎ᠢ ᠪᠦᠲᠦᠮᠵᠢᠲᠡᠶ ᠨᠡᠪᠲᠡᠷᠡᠭᠦᠯᠵᠡᠢ ᠃ ᠣᠳᠣᠬᠠᠨ᠎ᠳᠤ᠂ ᠤᠯᠠᠮ᠎ᠠᠴᠠ ᠤᠯᠠᠮ ᠣᠯᠠᠨ ᠬᠣᠲᠠ ᠪᠠᠯᠭᠠᠰᠤᠨ᠎ᠤ ᠬᠦᠴᠢᠷᠳᠡᠯᠲᠡᠢ ᠣᠯᠠᠨ ᠲᠦᠮᠡᠨ 《 ᠠᠵᠢᠯ ᠣᠯᠭᠣᠯᠲᠠ᠎ᠶᠢᠨ ᠵᠣᠪᠠᠨᠢᠯ》᠎ᠡᠴᠡ ᠠᠩᠭᠢᠵᠢᠷᠠᠵᠤ᠂ 《 ᠠᠵᠢᠯ᠎ᠤᠨ ᠪᠠᠢᠷᠢ᠎ᠶᠢ ᠲᠣᠭᠲᠠᠭᠤᠨ ᠪᠠᠢᠯᠭᠠᠬᠤ ᠵᠠᠮ 》᠎ᠳᠤ ᠣᠷᠣᠵᠤ᠂ ᠯᠠᠪᠳᠠᠭᠤᠨ ᠪᠠᠲᠤᠲᠠᠢ ᠠᠵᠢᠯ᠎ᠤᠨ ᠳᠤᠮᠳᠠ᠎ᠪᠠᠨ ᠠᠮᠢᠳᠤᠷᠠᠯ᠎ᠤᠨ ᠢᠳᠡ ᠬᠦᠴᠦ ᠪᠠ ᠵᠣᠯ ᠵᠢᠷᠭᠠᠯ᠎ᠢ ᠣᠯᠵᠤ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            