ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠄ ᠨᠠᠮᠤᠷ᠎ᠤᠨ ᠤᠯᠠᠷᠢᠯ᠎ᠤᠨ ᠠᠵᠢᠯ ᠣᠯᠭᠣᠵᠤ ᠬᠠᠪᠰᠤᠷᠤᠨ ᠳᠡᠮᠵᠢᠬᠦ ᠠᠵᠢᠯᠯᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠪᠠ
ᠨᠡᠶ᠋ᠢᠲᠡᠯᠡᠭᠰᠡᠨ ᠴᠠᠭ᠄ 2025-12-10

      ᠨᠠᠮᠤᠷ᠎ᠤᠨ ᠤᠯᠠᠷᠢᠯ᠎ᠤᠨ ᠥᠪᠥᠷ ᠮᠣᠩᠭᠣᠯ᠎ᠤᠨ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ᠂ ᠨᠠᠮᠤᠷ᠎ᠤᠨ ᠲᠤᠶᠠᠭ᠎ᠠ ᠵᠡᠭᠡᠯᠢ ᠭᠤᠳᠤᠮᠵᠢ᠎ᠶᠢ ᠳᠤᠯᠠᠭᠠᠯᠠᠵᠤ᠂ ᠡᠯᠪᠡᠭ ᠬᠤᠷᠢᠶᠠᠯᠲᠠ᠎ᠶᠢᠨ ᠪᠠᠶᠠᠷ ᠪᠠᠬᠠᠳᠤᠯ᠎ᠢᠶᠠᠷ ᠪᠢᠯᠬᠠᠨ᠎ᠠ᠂ ︱ ᠡᠨᠡ ᠬᠦ᠌ ᠪᠠᠶᠠᠷ ᠪᠠᠬᠠᠳᠤᠯ᠎ᠤᠨ ᠳᠣᠲᠣᠷ᠎ᠠ ᠠᠵᠢᠯ ᠣᠯᠵᠤ ᠦᠢᠯᠡᠰ ᠪᠣᠰᠬᠠᠬᠤ ᠠᠮᠢᠵᠢᠷᠠᠯ᠎ᠤᠨ ᠬᠦᠴᠦᠨ᠎ᠢᠶᠡᠷ ᠨᠡᠩ ᠪᠢᠯᠬᠠᠨ᠎ᠠ᠃ ᠰᠢᠨ ᠴᠢ ᠮᠧᠩ ᠬᠡᠦᠬᠡᠳ ᠰᠠᠭᠠᠲᠠᠭᠤᠯᠬᠤ ᠲᠥᠪ᠎ᠦᠨ ᠬᠥᠳᠡᠯᠭᠡᠭᠡᠨ᠎ᠦ ᠲᠠᠰᠤᠭ᠎ᠲᠤ᠂ ᠨᠡᠷᠡᠨ᠎ᠦ ᠭᠡᠷᠡᠯ ᠰᠢᠯ ᠴᠣᠩᠬᠣ᠌᠎ᠶᠢ ᠨᠡᠪᠲᠡᠯᠦᠨ ᠳᠠᠳᠤᠯᠭ᠎ᠠ᠎ᠶᠢᠨ ᠪᠠᠭ᠍ᠰᠢ ᠵᠧᠦ ᠵᠢᠶᠠ ᠬᠤᠢ ᠪᠣᠯᠣᠨ ᠬᠡᠦᠬᠡᠳ᠎ᠦᠳ᠎ᠦᠨ ᠢᠨᠢᠶᠡᠮᠰᠦᠩᠭᠦᠢ ᠴᠢᠷᠠᠢ᠎ᠳᠤ ᠳᠤᠰᠤᠨ᠎ᠠ᠂ ᠲᠡᠷᠡ ᠶᠠᠭ ᠪᠢᠴᠢᠬᠠᠨ ᠬᠡᠦᠬᠡᠳ᠎ᠦᠳ᠎ᠲᠦ ᠬᠠᠨᠢ ᠪᠣᠯᠵᠤ ᠲᠣᠭᠣᠷᠢᠨ ᠰᠠᠭᠤᠵᠤ᠂ ᠡᠶᠡᠯᠰᠡᠭ ᠵᠥᠭᠡᠯᠡᠨ ᠦᠭᠡ ᠶᠠᠷᠢᠶ᠎ᠠ᠎ᠪᠠᠷ ᠬᠡᠦᠬᠡᠳ᠎ᠤᠳ᠎ᠲᠤ ᠵᠢᠷᠤᠭ ᠳᠦᠷᠰᠦ ᠥᠩᠭᠡ ᠪᠣᠳᠣᠭ᠎ᠢ ᠢᠯᠭᠠᠨ ᠲᠠᠨᠢᠬᠤ ᠠᠷᠭ᠎ᠠ᠎ᠶᠢ ᠵᠢᠭᠠᠵᠤ ᠥᠭᠭᠦᠨ᠎ᠡ᠃
      《 9 ᠳ᠋ᠦ᠍ᠭᠡᠷ ᠰᠠᠷ᠎ᠠ᠎ᠳᠤ ᠠᠵᠢᠯ ᠣᠯᠭᠣᠬᠤ ᠦᠢᠯᠡᠴᠢᠯᠡᠭᠡᠨ᠎ᠦ ᠲᠥᠪ ᠬᠠᠷᠢᠯᠴᠠᠵᠤ ᠥᠭᠭᠦᠭᠰᠡᠨ᠎ᠤ ᠠᠴᠢ᠎ᠪᠠᠷ ᠪᠢ ᠰᠠᠶᠢ ᠡᠨᠳᠡ ᠢᠷᠡᠵᠦ ᠠᠵᠢᠯᠯᠠᠵᠠᠢ ᠂ ᠬᠡᠦᠬᠡᠳ ᠰᠠᠭᠠᠲᠠᠭᠤᠯᠬᠤ ᠪᠠᠢᠭᠤᠯᠤᠮᠵᠢ ᠪᠣᠯᠣᠨ ᠲᠥᠪ᠎ᠡᠴᠡ ᠣᠯᠭᠣᠭᠰᠠᠨ ᠠᠵᠠ ᠲᠣᠬᠢᠶᠠᠯ᠎ᠳᠤ ᠲᠠᠯᠠᠷᠬᠠᠵᠤ ᠪᠠᠢᠨ᠎ᠠ ! 》 ᠭᠡᠵᠦ ᠲᠡᠷᠡ ᠬᠡᠯᠡᠨ᠎ᠡ᠃ ᠵᠧᠦ ᠵᠢᠶᠠ ᠬᠤᠢ ᠬᠡᠦᠬᠡᠳ᠎ᠢᠶᠡᠨ ᠬᠠᠪᠰᠤᠷᠤᠨ ᠬᠤᠪᠴᠠᠰᠤ ᠬᠤᠨᠠᠷ᠎ᠢ ᠨᠢ ᠲᠡᠭᠰᠢᠯᠡᠬᠦ᠎ᠶᠢᠨ ᠳᠠᠭᠠᠤ᠎ᠳᠤ᠄ 《 ᠤᠳᠤ᠎ᠶᠢᠨ ᠠᠵᠢᠯ ᠮᠠᠰᠢ ᠲᠠᠭᠠᠯᠠᠮᠵᠢᠲᠠᠢ᠂ ᠴᠠᠯᠢᠩ᠎ᠢ ᠴᠠᠭ ᠲᠤᠨᠢ ᠥᠭᠴᠦ᠂ ᠠᠵᠢᠯ᠎ᠤᠨ ᠪᠠᠢᠷᠢ ᠴᠦ᠍ ᠲᠣᠭᠲᠠᠭᠤᠨ᠂ ᠬᠠᠮᠲᠤ ᠠᠵᠢᠯᠯᠠᠭᠰᠠᠳ᠎ᠲᠠᠢ᠎ᠪᠠᠨ ᠭᠡᠷ᠎ᠦᠨ ᠬᠥᠮᠥᠰ᠎ᠲᠠᠢ᠎ᠪᠡᠨ ᠠᠳᠠᠯᠢᠬᠠᠨ ᠶᠠᠪᠤᠯᠴᠠᠵᠤ ᠪᠠᠢᠨ᠎ᠠ᠂ ᠪᠢ ᠯᠠᠪᠲᠠᠢ ᠰᠠᠢᠨ ᠠᠵᠢᠯᠯᠠᠵᠤ᠂ ᠭᠡᠷ᠎ᠦᠨ ᠠᠬᠠᠮᠠᠳ ᠰᠠᠨᠠᠭ᠎ᠠ ᠠᠮᠤᠷ᠂ ᠬᠡᠦᠬᠡᠳ᠎ᠦᠨ ᠪᠠᠬᠠᠷᠬᠠᠯ᠎ᠢ ᠲᠠᠲᠠᠭᠰᠠᠨ ᠰᠠᠢᠨ ᠪᠠᠭ᠍ᠰᠢ ᠪᠣᠯᠬᠤ᠎ᠪᠠᠷ ᠴᠢᠷᠮᠠᠢᠨ᠎ᠠ! 》 ᠭᠡᠵᠦ ᠬᠡᠯᠡᠪᠡ᠃ ᠡᠨᠡ ᠬᠦ᠌ ᠪᠠᠶᠠᠷ ᠪᠠᠬᠠᠳᠤᠯ᠎ᠲᠠᠢ ᠠᠵᠢᠯ ᠨᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠵᠠᠯᠠᠭᠤᠴᠤᠳ᠎ᠤᠨ ᠠᠵᠢᠯ ᠣᠯᠭᠣᠯᠲᠠ᠎ᠶᠢᠨ ᠱᠠᠭᠠᠷᠳᠠᠯᠭ᠎ᠠ᠎ᠶᠢ ᠠᠩᠬᠠᠷᠴᠤ᠂ ᠬᠠᠪᠰᠤᠷᠤᠨ ᠲᠡᠳᠬᠦᠬᠦ ᠬᠥᠭᠥᠷᠭᠡ ᠲᠠᠯᠪᠢᠭ᠍ᠰᠠᠨ᠎ᠤ ᠦᠨᠡᠨ ᠪᠣᠳᠠᠲᠤ ᠵᠢᠷᠤᠭᠯᠠᠯ ᠪᠣᠯᠣᠨ᠎ᠠ᠃
      ᠡᠲᠡᠭᠡᠷ ᠵᠢᠯ᠎ᠦᠳ᠎ᠲᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠨ 《 ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ᠂ ᠠᠵᠢᠯ ᠣᠯᠭᠣᠯᠲᠠ᠎ᠶᠢ ᠪᠠᠲᠤᠯᠠᠬᠤ 》᠎ᠶᠢ ᠵᠥᠪᠬᠡᠨ ᠤᠷᠢᠶ᠎ᠠ ᠪᠣᠯᠭᠠᠨ ᠬᠠᠰᠬᠢᠷᠤᠭᠰᠠᠨ ᠦᠭᠡᠢ᠂ ᠬᠠᠷᠢᠨ ᠠᠷᠠᠳ᠎ᠤᠨ ᠠᠮᠢᠳᠤᠷᠠᠯ᠎ᠤᠨ ᠠᠵᠢᠯ᠎ᠢ ᠯᠠᠪᠳᠠᠭᠤᠨ ᠪᠣᠳᠠᠲᠠᠢ ᠡᠭᠦᠷᠭᠡᠯᠡᠭᠰᠡᠭᠡᠷ ᠢᠷᠡᠵᠡᠢ ᠃ ᠢᠯᠠᠩᠭᠤᠶ᠎ᠠ ᠰᠤᠷᠭᠠᠭᠤᠯᠢ᠎ᠠᠴᠠ᠎ᠪᠠᠨ ᠰᠠᠯᠤᠭᠠᠳ 2 ᠵᠢᠯ᠎ᠦᠨ ᠳᠣᠲᠣᠷ᠎ᠠ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠂ ᠪᠠᠰᠠ 16᠎ᠠᠴᠠ 24 ᠨᠠᠰᠤᠨ᠎ᠤ ᠠᠵᠢᠯ ᠠᠯᠳᠠᠭᠰᠠᠨ ᠵᠠᠯᠠᠭᠤᠴᠤᠳ᠎ᠲᠤ᠂ ᠠᠵᠢᠯ ᠣᠯᠭᠣᠯᠲᠠ᠎ᠶᠢᠨ ᠳᠠᠳᠤᠯᠭ᠎ᠠ᠎ᠶᠢᠨ 110 ᠠᠵᠢᠯ᠎ᠤᠨ ᠪᠠᠢᠷᠢ᠎ᠶᠢ ᠨᠠᠷᠢᠨ ᠨᠢᠮᠪᠠᠢ ᠰᠢᠯᠢᠨ ᠭᠠᠷᠭᠠᠭᠰᠠᠨ᠎ᠢᠶᠠᠷ ᠪᠠᠷᠠᠬᠤ ᠦᠭᠡᠢ᠂ ᠠᠵᠢᠯ᠎ᠤᠨ ᠪᠠᠢᠷᠢ᠎ᠶᠢᠨ ᠴᠠᠭ᠎ᠤᠨ ᠣᠷᠳᠣ᠌ ᠨᠢ 3 ᠰᠠᠷ᠎ᠠ᠎ᠠᠴᠠ 12 ᠰᠠᠷ᠎ᠠ᠎ᠶᠢᠨ ᠬᠣᠭᠣᠷᠣᠨᠳᠤ ᠠᠳᠠᠯᠢ ᠪᠤᠰᠤ ᠪᠠᠢᠵᠤ᠂ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠣᠳᠣᠷᠬᠠᠢ ᠨᠠᠢᠳᠠᠪᠤᠷᠢᠵᠢᠭᠤᠯᠵᠠᠢ ; ᠪᠠᠰᠠ ᠬᠠᠨᠳᠤᠯᠭ᠎ᠠ᠎ᠲᠠᠢ ᠤᠷ᠎ᠠ ᠮᠡᠷᠭᠡᠵᠢᠯ᠎ᠦᠨ ᠪᠣᠯᠪᠠᠰᠤᠷᠠᠯ᠂ ᠦᠢᠯᠡᠰ ᠪᠣᠰᠬᠠᠬᠤ᠎ᠪᠠᠷ ᠬᠠᠪᠰᠤᠷᠤᠭᠤᠯᠬᠤ᠂ ᠬᠥᠳᠡᠯᠮᠦᠷᠢ ᠦᠢᠯᠡᠴᠢᠯᠡᠭᠡ᠎ᠶᠢᠨ ᠬᠠᠮᠵᠢᠯᠴᠠᠭ᠎ᠠ᠎ᠶᠢ ᠭᠠᠳᠠᠭ᠍ᠰᠢ ᠭᠠᠷᠭᠠᠬᠤ ᠵᠡᠷᠭᠡ 《 ᠬᠠᠮ ᠠᠷᠭ᠎ᠠ 》 ᠳ᠋ᠤ᠌ ᠲᠦᠰᠢᠭᠯᠡᠵᠦ᠂ ᠵᠠᠯᠠᠭᠤᠴᠤᠳ᠎ᠤᠨ ᠠᠵᠢᠯ ᠣᠯᠬᠤ ᠦᠢᠯᠡᠰ ᠪᠣᠰᠬᠠᠬᠤ᠎ᠳᠤ ᠪᠦᠬᠦ ᠲᠠᠯ᠎ᠠ᠎ᠪᠠᠷ 《 ᠱᠠᠲᠤ ᠲᠠᠯᠪᠢᠵᠤ 》᠂ ᠵᠧᠦ ᠵᠢᠶᠠ ᠬᠤᠢ ᠮᠡᠲᠦ᠎ᠶᠢᠨ ᠴᠥᠭᠡᠨ ᠪᠤᠰᠤ ᠵᠠᠯᠠᠭᠤᠴᠤᠳ ᠴᠥᠮ ᠲᠣᠬᠢᠷᠠᠮᠵᠢᠲᠠᠢ ᠲᠦᠷᠦ᠎ᠶᠢᠨ ᠪᠣᠳᠣᠯᠭ᠎ᠠ᠎ᠪᠠᠷ ᠰᠡᠳᠬᠢᠯ᠎ᠳᠡᠭᠡᠨ ᠲᠠᠭᠠᠷᠠᠭᠰᠠᠨ ᠠᠵᠢᠯ ᠣᠯᠣᠭᠰᠠᠨ ᠪᠠᠢᠨ᠎ᠠ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠵᠢᠯ ᠣᠯᠭᠣᠯᠲᠠ᠎ᠶᠢᠨ ᠳᠡᠮᠵᠢᠯᠭᠡ ᠨᠢ ᠵᠠᠯᠠᠭᠤᠴᠤᠳ᠎ᠤᠨ ᠰᠡᠳᠬᠢᠯ᠎ᠢ ᠳᠤᠯᠠᠭᠠᠴᠠᠭᠤᠯᠤᠭᠰᠠᠨ᠎ᠢᠶᠠᠷ ᠪᠠᠷᠠᠬᠤ ᠦᠭᠡᠢ᠂ ᠨᠠᠩ ᠴᠤ᠌ ᠬᠣᠲᠠ ᠪᠠᠯᠭᠠᠰᠤᠨ᠎ᠤ ᠠᠵᠢᠯ ᠣᠯᠬᠤ᠎ᠳᠤ ᠬᠦᠴᠢᠷᠲᠡᠢ ᠬᠥᠮᠥᠰ᠎ᠦᠨ ᠪᠡᠶ᠎ᠡ ᠳᠡᠭᠡᠷ᠎ᠡ ᠠᠩᠬᠠᠷᠤᠯ᠎ᠢᠶᠠᠨ ᠬᠠᠨᠳᠤᠭᠤᠯᠵᠠᠢ᠃ ᠲᠡᠳᠡ 《 ᠬᠡᠷᠡᠭᠴᠡᠭᠡ᠎ᠶᠢ ᠣᠨᠣᠴᠢᠲᠠᠢ ᠣᠢᠯᠠᠭᠠᠬᠤ᠂ ᠬᠠᠪᠰᠤᠷᠴᠤ ᠳᠡᠶ᠋ᠢᠯᠬᠦ᠂ ᠠᠵᠢᠯ᠎ᠢ ᠲᠣᠭᠲᠠᠪᠤᠷᠢᠵᠢᠭᠤᠯᠬᠤ 》 ᠬᠠᠷᠠᠯᠲᠠ᠎ᠶᠢᠨ ᠲᠣᠭᠣᠷᠢᠨ᠎ᠳᠤ᠂ ᠡᠯ᠎ᠡ ᠨᠢᠭᠡᠴᠢ᠂ ᠠᠵᠤ ᠠᠬᠤᠢᠯᠠᠯ᠎ᠤᠨ ᠬᠦᠴᠦᠨ᠎ᠢ ᠨᠢᠭ᠍ᠲᠠᠷᠠᠭᠤᠯᠤᠨ᠂ 《 ᠤᠨᠢᠨ ᠳᠡᠭᠡᠷ᠎ᠡ ᠨᠢ ᠪᠠᠢᠴᠠᠭᠠᠨ ᠣᠢᠯᠠᠭᠠᠵᠤ᠂ ᠤᠯᠠᠨ ᠡᠰᠢ᠎ᠪᠡᠷ ᠠᠵᠢᠯ᠎ᠤᠨ ᠪᠠᠢᠷᠢ᠎ᠶᠢ ᠥᠷᠭᠡᠳᠬᠡᠵᠦ᠂ ᠨᠠᠷᠢᠯᠢᠭ᠋ ᠦᠢᠯᠡᠴᠢᠯᠡᠬᠦ 》᠎ᠳᠦ ᠲᠦᠰᠢᠭᠯᠡᠨ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠪᠢᠲᠡᠭᠦᠦ ᠲᠣᠣᠷ᠎ᠢ ᠰᠦᠯᠵᠢᠵᠦ᠂ ᠬᠤᠳᠠ ᠪᠠᠯᠭᠠᠰᠤᠨ᠎ᠤ ᠠᠵᠢᠯ ᠣᠯᠬᠤ᠎ᠳᠤ ᠬᠦᠴᠢᠷᠲᠡᠢ ᠴᠥᠭᠡᠨ ᠪᠤᠰᠤ ᠬᠥᠮᠥᠰ ᠢᠩᠭᠢᠵᠦ 《 ᠲᠣᠭᠲᠠᠪᠤᠷᠢᠲᠠᠢ ᠪᠤᠳᠠᠭᠠᠨ ᠠᠶᠠᠭ᠎ᠠ 》᠎ᠲᠠᠢ ᠪᠣᠯᠤᠭᠰᠠᠨ ᠪᠠᠢᠨ᠎ᠠ᠃
      《 ᠳ᠋ᠦᠩ ᠬᠤᠩ ᠰᠢᠶᠠ ᠡᠭᠡᠴᠢ ᠠ᠋᠂ ᠲᠠ ᠡᠨᠡ ᠵᠢᠯ 46 ᠨᠠᠰᠤᠯᠠᠵᠠᠢ ᠂ ᠣᠳᠣ᠌ ᠠᠵᠢᠯ ᠴᠢᠨᠢ ᠶᠠᠮᠠᠷ ᠪᠠᠢ᠍ᠨ᠎ᠠ ᠪᠤᠶ ? ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠱᠠᠭᠠᠷᠳᠠᠯᠭ᠎ᠠ ᠪᠠᠢ᠍ᠨ᠎ᠠ ᠤᠤ ? 》 ᠬᠠᠷ᠎ᠠ ᠥᠷᠯᠥᠭᠡ᠂ ᠬᠢᠩᠭᠠᠨ᠎ᠤ ᠪᠡᠭᠡᠵᠢᠩ ᠨᠡᠢᠭᠡᠮ ᠲᠣᠭᠣᠷᠢᠭ᠋᠎ᠤᠨ ᠰᠦᠯᠵᠢᠶᠡᠨ᠎ᠦ ᠠᠵᠢᠯᠲᠠᠨ ᠯᠢ ᠨᠠᠨ ᠪᠦᠷᠢᠳᠬᠡᠯ᠎ᠦᠨ ᠬᠦᠰᠦᠨᠦᠭᠲᠦ᠎ᠶᠢ ᠡᠪᠦᠷᠯᠡᠨ ᠰᠠᠭᠤᠭᠠᠯᠢ ᠠᠷᠠᠳ᠎ᠤᠨ ᠳ᠋ᠦᠩ ᠬᠣᠩ ᠰᠢᠶᠠ᠎ᠶᠢᠨ ᠭᠡᠷ᠎ᠦᠨ ᠡᠭᠦᠳᠡ᠎ᠶᠢ ᠨᠡᠭᠡᠭᠡᠪᠡ᠃ ᠠᠵᠢᠯ ᠣᠯᠬᠤ᠎ᠳᠤ ᠬᠦᠴᠢᠷᠲᠡᠢ ᠬᠥᠮᠥᠰ᠎ᠤᠨ ᠬᠡᠷᠡᠭᠴᠡᠭᠡ᠎ᠶᠢ ᠣᠨᠣᠪᠴᠢᠲᠠᠶ ᠡᠵᠡᠮᠰᠢᠬᠦ᠎ᠶᠢᠨ ᠲᠥᠯᠥᠭᠡ ᠂ ᠬᠣᠰᠢᠭᠤᠨ ᠨᠠᠮ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ ᠲᠦᠷᠦᠭᠦᠯᠡᠨ ᠰᠦᠯᠵᠢᠶᠡᠨ᠎ᠦ ᠠᠵᠢᠯᠲᠠᠨ᠎ᠢ ᠵᠣᠬᠢᠶᠠᠨ ᠪᠠᠢᠭᠤᠯᠵᠤ᠂ ᠭᠡᠷ ᠲᠦ᠍ᠨᠢ ᠬᠦᠷᠴᠦ ᠰᠤᠷᠪᠤᠯᠵᠢᠯᠠᠬᠤ᠂ ᠤᠲᠠᠰᠤ᠎ᠪᠠᠷ ᠬᠢᠨᠠᠨ ᠪᠠᠢᠴᠠᠭᠠᠬᠤ᠂ ᠰᠠᠭᠤᠭᠠᠯᠢ ᠠᠷᠠᠳ᠎ᠤᠨ ᠸᠢᠴᠠᠲ᠎ᠤᠨ ᠴᠤᠭᠯᠠᠷᠠᠯ ᠭᠤᠷᠪᠠᠨ ᠬᠡᠮᠵᠢᠯᠲᠦ ᠠᠷᠭ᠎ᠠ ᠵᠠᠮ᠎ᠢᠶᠠᠷ ᠳᠠᠮᠵᠢᠭᠤᠯᠤᠨ᠂ ᠬᠠᠷᠢᠶᠠᠲᠤ ᠣᠷᠣᠨ᠎ᠤ ᠠᠵᠢᠯ ᠠᠯᠳᠠᠭᠰᠠᠳ᠂ ᠵᠡᠮᠳᠡᠭᠴᠦᠳ᠂ ᠨᠠᠭᠠᠲᠤ ᠵᠠᠬ᠎ᠠ᠎ᠶᠢᠨ ᠪᠠᠲᠤᠯᠠᠭ᠎ᠠ᠎ᠶᠢᠨ ᠭᠡᠷ ᠪᠦᠯᠢ᠎ᠶᠢᠨ ᠬᠥᠳᠡᠯᠮᠦᠷᠢ ᠬᠦᠴᠦᠨ᠂ ᠨᠠᠰᠤ ᠠᠬᠢᠭ᠍ᠰᠠᠨ ᠬᠥᠳᠡᠯᠮᠦᠷᠢᠴᠢᠨ ᠵᠡᠷᠭᠡ ᠬᠦᠴᠢᠷᠳᠡᠯᠲᠡᠢ ᠬᠥᠮᠥᠰ᠎ᠲᠤ ᠪᠥᠬᠥ ᠲᠠᠯ᠎ᠠ᠎ᠶᠢᠨ ᠪᠠᠢᠴᠠᠭᠠᠯᠲᠠ ᠬᠢᠵᠦ᠂ ᠨᠠᠰᠤ ᠵᠢᠯ᠂ ᠰᠤᠷᠤᠯᠭ᠎ᠠ᠎ᠶᠢᠨ ᠨᠠᠮᠲᠠᠷ᠂ ᠤᠷ᠎ᠠ ᠮᠡᠷᠭᠡᠵᠢᠯ᠎ᠦᠨ ᠬᠢᠷᠢ ᠲᠦᠪᠰᠢᠨ᠂ ᠠᠵᠢᠯ ᠣᠯᠬᠤ ᠬᠦᠰᠡᠯ ᠡᠷᠡᠮᠡᠯᠵᠡᠯ ᠵᠢᠴᠢ ᠭᠡᠷ ᠪᠦᠯᠢ᠎ᠶᠢᠨ ᠪᠠᠢᠳᠠᠯ᠎ᠢ ᠨᠠᠷᠢᠨ ᠲᠡᠮᠳᠡᠭᠯᠡᠵᠦ᠂ 《 ᠨᠢᠭᠡ ᠬᠥᠮᠥᠨ᠎ᠳᠦ ᠨᠢᠭᠡ ᠲᠠᠩᠰᠠ ᠡᠪᠬᠡᠮᠡᠯ 》᠎ᠤᠨ ᠦᠨᠡᠨ ᠨᠡᠷ᠎ᠡ᠎ᠶᠢᠨ ᠳᠦᠷᠢᠮ᠎ᠦᠨ ᠡᠬᠡ ᠲᠠᠩᠰᠠ᠎ᠶᠢ ᠪᠠᠢᠭᠤᠯᠤᠨ᠎ᠠ᠃
      《 ᠥᠩᠭᠡᠷᠡᠭᠰᠡᠨ᠎ᠳᠦ ᠶᠡᠷᠦᠨᠢ ᠥᠪᠡᠷ᠎ᠢ᠎ᠪᠡᠨ ᠨᠠᠰᠤ ᠠᠬᠠᠰᠢᠷᠠᠭᠰᠠᠨ ᠪᠣᠯᠬᠣᠷ ᠠᠵᠢᠯ᠎ᠳᠦ ᠠᠪᠬᠤ ᠬᠥᠮᠥᠨ ᠦᠭᠡᠢ ᠭᠡᠵᠦ ᠪᠣᠳᠣᠳᠠᠭ ᠪᠠᠢᠭᠰᠠᠨ᠂ ᠣᠳᠣ᠌ ᠰᠦᠯᠵᠢᠶᠡᠨ᠎ᠦ ᠠᠵᠢᠯᠲᠠᠨ ᠡᠭᠦᠳᠡᠨ ᠳ᠋ᠦ᠍ᠨᠢ ᠢᠷᠡᠵᠦ ᠪᠠᠢᠳᠠᠯ᠎ᠢ ᠠᠰᠠᠭᠤᠵᠤ᠂ ᠮᠡᠳᠡᠭᠡ ᠵᠠᠩᠭᠢ᠎ᠶᠢ ᠲᠡᠮᠳᠡᠭᠯᠡᠵᠦ᠂ ᠪᠠᠰᠠ ᠨᠠᠳᠠ᠎ᠳᠤ ᠠᠷᠢᠭᠤᠨ ᠴᠡᠪᠡᠷ᠎ᠢ ᠬᠠᠮᠠᠭᠠᠯᠠᠬᠤ ᠠᠵᠢᠯ ᠣᠯᠵᠤ ᠥᠭᠴᠡᠢ᠂ ᠣᠷᠣᠯᠭ᠎ᠠ᠎ᠲᠠᠢ ᠪᠣᠯᠣᠭᠰᠠᠨ᠎ᠠᠴᠠ ᠪᠢ ᠰᠡᠳᠬᠢᠯ ᠠᠮᠤᠷ ᠪᠣᠯᠵᠠᠢ ! 》 ᠭᠡᠵᠦ ᠳ᠋ᠦᠩ ᠬᠤᠩ ᠰᠢᠶᠠ᠂ ᠯᠢ ᠨᠠᠨ᠎ᠤ ᠭᠠᠷ᠎ᠡᠴᠡ ᠪᠠᠷᠢᠵᠤ ᠰᠡᠳᠬᠢᠯ ᠳᠣᠭᠳᠣᠯᠤᠨ ᠶᠠᠷᠢᠵᠤ ᠪᠠᠢ᠍ᠯ᠎ᠠ᠃ ᠨᠠᠷᠢᠨ ᠨᠢᠮᠪᠠᠢ ᠵᠢᠭ᠍ᠰᠠᠭᠠᠨ ᠪᠠᠢᠴᠠᠭᠠᠬᠤ᠎ᠪᠡᠷ ᠳᠡᠮᠵᠢᠨ᠂ ᠣᠳᠣᠬᠠᠨ᠎ᠳᠤ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠲᠠ ᠪᠠᠯᠭᠠᠰᠤᠨ᠎ᠤ ᠠᠵᠢᠯ ᠣᠯᠬᠤ᠎ᠳᠤ ᠬᠦᠴᠢᠷᠲᠡᠢ ᠬᠥᠮᠥᠨ 399 ᠪᠠᠢᠵᠤ ᠂ ᠪᠠᠰᠠ ᠠᠵᠢᠯ᠎ᠤᠨ ᠪᠠᠢᠷᠢ᠎ᠶᠢᠨ ᠬᠡᠷᠡᠭᠴᠡᠭᠡ᠎ᠶᠢ ᠣᠨᠣᠪᠴᠢᠲᠠᠶ ᠣᠢᠯᠠᠭᠠᠵᠤ᠂ ᠲᠠᠷᠠᠭᠠᠴᠢ᠎ᠶᠢᠨ 《 ᠬᠠᠷᠠᠯᠲᠠ᠎ᠲᠠᠢ᠎ᠪᠠᠷ ᠬᠠᠪᠰᠤᠷᠤᠨ ᠲᠡᠳᠬᠦᠬᠦ 》 ᠠᠵᠢᠯᠯᠠᠭ᠎ᠠ᠎ᠳᠤ ᠢᠲᠡᠭᠡᠯ ᠲᠡᠭᠦᠯᠳᠡᠷ ᠪᠣᠯᠤᠭᠰᠠᠨ ᠪᠠᠢᠨ᠎ᠠ᠃
      ᠠᠵᠤ ᠠᠬᠤᠢᠯᠠᠯ᠎ᠤᠨ 《 ᠠᠵᠢᠯᠴᠢᠨ ᠬᠡᠷᠡᠭᠯᠡᠬᠦ ᠬᠡᠷᠡᠭᠴᠡᠭᠡ》 ᠪᠣᠯᠣᠨ ᠠᠵᠢᠯ ᠡᠷᠢᠭᠰᠡᠳ᠎ᠦᠨ 《ᠠᠵᠢᠯ ᠣᠯᠬᠤ ᠬᠦᠰᠡᠯ》᠎ᠢ ᠨᠠᠷᠢᠯᠢᠭ᠋ ᠣᠨᠣᠴᠢᠲᠠᠢ ᠵᠣᠯᠭᠠᠭᠤᠯᠬᠤ᠎ᠶᠢᠨ ᠲᠥᠯᠥᠭᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠨ ᠪᠠᠰᠠ 《 ᠡᠮᠦᠨᠡᠬᠢ ᠬᠤᠭᠤᠴᠠᠭᠠᠨ᠎ᠤ ᠵᠣᠯᠭᠠᠯᠴᠠᠭ᠎ᠠ + ᠳᠤᠮᠳᠠ ᠬᠤᠭᠤᠴᠠᠭᠠᠨ᠎ᠤ ᠦᠢᠯᠡᠴᠢᠯᠡᠭᠡ + ᠰᠡᠭᠦᠯᠴᠢ᠎ᠶᠢᠨ ᠬᠤᠭᠤᠴᠠᠭᠠᠨ᠎ᠤ ᠮᠥᠷᠳᠡᠯᠲᠡ 》 ᠵᠢᠨ ᠵᠠᠭᠪᠤᠷ᠎ᠢ ᠰᠦᠪᠡᠭᠴᠢᠯᠡᠨ ᠭᠠᠷᠭᠠᠵᠤ᠂ ᠥᠨᠳᠥᠷ ᠪᠦᠲᠦᠮᠵᠢᠲᠡᠶ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠬᠡᠯᠬᠢᠶ᠎ᠡ᠎ᠶᠢ ᠪᠣᠶ ᠪᠣᠯᠭᠠᠪᠠ᠃ 10 ᠳ᠋ᠤᠭᠠᠷ ᠰᠠᠷ᠎ᠠ᠎ᠶᠢᠨ 24᠎ᠦ ᠡᠳᠦᠷ᠂ 2025 ᠣᠨ᠎ᠤ 《 ᠠᠵᠢᠯ ᠣᠯᠭᠣᠯᠲᠠ᠎ᠶᠢᠨ ᠵᠠᠮᠴᠢᠯᠠᠯ᠎ᠢᠶᠠᠷ ᠢᠷᠡᠭᠡᠳᠦᠢ᠎ᠪᠡᠨ ᠬᠠᠮᠲᠤ᠎ᠪᠠᠷ ᠴᠣᠭᠴᠠᠯᠠᠶ᠎ᠠ》 ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠬᠠᠪᠰᠤᠷᠤᠨ ᠲᠡᠳᠬᠦᠬᠦ ᠠᠵᠢᠯᠲᠠᠨ ᠡᠯᠰᠡᠬᠦ ᠴᠤᠭᠯᠠᠭᠠᠨ᠎ᠤ ᠲᠤᠬᠠᠢ᠎ᠶᠢᠨ ᠲᠠᠯᠠᠪᠠᠶ᠎ᠳᠤ ᠬᠥᠷ ᠬᠥᠭᠵᠢᠶᠡᠨ᠎ᠲᠠᠢ ᠪᠠᠢᠯ᠎ᠠ᠃ ᠴᠥᠭᠡᠨ ᠪᠤᠰᠤ ᠠᠵᠢᠯ ᠡᠷᠢᠭᠰᠡᠳ ᠡᠯ᠎ᠡ ᠠᠵᠤ ᠠᠬᠤᠢᠯᠠᠯ᠎ᠤᠨ ᠦᠵᠡᠭᠦᠯᠭᠡ᠎ᠶᠢᠨ ᠪᠠᠢᠷᠢ᠎ᠶᠢᠨ ᠡᠮᠦᠨ᠎ᠡ ᠪᠠᠢᠨ ᠳᠠᠬᠢᠨ ᠵᠣᠭᠰᠣᠵᠤ᠂ ᠯᠠᠪᠯᠠᠨ ᠰᠤᠷᠠᠭᠯᠠᠵᠤ ᠪᠠᠢᠯ᠎ᠠ᠃ 《 ᠪᠢ ᠥᠩᠭᠡᠷᠡᠭᠰᠡᠨ᠎ᠳᠦ ᠬᠡᠳᠦᠨ ᠵᠢᠯ ᠨᠢᠭ᠍ᠲᠠᠯᠠᠨ ᠪᠤᠳᠤᠭ᠍ᠴᠢ᠎ᠶᠢᠨ ᠠᠵᠢᠯ ᠬᠢᠵᠦ ᠥᠩᠭᠡᠷᠡᠵᠡᠢ᠂ ᠠᠵᠢᠯ ᠲᠦᠷᠦᠯ᠎ᠳᠡᠭᠡᠨ ᠲᠣᠬᠢᠷᠠᠭᠰᠠᠨ ᠠᠵᠢᠯ ᠣᠯᠣᠶ᠎ᠠ ᠭᠡᠵᠦ ᠪᠤᠳᠤᠵᠤ ᠪᠠᠢᠭᠰᠠᠨ᠂ ᠰᠠᠶᠢᠬᠠᠨ ᠨᠢᠭᠡᠨ ᠠᠵᠤ ᠠᠬᠤᠢᠯᠠᠯ᠎ᠲᠠᠢ ᠶᠠᠷᠢᠯᠴᠠᠭᠰᠠᠨ᠎ᠳᠤ ᠲᠡᠳᠡ ᠮᠢᠨᠤ ᠠᠵᠢᠯ᠎ᠤᠨ ᠥᠩᠭᠡᠷᠡᠯᠲᠡ᠎ᠳᠦ ᠶᠡᠬᠡ ᠬᠠᠨᠤᠮᠵᠢᠲᠠᠶ ᠪᠠᠢᠭᠰᠠᠨ᠂ ᠠᠵᠢᠯ᠎ᠤᠨ ᠪᠠᠢᠷᠢ ᠴᠤ᠌ ᠮᠢᠨᠤ ᠲᠤᠰᠬᠠᠢ ᠮᠡᠷᠭᠡᠵᠢᠯ᠎ᠳᠦ ᠲᠣᠬᠢᠷᠠᠵᠤ ᠪᠠᠢᠬᠤ ᠪᠣᠯᠬᠣᠷ ᠨᠢᠭᠤᠷᠲᠠᠨ ᠰᠢᠯᠭᠠᠬᠤ᠎ᠪᠠᠷ ᠨᠢᠭᠡᠨᠲᠡ ᠪᠣᠯᠵᠣᠵᠠᠢ !》 ᠭᠡᠵᠦ ᠠᠵᠢᠯ ᠡᠷᠢᠭᠴᠢ ᠼᠦᠢ ᠵᠢᠩ ᠭᠠᠷ᠎ᠲᠠᠭᠠᠨ ᠠᠵᠤ ᠠᠬᠤᠢᠯᠠᠯ᠎ᠤᠨ ᠬᠠᠷᠢᠯᠴᠠᠬᠤ ᠠᠷᠭ᠎ᠠ ᠬᠡᠯᠪᠡᠷᠢ᠎ᠶᠢ ᠴᠢᠩᠭ᠎ᠠ ᠠᠳᠬᠤᠵᠤ᠂ ᠨᠢᠳᠦᠨ ᠨᠢ ᠭᠢᠯᠠᠯᠵᠠᠨ᠂ ᠬᠦᠰᠡᠯ ᠡᠷᠡᠮᠡᠯᠵᠡᠯ᠎ᠢᠶᠡᠷ ᠳᠦᠭᠦᠷᠡᠩ ᠪᠠᠢᠯ᠎ᠠ᠃
      ᠪᠤᠰᠤᠳ ᠎ᠢ ᠬᠠᠪᠰᠤᠷᠤᠨ ᠠᠵᠢᠯ ᠣᠯᠭᠣᠬᠤ᠎ᠳᠤ ᠵᠥᠪᠬᠡᠨ 《 ᠠᠵᠢᠯ᠎ᠢ ᠨᠢ ᠳᠡᠮᠵᠢᠵᠦ 》 ᠪᠣᠯᠬᠤ ᠦᠭᠡᠢ᠂ ᠨᠡᠩ ᠴᠤ᠌ 《 ᠠᠵᠢᠯ᠎ᠤᠨ ᠵᠠᠮ᠎ᠳᠦ ᠨᠢ ᠮᠣᠷᠳᠠᠭᠤᠯᠬᠤ 》 ᠬᠡᠷᠡᠭᠲᠡᠢ᠃ ᠰᠣᠯᠣᠨ ᠪᠠᠯᠭᠠᠰᠤᠨ᠎ᠤ ᠮᠠᠯ᠎ᠤᠨ ᠡᠮ᠎ᠦᠨ ᠳᠡᠯᠭᠡᠭᠦᠷ᠎ᠦᠨ ᠳᠠᠭᠠᠭᠠᠮᠠᠯ ᠯᠢᠦ ᠺᠠᠢ ᠦᠢᠯᠡᠰ ᠪᠣᠰᠬᠠᠭᠰᠠᠨ ᠵᠠᠮ᠎ᠢᠶᠠᠨ ᠡᠷᠭᠢᠴᠡᠭᠦᠯᠬᠦ᠎ᠳᠡᠭᠡᠨ᠄ 《 ᠪᠢ ᠮᠠᠯ ᠠᠵᠤ ᠠᠬᠤᠢ ᠮᠠᠯ ᠡᠮᠨᠡᠯᠭᠡ᠎ᠶᠢᠨ ᠲᠤᠰᠬᠠᠢ ᠮᠡᠷᠭᠡᠵᠢᠯ ᠰᠣᠷᠣᠭᠰᠠᠨ ᠶᠤᠮ᠂ ᠨᠢᠳᠤᠨᠤᠨ ᠰᠠᠶᠢ ᠲᠡᠭᠦᠰᠬᠦ ᠦᠶ᠎ᠡ᠎ᠳᠦ ᠥᠪᠡᠷ᠎ᠢᠶᠡᠨ ᠳᠡᠯᠭᠡᠭᠦᠷ ᠨᠡᠭᠡᠭᠡᠵᠦ ᠦᠢᠯᠡᠰ ᠪᠦᠲᠦᠭᠡᠶ᠎ᠡ ᠭᠡᠵᠦ ᠪᠤᠳᠤᠵᠤ ᠪᠠᠢᠪᠠ᠂ ᠶᠠᠭ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ ᠪᠠ ᠨᠢᠭᠡ ᠯᠡ ᠤᠳᠠᠭ᠎ᠠ᠎ᠶᠢᠨ ᠴᠢᠨᠠᠷᠲᠠᠢ ᠦᠢᠯᠡᠰ ᠪᠣᠰᠬᠠᠬᠤ ᠨᠥᠬᠥᠪᠦᠷᠢ ᠭᠤᠶᠤᠴᠢᠯᠠᠬᠤ᠎ᠲᠠᠢ ᠲᠠᠭᠠᠷᠠᠯᠳᠤᠵᠤ᠂ ᠦᠨᠡᠬᠡᠷ ᠶᠡᠬᠡ ᠲᠤᠰᠠ ᠪᠣᠯᠤᠭᠰᠠᠨ ᠪᠠᠢᠨ᠎ᠠ ! ᠣᠳᠣᠬᠠᠨ᠎ᠳᠤ ᠳᠡᠯᠭᠡᠭᠦᠷ᠎ᠦᠨ ᠮᠠᠢᠮᠠᠢ ᠠᠭᠠᠵᠢᠮ᠎ᠢᠶᠠᠷ ᠵᠥᠪ ᠵᠠᠮ᠎ᠳᠠᠭᠠᠨ ᠣᠷᠣᠵᠤ᠂ ᠦᠷ᠎ᠡ ᠠᠰᠢᠭ᠋ ᠨᠢ ᠡᠳᠦᠷ᠎ᠡᠴᠡ ᠡᠳᠦᠷ ᠰᠠᠢᠵᠢᠷᠠᠵᠤ ᠪᠠᠢᠨ᠎ᠠ᠂ ᠪᠢ ᠵᠢᠭᠡᠯᠡᠯᠭᠡ᠎ᠪᠡᠨ ᠡᠷᠲᠡᠬᠡᠨ ᠪᠤᠴᠠᠭᠠᠵᠤ᠂ ᠳᠡᠯᠭᠡᠭᠦᠷ᠎ᠢᠶᠡᠨ ᠥᠷᠭᠡᠳᠬᠡᠶ᠎ᠡ ᠭᠡᠵᠦ ᠪᠤᠳᠤᠵᠤ ᠪᠠᠢᠨ᠎ᠠ ! 》 ᠭᠡᠵᠦ ᠬᠡᠯᠡᠪᠡ᠃
      ᠣᠳᠣᠬᠠᠨ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠲᠠ ᠪᠠᠯᠭᠠᠰᠤᠨ᠎ᠤ ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠠᠪᠰᠤᠷᠤᠨ ᠲᠡᠳᠬᠦᠬᠦ ᠠᠵᠢᠯ ᠨᠢᠭᠡᠨᠲᠡ ᠦᠷ᠎ᠡ ᠪᠦᠲᠦᠮᠵᠢ ᠣᠯᠪᠠ᠄ ᠨᠡᠶ᠋ᠢᠲᠡ 34 ᠬᠥᠮᠥᠨ᠎ᠢ ᠬᠠᠪᠰᠤᠷᠤᠨ ᠠᠵᠢᠯ ᠣᠯᠵᠤ᠂ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢᠨ ᠨᠣᠷᠮ᠎ᠠ᠂ ᠠᠵᠢᠯ ᠣᠯᠭᠣᠯᠲᠠ᠎ᠶᠢᠨ ᠲᠣᠭᠲᠠᠭᠤᠨ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠯᠢᠦ ᠬᠠᠢ ᠲᠤᠸ᠋ ᠬᠡᠯᠡᠬᠦ᠎ᠳᠡᠭᠡᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ 《 ᠨᠠᠷᠢᠯᠢᠭ᠋ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ ᠬᠡᠷᠡᠭᠵᠢᠭᠦᠯᠵᠦ᠂ ᠬᠠᠷᠠᠯᠲᠠ᠎ᠶᠢᠨ ᠴᠢᠭᠯᠡᠯ᠎ᠢᠶᠡᠷ ᠬᠦᠴᠦᠯᠡᠨ ᠴᠢᠷᠮᠠᠢᠬᠤ 》᠎ᠪᠠᠷ ᠭᠣᠣᠯᠳᠠᠯᠭ᠎ᠠ ᠪᠣᠯᠭᠠᠨ᠂ 《 ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠲᠠ ᠪᠠᠯᠭᠠᠰᠤᠨ᠎ᠤ ᠬᠦᠴᠢᠷᠳᠡᠯᠲᠡᠢ ᠬᠥᠮᠥᠰ᠎ᠲᠤ ᠨᠠᠷᠢᠯᠢᠭ᠋ ᠣᠨᠣᠴᠠᠲᠠᠢ᠎ᠪᠠᠷ ᠠᠵᠢᠯ ᠣᠯᠭᠣᠬᠤ᠎ᠶᠢ ᠠᠬᠢᠭᠤᠯᠬᠤ ᠠᠷᠪᠠᠨ ᠭᠤᠷᠪᠠᠨ ᠵᠦᠢᠯ᠎ᠦᠨ ᠠᠷᠭ᠎ᠠ ᠬᠡᠮᠵᠢᠶ᠎ᠡ 》᠎ᠶᠢ ᠲᠣᠭᠲᠠᠭᠠᠵᠤ᠂ ᠨᠠᠩ ᠨᠠᠷᠢᠯᠢᠭ᠋ ᠣᠨᠣᠴᠢᠲᠠᠢ᠂ ᠨᠠᠩ ᠳᠣᠲᠣᠨᠣ᠌ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠪᠡᠷ ᠠᠵᠢᠯ ᠣᠯᠬᠤ ᠴᠢᠬᠤᠯᠠᠲᠠᠢ ᠬᠥᠮᠥᠰ᠎ᠲᠤ 《 ᠰᠠᠢᠨ ᠠᠵᠢᠯ 》 ᠣᠯᠭᠣᠵᠤ᠂ ᠴᠢᠨᠠᠷ ᠰᠠᠢᠲᠠᠢ ᠠᠵᠢᠯ ᠣᠯᠭᠣᠯᠲᠠ᠎ᠶᠢ ᠪᠡᠶᠡᠯᠡᠭᠦᠯᠵᠦ᠂ ᠪᠥᠬᠥ ᠬᠣᠰᠢᠭᠤᠨ᠎ᠤ 《 ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ 》 ᠶᠡᠬᠡ ᠲᠠᠯ᠎ᠠ᠎ᠳᠤ ᠠᠷᠠᠳ᠎ᠤᠨ ᠠᠮᠢᠳᠤᠷᠠᠯ᠎ᠤᠨ ᠰᠠᠭᠤᠷᠢ᠎ᠶᠢ ᠪᠠᠲᠤ ᠴᠣᠭᠴᠠᠯᠠᠨ᠎ᠠ ᠭᠡᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            