ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠤᠯᠠᠭᠠᠨᠴᠠᠪ ᠬᠣᠲᠠ ᠄ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ 《 AI ᠬᠡᠷᠡᠭᠯᠡᠭᠴᠢ᠎ᠶᠢᠨ ᠦᠢᠯᠡᠴᠢᠯᠡᠭᠡ 》 ᠨᠢ ᠪᠦᠲᠦᠨ ᠡᠳᠦᠷ᠎ᠢᠶᠡᠷ ᠠᠠᠵᠢᠯᠯᠠᠵᠤ ᠣᠯᠠᠨ ᠲᠦᠮᠡᠨ᠎ᠦ ᠰᠦᠯᠵᠢᠶᠡᠨ ᠳᠡᠭᠡᠷᠡᠬᠢ ᠠᠰᠠᠭᠤᠯᠳᠠ᠎ᠶᠢ ᠬᠠᠷᠢᠭᠤᠯᠤᠨ᠎ᠠ
ᠨᠡᠶ᠋ᠢᠲᠡᠯᠡᠭᠰᠡᠨ ᠴᠠᠭ᠄ 2025-12-10

      《 ᠲᠠ ᠦᠵᠡ ᠂ ᠶᠠᠭ ᠯᠠ ᠣᠬᠣᠷ ᠴᠢᠮᠡᠭᠡ ᠶᠠᠪᠤᠭᠤᠯᠬᠤ᠎ᠲᠠᠢ ᠠᠳᠠᠯᠢ᠂ ᠶᠠᠭᠤ ᠠᠰᠠᠭᠤᠶ᠎ᠠ ᠭᠡᠪᠡᠯ ᠰᠢᠭᠤᠳ ᠦᠰᠦᠭ ᠴᠣᠬᠢᠪᠠᠯ ᠪᠣᠯᠴᠢᠬᠠᠨ᠎ᠠ᠂ ᠮᠠᠰᠢ ᠳᠥᠭᠥᠮ ᠰᠢᠸ᠋᠃ 》 11 ᠰᠠᠷ᠎ᠠ᠎ᠶᠢᠨ 20᠎ᠤ ᠣᠷᠣᠢ᠂ ᠤᠯᠠᠭᠠᠨᠴᠠᠪ ᠬᠤᠳᠠ᠎ᠳᠤ ᠰᠠᠭᠤᠭ᠎ᠠ ᠯᠢᠦ ᠰᠢᠤᠸᠠᠢ ᠮᠢᠨ ᠰᠤᠷᠪᠤᠯᠵᠢᠯᠠᠭ᠍ᠴᠢ᠎ᠳᠤ ᠰᠠᠶᠢᠬᠠᠨ ᠰᠣᠷᠣᠭᠰᠠᠨ ᠡᠷᠳᠡᠮ᠎ᠢᠶᠡᠨ ᠳᠡᠯᠭᠡᠨ ᠦᠵᠡᠭᠦᠯᠦᠨ᠎ᠡ᠃ ᠲᠡᠷᠡ ᠭᠠᠷ ᠤᠲᠠᠰᠤᠨ ᠳᠡᠭᠡᠷ᠎ᠡ᠎ᠪᠡᠨ 《 ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ᠎ᠶᠢᠨ ᠬᠢᠨᠠᠨ ᠲᠣᠭᠲᠠᠭᠠᠯᠲᠠ 》 ᠭᠡᠰᠡᠨ ᠬᠡᠳᠦᠨ ᠦᠰᠦᠭ ᠪᠢᠴᠢᠮᠡᠭᠴᠡ ᠬᠡᠳᠦᠬᠡᠨ ᠰᠧᠺᠦ᠋ᠨ᠋ᠳ᠋᠎ᠦᠨ ᠳᠠᠷᠠᠭ᠎ᠠ ᠭᠠᠷ ᠤᠲᠠᠰᠤᠨ ᠳᠡᠭᠡᠷ᠎ᠡ ᠬᠠᠷᠢᠭᠤᠯᠲᠠ ᠢᠷᠡᠵᠦ᠂ ᠭᠤᠶᠤᠴᠢᠯᠠᠬᠤ ᠨᠥᠬᠥᠴᠡᠯ᠂ ᠭᠦᠢᠴᠡᠳᠬᠡᠬᠦ ᠮᠠᠲᠧᠷᠢᠶᠠᠯ᠂ ᠭᠦᠢᠴᠡᠳᠬᠡᠬᠦ ᠴᠠᠭ᠎ᠤᠨ ᠬᠢᠵᠠᠭᠠᠷ᠂ ᠠᠰᠠᠭᠤᠨ ᠯᠠᠪᠯᠠᠬᠤ ᠤᠲᠠᠰᠤ ᠵᠡᠷᠭᠡ ᠮᠡᠳᠡᠭᠡ ᠵᠠᠩᠭᠢ ᠪᠥᠬᠥᠳᠡ ᠢᠯᠡᠷᠡᠵᠦ᠂ ᠣᠯᠠᠨ ᠲᠦᠮᠡᠨ᠎ᠦ ᠤᠴᠢᠷ ᠶᠠᠪᠤᠳᠠᠯ ᠰᠢᠢᠳᠪᠦᠷᠢᠯᠡᠬᠦ᠎ᠳᠦ 《 ᠳᠥᠭᠥᠮ ᠮᠥᠷᠲᠡᠭᠡᠨ ᠰᠠᠨᠠᠭ᠎ᠠ ᠠᠮᠤᠷ 》 ᠪᠠᠢᠬᠤ᠎ᠶᠢ ᠦᠨᠡᠨ ᠬᠦ᠌ ᠪᠡᠶᠡᠯᠡᠭᠦᠯᠵᠦ ᠴᠢᠳᠠᠵᠠᠢ᠃
      ᠤᠯᠠᠭᠠᠨᠴᠠᠪ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ DeepSeek ᠲᠣᠮᠣ᠌ ᠵᠠᠭᠪᠤᠷ᠎ᠢ ᠠᠯᠪᠠᠨ ᠲᠠᠯ᠎ᠠ᠎ᠶᠢᠨ ᠸᠢᠴᠠᠲ᠎ᠤᠨ ᠨᠡᠶ᠋ᠢᠲᠡ᠎ᠶᠢᠨ ᠳ᠋ᠤᠭᠠᠷ᠎ᠲᠤ ᠵᠠᠯᠭᠠᠨ ᠣᠷᠣᠭᠤᠯᠵᠤ᠂ 《 ᠪᠠᠷᠢᠮᠵᠢᠶᠠᠵᠢᠭᠤᠯᠤᠭᠰᠠᠨ ᠮᠡᠳᠡᠯᠭᠡ᠎ᠶᠢᠨ ᠬᠥᠮᠥᠷᠭᠡ + ᠤᠶᠤᠯᠢᠭ᠋ ᠢᠵᠢᠯᠢᠰᠢᠭᠦᠯᠦᠯ 》᠎ᠤᠨ ᠵᠠᠭᠪᠤᠷ᠎ᠢ ᠬᠡᠷᠡᠭᠯᠡᠨ᠂ 《 7×24 ᠴᠠᠭ 》᠎ᠤᠨ ᠤᠶᠤᠯᠢᠭ᠋ ᠠᠰᠠᠭᠤᠯᠲᠠ ᠬᠠᠷᠢᠭᠤᠯᠲᠠ᠎ᠶᠢᠨ ᠰᠢᠰᠲᠧᠮ᠎ᠢ ᠨᠡᠭᠡᠭᠡᠨ ᠬᠥᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠯᠠᠪᠯᠠᠯᠭ᠎ᠠ᠎ᠶᠢ ᠣᠶᠤᠨᠴᠢᠯᠠᠬᠤ᠂ ᠨᠠᠷᠢᠯᠢᠭ᠋ ᠣᠨᠣᠴᠠᠲᠠᠢ ᠪᠣᠯᠭᠠᠬᠤ᠂ ᠪᠦᠲᠦᠨ ᠡᠳᠦᠷ᠎ᠢᠶᠡᠷ ᠦᠢᠯᠡᠴᠢᠯᠡᠬᠦ᠎ᠶᠢ ᠪᠡᠶᠡᠯᠡᠭᠦᠯᠦᠭᠰᠡᠨ ᠪᠠᠢᠨ᠎ᠠ᠃
      《 ᠰᠢᠰᠲᠧᠮ ᠨᠢ ᠦᠰᠦᠭ ᠪᠢᠴᠢᠭ᠂ ᠬᠡᠰᠡᠭ ᠵᠠᠭᠪᠤᠷ ᠵᠡᠷᠭᠡ ᠣᠯᠠᠨ ᠬᠡᠯᠪᠡᠷᠢ᠎ᠶᠢᠨ ᠰᠣᠯᠢᠯᠴᠠᠭ᠎ᠠ᠎ᠶᠢ ᠳᠡᠮᠵᠢᠵᠦ᠂ ᠣᠶᠤᠨᠴᠢ᠎ᠪᠠᠷ ᠬᠥᠲᠥᠯᠥᠨ ᠵᠢᠯᠤᠭᠣᠳᠬᠤ᠂ ᠠᠦ᠋ᠲ᠋ᠣ᠋ ᠰᠢᠯᠵᠢᠭᠦᠯᠦᠨ ᠵᠠᠯᠭᠠᠬᠤ ᠵᠡᠷᠭᠡ ᠰᠢᠨ᠎ᠡ᠎ᠶᠢ ᠡᠭᠦᠳᠬᠦ ᠴᠢᠳᠠᠮᠵᠢ᠎ᠪᠠᠷ ᠳᠠᠮᠵᠢᠭᠤᠯᠤᠨ᠂ ᠲᠤᠬᠠᠢᠯᠠᠭᠰᠠᠨ ᠠᠵᠢᠯ᠎ᠤᠨ ᠵᠥᠪᠯᠡᠯᠭᠡ ᠥᠭᠬᠦ ᠴᠠᠭ᠎ᠢ ᠪᠦᠲᠦᠮᠵᠢᠲᠡᠶ᠎ᠪᠡᠷ ᠪᠣᠭᠣᠨᠢᠰᠬᠠᠵᠤ᠂ 〈 ᠲᠣᠭ᠎ᠠ ᠪᠠᠷᠢᠮᠲᠠ᠎ᠶᠢ ᠢᠯᠡᠭᠦᠦ ᠭᠦᠶᠦᠯᠭᠡᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ 〉 ᠎ᠶᠢ ᠪᠡᠶᠡᠯᠡᠭᠦᠯᠵᠡᠢ᠃ ᠤᠯᠠᠭᠠᠨᠴᠠᠪ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠰᠢᠰᠲᠧᠮ᠎ᠢ ᠠᠵᠢᠯᠯᠠᠭᠤᠯᠤᠭᠰᠠᠨ᠎ᠠᠴᠠ ᠨᠠᠭᠠᠰᠢ᠂ ᠯᠠᠪᠯᠠᠭ᠎ᠠ᠎ᠳᠤ ᠴᠠᠭ ᠲᠤᠬᠠᠢ ᠳ᠋ᠤᠨᠢ ᠬᠠᠷᠢᠭᠤ ᠥᠭᠬᠦ ᠨᠣᠷᠮ᠎ᠠ ᠨᠢ 100%᠎ᠳᠤ ᠬᠦᠷᠴᠦ᠂ ᠬᠠᠷᠢᠭᠤ ᠥᠭᠬᠦ ᠬᠤᠭᠤᠴᠠᠭ᠎ᠠ ᠨᠢ 3 ᠰᠧᠺᠦ᠋ᠨ᠋ᠳ᠋᠎ᠡᠴᠡ ᠬᠡᠲᠦᠷᠡᠬᠦ ᠦᠭᠡᠢ ᠪᠠᠢᠵᠤ᠂ ᠠᠵᠤ ᠠᠬᠤᠢᠯᠠᠯ ᠪᠠ ᠣᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ ᠬᠡᠮᠵᠢᠶ᠎ᠡ ᠢᠯᠡᠳᠲᠡ ᠳᠡᠭᠡᠭᠰᠢᠯᠡᠪᠡ ᠭᠡᠵᠡᠢ᠃
      ᠡᠨᠡ ᠵᠢᠯ᠎ᠡᠴᠡ ᠨᠠᠭᠠᠰᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠶᠢᠨ ᠲᠥᠯᠥᠭᠡ᠂ ᠤᠯᠠᠭᠠᠨᠴᠠᠪ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠵᠣᠬᠢᠶᠠᠮᠠᠯ ᠣᠶᠤᠨ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ 》᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠣᠶᠤᠨᠴᠢ AI ᠦᠢᠯᠡᠴᠢᠯᠡᠭᠡᠨ᠎ᠦ ᠰᠢᠰᠲᠧᠮ᠎ᠢ ᠪᠣᠶ ᠪᠣᠯᠭᠠᠵᠤ᠂ ᠠᠵᠤ ᠠᠬᠤᠢᠯᠠᠯ ᠪᠠ ᠣᠯᠠᠨ ᠲᠦᠮᠡᠨ᠎ᠳᠦ 《 7×24 》 ᠴᠠᠭ᠎ᠤᠨ ᠲᠠᠰᠤᠷᠠᠯᠲᠠ ᠦᠭᠡᠢ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠣᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ ᠪᠠ ᠵᠣᠯ ᠵᠢᠷᠭᠠᠯ᠎ᠤᠨ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠪᠡ᠃ ᠣᠢᠯᠠᠭᠠᠭᠰᠠᠨ᠎ᠢᠶᠠᠷ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠣᠶᠤᠨᠲᠤ AI ᠦᠢᠯᠡᠴᠢᠯᠡᠭᠡᠨ᠎ᠦ ᠰᠢᠰᠲᠧᠮ ᠨᠢ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠂ ᠰᠢᠯᠭᠠᠯᠲᠠ᠎ᠳᠤ ᠨᠡᠷ᠎ᠡ ᠮᠡᠳᠡᠭᠦᠯᠬᠦ᠂ ᠠᠵᠢᠯ ᠣᠯᠵᠤ ᠦᠢᠯᠡᠰ ᠪᠣᠰᠬᠠᠬᠤ᠂ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠂ ᠮᠡᠷᠭᠡᠵᠢᠯ᠎ᠦᠨ ᠴᠣᠯᠠ ᠰᠢᠯᠭᠠᠷᠠᠭᠤᠯᠬᠤ ᠵᠡᠷᠭᠡ ᠨᠡᠢᠭᠡᠮ᠎ᠦᠨ ᠬᠡᠷᠡᠭ ᠶᠠᠪᠤᠳᠠᠯ᠎ᠢ ᠬᠠᠮᠤᠷᠴᠤ᠂ ᠡᠯ᠎ᠡ ᠲᠥᠷᠥᠯ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠢ 《 ᠬᠠᠮᠢᠭ᠎ᠠ ᠡᠷᠭᠢᠯᠡᠬᠦ 》 《 ᠶᠠᠭᠠᠬᠢᠵᠤ ᠭᠦᠢᠴᠡᠳᠬᠡᠬᠦ 》 《 ᠶᠠᠭᠤ ᠬᠡᠷᠡᠭᠰᠡᠬᠦ 》 ᠵᠡᠷᠭᠡ ᠵᠠᠩᠭᠢᠯᠠᠭ᠎ᠠ᠎ᠶᠢᠨ ᠭᠣᠣᠯ ᠠᠭᠤᠯᠭ᠎ᠠ᠎ᠶᠢ ᠬᠠᠮᠤᠷᠴᠤ ᠪᠠᠢᠨ᠎ᠠ᠃ ᠣᠯᠠᠨ ᠲᠦᠮᠡᠨ ᠤᠯᠠᠭᠠᠨᠴᠠᠪ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠸᠢᠴᠠᠲ᠎ᠤᠨ ᠣᠯᠠᠨ ᠨᠡᠶ᠋ᠢᠲᠡ᠎ᠶᠢᠨ ᠳ᠋ᠤᠭᠠᠷ᠎ᠤᠨ 《 ᠣᠶᠤᠨᠴᠢ ᠠᠰᠠᠭᠤᠯᠲᠠ ᠬᠠᠷᠢᠭᠤᠯᠲᠠ 》᠎ᠶᠢᠨ ᠵᠠᠭᠪᠤᠷ᠎ᠢᠶᠠᠷ ᠳᠠᠮᠵᠢᠭᠤᠯᠤᠨ᠂ ᠬᠡᠵᠢᠶ᠎ᠡ ᠴᠦ᠍ ᠭᠡᠰᠡᠨ ᠥᠰᠥᠭ ᠪᠢᠴᠢᠭ᠎ᠦᠨ ᠬᠡᠯᠪᠡᠷᠢ᠎ᠪᠡᠷ ᠠᠰᠠᠭᠤᠯᠲᠠ ᠠᠰᠠᠭᠤᠵᠤ ᠪᠣᠯᠣᠨ᠎ᠠ᠃ ᠰᠢᠰᠲᠧᠮ᠎ᠢ ᠰᠦᠯᠵᠢᠶᠡᠨ᠎ᠳᠦ ᠠᠰᠢᠭ᠍ᠯᠠᠭᠰᠠᠨ᠎ᠠᠴᠠ ᠨᠠᠭᠠᠰᠢ᠂ ᠤᠯᠠᠮᠵᠢᠯᠠᠯᠲᠤ ᠦᠢᠯᠡᠴᠢᠯᠡᠭᠡᠨ᠎ᠦ ᠵᠠᠭᠪᠤᠷ᠎ᠤᠨ ᠦᠢᠯᠡᠴᠢᠯᠡᠭᠡᠨ᠎ᠦ ᠠᠷᠭ᠎ᠠ ᠵᠠᠮ ᠨᠢ ᠲᠠᠩ ᠴᠤᠯᠭᠤᠢ᠂ ᠲᠥᠷᠥ᠎ᠶᠢᠨ ᠪᠣᠳᠣᠯᠭ᠎ᠠ᠎ᠶᠢᠨ ᠬᠦᠷᠦᠯᠴᠡᠬᠦ ᠨᠣᠷᠮ᠎ᠠ ᠨᠢ ᠳᠣᠣᠷ᠎ᠠ᠂ ᠦᠢᠯᠡᠴᠢᠯᠡᠭᠡᠨ᠎ᠦ ᠴᠠᠭ ᠨᠢ ᠬᠢᠵᠠᠭᠠᠷᠯᠠᠭᠳᠠᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ᠂ 《 ᠣᠯᠠᠨ ᠲᠦᠮᠡᠨ ᠰᠡᠳᠬᠢᠯ ᠬᠠᠨᠤᠮᠵᠢᠲᠠᠶ ᠪᠠᠢᠬᠤ᠂ ᠠᠵᠤ ᠠᠬᠤᠢᠯᠠᠯ᠎ᠤᠨ ᠳᠠᠷᠤᠭᠠᠰᠤ᠎ᠶᠢ ᠬᠥᠩᠭᠡᠷᠡᠭᠦᠯᠬᠦ᠂ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ 》 ᠭᠤᠷᠪᠠᠨ ᠳᠠᠪᠬᠤᠷ ᠬᠠᠷᠠᠯᠲᠠ᠎ᠶᠢ ᠪᠡᠶᠡᠯᠡᠭᠦᠯᠪᠡ᠃ 11 ᠳ᠋ᠦ᠍ᠭᠡᠷ ᠰᠠᠷ᠎ᠠ ᠪᠣᠯᠲᠠᠯ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ 167.32 ᠲᠦᠮᠡᠨ ᠬᠤᠪᠢ ᠲᠤᠬᠠᠢᠯᠠᠭᠰᠠᠨ ᠠᠵᠢᠯ᠎ᠢ 《 ᠠᠯᠠᠭᠠᠨ ᠳᠡᠭᠡᠷ᠎ᠡ ᠭᠦᠢᠴᠡᠳᠬᠡᠵᠦ 》᠂ 11.34 ᠲᠦᠮᠡᠨ ᠬᠤᠪᠢ᠎ᠶᠢ 《 ᠰᠦᠯᠵᠢᠶᠡᠨ ᠳᠡᠭᠡᠷ᠎ᠡ ᠭᠦᠢᠴᠡᠳᠬᠡᠵᠡᠢ 》᠃ 《 ᠣᠶᠤᠨᠲᠤ ᠠᠰᠠᠭᠤᠯᠲᠠ ᠬᠠᠷᠢᠭᠤᠯᠲᠠ 》 《 AI ᠲᠤᠰᠠᠯᠠᠭ᠍ᠴᠢ 》 ᠲᠣᠪᠶᠣᠭ᠎ᠢ ᠲᠣᠪᠴᠢᠳᠠᠭᠰᠠᠨ ᠲᠣᠭ᠎ᠠ 770 ᠤᠳᠠᠭ᠎ᠠ ᠬᠦᠷᠴᠦ᠂ 750 ᠤᠳᠠᠭ᠎ᠠ᠎ᠶᠢᠨ ᠶᠠᠷᠢᠯᠴᠠᠭ᠎ᠠ᠎ᠶᠢ ᠪᠡᠶᠡᠯᠡᠭᠦᠯᠪᠡ ; 《 ᠣᠯᠭᠣᠮᠵᠢ ᠬᠠᠷᠠᠭᠠᠯᠵᠠᠯ᠎ᠤᠨ ᠬᠢᠷᠢ ᠬᠡᠮ᠎ᠦᠨ ᠭᠡᠷᠡᠴᠢᠯᠡᠯ》 《 ᠣᠯᠭᠣᠮᠵᠢ ᠬᠠᠷᠠᠭᠠᠯᠵᠠᠯ᠎ᠤᠨ ᠭᠡᠷᠡᠴᠢᠯᠡᠯ᠎ᠦᠨ ᠲᠡᠮᠳᠡᠭᠯᠡᠯ᠎ᠢ ᠪᠠᠢᠴᠠᠭᠠᠨ ᠯᠠᠪᠯᠠᠬᠤ 》 ᠲᠣᠪᠶᠣᠭ᠎ᠢ ᠲᠣᠪᠴᠢᠳᠠᠭᠰᠠᠨ ᠲᠣᠭ᠎ᠠ 2217 ᠤᠳᠠᠭ᠎ᠠ ᠲᠤᠯᠵᠤ᠂ 1638 ᠬᠥᠮᠥᠨ ᠲᠣᠪᠶᠣᠭ ᠢ᠋ ᠲᠣᠪᠴᠢᠳᠠᠪᠠ᠃
      ᠳᠠᠷᠠᠭᠠᠴᠢ᠎ᠶᠢᠨ ᠠᠯᠬᠤᠮ᠎ᠳᠤ᠂ ᠤᠯᠠᠭᠠᠨᠴᠠᠪ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ AI ᠮᠡᠷᠭᠡᠵᠢᠯ᠎ᠦᠨ ᠬᠡᠷᠡᠭᠯᠡᠭᠡᠨ᠎ᠦ ᠪᠠᠢᠳᠠᠯ᠎ᠢ ᠲᠠᠰᠤᠷᠠᠯᠲᠠ ᠦᠭᠡᠢ ᠥᠷᠭᠡᠳᠬᠡᠵᠦ᠂ AI ᠬᠡᠷᠡᠭᠯᠡᠭᠴᠢ᠎ᠶᠢᠨ ᠦᠢᠯᠡᠴᠢᠯᠡᠭᠡ ᠬᠢᠭᠡᠳ ᠶᠡᠷᠦᠩᠬᠡᠢᠯᠡᠭᠰᠡᠨ ᠦᠢᠯᠡᠴᠢᠯᠡᠭᠡᠨ᠎ᠦ ᠶᠡᠬᠡ ᠲᠠᠩᠬᠢᠮ᠂ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠥᠷᠲᠡᠭᠡ᠂ ᠨᠡᠢᠭᠡᠮ᠎ᠦᠨ ᠪᠠᠩᠬᠢ᠎ᠶᠢᠨ ᠬᠠᠮᠲᠤᠷᠠᠯᠴᠠᠭᠠᠨ᠎ᠤ ᠲᠣᠣᠷ ᠴᠡᠭ ᠵᠡᠷᠭᠡ ᠰᠦᠯᠵᠢᠶᠡᠨ᠎ᠡᠴᠡ ᠭᠠᠳᠠᠭᠤᠷᠬᠢ ᠦᠢᠯᠡᠴᠢᠯᠡᠭᠡᠨ᠎ᠦ ᠠᠬᠤᠢ ᠪᠠᠢᠳᠠᠯ᠎ᠢ ᠭᠦᠨᠵᠡᠭᠡᠢ ᠠᠭᠤᠰᠤᠯᠴᠠᠭᠤᠯᠬᠤ᠎ᠶᠢ ᠠᠯᠬᠤᠮ ᠠᠯᠬᠤᠮ᠎ᠢᠶᠠᠷ ᠰᠦᠪᠡᠭᠴᠢᠯᠡᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠢᠷ ᠲᠦᠪᠡᠭ᠎ᠢ ᠨᠢᠭᠡ ᠯᠡ ᠳᠠᠷᠤᠪᠴᠢ᠎ᠪᠠᠷ ᠬᠠᠷᠢᠭᠤᠯᠬᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ ᠬᠡᠵᠢᠶᠡᠳᠡ ᠰᠦᠯᠵᠢᠶᠡᠨ᠎ᠡᠴᠡ ᠪᠠᠭᠤᠯᠭᠠᠬᠤ ᠦᠭᠡᠢ ᠪᠠᠢᠬᠤ᠎ᠶᠢ ᠪᠡᠶᠡᠯᠡᠭᠦᠯᠵᠦ᠂ ᠨᠠᠩ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭᠠᠬᠤ᠂ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠤᠯᠠᠭᠠᠨᠴᠠᠪ᠎ᠤᠨ ᠣᠨᠴᠠᠯᠢᠭ᠋᠎ᠲᠠᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠰᠢᠨ᠎ᠡ ᠬᠡᠪ ᠵᠠᠭᠪᠤᠷ᠎ᠢ ᠪᠣᠶ ᠪᠣᠯᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            